ᠠᠭᠤᠰᠤᠯᠴᠠᠯ᠎ᠤᠨ ᠰᠢᠨ᠎ᠡ ᠬᠡᠪ ᠵᠠᠭᠪᠤᠷ
2026-07-01 09:33:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ ᠵᠢ  ᠠᠬᠢᠭᠤᠯᠬᠤ ᠎ᠪᠡᠷ ᠵᠤᠷᠢᠯᠭ᠎ᠠ ᠪᠤᠯᠭᠠᠭᠰᠠᠨ ᠲᠠᠯ᠎ᠠ ᠨᠤᠲᠤᠭ ᠎ᠤᠨ ᠵᠠᠯᠠᠭᠤ ᠨᠠᠰᠤᠨ ᠎ᠤ ᠴᠤᠭᠯᠠᠭᠠᠨ ᠵᠢᠴᠢ 《ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ》 ᠬᠤᠨᠳᠠᠭᠠᠲᠤ ᠵᠠᠯᠠᠭᠤᠴᠤᠳ ᠪᠠᠭᠠᠴᠤᠳ᠎ᠤᠨ ᠨᠢᠲᠤᠷᠭᠠᠨ ᠲᠡᠮᠡᠴᠡᠭᠡᠨ 6 ᠰᠠᠷ᠎ᠠ᠎ᠶᠢᠨ 19 ᠤ᠋ ᠡᠳᠦᠷ  ᠰᠢᠯᠢᠩᠬᠣᠲᠠ᠎ᠳᠤ ᠡᠬᠢᠯᠡᠵᠦ ᠂ 4 ᠡᠳᠦᠷ᠎ᠤᠨ ᠬᠤᠭᠤᠴᠠᠭ᠎ᠠ ᠲᠠᠢ ᠶᠠᠪᠤᠭᠳᠠᠪᠠ᠃

ᠲᠣᠰ ᠠᠵᠢᠯᠯᠠᠭ᠎ᠠ ᠨᠢ ᠦᠨᠳᠦᠰᠦᠲᠡᠨ ᠎ᠦ ᠪᠦᠯᠬᠦᠮᠳᠡᠯ᠎ᠢᠶᠡᠷ ᠭᠣᠣᠯ ᠰᠢᠵᠢᠮ ᠪᠣᠯᠭᠠᠵᠤ᠂ ᠪᠡᠶ᠎ᠡ᠎ᠶᠢᠨ ᠲᠠᠮᠢᠷ ᠎ᠤᠨ ᠤᠷᠤᠯᠳᠤᠭᠠᠨ᠂ ᠰᠣᠶᠣᠯ ᠎ᠤᠨ ᠰᠤᠳᠤᠯᠤᠨ ᠰᠤᠷᠤᠯᠴᠠᠯᠭ᠎ᠠ᠎ᠪᠠᠷ ᠬᠣᠯᠪᠣᠭᠠᠰᠤ ᠪᠤᠯᠭᠠᠨ᠂ ᠣᠷᠣᠨ ᠪᠦᠰᠡ ᠠᠯᠤᠰᠯᠠᠭᠰᠠᠨ ᠵᠠᠯᠠᠭᠤᠴᠤᠳ ᠪᠠᠭᠠᠴᠤᠳ᠎ᠤᠨ ᠪᠠᠢᠩᠭᠤ ᠵᠢᠨ ᠬᠤᠷᠰᠢᠯᠴᠠᠭᠠᠨ ᠎ᠤ ᠲᠠᠪᠴᠠᠩ ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ ᠎ᠤᠨ ᠨᠥᠬᠥᠷᠯᠡᠯ ᠎ᠢᠶᠡᠨ ᠵᠤᠵᠠᠭᠠᠳᠬᠠᠬᠤ᠂ ᠬᠠᠮᠲᠤ ᠎ᠶᠢᠨ ᠲᠠᠨᠢᠯᠲᠠ᠎ᠪᠠᠨ ᠨᠢᠭ᠍ᠲᠠᠷᠠᠭᠤᠯᠬᠤ᠂ ᠰᠡᠳᠬᠢᠯ ᠵᠢᠡᠨ ᠨᠢᠭᠡᠳᠭᠡᠨ ᠨᠢᠭᠲᠠᠷᠠᠨ ᠪᠦᠯᠬᠦᠮᠲᠠᠬᠦ᠎ᠶᠢ ᠪᠦᠲᠦᠮᠵᠢᠲᠡᠶ ᠠᠬᠢᠭᠤᠯᠪᠠ᠃


QQ20260701-093519.png


    ᠰᠤᠶᠤᠯ ᠎ᠤᠨ ᠰᠤᠳᠤᠯᠤᠨ ᠰᠤᠷᠤᠯᠴᠠᠭ᠎ᠠ 

 

ᠠᠵᠢᠯᠯᠠᠭ᠎ᠠ ᠵᠢᠨ ᠡᠬᠢᠯᠡᠯᠳᠡ ᠵᠢᠨ ᠡᠳᠦᠷ᠂ ᠪᠡᠭᠡᠵᠢᠩ ᠬᠣᠲᠠ᠂ ᠴᠢᠭᠤᠯᠤᠯᠲᠤ ᠬᠠᠭᠠᠯᠭ᠎ᠠ᠂ ᠬᠥᠬᠡᠬᠣᠲᠠ᠎ᠵᠡᠷᠭᠡ ᠭᠠᠵᠠᠷ ᠡᠴᠠ ᠬᠦᠷᠦᠯᠴᠡᠨ ᠢᠷᠡᠭᠰᠡᠨ ᠡᠯ᠎ᠡ ᠦᠨᠳᠦᠰᠦᠲᠡᠨ᠎ᠤ ᠵᠠᠯᠠᠭᠤᠴᠤᠳ ᠪᠠᠭᠠᠴᠤᠳ ᠲᠤᠬᠠᠢ᠎ᠶᠢᠨ ᠭᠠᠵᠠᠷ᠎ᠤᠨ ᠵᠠᠯᠠᠭᠤᠴᠤᠳ ᠪᠠᠭᠠᠴᠤᠳ᠎ᠲᠠᠢ ᠬᠠᠮᠳᠤ ᠡᠯᠪᠡᠭ ᠪᠠᠶᠠᠯᠢᠭ ᠠᠭᠤᠯᠭ᠎ᠠ ᠪᠦᠬᠦᠢ ᠪᠡᠶ᠎ᠡ ᠵᠢᠨ ᠲᠠᠮᠢᠷ᠎ᠤᠨ ᠤᠷᠤᠯᠳᠤᠭᠠᠨ᠂ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠵᠡᠢ᠃  ᠡᠯ᠎ᠡ ᠭᠠᠵᠠᠷ ᠎ᠤᠨ ᠡᠯ᠎ᠡ ᠦᠨᠳᠦᠰᠦᠳᠡᠨ᠎ᠤ ᠵᠠᠯᠠᠭᠤᠴᠤᠳ ᠪᠠᠭᠠᠴᠤᠳ ᠤᠷᠤᠯᠳᠤᠭᠠᠨ ᠎ᠤ ᠲᠠᠯᠠᠪᠤᠷ᠎ᠲᠤ ᠤᠷ᠎ᠠ ᠴᠢᠳᠠᠪᠤᠷᠢ ᠪᠡᠨ ᠮᠥᠷᠥᠢᠴᠡᠨ᠂ ᠰᠤᠳᠤᠯᠤᠨ ᠰᠤᠷᠤᠯᠴᠠᠬᠤ ᠳᠤᠮᠳᠠ ᠲᠤᠮᠳᠠᠳᠤ ᠵᠢᠨ ᠰᠣᠶᠣᠯ ᠎ᠢ  ᠪᠡᠶᠡᠴᠢᠯᠡᠨ ᠣᠢᠯᠠᠭᠠᠵᠤ᠂ ᠰᠡᠳᠬᠢᠯ ᠰᠠᠨᠠᠭ᠎ᠠ ᠪᠠᠨ ᠤᠯᠤᠯᠴᠠᠵᠠᠢ᠃


QQ20260701-093529.png

 

          ᠭᠦᠭᠵᠢᠮ ᠭᠦᠭᠵᠢᠮᠳᠠᠨ᠎ᠠ 


《ᠲᠤᠰ ᠤᠳᠠᠭ᠎ᠠ᠎ᠶᠢᠨ ᠲᠠᠯ᠎ᠠ ᠨᠤᠲᠤᠭ᠎ᠤᠨ ᠠᠶᠠᠯᠠᠯ ᠨᠢ ᠨᠠᠳᠠ᠎ᠳᠤ ᠲᠠᠯ᠎ᠠ ᠨᠤᠲᠤᠭ᠎ᠤᠨ ᠥᠷᠭᠡᠨ ᠠᠭᠤᠳᠠᠮ᠎ᠢ ᠮᠡᠳᠡᠷᠡᠭᠦᠯᠦᠭᠰᠡᠨ᠎ᠪᠦᠬᠡᠳ ᠪᠠᠰᠠ ᠲᠤᠬᠠᠢ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠠᠢ ᠭᠦᠨᠵᠡᠭᠡᠢ ᠰᠤᠯᠢᠯᠴᠠᠬᠤ ᠵᠠᠪᠰᠢᠶᠠᠨ ᠬᠠᠩᠭᠠᠵᠠᠢ᠂ ᠡᠨᠡ ᠪᠣᠯ ᠣᠯᠳᠠᠰᠢ ᠦᠭᠡᠢ ᠠᠵᠠ ᠲᠣᠬᠢᠶᠠᠯ ᠶᠤᠮ》 ᠭᠡᠵᠦ ᠪᠡᠭᠡᠵᠢᠩ ᠬᠣᠲᠠ᠎ᠶᠢᠨ ᠠᠰᠫᠢᠷᠠᠨᠲ ᠬᠠᠨ ᠰᠢᠤ ᠶᠤᠸᠠᠨ ᠬᠡᠯᠡᠪᠡ᠃

ᠣᠢᠷ᠎ᠠ᠎ᠶᠢᠨ ᠵᠢᠯ᠎ᠳᠦ᠂ ᠰᠢᠯᠢᠩᠬᠣᠲᠠ  ᠦᠨᠳᠦᠰᠦᠲᠡᠨ ᠎ᠨᠦᠭᠦᠳ᠎ᠦᠨ ᠵᠠᠯᠠᠭᠤᠴᠤᠳ ᠪᠠᠭᠠᠴᠤᠳ ᠎ᠤᠨ ᠰᠣᠯᠢᠯᠴᠠᠭᠠᠨ ᠎ᠤ ᠲᠥᠯᠥᠪᠯᠡᠭᠡ᠎ᠶᠢᠨ ᠠᠵᠢᠯ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ᠎ᠤᠨ ᠲᠠᠨᠢᠨ ᠮᠡᠳᠡᠬᠦᠢ᠎ᠶᠢᠨ ᠵᠢᠮ᠎ᠡ ᠶᠣᠰᠣ᠌ ᠪᠣᠯᠣᠨ ᠦᠰᠦᠨ ᠪᠣᠶ᠋ᠢᠵᠢᠯᠲᠠ᠎ᠶᠢᠨ ᠣᠨᠴᠠᠯᠢᠭ᠎ᠤᠨ ᠲᠤᠭᠤᠷᠢᠨ ᠳ᠋ᠤ᠂ 《ᠪᠡᠶ᠎ᠡ ᠎ᠶᠢᠨ ᠲᠠᠮᠢᠷ ᠎ᠤᠨ ᠤᠷᠤᠯᠳᠤᠭᠠᠨ +  ᠰᠤᠳᠤᠯᠤᠨ ᠰᠤᠷᠤᠯᠴᠠᠬᠤ ᠠᠵᠢᠯᠯᠠᠭ᠎ᠠ + ᠦᠨᠳᠦᠰᠦᠲᠡᠨ᠎ᠦ ᠪᠦᠯᠬᠦᠮᠳᠡᠯ》 ᠎ᠢ᠋ ᠭᠦᠨᠵᠡᠭᠡᠢ ᠠᠭᠤᠰᠤᠯᠴᠠᠭᠤᠯᠤᠭᠰᠠᠨ ᠠᠵᠢᠯᠯᠠᠭ᠎ᠠ ᠵᠢᠨ  ᠵᠠᠭᠪᠤᠷ ᠎ᠢ ᠡᠬᠦᠳᠴᠦ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠪᠦᠬᠦ ᠶᠠᠪᠤᠴᠠ᠎ᠳᠤ ᠨᠡᠪᠴᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号