ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠢ ᠰᠤᠳᠤᠯᠤᠨ ᠪᠠᠶ᠋ᠢᠷᠢᠯᠠᠭᠤᠯᠪᠠ
2026-07-01 09:27:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠲᠥᠪ ᠬᠣᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ ᠬᠤᠷᠠᠯ ᠢ᠋ ᠡᠷᠭᠢᠯᠡᠵᠠᠢ


ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠠ 6 ᠰᠠᠷ᠎ᠠ᠎ᠶᠢᠨ 30 ᠎ᠤ᠋ ᠡᠳᠦᠷ ᠬᠤᠷᠠᠯ ᠬᠤᠷᠠᠯᠳᠤᠭᠤᠯᠵᠤ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠠᠢ᠃

ᠬᠤᠷᠠᠯ᠎ᠡᠴᠡ᠂ ᠡᠨᠡ ᠵᠢᠯ᠎ᠦᠨ ᠭᠤᠤᠯ ᠦᠶᠡᠷ᠎ᠦᠨ ᠬᠤᠭᠤᠴᠠᠭᠠᠨ᠎ᠳᠤ ᠮᠠᠨ᠎ᠤ ᠤᠯᠤᠰ᠎ᠤᠨ ᠣᠨᠴᠠᠭᠠᠶ ᠴᠠᠭ ᠠᠭᠤᠷ  ᠤ᠋ᠨ ᠬᠡᠷᠡᠭ ᠮᠥᠨ ᠬᠦ᠌ ᠣᠯᠠᠨ ᠭᠠᠷᠴᠤ᠌᠂ ᠭᠠᠩ ᠬᠠᠭᠰᠠᠷᠠᠭᠠᠨ ᠦᠶᠡᠷ ᠤᠰᠤᠲᠤᠯ ᠵᠡᠷᠭᠡ ᠪᠡᠷ ᠡᠬᠦᠰᠴᠤ ᠪᠤᠢ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠬᠣᠷᠢᠭ᠎ᠠ ᠱᠤᠭᠤᠮ᠎ᠤᠨ ᠰᠡᠳᠬᠢᠬᠦᠶ᠂ ᠲᠤᠶ᠋ᠢᠯᠰᠢᠷᠠᠯ᠎ᠤᠨ ᠰᠡᠳᠬᠢᠬᠦᠶ᠎ᠶᠢ ᠪᠠᠲᠤ᠌ ᠪᠣᠶ ᠪᠣᠯᠭᠠᠵᠤ᠂ ᠶᠡᠬᠡ ᠦᠶᠡᠷ᠎ᠢ ᠰᠡᠷᠭᠡᠶ᠋ᠢᠯᠡᠬᠦ᠌᠂ ᠶᠡᠬᠡ ᠭᠠᠩ ᠬᠠᠭᠰᠠᠷᠠᠭᠠᠨ ᠲᠠᠢ ᠲᠡᠮᠡᠴᠡᠬᠦ᠂ ᠬᠦᠴᠦᠲᠡᠶ ᠲᠠᠶ᠋ᠢᠹᠧᠩ ᠰᠠᠯᠬᠢ᠎ᠶᠢ ᠰᠡᠷᠭᠡᠶ᠋ᠢᠯᠡᠬᠦ᠌᠎ᠳᠦ ᠰᠠᠭᠤᠷᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠶ᠋ᠢᠭᠠᠳ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌᠂ ᠠᠶᠤᠯ ᠭᠠᠮᠰᠢᠭ᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠰᠠᠶ᠋ᠢᠲᠤᠷ ᠬᠢᠬᠦ᠌ ᠬᠡᠷᠡᠭᠲᠡᠶ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠰᠢᠨ᠎ᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠣᠨᠣᠪᠴᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠵᠦ᠍᠂ ᠬᠦᠮᠦᠨ ᠬᠠᠷ᠎ᠠ ᠵᠢ ᠴᠠᠭ ᠲᠤᠬᠠᠶ᠎ᠳᠤᠨᠢ ᠡᠷᠡᠰ ᠰᠢᠭᠤᠷᠬᠠᠶ᠎ᠪᠠᠷ ᠨᠡᠭᠦᠯᠭᠡᠨ ᠠᠶᠤᠯ᠎ᠡᠴᠡ ᠵᠠᠶ᠋ᠢᠯᠠᠭᠤᠯᠵᠤ᠂ ᠣᠯᠠᠨ ᠬᠥᠮᠦᠨ ᠡᠨᠳᠡᠵᠤ ᠣᠯᠠᠨ ᠬᠥᠮᠦᠨ ᠰᠢᠷᠬᠠᠲᠤᠬᠤ᠎ᠶᠢ ᠴᠢᠩᠭ᠎ᠠ ᠰᠡᠷᠭᠡᠶ᠋ᠢᠯᠡᠬᠦ᠌ ᠬᠡᠷᠡᠭᠲᠡᠶ᠃ ᠶᠡᠬᠡ ᠭᠤᠤᠯ ᠮᠥᠷᠡᠨ ᠨᠠᠭᠤᠷ ᠴᠥᠭᠥᠷᠥᠮ᠎ᠦᠨ ᠦᠶᠡᠷ᠎ᠢ ᠰᠡᠷᠭᠡᠶ᠋ᠢᠯᠡᠬᠦ᠌ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠦᠶᠡᠷ᠎ᠦᠨ ᠦᠨᠭᠭᠡᠷᠡᠬᠦ ᠣᠷᠣᠨ ᠵᠠᠢ᠎ᠶᠢᠨ ᠬᠠᠮᠢᠶᠠᠷᠤᠯᠲᠠ ᠡᠵᠡᠮᠳᠡᠯ᠎ᠢ ᠪᠦᠬᠦ᠌ ᠲᠠᠯ᠎ᠠ᠎ᠪᠠᠷ ᠴᠢᠩᠭᠠᠳᠬᠠᠬᠤ ᠬᠡᠷᠡᠭᠲᠡᠢ᠃ ᠭᠠᠩ ᠬᠠᠭᠰᠠᠷᠠᠭᠠᠨ ᠦᠶᠡᠷ ᠤᠰᠤᠲᠤᠯ᠎ᠤᠨ ᠪᠠᠴᠢᠮ ᠬᠤᠪᠢᠷᠠᠯᠲᠠ᠎ᠶᠢᠨ ᠠᠶᠤᠯ ᠲᠦᠭᠰᠢᠭᠦᠷᠢ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠬᠣᠶᠠᠷ ᠲᠠᠯ᠎ᠠ᠎ᠶᠢ ᠠᠳᠬᠤᠬᠤ᠎ᠶᠢ ᠪᠠᠷᠢᠮᠲᠠᠯᠠᠵᠤ᠂ ᠤᠰᠤᠨ᠎ᠤ ᠡᠬᠢ ᠰᠤᠷᠪᠤᠯᠵᠢ᠎ᠶᠢ ᠨᠢᠭᠡᠳᠦᠯᠲᠡᠶ ᠬᠠᠮᠢᠶᠠᠷᠬᠤ ᠪᠠ ᠲᠣᠬᠢᠷᠠᠭᠤᠯᠬᠤ᠎ᠶᠢ ᠴᠢᠩᠭᠠᠳᠬᠠᠬᠤ ᠭᠡᠷᠡᠭᠳᠠᠢ᠃ ᠴᠢᠬᠤᠯᠠ ᠶᠡᠬᠡ ᠰᠠᠭᠤᠷᠢ ᠲᠥᠬᠥᠭᠡᠷᠦᠮᠵᠢ ᠪᠣᠯᠤᠨ ᠪᠦᠳᠦᠭᠡᠨ ᠪᠠᠶ᠋ᠢᠭᠤᠯᠵᠤ ᠪᠠᠶ᠋ᠢᠭ᠎ᠠ ᠪᠠᠷᠢᠯᠭ᠎ᠠ᠎ᠶᠢᠨ ᠦᠶᠡᠷ᠎ᠦᠨ ᠬᠤᠭᠤᠴᠠᠭ᠎ᠠ᠎ᠶᠢ ᠠᠮᠤᠷ ᠲᠦᠪᠰᠢᠨ ᠥᠩᠭᠡᠷᠡᠭᠦᠯᠬᠦ᠌᠎ᠶᠢ ᠪᠠᠲᠤᠯᠠᠵᠤ᠂ ᠬᠡᠮ ᠰᠣᠭᠣᠭ᠎ᠢ ᠵᠢᠭᠰᠠᠭᠠᠨ ᠪᠠᠶ᠋ᠢᠴᠠᠭᠠᠬᠤ᠎ᠶᠢ ᠴᠢᠩᠭᠠᠳᠬᠠᠵᠤ᠂ ᠲᠠᠷᠢᠶᠠᠯᠠᠩ᠎ᠤᠨ ᠰᠠᠭᠤᠷᠢ ᠲᠥᠬᠥᠭᠡᠷᠦᠮᠵᠢ᠎ᠶᠢᠨ ᠰᠡᠷᠭᠡᠶ᠋ᠢᠯᠡᠯᠲᠡ ᠬᠠᠮᠠᠭᠠᠯᠠᠯᠲᠠ᠎ᠶᠢ ᠴᠢᠩᠭᠠᠳᠬᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠲᠦᠷᠭᠡᠨ ᠪᠥᠭᠡᠳ ᠥᠨᠳᠥᠷ ᠪᠦᠲᠦᠮᠵᠢᠲᠡᠢ᠎ᠪᠡᠷ ᠠᠶᠤᠯ᠎ᠡᠴᠡ ᠠᠪᠤᠷᠠᠨ ᠲᠤᠰᠠᠯᠠᠵᠤ ᠭᠠᠮᠰᠢᠭ᠎ᠡᠴᠡ ᠠᠪᠤᠷᠠᠵᠤ᠂ ᠬᠦᠴᠦᠨ ᠴᠢᠳᠠᠯ᠂ ᠲᠤᠨᠤᠭ ᠲᠦᠬᠦᠭᠡᠷᠤᠮᠵᠢ᠂ ᠡᠳ᠋ ᠪᠣᠳᠠᠰ᠎ᠤᠨ ᠪᠡᠯᠡᠳᠬᠡᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠍᠂ ᠨᠢᠭᠡᠳᠦᠯᠲᠡᠢ ᠲᠥᠯᠥᠪᠵᠢᠭᠦᠯᠦᠨ ᠪᠠᠶ᠋ᠢᠷᠢᠯᠠᠭᠤᠯᠬᠤ ᠪᠠ ᠤᠷᠢᠳᠴᠢᠯᠠᠨ ᠰᠡᠷᠭᠡᠶ᠋ᠢᠯᠡᠬᠦ᠌᠎ᠪᠡᠨ ᠴᠢᠩᠭᠠᠳᠬᠠᠵᠤ᠂ ᠤᠨᠴᠠᠭᠠᠢ ᠪᠠᠶ᠋ᠢᠳᠠᠯ ᠳᠣᠣᠷᠠᠬᠢ ᠠᠪᠤᠷᠠᠨ ᠲᠤᠰᠠᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ᠌ ᠬᠡᠷᠡᠭᠲᠡᠢ᠃ ᠭᠠᠮᠰᠢᠭ᠎ᠡᠴᠡ ᠠᠪᠤᠷᠠᠨ ᠲᠤᠰᠠᠯᠠᠬᠤ ᠠᠵᠢᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ ᠲᠠᠢ ᠪᠡᠷ ᠰᠠᠶ᠋ᠢᠲᠤᠷ ᠬᠢᠵᠦ᠍᠂ ᠭᠠᠮᠰᠢᠭᠳᠠᠭᠰᠠᠨ ᠤᠯᠠᠨ ᠲᠦᠮᠡᠨ᠎ᠦ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠲᠡᠢ᠃ ᠡᠬᠢ ᠪᠠᠶᠠᠯᠢᠭ᠎ᠢ ᠦᠨᠳᠦᠰᠦᠨ ᠱᠠᠲᠤ᠌ ᠳᠠᠢᠰᠢ ᠬᠡᠯᠪᠡᠶ᠋ᠢᠯᠭᠡᠵᠦ᠍᠂ ᠬᠦᠴᠦᠨ᠎ᠢ ᠨᠢᠭᠡᠳᠦᠭᠡᠷ ᠹᠷᠣᠨᠲ᠎ᠲᠤ᠌ ᠪᠠᠭᠤᠯᠭᠠᠵᠤ᠂ ᠦᠨᠳᠦᠰᠦᠨ ᠱᠠᠲᠤᠨ᠎ᠤ ᠦᠶᠡᠷ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠨ ᠭᠠᠮᠰᠢᠭ᠎ᠡᠴᠡ ᠠᠪᠤᠷᠠᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠬᠦ᠌ ᠬᠡᠷᠡᠭᠲᠡᠶ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠬᠠᠷᠢᠭᠤᠴᠠᠯᠭ᠎ᠠ᠎ᠶᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠤᠯᠤᠰ᠎ᠤᠨ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠶᠡᠷᠦᠩᠬᠡᠢ ᠵᠢᠯᠣᠭᠣᠳᠬᠤ ᠭᠠᠵᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠣᠳᠤᠨ ᠲᠤᠬᠢᠷᠠᠭᠤᠯᠬᠤ᠎ᠪᠠᠨ ᠴᠢᠩᠭᠠᠳᠬᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠵᠢᠵᠢᠭᠦᠷᠯᠡᠨ ᠰᠠᠬᠢᠬᠤ᠎ᠪᠠᠨ ᠴᠢᠩᠭᠠᠳᠬᠠᠵᠤ᠂ ᠡᠮᠤᠨ᠎ᠠ ᠹᠷᠤᠨᠲ ᠲᠤ᠌ ᠬᠦᠨᠵᠡᠭᠡᠢᠷᠠᠨ ᠵᠢᠯᠤᠭᠤᠳᠴᠤ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠤᠨ ᠳᠠᠢ᠌ᠴᠢᠯᠠᠵᠤ ᠭᠠᠮᠰᠢᠭ᠎ᠢ ᠰᠡᠷᠭᠡᠶ᠋ᠢᠯᠡᠬᠦ᠌ ᠭᠠᠮᠰᠢᠭ᠎ᠢ ᠪᠠᠭᠠᠰᠬᠠᠬᠤ ᠭᠠᠮᠰᠢᠭ᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠬᠢᠬᠦ᠌ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠳᠠᠶ᠋ᠢᠴᠢᠨ ᠪᠡᠬᠢᠯᠡᠯᠲᠡ᠎ᠶᠢᠨ ᠦᠢᠯᠡᠳᠤᠯ ᠪᠣᠯᠤᠨ ᠬᠣᠰᠢᠭᠤᠴᠢ ᠵᠢᠱ᠌ᠢᠶᠡᠴᠢ ᠦᠢᠯᠡᠳᠤᠯ᠎ᠢᠶᠡᠨ ᠭᠦᠢᠴᠡᠳ ᠪᠠᠳᠠᠷᠠᠭᠤᠯᠵᠤ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌᠂ ᠠᠶᠤᠯ ᠭᠠᠮᠰᠢᠭ᠎ᠡᠴᠡ ᠠᠪᠤᠷᠠᠬᠤ ᠡᠮᠦᠨ᠎ᠡ ᠹᠷᠣᠨᠲ᠎ᠲᠤ᠌ ᠬᠦᠨᠳᠦ ᠡᠭᠦᠷᠭᠡ᠎ᠶᠢ ᠵᠣᠷᠢᠭᠲᠠᠶ ᠡᠭᠦᠷᠭᠡᠯᠡᠵᠦ᠍᠂ ᠡᠮᠦᠨ᠎ᠡ᠎ᠨᠢ ᠭᠠᠪᠰᠢᠭᠠᠶ᠋ᠢᠯᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠣᠯᠤᠨ ᠨᠡᠶ᠋ᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠬᠦᠴᠦᠲᠡᠶ ᠬᠠᠮᠠᠭᠠᠯᠠᠬᠤ ᠬᠡᠷᠡᠭᠲᠡᠶ ᠭᠡᠵᠦ᠍ ᠱᠠᠭᠠᠷᠳᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 30᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号