《7·1》᠎ᠡᠴᠡ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠠᠬᠠᠮᠠᠳ ᠨᠠᠮ᠎ᠤᠨ ᠭᠡᠰᠢᠭᠦᠨ ᠸᠠᠩ ᠵᠠᠨ᠂ ᠹᠠᠩ ᠲᠢᠶᠠᠨ ᠴᠢᠶᠢ ᠡᠷᠭᠢᠨ ᠦᠵᠡᠵᠦ ᠲᠣᠬᠣᠨᠢᠭᠤᠯᠤᠨ᠂ ᠲᠡᠳᠡᠨ᠎ᠳᠦ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠬᠠᠶ᠋ᠢᠷ᠎ᠠ ᠬᠠᠯᠠᠮᠵᠢ ᠪᠣᠯᠤᠨ ᠪᠠᠶᠠᠷ᠎ᠤᠨ ᠡᠳᠦᠷ᠎ᠦᠨ ᠮᠡᠨᠳᠦᠴᠢᠯᠡᠯ ᠬᠦᠷᠭᠡᠪᠡ᠃
ᠪᠦᠦ ᠭᠠᠩ ᠬᠣᠶᠠᠷ ᠠᠬᠠᠮᠠᠳ ᠨᠠᠮ᠎ᠤᠨ ᠭᠡᠰᠢᠭᠦᠨ᠎ᠦ ᠪᠡᠶ᠎ᠡ ᠮᠠᠬᠠᠪᠣᠳ ᠪᠣᠯᠤᠨ ᠡᠳᠦᠷ ᠲᠤᠳᠤᠮ᠎ᠤᠨ ᠠᠮᠢᠳᠤᠷᠠᠯ᠎ᠤᠨ ᠪᠠᠶ᠋ᠢᠳᠠᠯ ᠢ ᠨᠠᠷᠢᠨ ᠠᠰᠠᠭᠤᠵᠤ᠂ ᠲᠡᠳᠡᠨ᠎ᠦ ᠵᠣᠯ ᠵᠢᠷᠭᠠᠯ᠎ᠲᠠᠶ ᠠᠮᠤᠷ ᠠᠮᠤᠭᠤᠯᠠᠩ ᠪᠠᠶ᠋ᠢᠬᠤ᠎ᠶᠢ ᠵᠥᠩᠨᠡᠪᠡ᠃ ᠲᠡᠷᠡ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ ᠪᠣᠯᠤᠨ᠎ᠠ᠂ ᠨᠠᠮ᠎ᠤᠨ ᠲᠥᠪ ᠬᠤᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠯᠲᠡ᠎ᠶᠢᠨ ᠡᠯ᠎ᠡ ᠵᠦᠢᠯ᠎ᠦᠨ ᠦᠢᠯᠡᠰ ᠲᠦᠷᠭᠡᠨ ᠲᠠᠪᠰᠢᠯᠳᠠ᠎ᠲᠠᠶ ᠪᠣᠯᠵᠠᠢ᠂ ᠡᠳᠡᠭᠡᠷ ᠨᠢ ᠴᠥᠮ ᠠᠬᠠᠮᠠᠳ ᠨᠠᠮ᠎ᠤᠨ ᠭᠡᠰᠢᠭᠦᠨ᠎ᠦ ᠢᠳᠡᠪᠬᠢᠲᠡᠢ ᠬᠤᠪᠢ ᠨᠡᠮᠡᠷᠢ᠎ᠡᠴᠡ ᠰᠠᠯᠵᠤ ᠴᠢᠳᠠᠬᠤ ᠦᠭᠡᠢ ᠶᠤᠮ᠃ ᠣᠳᠣᠬᠠᠨ᠎ᠳᠤ ᠪᠦᠬᠦ᠌ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠦᠨ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍ ᠪᠠᠶ᠋ᠢᠨ᠎ᠠ᠃ ᠥᠷᠭᠡᠨ ᠣᠯᠠᠨ ᠠᠬᠠᠮᠠᠳ ᠨᠠᠮ᠎ᠤᠨ ᠭᠡᠰᠢᠭᠦᠨ ᠬᠣᠰᠢᠭᠤᠴᠢ ᠵᠢᠱ᠌ᠢᠶᠡᠴᠢ᠎ᠶᠢᠨ ᠦᠢᠯᠡᠳᠦᠯ ᠪᠣᠯᠤᠨ ᠦᠷᠭᠡᠨ ᠳᠡᠯᠭᠡᠷ ᠥᠩᠭᠡᠷᠡᠯᠲᠡ ᠲᠠᠢ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠦ ᠦᠷᠭᠦᠯᠵᠢᠯᠡᠨ ᠬᠦᠴᠦ᠍ᠨ ᠨᠡᠮᠡᠷᠢᠯᠡᠵᠦ᠍᠂ ᠰᠠᠨᠠᠯ ᠰᠠᠨᠠᠭᠤᠯᠭ᠎ᠠ ᠲᠤᠷᠠᠳᠤᠨ ᠠᠷᠭ᠎ᠠ ᠤᠬᠠᠭᠠᠨ ᠳᠡᠪᠰᠢᠭᠦᠯᠬᠦ᠎ᠶᠢ ᠬᠦᠰᠡᠵᠦ᠍ ᠪᠠᠶ᠋ᠢᠨ᠎ᠠ ᠭᠡᠵᠦ ᠬᠡᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号