ᠸᠠᠩ ᠸᠧᠶ ᠵᠥᠩ ᠶᠠᠷᠢᠶ᠎ᠠ ᠲᠠᠯᠪᠢᠭᠰᠠᠨ ᠪᠥᠭᠡᠳ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠲᠤᠰᠬᠠᠶ ᠰᠡᠳᠦᠪᠲᠦ᠍ ᠨᠠᠮ᠎ᠤᠨ ᠬᠢᠴᠢᠶᠡᠯ ᠤᠷᠤᠪᠠ
ᠪᠦᠦ ᠭᠠᠩ ᠬᠤᠷᠠᠯ ᠢ᠋ ᠡᠷᠬᠢᠯᠡᠵᠤ ᠵᠠᠩ ᠶᠠᠨ ᠺᠦᠨ ᠱ᠌ᠢ ᠭᠤᠸᠠᠩ ᠬᠤᠢ ᠬᠤᠷᠠᠯ᠎ᠳᠤ ᠣᠷᠣᠯᠴᠠᠪᠠ
6 ᠰᠠᠷ᠎ᠠ᠎ᠶᠢᠨ 30 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠤᠭᠲᠤᠬᠤ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ 《ᠬᠣᠶᠠᠷ ᠰᠢᠯᠢᠳᠡᠭ ᠨᠢᠭᠡ ᠲᠡᠷᠢᠭᠦᠨ》 ᠢ᠋ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ ᠤ᠋ᠨ ᠠᠵᠢᠯᠲᠠᠨ ᠪᠣᠯᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠬᠥᠬᠢᠭᠦᠯᠦᠨ ᠰᠠᠶ᠋ᠢᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

6 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠵᠡᠷᠭᠡ ᠦᠪᠡᠷᠳᠡᠭᠡᠨ ᠵᠠᠰᠠᠬᠤ ᠤᠷᠤᠨ ᠤ᠋ ᠤᠳᠤᠷᠢᠳᠤᠯᠭ᠎ᠠ 《ᠬᠤᠶᠠᠷ ᠰᠢᠯᠢᠳᠡᠭ ᠨᠢᠭᠡ ᠲᠡᠷᠢᠬᠦᠨ》 ᠤ᠋ ᠲᠦᠯᠦᠭᠡᠯᠡᠭᠴᠢ ᠳ᠋ᠤ ᠱᠠᠨᠭᠨᠠᠯ ᠭᠠᠷᠳᠠᠭᠤᠯᠪᠠ᠃
ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠰᠢᠭᠦᠬᠦ᠌ ᠬᠣᠷᠢᠶ᠎ᠠ ᠵᠢᠨ ᠳᠠᠷᠤᠭ᠎ᠠ᠂ ᠪᠠᠶ᠋ᠢᠴᠠᠭᠠᠬᠤ ᠬᠣᠷᠢᠶ᠎ᠠ᠎ᠶᠢᠨ ᠪᠠᠢᠴᠠᠭᠠᠬᠤ ᠳᠠᠷᠤᠭ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠤᠳᠤᠷᠢᠳᠬᠤ ᠨᠥᠬᠥᠳ᠂ ᠬᠡᠰᠡᠭ ᠮᠤᠵᠢ᠎ᠶᠢᠨ ᠲᠠᠰ᠎ᠤᠨ ᠠᠵᠢᠯ ᠡᠴᠡ᠎ᠪᠠᠨ ᠠᠮᠠᠷᠠᠭᠰᠠᠨ ᠠᠬᠠᠮᠠᠳ ᠨᠥᠬᠥᠳ ᠬᠤᠷᠠᠯ᠎ᠳᠤ ᠣᠷᠣᠯᠴᠠᠵᠠᠶ᠃
ᠦᠳᠡ᠎ᠶᠢᠨ ᠡᠮᠦᠨᠡᠬᠢ 9 ᠴᠠᠭ᠎ᠲᠤ᠌᠂ ᠶᠡᠬᠡ ᠬᠤᠷᠠᠯ ᠡᠬᠢᠯᠡᠵᠦ᠍᠂ ᠪᠦᠭᠦᠳᠡᠭᠡᠷ᠎ᠢᠶᠡᠨ ᠪᠣᠰᠴᠤ᠌ ᠵᠣᠭᠰᠣᠨ ᠤᠯᠤᠰ᠎ᠤᠨ ᠰᠦᠯᠳᠡ ᠳᠠᠭᠤᠤ᠎ᠶᠢ ᠳᠠᠭᠤᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠯᠢ ᠳ᠋ᠦᠩ ᠰᠢᠤᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ ᠤ᠋ᠨ ᠠᠵᠢᠯᠲᠠᠨ ᠪᠣᠯᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠬᠥᠬᠢᠭᠦᠯᠦᠨ ᠰᠠᠶ᠋ᠢᠰᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ》 ᠢ᠋ ᠤᠩᠰᠢᠨ ᠨᠡᠶ᠋ᠢᠲᠡᠯᠡᠪᠡ᠃ ᠸᠠᠩ ᠸᠧᠢ ᠵᠦᠩ᠂ ᠪᠦᠦ ᠭᠠᠩ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ 《ᠬᠣᠶᠠᠷ ᠰᠢᠯᠢᠳᠡᠭ ᠨᠢᠭᠡ ᠲᠡᠷᠢᠭᠦᠨ》 ᠤ᠋ ᠲᠥᠯᠥᠭᠡᠯᠡᠭᠴᠢ᠎ᠳᠦ ᠱᠠᠩᠨᠠᠯ ᠭᠠᠷᠳᠠᠭᠤᠯᠪᠠ᠃ ᠬᠥᠬᠢᠭᠦᠯᠦᠭᠳᠡᠨ ᠰᠠᠶ᠋ᠢᠰᠢᠶᠠᠭᠳᠠᠭᠰᠠᠨ ᠲᠥᠯᠥᠭᠡᠯᠡᠭᠴᠢ ᠦᠭᠡ ᠬᠡᠯᠡᠵᠠᠢ᠃
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠮᠦᠨ᠎ᠠ ᠡᠴᠡ᠂ ᠬᠥᠬᠢᠭᠦᠯᠦᠭᠳᠡᠨ ᠰᠠᠶ᠋ᠢᠰᠢᠶᠠᠭᠳᠠᠭᠰᠠᠨ ᠰᠢᠯᠢᠳᠡᠭ ᠬᠤᠪᠢ ᠬᠥᠮᠦᠨ ᠪᠣᠯᠤᠨ ᠲᠡᠷᠢᠭᠦᠨ᠎ᠦ ᠬᠠᠮᠲᠤ᠌᠎ᠳᠦ ᠬᠠᠯᠠᠭᠤᠨ ᠪᠠᠶᠠᠷ ᠬᠦᠷᠭᠡᠵᠦ᠍᠂ ᠡᠯ᠎ᠡ ᠲᠡᠦᠬᠡᠨ ᠴᠠᠭ ᠦᠶ᠎ᠡ᠎ᠳᠦ ᠥᠪᠥᠷ ᠮᠣᠩᠭᠣᠯ᠎ᠤᠨ ᠬᠥᠭᠵᠢᠯᠲᠡ ᠳᠠᠪᠰᠢᠯᠲᠠ᠎ᠳᠤ ᠬᠤᠪᠢ ᠨᠡᠮᠡᠷᠢ ᠦᠵᠡᠭᠦᠯᠦᠭᠰᠡᠨ ᠠᠬᠠᠮᠠᠳ ᠦᠶ᠎ᠡ᠎ᠶᠢᠨ ᠦᠷᠡᠭᠳᠡᠭᠰᠡᠨ ᠪᠠᠭᠠᠲᠤᠷᠴᠤᠳ᠂ ᠠᠬᠠᠮᠠᠳ ᠨᠠᠮ᠎ᠤᠨ ᠭᠡᠰᠢᠭᠦᠨ ᠺᠠᠳ᠋ᠷᠴᠤᠳᠲᠤ᠌ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠍᠂ ᠪᠥᠬᠥ᠌ ᠣᠷᠣᠨ᠎ᠤ ᠡᠯ᠎ᠡ ᠹᠷᠣᠨᠲ ᠳᠡᠭᠡᠷ᠎ᠡ ᠡᠷᠡᠯᠬᠡᠭᠯᠡᠨ ᠲᠡᠮᠡᠴᠡᠵᠦ᠍ ᠪᠠᠶ᠋ᠢᠭ᠎ᠠ ᠥᠷᠭᠡᠨ ᠣᠯᠠᠨ ᠨᠠᠮ᠎ᠤᠨ ᠭᠡᠰᠢᠭᠦᠨ᠎ᠳᠦ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ ᠲᠡᠦᠬᠡᠲᠦ᠍ ᠴᠢᠨᠠᠷᠲᠠᠢ ᠠᠮᠵᠢᠯᠲᠠ ᠣᠯᠵᠤ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠴᠠᠢ᠃ ᠪᠦᠬᠦ᠌ ᠣᠷᠣᠨ᠎ᠤ ᠡᠯ᠎ᠡ ᠹᠷᠣᠨᠲ᠎ᠲᠤ᠌ ᠦᠯᠡᠮᠵᠢ ᠤᠯᠠᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ ᠤ᠋ᠨ ᠠᠵᠢᠯᠳᠠᠨ ᠪᠠ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠴᠣᠯᠭᠣᠷᠠᠨ ᠭᠠᠷᠴᠤ᠌᠂ ᠪᠣᠳᠠᠲᠤ᠌ ᠠᠵᠢᠯᠯᠠᠭ᠎ᠠ᠎ᠪᠠᠷ᠎ᠢᠶᠠᠨ ᠡᠪ ᠬᠠᠮᠲᠤᠴᠤᠳ᠎ᠤᠨ ᠢᠲᠡᠭᠡᠯ ᠵᠣᠷᠢᠭ ᠡᠷᠡᠰ ᠪᠠᠲᠤ᠌᠂ ᠨᠠᠮ᠎ᠳᠠᠭᠠᠨ ᠦᠨᠡᠨᠴᠢ ᠰᠢᠳᠤᠷᠭᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠶᠢ ᠲᠠᠶ᠋ᠢᠯᠪᠤᠷᠢᠯᠠᠪᠠ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ ᠰᠢᠯᠢᠳᠡᠭ᠎ᠡᠴᠡ ᠳᠠᠭᠠᠨ ᠰᠤᠷᠤᠯᠴᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠤᠭᠤᠳᠤᠮᠵᠢ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶᠢ ᠡᠷᠬᠢᠮᠯᠡᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠨ ᠪᠦᠯᠬᠦᠮᠳᠡᠯ᠎ᠢ ᠠᠬᠢᠭᠤᠯᠵᠤ᠂ ᠴᠢᠷᠮᠠᠶ᠋ᠢᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠨ ᠬᠦᠨᠳᠦ ᠡᠭᠦᠷᠭᠡ᠎ᠶᠢ ᠡᠭᠦᠷᠭᠡᠯᠡᠵᠦ᠍᠂ ᠲᠠᠷᠤᠤ ᠬᠢᠴᠢᠶᠠᠨᠭᠭᠦᠢ ᠪᠡᠷ ᠠᠯᠪᠠᠨ ᠵᠠᠷᠤᠴᠠ ᠪᠣᠯᠵᠣ᠂ ᠠᠷᠢᠭᠤᠨ ᠴᠢᠬᠡᠴᠢ᠎ᠪᠡᠷ ᠬᠣᠷᠢᠭ᠎ᠠ ᠱᠤᠭᠤᠮ᠎ᠢ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢ ᠨᠠᠩ ᠦᠵᠡᠰᠬᠦᠯᠡᠩᠲᠦ᠍ ᠰᠠᠶ᠋ᠢᠬᠠᠨ ᠪᠣᠯᠭᠠᠨ ᠪᠥᠲᠥᠭᠡᠨ ᠪᠠᠶ᠋ᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃
ᠬᠥᠬᠢᠭᠦᠯᠦᠨ ᠰᠠᠶ᠋ᠢᠰᠢᠶᠠᠬᠤ ᠬᠤᠷᠠᠯ᠎ᠤᠨ ᠳᠠᠷᠠᠭ᠎ᠠ᠂ ᠸᠠᠩ ᠸᠧᠢ ᠵᠦᠩ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠲᠤᠰᠬᠠᠢ ᠰᠡᠳᠦᠪᠲᠦ᠍ ᠨᠠᠮ᠎ᠤᠨ ᠬᠢᠴᠢᠶᠡᠯ ᠣᠷᠣᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠤᠯᠭᠡᠵᠢᠬᠦᠯᠬᠦ ᠲᠤᠬᠠᠶ ᠴᠢᠬᠤᠯᠠ ᠥᠭᠦᠯᠡᠯᠲᠡ᠎ᠨᠢ ᠥᠷᠭᠡᠨ ᠳᠡᠯᠭᠡᠷ ᠭᠦᠨ ᠭᠦᠨᠵᠡᠭᠡᠶ ᠪᠠᠶ᠋ᠢᠵᠤ᠂ ᠪᠢᠳᠡ ᠰᠤᠷᠤᠯᠴᠠᠬᠤ ᠰᠡᠳᠬᠢᠬᠦ᠌ ᠦᠢᠯᠡᠳᠤᠯᠭᠡᠵᠢᠬᠦᠯᠬᠦ ᠣᠶ᠋ᠢᠯᠠᠭᠠᠬᠤ ᠳᠤᠮᠳᠠ᠎ᠪᠠᠨ ᠰᠡᠳᠬᠢᠯ᠎ᠳᠡᠭᠡᠨ ᠰᠢᠩᠭᠡᠭᠡᠵᠦ᠍᠂ ᠦᠢᠯᠡ ᠠᠵᠢᠯᠯᠠᠭ᠎ᠠ᠎ᠳᠠᠭᠠᠨ ᠢᠯᠡᠷᠡᠬᠦᠯᠵᠤ᠂ ᠤᠯᠠ ᠮᠥᠷᠢ᠋ ᠨᠢ ᠮᠥᠷᠳᠡᠵᠤ ᠡᠬᠢ ᠡᠬᠦᠰᠤᠯ ᠢ᠋ ᠨᠢ ᠡᠷᠢᠬᠦ ᠳᠤᠮᠳᠠ ᠰᠢᠮ᠎ᠡ ᠲᠡᠵᠢᠭᠡᠯ ᠭᠥᠷᠳᠡᠵᠦ᠍᠂ ᠬᠦᠴᠦᠨ ᠴᠢᠳᠠᠯ᠎ᠢᠶᠠᠨ ᠴᠢᠩᠭᠠᠷᠠᠭᠤᠯᠵᠤ᠂ ᠠᠴᠢ᠎ᠶᠢ ᠬᠠᠷᠢᠭᠤᠯᠵᠤ ᠪᠠᠷᠢᠮᠵᠢᠶᠠᠯᠡᠨ ᠬᠠᠷᠭᠤᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠭᠦᠨᠵᠡᠭᠡᠶ ᠲᠤᠭᠤᠰᠢᠯᠠᠭᠤᠯᠵᠤ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ᠌ ᠤᠬᠠᠭᠠᠨᠴᠢ᠎ᠪᠠᠷ ᠰᠢᠢᠳᠪᠦᠷᠢᠲᠦ᠍ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠶ ᠠᠵᠢᠯᠯᠠᠬᠤ ᠪᠣᠳᠠᠲᠤ᠌ ᠠᠵᠢᠯᠯᠠᠭ᠎ᠠ ᠳᠤᠮᠳᠠ᠎ᠪᠠᠨ 《ᠬᠣᠶᠠᠷ᠎ᠢ ᠲᠣᠭᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠶ᠃ ᠪᠣᠳᠠᠲᠤ᠌ ᠪᠠᠶ᠋ᠢᠳᠠᠯ᠎ᠡᠴᠡ ᠡᠭᠦᠰᠬᠦ᠌᠂ ᠵᠢᠮ᠎ᠡ ᠶᠣᠰᠣ᠎ᠪᠠᠷ ᠠᠵᠢᠯᠯᠠᠬᠤ᠎ᠶᠢ ᠪᠠᠷᠢᠮᠲᠠᠯᠠᠬᠤ ᠪᠣᠯ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠴᠢᠬᠤᠯᠠ ᠠᠭᠤᠯᠭ᠎ᠠ ᠮᠥᠨ᠂ ᠠᠷᠠᠳ ᠲᠦᠮᠡᠨ᠎ᠦ ᠲᠥᠯᠥᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠵᠤ᠂ ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ᠌ ᠪᠣᠳᠠᠲᠤ᠌ ᠠᠮᠵᠢᠯᠲᠠ᠎ᠶᠢ ᠴᠢᠷᠮᠠᠶ᠋ᠢᠨ ᠡᠭᠦᠳᠬᠦ᠌ ᠬᠡᠷᠡᠭᠲᠡᠢ᠃ ᠲᠣᠭᠲᠠᠭᠤᠨ᠎ᠤ ᠳᠤᠮᠳᠠ ᠤᠷᠤᠬᠰᠢᠯᠠᠬᠤ ᠳ᠋ᠠᠭᠠᠨ ᠦᠨᠳᠦᠰᠦ᠎ᠪᠡᠨ ᠪᠡᠬᠢᠵᠢᠭᠦᠯᠦᠨ᠂ ᠰᠠᠭᠤᠷᠢ᠎ᠪᠠᠨ ᠪᠠᠳᠤᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠬᠤ᠂ ᠨᠡᠶ᠋ᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭᠠᠯᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ᠌ ᠬᠡᠷᠡᠭᠲᠡᠢ᠃ ᠰᠢᠨ᠎ᠠ ᠵᠢ ᠪᠠᠶ᠋ᠢᠭᠤᠯᠬᠤ ᠪᠠ ᠬᠠᠭᠤᠴᠢᠨ ᠢ᠋ ᠡᠪᠳᠡᠬᠦ᠌᠎ᠶᠢ ᠵᠡᠷᠭᠡ᠎ᠪᠡᠷ ᠠᠳᠬᠤᠬᠤ ᠳ᠋ᠠᠭᠠᠨ ᠰᠢᠨ᠎ᠡ ᠪᠠᠶ᠋ᠢᠳᠠᠯ᠎ᠢ ᠨᠡᠭᠡᠭᠡᠨ᠂ ᠬᠥᠳᠡᠯᠭᠡᠬᠦ᠌ ᠡᠨᠧᠷᠭᠢ᠎ᠶᠢ ᠴᠢᠩᠭᠠᠳᠬᠠᠵᠤ᠂ ᠠᠵᠤ ᠦᠢᠯᠡᠰ᠎ᠦᠨ 《ᠲᠦᠷᠪᠡᠨ ᠤᠯᠠᠨ ᠲᠦᠷᠪᠡᠨ ᠴᠥᠭᠡᠨ》᠂ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ 《ᠭᠠᠷ ᠲᠠᠮᠵᠢᠪᠠᠴᠤ ᠠᠰᠢᠭ ᠬᠦᠷᠳᠡᠬᠦ ᠦᠭᠡᠢ》 ᠵᠡᠷᠭᠡ ᠠᠰᠠᠭᠤᠳᠠᠯ᠎ᠢ ᠲᠦᠷᠭᠡᠨ ᠰᠢ᠌ᠳᠪᠦᠷᠢᠯᠡᠬᠦ᠌ ᠬᠡᠷᠡᠭᠲᠡᠢ᠃ ᠭᠡᠢᠰᠪᠤᠷᠢ ᠪᠤᠳᠠᠳᠠᠢ ᠵᠢ ᠤᠶᠠᠯᠳᠤᠭᠤᠯᠬᠤ ᠳᠤᠮᠳᠠ ᠪᠣᠳᠠᠲᠠᠶ ᠠᠵᠢᠯ ᠬᠢᠵᠦ᠍᠂ ᠪᠣᠳᠠᠲᠤ᠌ ᠦᠷ᠎ᠡ ᠪᠦᠲᠦᠮᠵᠢ᠎ᠶᠢ ᠡᠷᠬᠢᠮᠯᠡᠵᠤ᠂ 《ᠬᠤᠯᠢᠴᠡ ᠲᠠᠢ》 GDP᠂ 《ᠪᠤᠬᠢᠷᠳᠤᠯ ᠲᠠᠢ》 GDP᠂ 《ᠡᠷᠡᠬᠦᠯ ᠮᠠᠨᠳᠤ ᠠᠮᠢ ᠨᠠᠰᠤ ᠪᠡᠷ ᠦᠷᠡᠭᠳᠡᠯ ᠪᠤᠯᠭᠠᠬᠰᠡᠨ》 GDP ᠵᠢ ᠡᠷᠡᠰ ᠲᠠᠪᠴᠢᠬᠦ ᠬᠡᠷᠡᠭᠳᠡᠢ᠃ ᠥᠩᠭᠡᠨ ᠲᠠᠯ᠎ᠠ ᠪᠠ ᠦᠨᠳᠦᠰᠦ ᠡᠴᠡ ᠨᠢ ᠵᠠᠰᠠᠬᠤ ᠳᠤᠮᠳᠠ ᠬᠠᠭᠤᠴᠢᠨ ᠠᠷᠬᠠᠭ᠎ᠢ ᠵᠠᠰᠠᠨ᠂ ᠬᠠᠭᠤᠴᠢᠨ ᠬᠡᠮ᠎ᠢ ᠠᠷᠢᠯᠭᠠᠵᠦ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠂ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭᠠᠷᠳᠠᠯᠭ᠎ᠠ᠎ᠶᠢ ᠰᠢᠢᠳᠪᠤᠷᠢᠯᠡᠬᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠵᠡᠷᠭᠡ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠭᠡᠷᠡᠭᠳᠠᠢ᠃ ᠬᠤᠯᠠ ᠤᠢ᠌ᠷ᠎ᠠ᠎ᠶᠢ ᠨᠢᠭᠡᠳᠦᠯᠲᠡᠢ ᠲᠥᠯᠥᠪᠵᠢᠭᠦᠯᠬᠦ᠌ ᠳᠤᠮᠳᠠ ᠣᠳᠣᠬᠠᠨ᠎ᠳᠤ ᠠᠰᠢᠭ ᠬᠦᠷᠳᠡᠭᠡᠨ᠂ ᠠᠯᠤᠰ ᠢᠷᠡᠭᠡᠳᠦᠢ ᠵᠢ ᠬᠠᠷᠠᠭᠠᠯᠵᠠᠵᠦ᠂ ᠠᠵᠢᠯ᠎ᠤᠨ ᠲᠥᠯᠥᠪᠵᠢᠭᠦᠯᠭᠡ᠎ᠪᠡᠨ ᠴᠢᠩᠭᠠᠳᠬᠠᠵᠤ᠂ ᠡᠬᠢ ᠪᠠᠶᠠᠯᠢᠭ᠎ᠤᠨ ᠬᠤᠪᠢᠶᠠᠷᠢᠯᠠᠯᠲᠠ᠎ᠶᠢ ᠰᠠᠶ᠋ᠢᠲᠤᠷ ᠬᠢᠵᠦ᠍᠂ ᠬᠢᠨᠠᠨ ᠰᠢᠯᠭᠠᠵᠤ ᠦᠨᠡᠯᠡᠬᠦ᠌᠎ᠶᠢ ᠰᠢᠯᠢᠳᠡᠭᠵᠢᠭᠦᠯᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠂ ᠴᠢᠳᠠᠪᠤᠷᠢᠲᠠᠨ᠎ᠢ ᠬᠥᠮᠦᠵᠢᠭᠦᠯᠬᠦ᠌᠂ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠂ ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠬᠤ ᠵᠡᠷᠭᠡ ᠰᠠᠭᠤᠷᠢ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠠᠵᠢᠯ᠎ᠳᠠᠬᠢ ᠣᠷᠣᠭᠤᠯᠤᠯᠲᠠ᠎ᠶᠢ ᠨᠡᠩ ᠴᠢᠬᠤᠯᠠᠴᠢᠯᠠᠵᠤ᠂ ᠬᠢᠵᠠᠭᠠᠷ ᠲᠠᠢ ᠡᠳ᠋᠎ᠦᠨ ᠬᠦᠴᠦᠨ᠎ᠢ ᠬᠡᠳᠦ ᠤᠷᠢᠳᠴᠢᠯᠠᠭᠰᠠᠨ ᠪᠦᠲᠦᠭᠡᠨ ᠪᠠᠶ᠋ᠢᠭᠤᠯᠤᠯᠲᠠ᠎ᠳᠦ ᠬᠡᠷᠡᠭᠯᠡᠬᠦ᠌᠎ᠶᠢ ᠰᠡᠷᠭᠡᠶ᠋ᠢᠯᠡᠬᠦ᠌ ᠬᠡᠷᠡᠭᠲᠡᠢ᠃ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠰᠢ᠌ᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠳᠡᠭ ᠨᠢ ᠨᠠᠮᠴᠢ ᠴᠢᠨᠠᠷ ᠪᠣᠯᠤᠨ᠎ᠠ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠥᠬᠥᠷᠡᠰᠢ ᠦᠭᠡᠢ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ᠎ᠢᠶᠠᠨ ᠪᠠᠲᠤᠳᠬᠠᠨ᠂ ᠴᠢᠩᠭ᠎ᠠ ᠪᠣᠳᠠᠲᠠᠢ ᠰᠤᠷᠲᠠᠯ᠎ᠢ ᠪᠠᠳᠠᠷᠠᠭᠤᠯᠵᠤ᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠂ ᠵᠠᠰᠠᠭ᠎ᠤᠨ ᠠᠵᠢᠯ᠎ᠤᠨ ᠪᠦᠳᠤᠮᠵᠢ ᠵᠢ ᠬᠥᠭᠡᠭᠡᠴᠡᠯᠳᠦᠬᠦ᠌ ᠦᠷᠳᠡᠭ᠎ᠦᠨ ᠪᠠᠢᠷᠢᠰᠢᠯ ᠲᠠᠢ ᠲᠠᠰᠤᠷᠠᠯᠳᠠ ᠦᠭᠡᠢ ᠬᠠᠷᠭᠤᠭᠤᠯᠤᠨ ᠲᠤᠬᠢᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠶ᠋ᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃