ᠵᠢᠶᠤᠤ ᠢᠦᠶ ᠯᠦ᠍ ᠮᠠᠶᠢᠭ᠎ᠤᠨ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠪᠣᠯᠬᠤ ᠬᠡᠷᠡᠭᠲᠡᠢ
2026-07-01 09:31:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠵᠣᠬᠢᠶᠠᠯ ᠎ᠢ ᠨᠡᠶ᠋ᠢᠲᠡᠯᠡᠪᠡ


7 ᠰᠠᠷ᠎ᠠ᠎ᠶᠢᠨ 1 ᠎ᠤ᠋ ᠡᠳᠦᠷ ᠬᠡᠪᠯᠡᠭᠳᠡᠬᠰᠡᠨ13 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ᠎ᠦᠨ 《ᠵᠢᠶᠤᠤ ᠢᠦᠶ ᠯᠦ᠍ ᠮᠠᠶᠢᠭ᠎ᠤᠨ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠪᠣᠯᠬᠤ ᠬᠡᠷᠡᠭᠲᠡᠢ》 ᠭᠡᠬᠦ᠌ ᠴᠢᠬᠤᠯᠠ ᠵᠣᠬᠢᠶᠠᠯ᠎ᠢ ᠳᠠᠬᠢᠨ ᠨᠡᠶ᠋ᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ 2015 ᠣᠨ᠎ᠤ 1 ᠰᠠᠷ᠎ᠠ᠎ᠶᠢᠨ 12᠎ᠤ᠋ᠨ ᠡᠳᠦᠷ ᠲᠥᠪ᠎ᠦᠨ ᠨᠠᠮ᠎ᠤᠨ ᠰᠤᠷᠭᠠᠭᠤᠯᠢ᠎ᠶᠢᠨ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ᠎ᠶᠢᠨ ᠰᠤᠳᠤᠯᠤᠨ ᠰᠤᠷᠤᠯᠴᠠᠬᠤ ᠠᠩᠬᠢ᠎ᠶᠢᠨ ᠰᠤᠷᠤᠭᠴᠢᠳ᠎ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠪᠣᠯᠤᠨ᠎ᠠ᠃

ᠵᠣᠬᠢᠶᠠᠯ᠎ᠳᠤ᠂ ᠮᠠᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠪᠦᠲᠦᠴᠡ ᠪᠣᠯᠤᠨ ᠤᠯᠤᠰ᠎ᠤᠨ ᠵᠠᠰᠠᠭ᠎ᠤᠨ ᠡᠷᠬᠡ᠎ᠶᠢᠨ ᠪᠦᠲᠦᠴᠡ᠎ᠳᠦ᠂ ᠰᠢᠶᠠᠨ᠎ᠤ ᠱᠠᠳᠤ ᠨᠢ ᠤᠷᠢᠳᠤᠬᠢ᠎ᠶᠢ ᠵᠠᠯᠭᠠᠮᠵᠢᠯᠠᠨ ᠬᠣᠶ᠋ᠢᠰᠢᠬᠢ᠎ᠶᠢ ᠰᠡᠩᠬᠡᠷᠡᠭᠦᠯᠬᠦ᠌ ᠵᠠᠩᠭᠢᠯᠠᠭ᠎ᠠ᠎ᠶᠢᠨ ᠭᠣᠭᠴᠣᠭ᠎ᠠ᠎ᠳᠤ ᠣᠷᠣᠰᠢᠵᠤ᠂ ᠠᠵᠤ ᠠᠬᠤᠢ᠎ᠶᠢ ᠬᠥᠭᠵᠢᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠣᠭᠲᠠᠭᠤᠨ᠎ᠢ ᠬᠠᠮᠠᠭᠠᠯᠠᠬᠤ᠂ ᠤᠯᠤᠰ᠎ᠤᠨ ᠥᠨᠢ ᠤᠳᠠᠭᠠᠨ ᠠᠮᠤᠷ ᠲᠦᠪᠰᠢᠨ ᠪᠠᠶ᠋ᠢᠬᠤ᠎ᠶᠢ ᠠᠬᠢᠭᠤᠯᠬᠤ ᠴᠢᠬᠤᠯᠠ ᠰᠠᠭᠤᠷᠢ ᠪᠣᠯᠤᠨ᠎ᠠ᠃ ᠰᠢᠶᠠᠨ᠎ᠤ ᠨᠠᠮ᠎ᠤᠨ ᠬᠣᠷᠢᠶ᠎ᠠ ᠪᠣᠯ ᠮᠠᠨ᠎ᠤ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶᠢᠨ 《ᠨᠢᠭᠡᠳᠦᠭᠡᠷ ᠹᠷᠣᠨᠲ᠎ᠤᠨ ᠵᠢᠯᠣᠭᠣᠳᠬᠤ ᠭᠠᠵᠠᠷ》 ᠮᠥᠨ᠂ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠪᠣᠯ ᠳᠠᠷᠤᠢ 《ᠨᠢᠭᠡᠳᠦᠭᠡᠷ ᠹᠷᠣᠨᠲ ᠎ᠤᠨ ᠶᠡᠷᠦᠩᠬᠡᠢ ᠵᠢᠯᠤᠭᠤᠳᠤᠭᠴᠢ》 ᠮᠥᠨ᠃ ᠶᠠᠭᠠᠬᠢᠪᠠᠯ ᠰᠠᠶᠢ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠵᠢᠨ ᠲᠤᠰᠢᠶᠠᠯ ᠎ᠢ ᠰᠠᠢᠳᠤᠷ ᠡᠬᠦᠷᠭᠡᠯᠡᠵᠦ ᠴᠢᠳᠠᠬᠤ ᠪᠤᠢ? ᠵᠢᠶᠣᠣ ᠢᠦᠢ ᠯᠦ᠍ ᠨᠥᠬᠥᠷ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ᠎ᠳᠦ ᠳᠠᠭᠤᠷᠢᠶᠠᠯ ᠦᠵᠡᠭᠦᠯᠪᠡ᠃ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠪᠣᠯᠤᠶ᠎ᠠ ᠭᠡᠪᠡᠯ ᠵᠢᠶᠤᠤ ᠢᠦᠢ ᠯᠦ᠍ ᠮᠠᠶᠢᠭ᠎ᠤᠨ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃

ᠵᠣᠬᠢᠶᠠᠯ᠎ᠳᠤ᠂ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠵᠢᠨ ᠲᠤᠰᠢᠶᠠᠯ ᠢ᠋ ᠰᠠᠢᠳᠤᠷ ᠡᠭᠦᠷᠭᠡᠯᠡᠬᠦ ᠳ᠋ᠤ ᠡᠷᠬᠡᠪᠰᠢ ᠢᠮᠠᠭᠲᠠ ᠨᠠᠮ᠎ᠢᠶᠠᠨ ᠪᠤᠳᠤᠬᠤ ᠬᠡᠷᠡᠭᠲᠡᠢ᠃ ᠨᠠᠮ᠎ᠳᠠᠭᠠᠨ ᠦᠨᠡᠨᠴᠢ ᠪᠠᠶ᠋ᠢᠬᠤ ᠪᠣᠯ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ᠎ᠶᠢᠨ ᠴᠢᠬᠤᠯᠠ ᠪᠠᠷᠢᠮᠵᠢᠶ᠎ᠠ ᠮᠥᠨ᠃ ᠨᠢᠭᠡ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ᠎ᠶᠢᠨ ᠬᠢᠷᠢ ᠵᠡᠷᠭᠡ ᠠᠵᠢᠯᠯᠠᠵᠤ ᠪᠠᠶ᠋ᠢᠬᠤ᠎ᠶᠢ ᠬᠡᠮᠵᠢᠬᠦ᠌᠎ᠳᠦ ᠮᠠᠰᠢ ᠤᠯᠡᠠ ᠵᠦᠢᠯ᠎ᠢ ᠶᠠᠷᠢᠵᠤ ᠪᠣᠯᠤᠨ᠎ᠠ᠂ ᠭᠡᠪᠡᠴᠦ᠍ ᠭᠣᠣᠯᠳᠠᠭᠤ ᠡᠭᠦᠨ᠎ᠢ ᠦᠵᠡᠬᠦ᠌ ᠬᠡᠷᠡᠭᠲᠡᠢ᠃ ᠰᠢᠶᠠᠨ᠎ᠤ ᠱᠠᠲᠤᠨ᠎ᠤ ᠵᠢᠭᠰᠠᠭᠠᠯ᠎ᠤᠨ ᠭᠠᠵᠠᠷ᠎ᠢ ᠡᠷᠬᠡᠪᠰᠢ ᠨᠠᠮ᠎ᠢᠶᠠᠨ ᠪᠤᠳᠤᠵᠤ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠳᠠᠭ ᠬᠥᠮᠦᠰ᠎ᠢᠶᠡᠷ ᠪᠠᠲᠤ᠌ ᠰᠠᠬᠢᠭᠤᠯᠬᠤ ᠬᠡᠷᠡᠭᠲᠡᠢ᠃ ᠤᠯᠤᠰ ᠲᠦᠷᠦ᠎ᠶᠢᠨ ᠴᠢᠭᠯᠡᠯ᠎ᠢ ᠪᠠᠲᠤ᠌ ᠡᠵᠡᠮᠳᠡᠵᠦ᠍᠂ ᠵᠣᠬᠢᠶᠠᠨ ᠪᠠᠶ᠋ᠢᠭᠤᠯᠤᠯᠲᠠ᠎ᠶᠢᠨ ᠤᠬᠠᠮᠰᠠᠷ᠎ᠢᠶᠠᠨ ᠴᠢᠩᠭᠠᠳᠬᠠᠨ᠂ ᠵᠣᠬᠢᠶᠠᠨ ᠪᠠᠶ᠋ᠢᠭᠤᠯᠤᠯᠲᠠ᠎ᠶᠢ ᠢᠲᠡᠭᠡᠵᠦ᠍᠂ ᠵᠣᠬᠢᠶᠠᠨ ᠪᠠᠶ᠋ᠢᠭᠤᠯᠤᠯᠲᠠ᠎ᠳᠤ ᠲᠦᠰᠢᠭᠯᠡᠨ᠂ ᠵᠣᠬᠢᠶᠠᠨ ᠪᠠᠶ᠋ᠢᠭᠤᠯᠤᠯᠲᠠ᠎ᠶᠢ ᠳᠠᠭᠠᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠤᠬᠠᠮᠰᠠᠷ᠎ᠡᠴᠡ᠎ᠪᠠᠨ ᠬᠠᠮᠠᠭᠠᠯᠠᠬᠤ ᠬᠡᠷᠡᠭᠲᠡᠢ᠃ ᠮᠠᠷᠺᠰ᠎ᠤᠨ ᠦᠵᠡᠯ᠎ᠦᠨ ᠤᠨᠤᠯ᠎ᠢ ᠰᠤᠷᠤᠯᠴᠠᠨ ᠡᠵᠡᠮᠰᠢᠬᠦ᠌᠎ᠶᠢ ᠡᠷᠬᠢᠮ ᠳᠡᠭᠡᠳᠦ ᠡᠷᠳᠡᠮ ᠴᠢᠳᠠᠪᠤᠷᠢ ᠪᠣᠯᠭᠠᠵᠤ᠂ ᠶᠢᠷᠲᠢᠨᠴᠦ᠎ᠶᠢᠨ ᠦᠵᠡᠯᠲᠡ᠂ ᠠᠮᠢᠳᠤᠷᠠᠬᠤᠢ᠎ᠶᠢᠨ ᠦᠵᠡᠯᠲᠡ᠂ ᠦᠷᠳᠡᠭ᠎ᠦᠨ ᠦᠵᠡᠯᠲᠡ ᠭᠡᠬᠦ᠌ ᠡᠨᠡ ᠬᠦ᠌ 《ᠶᠡᠷᠦᠩᠬᠡᠢ ᠨᠡᠭᠡᠭᠡᠯᠭᠡ》 ᠢ᠋ᠢᠨ ᠠᠰᠠᠭᠤᠳᠠᠯ᠎ᠢ ᠴᠢᠬᠤᠯᠠᠴᠢᠯᠠᠨ ᠰᠠᠶ᠋ᠢᠲᠤᠷ ᠰᠢ᠌ᠳᠪᠦᠷᠢᠯᠡᠬᠦ ᠬᠡᠷᠡᠭᠲᠡᠢ᠃ ᠤᠯᠤᠰ ᠲᠥᠷᠥ᠎ᠶᠢᠨ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠤᠯᠤᠰ ᠲᠥᠷᠥ᠎ᠶᠢᠨ ᠴᠢᠭᠯᠡᠯ᠂ ᠤᠯᠤᠰ ᠲᠥᠷᠥ᠎ᠶᠢᠨ ᠵᠣᠭᠰᠣᠯᠲᠠ᠂ ᠤᠯᠤᠰ ᠲᠥᠷᠥ᠎ᠶᠢᠨ ᠶᠠᠷᠢᠶ᠎ᠠ ᠬᠡᠯᠡᠯᠴᠡᠭᠡ᠂ ᠤᠯᠤᠰ ᠲᠥᠷᠥ᠎ᠶᠢᠨ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠶᠣᠰᠣ ᠲᠦᠷᠢᠮ᠎ᠢ ᠰᠠᠶ᠋ᠢᠲᠤᠷ ᠰᠠᠬᠢᠵᠤ᠂ ᠨᠠᠮ᠎ᠤᠨ ᠤᠳᠤᠷᠢᠳᠤᠯᠭ᠎ᠠ᠎ᠶᠢ ᠤᠬᠠᠮᠰᠠᠷ᠎ᠡᠴᠡ᠎ᠪᠠᠨ ᠪᠠᠷᠢᠮᠲᠠᠯᠠᠵᠤ᠂ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠶ᠋ᠢᠵᠤ᠂ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ᠎ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠵᠢᠨ ᠲᠤᠰᠢᠶᠠᠯ ᠢ᠋ ᠰᠠᠢᠳᠤᠷ ᠡᠭᠦᠷᠭᠡᠯᠡᠬᠦ᠎ᠳᠤ ᠡᠷᠬᠡᠪᠰᠢ ᠢᠮᠠᠭᠲᠠ ᠠᠷᠠᠳ ᠲᠦᠮᠡᠨ᠎ᠢ ᠪᠤᠳᠤᠬᠤ ᠬᠡᠷᠡᠭᠲᠡᠢ᠃ ᠪᠦᠬᠦ᠌ ᠰᠡᠳᠬᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠪᠣᠯ ᠮᠠᠨ᠎ᠤ ᠨᠠᠮ᠎ᠤᠨ ᠦᠨᠳᠦᠰᠦᠨ ᠵᠣᠷᠢᠯᠲᠠ ᠮᠥᠨ᠃ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠪᠣᠯ ᠦᠨᠳᠦᠰᠦᠨ ᠱᠠᠲᠤᠨ᠎ᠤ ᠤᠯᠠᠨ ᠲᠦᠮᠡᠨ᠎ᠳᠦ ᠰᠢᠭᠤᠳ ᠬᠠᠨᠳᠤᠳᠠᠭ ᠤᠳᠤᠷᠢᠳᠬᠤ ᠺᠠᠳ᠋ᠷ ᠮᠥᠨ᠂ ᠡᠷᠬᠡᠪᠰᠢ ᠤᠯᠠᠨ ᠲᠦᠮᠡᠨ᠎ᠲᠡᠶ ᠰᠡᠳᠬᠢᠯ ᠵᠢᠷᠦᠬᠡ᠎ᠪᠡᠨ ᠬᠣᠯᠪᠣᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠬᠡᠷᠡᠭᠲᠡᠢ᠃ ᠠᠷᠠᠳ ᠲᠦᠮᠡᠨ᠎ᠦ ᠬᠠᠮᠤᠭ᠎ᠡᠴᠡ ᠠᠩᠬᠠᠷᠴᠤ᠌ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ᠎ᠶᠢᠨ ᠠᠰᠠᠭᠤᠳᠠᠯ᠎ᠢ ᠬᠦᠴᠦᠯᠡᠨ ᠰᠠᠶ᠋ᠢᠲᠤᠷ ᠰᠢ᠌ᠳᠪᠦᠷᠢᠯᠡᠵᠦ᠍᠂ ᠢᠯᠠᠩᠭᠤᠶ᠎ᠠ ᠠᠷᠠᠳ ᠲᠦᠮᠡᠨ᠎ᠦ ᠬᠠᠨᠤᠮᠵᠢ ᠦᠭᠡᠢ ᠠᠰᠠᠭᠤᠳᠠᠯ᠎ᠢ ᠶᠡᠬᠡ ᠬᠦᠴᠦ᠍ ᠣᠷᠣᠭᠤᠯᠤᠨ ᠰᠠᠶ᠋ᠢᠲᠤᠷ ᠰᠢ᠌ᠳᠪᠦᠷᠢᠯᠡᠵᠦ᠍᠂ ᠳᠠᠭᠠᠷᠠᠭᠰᠠᠨ ᠬᠥᠮᠦᠨ᠎ᠳᠦ ᠲᠠᠬᠤ ᠬᠦᠷᠭᠡᠬᠦ᠌ ᠠᠵᠢᠯ᠎ᠢ ᠢᠯᠡᠭᠦᠬᠡᠨ ᠬᠢᠬᠦ᠌ ᠬᠡᠷᠡᠭᠲᠡᠢ᠃ ᠠᠵᠢᠯ ᠬᠢᠵᠦ᠍ ᠦᠢᠯᠡᠰ ᠪᠤᠰᠬᠠᠬᠤ᠎ᠳᠤ ᠡᠷᠬᠡᠪᠰᠢ ᠵᠠᠰᠠᠭ᠎ᠤᠨ ᠠᠵᠢᠯ᠎ᠤᠨ ᠪᠦᠳᠦᠮᠵᠢ ᠵᠢᠨ ᠵᠦᠪ ᠦᠵᠡᠯᠲᠡ᠎ᠶᠢ ᠪᠤᠢ ᠪᠣᠯᠭᠠᠵᠤ᠂ ᠬᠤᠪᠢ ᠬᠥᠮᠦᠨ᠎ᠦ ᠲᠦᠷᠢ ᠲᠥᠷᠬᠦ᠌᠎ᠶᠢ ᠪᠤᠢ ᠪᠣᠯᠭᠠᠬᠤ᠎ᠶᠢᠨ ᠲᠥᠯᠥᠭᠡ᠂ ᠭᠠᠳᠠᠨ᠎ᠠ᠎ᠪᠠᠨ ᠭᠢᠯᠠᠨᠴᠠᠭ ᠳᠣᠲᠣᠷ᠎ᠠ᠎ᠪᠠᠨ ᠫᠠᠯᠠᠨᠴᠠᠭ᠂ ᠠᠷᠠᠳ᠎ᠢ ᠵᠦᠳᠡᠭᠡᠵᠦ᠍ ᠡᠳ᠋᠎ᠢ ᠰᠦᠢᠳᠬᠡᠬᠦ᠌ 《ᠲᠦᠷᠢ ᠲᠥᠷᠬᠦ᠌᠎ᠶᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠳᠦᠮᠵᠢ᠎ᠶᠢᠨ ᠢᠨᠵᠧᠨᠧᠷᠢᠩ》 ᠢ᠋ ᠬᠢᠵᠦ᠍ ᠤᠬᠳᠤ ᠪᠣᠯᠬᠤ ᠦᠭᠡᠢ᠃ ᠪᠠᠶ᠋ᠢᠴᠠᠭᠠᠨ ᠰᠤᠳᠤᠯᠤᠯᠲᠠ ᠬᠢᠬᠦ᠌᠎ᠪᠡᠷ ᠦᠨᠳᠦᠰᠦᠨ ᠪᠣᠯᠪᠠᠰᠤᠷᠠᠯ ᠪᠣᠯᠭᠠᠵᠤ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠨ᠂ ᠤᠯᠠᠨ ᠲᠦᠮᠡᠨ᠎ᠦ ᠳᠤᠮᠳᠠ ᠭᠦᠨᠵᠡᠭᠡᠶ᠋ᠢᠷᠡᠵᠦ᠍᠂ ᠪᠣᠳᠠᠲᠤ᠌ ᠪᠠᠶ᠋ᠢᠳᠠᠯ᠎ᠳᠤ ᠭᠦᠨᠵᠡᠭᠡᠶ᠋ᠢᠷᠡᠨ᠂ ᠪᠠᠶ᠋ᠢᠳᠠᠯ᠎ᠢ ᠣᠶ᠋ᠢᠯᠠᠭᠠᠵᠤ᠂ ᠠᠷᠭ᠎ᠠ ᠪᠤᠳᠤᠯᠭ᠎ᠠ᠎ᠶᠢ ᠠᠷᠠᠳ᠎ᠡᠴᠡ ᠠᠰᠠᠭᠤᠬᠤ ᠬᠡᠷᠡᠭᠲᠡᠢ᠃ ᠰᠠᠶ᠋ᠢᠨ ᠰᠠᠶ᠋ᠢᠬᠠᠨ ᠰᠤᠷᠲᠠᠯ᠎ᠢ ᠪᠣᠶ ᠪᠣᠯᠭᠠᠵᠤ᠂ ᠠᠵᠢᠯᠴᠢ ᠬᠢᠴᠢᠶᠡᠩᠭᠦᠶ᠎ᠪᠡᠷ ᠵᠠᠰᠠᠭ ᠪᠠᠷᠢᠵᠤ᠂ ᠪᠣᠳᠠᠲᠠᠶ᠎ᠶᠢ ᠡᠷᠬᠢᠮᠯᠡᠨ᠂ ᠠᠷᠠᠳ᠎ᠤᠨ ᠲᠥᠯᠥᠭᠡ ᠵᠢᠳᠬᠦᠵᠦ᠍᠂ 《ᠳᠥᠷᠪᠡᠨ ᠰᠤᠷᠲᠠᠯ》 ᠤ᠋ᠨ ᠠᠰᠠᠭᠤᠳᠠᠯ᠎ᠢ ᠤᠬᠠᠮᠰᠠᠷ᠎ᠡᠴᠡ᠎ᠪᠠᠨ ᠬᠣᠷᠢᠭᠯᠠᠨ ᠵᠠᠯᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠵᠢᠨ ᠲᠤᠰᠢᠶᠠᠯ ᠢ᠋ ᠰᠠᠢᠳᠤᠷ ᠡᠭᠦᠷᠭᠡᠯᠡᠬᠦ ᠳ᠋ᠤ ᠡᠷᠬᠡᠪᠰᠢ ᠢᠮᠠᠭᠲᠠ ᠰᠡᠳᠬᠢᠯ᠎ᠳᠡᠭᠡᠨ ᠬᠠᠷᠢᠭᠤᠴᠠᠯᠭ᠎ᠠ᠎ᠲᠠᠶ ᠪᠠᠶ᠋ᠢᠬᠤ ᠬᠡᠷᠡᠭᠲᠡᠢ᠃ ᠰᠢᠶᠠᠨ᠎ᠤ ᠱᠠᠲᠤᠨ᠎ᠤ ᠤᠳᠤᠷᠢᠳᠤᠯᠭ᠎ᠠ ᠬᠡᠳᠦᠨ ᠠᠷᠪᠠᠨ ᠲᠦᠮᠡ᠂ ᠵᠠᠭᠤ ᠭᠠᠷᠤᠢ ᠲᠦᠮᠡᠨ ᠬᠥᠮᠦᠨ᠎ᠦ ᠥᠭᠡᠷᠡᠴᠢᠯᠡᠯᠲᠡ ᠬᠦᠭᠵᠢᠯᠲᠠ ᠲᠣᠭᠲᠠᠭᠤᠨ ᠪᠠᠶ᠋ᠢᠯᠭᠠᠬᠤ ᠶᠡᠬᠡ ᠪᠤᠳᠤᠯᠭ᠎ᠠ᠎ᠶᠢ ᠰᠦᠪᠡᠭᠴᠢᠯᠡᠵᠦ᠍᠂ ᠤᠯᠠᠨ ᠲᠠᠯ᠎ᠠ᠎ᠶᠢᠨ ᠤᠴᠢᠷ ᠶᠠᠪᠤᠳᠠᠯ᠎ᠢ ᠬᠠᠮᠢᠶᠠᠷᠬᠤ ᠬᠡᠷᠡᠭᠲᠡᠢ᠃ ᠡᠷᠴᠢ ᠵᠣᠷᠢᠭ ᠪᠠᠳᠠᠷᠠᠩᠭᠤᠶ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠪᠡᠷ ᠰᠠᠶ᠋ᠢᠲᠤᠷ ᠠᠵᠢᠯᠯᠠᠵᠤ᠂ ᠨᠢᠭᠡ ᠬᠤᠭᠤᠴᠠᠭᠠᠨ᠎ᠤ ᠳᠠᠷᠤᠭ᠎ᠠ ᠪᠣᠯᠪᠠᠯ ᠲᠡᠷᠡ ᠭᠠᠵᠠᠷ᠎ᠲᠤ᠌ ᠪᠤᠶᠠᠨ ᠦᠢᠯᠡᠳᠬᠦ᠌ ᠬᠡᠷᠡᠭᠲᠡᠶ᠃ ᠨᠢᠭᠡᠨᠲᠠ ᠲᠣᠭᠲᠠᠭᠠᠭᠰᠠᠨ ᠠᠵᠢᠯ᠎ᠤᠨ ᠪᠠᠶ᠋ᠢᠷᠢᠯᠠᠭᠤᠯᠤᠯᠲᠠ᠎ᠶᠢ ᠡᠴᠦᠰ᠎ᠲᠦᠨᠢ ᠲᠤᠯᠲᠠᠯ᠎ᠠ ᠠᠳᠬᠤᠵᠤ᠂ ᠰᠠᠢ᠌ᠨ᠎ᠢᠶᠠᠷ ᠡᠬᠢᠯᠡᠭᠦᠯᠵᠦ᠍ ᠰᠠᠢ᠌ᠨ᠎ᠢᠶᠠᠷ ᠲᠡᠭᠦᠰᠬᠡᠬᠦ᠌ ᠬᠡᠷᠡᠭᠲᠡᠢ᠃ ᠨᠢᠭᠡᠨ ᠰᠠᠢ᠌ᠨ ᠵᠢᠷᠤᠭ ᠲᠥᠯᠥᠪᠯᠡᠭᠡ ᠨᠢ ᠰᠢᠨᠵᠢᠯᠡᠬᠦ᠌ ᠤᠬᠠᠭᠠᠨᠴᠢ᠂ ᠪᠣᠳᠠᠲᠠᠢ᠎ᠳᠤ ᠨᠡᠶ᠋ᠢᠴᠡᠭᠰᠡᠨ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠶ᠋ᠢᠴᠡᠭᠰᠡᠨ ᠪᠠᠶ᠋ᠢᠳᠠᠭ ᠯᠠ ᠶᠤᠮ ᠪᠣᠯ ᠪᠤᠤᠬᠢᠶ᠎ᠠ ᠤᠷᠤᠯᠳᠤᠭᠠᠨ ᠰᠢᠭ᠋᠂ ᠬᠦᠴᠦ ᠵᠠᠯᠭᠠᠨ ᠰᠠᠢᠳᠤᠷ ᠬᠢᠬᠦ ᠬᠡᠷᠡᠭᠲᠡᠢ᠃ ᠠᠵᠢᠯ᠎ᠤᠨ ᠬᠦᠴᠢᠷ ᠠᠰᠠᠭᠤᠳᠠᠯ᠎ᠤᠨ ᠡᠮᠦᠨ᠎ᠡ᠂ ᠬᠠᠳᠠᠭᠤᠵᠢᠯᠳᠠᠢ ᠲᠡᠮᠡᠴᠡᠬᠦ ᠡᠷᠴᠢ ᠵᠣᠷᠢᠭ᠎ᠲᠠᠶ ᠪᠠᠶ᠋ᠢᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠬᠤ ᠪᠣᠳᠠᠲᠠᠢ ᠠᠷᠭ᠎ᠠ ᠪᠤᠳᠤᠯᠭ᠎ᠠ᠎ᠶᠢ ᠢᠳᠡᠪᠬᠢᠲᠡᠢ ᠡᠷᠢᠵᠦ᠍᠂ ᠠᠮᠢ ᠴᠦᠯᠡᠨ ᠲᠡᠮᠡᠴᠡᠵᠦ᠍᠂ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠲᠤᠪᠤᠢ᠌ᠮ᠎ᠠ ᠵᠥᠷᠢᠴᠡᠯ ᠳ᠋ᠦ ᠬᠠᠨᠳᠤᠬᠤ ᠳ᠋ᠠᠭᠠᠨ ᠬᠠᠷᠢᠭᠤᠴᠠᠬᠤ ᠤᠬᠠᠮᠰᠠᠷ᠎ᠲᠠᠶ ᠪᠠᠶ᠋ᠢᠵᠤ᠂ ᠰᠠᠨᠠᠭᠠᠴᠢᠯᠠᠭ᠎ᠠ᠎ᠡᠴᠡ᠎ᠪᠠᠨ ᠰᠢ᠌ᠳᠪᠦᠷᠢᠯᠡᠬᠦ᠌᠎ᠡᠴᠡ ᠪᠢᠰᠢ ᠬᠠᠷᠢᠨ ᠵᠠᠶ᠋ᠢᠯᠠᠬᠤ ᠦᠭᠡᠢ ᠪᠠᠶ᠋ᠢᠬᠤ ᠬᠡᠷᠡᠭᠲᠡᠢ᠃ ᠭᠡᠨᠡᠳᠲᠡ᠎ᠶᠢᠨ ᠬᠡᠷᠡᠭ᠎ᠲᠦ᠍ ᠠᠶᠤᠯ ᠲᠦᠭᠰᠢᠭᠦᠷᠢ᠎ᠡᠴᠡ ᠠᠶᠤᠬᠤ ᠦᠭᠡᠢ᠂ ᠯᠠᠪᠳᠠᠭᠤᠨ ᠪᠣᠯᠭᠣᠮᠵᠢᠲᠠᠢ ᠪᠠᠶ᠋ᠢᠵᠤ᠂ ᠵᠣᠷᠢᠭᠲᠠᠢ᠎ᠪᠠᠷ ᠬᠠᠷᠢᠭᠤᠴᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠰᠢᠶᠠᠨ᠎ᠤ ᠨᠠᠮ᠎ᠤᠨ ᠬᠣᠷᠢᠶ᠎ᠠ᠎ᠶᠢᠨ ᠱᠦᠵᠢ ᠵᠢᠨ ᠲᠤᠰᠢᠶᠠᠯ ᠢ᠋ ᠰᠠᠢᠳᠤᠷ ᠡᠭᠦᠷᠭᠡᠯᠡᠬᠦ ᠳ᠋ᠤ ᠡᠷᠬᠡᠪᠰᠢ ᠢᠮᠠᠭᠲᠠ ᠪᠤᠯᠭᠤᠮᠵᠢ ᠰᠡᠷᠡᠮᠵᠢ᠎ᠲᠡᠶ ᠪᠠᠶ᠋ᠢᠬᠤ ᠬᠡᠷᠡᠭᠲᠡᠢ᠃ ᠮᠠᠨ᠎ᠤ ᠡᠷᠬᠡ᠎ᠶᠢ ᠪᠣᠯ ᠨᠠᠮ ᠪᠠ ᠠᠷᠠᠳ ᠲᠦᠮᠡᠨ᠎ᠡᠴᠡ ᠣᠯᠭᠣᠭᠰᠠᠨ ᠶᠤᠮ᠂ ᠨᠠᠮ ᠪᠠ ᠠᠷᠠᠳ ᠲᠦᠮᠡᠨ᠎ᠦ ᠲᠥᠯᠥᠭᠡ ᠠᠵᠢᠯ ᠶᠠᠪᠤᠳᠠᠯ ᠬᠢᠬᠦ᠌᠎ᠳᠦ ᠬᠡᠷᠡᠭᠯᠡᠳᠡᠭ᠂ ᠨᠡᠶ᠋ᠢᠲᠡ᠎ᠶᠢᠨ ᠬᠢ ᠪᠣᠯᠬᠤ᠎ᠡᠴᠡ ᠪᠢᠰᠢ ᠬᠤᠪᠢ᠎ᠶᠢᠨ ᠬᠢ ᠪᠢᠰᠢ ᠶᠤᠮ᠂ ᠲᠡᠭᠦᠨ᠎ᠢ ᠵᠥᠪᠬᠡᠨ ᠨᠠᠮ᠎ᠤᠨ ᠬᠦᠴᠢᠷ ᠵᠣᠪᠠᠯᠠᠩ᠎ᠢ ᠰᠢ᠌ᠳᠪᠦᠷᠢᠯᠡᠬᠦ᠌᠂ ᠤᠯᠤᠰ ᠣᠷᠣᠨ᠎ᠤ ᠲᠥᠯᠥᠭᠡ ᠠᠵᠢᠯ ᠶᠠᠪᠤᠳᠠᠯ ᠬᠢᠬᠦ᠌᠂ ᠠᠷᠠᠳ ᠲᠦᠮᠡᠨ᠎ᠳᠦ ᠠᠰᠢᠭ ᠲᠤᠰᠠ ᠣᠯᠭᠣᠬᠤ᠎ᠳᠤ ᠬᠡᠷᠡᠭᠯᠡᠬᠦ᠌ ᠬᠡᠷᠡᠭᠲᠡᠢ᠃ ᠡᠷᠬᠡ᠎ᠪᠡᠨ ᠵᠥᠪ ᠬᠡᠷᠡᠭᠵᠢᠭᠦᠯᠵᠦ᠍᠂ ᠡᠷᠬᠡ᠎ᠪᠡᠨ ᠬᠠᠤᠯᠢ ᠶᠣᠰᠣᠭᠠᠷ ᠬᠡᠷᠡᠭᠯᠡᠵᠦ᠍᠂ ᠡᠷᠬᠡ᠎ᠪᠡᠨ ᠲᠥᠪ ᠭᠣᠣᠯᠴᠢ᠎ᠪᠠᠷ ᠬᠡᠷᠡᠭᠯᠡᠵᠦ᠍᠂ ᠡᠷᠬᠡ᠎ᠪᠡᠨ ᠠᠷᠢᠭᠤᠨ ᠴᠢᠬᠡᠴᠢ᠎ᠪᠡᠷ ᠬᠡᠷᠡᠭᠯᠡᠵᠦ᠍᠂ ᠰᠡᠳᠬᠢᠯ᠎ᠳᠡᠭᠡᠨ ᠵᠢᠷᠦᠬᠡᠰᠢᠶᠡᠯ ᠲᠠᠢ᠂ ᠠᠮᠠᠨ᠎ᠳᠠᠭᠠᠨ ᠴᠡᠭᠡᠷ᠎ᠲᠡᠶ᠂ ᠠᠵᠢᠯᠯᠠᠭ᠎ᠠ᠎ᠳᠠᠭᠠᠨ ᠬᠣᠷᠢᠭ᠎ᠠ᠎ᠲᠠᠶ ᠪᠠᠶ᠋ᠢᠬᠤ᠎ᠶᠢ ᠪᠡᠶᠡᠯᠡᠭᠦᠯᠵᠦ᠍᠂ ᠠᠯᠪᠠᠨ᠎ᠤ ᠪᠠ ᠬᠤᠪᠢ᠎ᠶᠢᠨ᠂ ᠨᠠᠶ᠋ᠢᠷ ᠲᠠᠯ᠎ᠠ ᠪᠠ ᠬᠠᠤᠯᠢ᠂ ᠠᠰᠢᠭ ᠪᠠ ᠬᠠᠤᠯᠢ᠎ᠶᠢᠨ ᠬᠠᠷᠢᠴᠠᠭ᠎ᠠ᠎ᠶᠢ ᠰᠠᠶ᠋ᠢᠲᠤᠷ ᠰᠢ᠌ᠳᠪᠦᠷᠢᠯᠡᠬᠦ᠌ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠦᠷᠦᠭᠦᠯᠡᠨ ᠬᠡᠷᠡᠭᠵᠢᠭᠦᠯᠵᠦ᠍᠂ ᠳᠡᠰ ᠳᠠᠷᠠᠭᠠᠯᠠᠯ ᠶᠣᠰᠣᠭᠠᠷ ᠰᠢᠢᠳᠪᠦᠷᠢᠲᠦ᠍ ᠪᠣᠳᠣᠯᠭ᠎ᠠ ᠲᠣᠭᠲᠠᠭᠠᠬᠤ ᠬᠡᠷᠡᠭᠲᠡᠶ᠃ ᠨᠠᠮ᠎ᠤᠨ ᠬᠤᠷᠢᠶ᠎ᠠ ᠵᠢᠨ ᠤᠳᠤᠷᠢᠳᠬᠤ ᠪᠠᠭ᠎ᠤᠨ ᠬᠥᠮᠦᠰ᠂ ᠬᠡᠳᠦᠨ ᠶᠡᠬᠡ ᠤᠳᠤᠷᠢᠳᠬᠤ ᠪᠠᠭ ᠪᠠ ᠡᠯ᠎ᠡ ᠱᠠᠲᠤᠨ᠎ᠤ ᠺᠠᠳ᠋ᠷᠴᠤᠳ᠎ᠤᠨ ᠤᠶᠤᠨ ᠤᠬᠠᠭᠠᠨ᠎ᠢ ᠲᠥᠪᠯᠡᠷᠡᠭᠦᠯᠬᠦ᠌᠎ᠳᠡᠭᠡᠨ ᠴᠢᠳᠠᠮᠠᠭᠠᠢ ᠪᠠᠶ᠋ᠢᠵᠤ᠂ ᠶᠡᠷᠦᠩᠬᠡᠶ᠋ᠢᠯᠡᠨ ᠡᠵᠡᠮᠳᠡᠬᠦ᠌᠎ᠡᠴᠡ ᠪᠢᠰᠢ ᠪᠦᠬᠦᠨ᠎ᠢ ᠳᠠᠭᠠᠭᠠᠵᠤ ᠠᠪᠬᠤ ᠦᠭᠡᠢ᠂ ᠠᠵᠢᠯ ᠵᠢᠡᠨ ᠬᠤᠪᠢᠶᠠᠷᠢᠯᠠᠬᠤ ᠡᠴᠡ ᠪᠢᠰᠢ ᠠᠯᠢᠪᠠ ᠵᠢ ᠬᠤᠪᠢᠶᠠᠬᠤ ᠦᠭᠡᠢ᠂ ᠡᠷᠭᠡ ᠪᠡᠨ ᠲᠠᠯᠪᠢᠬᠤ ᠡᠴᠡ ᠪᠢᠰᠢ ᠶᠠᠭᠤ ᠵᠢ ᠴᠦ᠍ ᠤᠬᠳᠤ ᠬᠠᠮᠢᠶᠠᠷᠬᠤ ᠦᠭᠡᠢ ᠪᠠᠢᠬᠤ ᠵᠢ ᠪᠡᠶᠡᠯᠡᠬᠦᠯᠬᠦ ᠭᠡᠷᠡᠭᠲᠡᠢ᠃ ᠬᠠᠤᠯᠢ᠎ᠶᠢ ᠰᠤᠷᠤᠯᠴᠠᠬᠤ ᠬᠠᠤᠯᠢ᠎ᠶᠢ ᠬᠦᠨᠳᠦᠳᠬᠡᠬᠦ᠌ ᠬᠠᠤᠯᠢ᠎ᠶᠢ ᠰᠠᠬᠢᠬᠤ ᠬᠠᠤᠯᠢ᠎ᠶᠢ ᠬᠡᠷᠡᠭᠯᠡᠬᠦ᠌ ᠵᠢᠱ᠌ᠢᠶᠡᠴᠢ ᠪᠤᠯᠵᠤ᠂ ᠬᠠᠤᠯᠢ ᠪᠡᠷ ᠵᠠᠰᠠᠬᠤ ᠰᠡᠳᠬᠢᠬᠦᠢ᠎ᠪᠡᠷ ᠰᠢᠶᠠᠨ᠎ᠤ ᠬᠡᠪᠴᠢᠶᠡᠨ᠎ᠦ ᠵᠠᠰᠠᠯᠲᠠ᠎ᠶᠢ ᠲᠥᠯᠥᠪᠵᠢᠭᠦᠯᠬᠦ᠌᠎ᠳᠡᠭᠡᠨ ᠴᠢᠳᠠᠮᠠᠭᠠᠢ ᠪᠠᠶ᠋ᠢᠬᠤ ᠬᠡᠷᠡᠭᠲᠡᠢ᠃ ᠢᠮᠠᠭᠲᠠ ᠥᠪᠡᠷ᠎ᠢ᠎ᠪᠡᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠬᠥᠮᠦᠨ ᠪᠣᠯᠵᠤ᠂ ᠠᠷᠢᠭᠤᠨ ᠴᠢᠬᠡᠴᠢ᠎ᠪᠡᠷ ᠠᠵᠢᠯ ᠬᠢᠵᠦ᠍᠂ ᠠᠰᠪᠤᠷ ᠴᠠᠭᠠᠪᠤᠷ᠎ᠢᠶᠠᠷ ᠨᠣᠶᠠᠨ ᠰᠠᠭᠤᠬᠤ ᠬᠡᠷᠡᠭᠲᠡᠶ᠃ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ᠎ᠶᠢ ᠤᠬᠠᠮᠰᠠᠷ᠎ᠡᠴᠡ᠎ᠪᠠᠨ ᠪᠠᠳᠠᠷᠠᠭᠤᠯᠤᠨ ᠦᠢᠯᠡᠳᠦᠯᠭᠡᠵᠢᠭᠦᠯᠵᠦ᠍᠂ ᠶᠣᠰᠣ ᠮᠣᠷᠠᠯ᠎ᠤᠨ ᠪᠣᠯᠪᠠᠰᠤᠷᠠᠯ᠎ᠢᠶᠠᠨ ᠴᠢᠩᠭᠠᠳᠬᠠᠨ᠂ ᠡᠷᠡᠭᠦᠯ ᠰᠠᠷᠠᠭᠤᠯ ᠳᠤᠷ᠎ᠠ ᠰᠣᠨᠢᠷᠬᠠᠯ᠎ᠢ ᠬᠥᠭᠡᠭᠡᠴᠡᠯᠳᠦᠵᠦ᠍᠂ ᠪᠦᠬᠦ᠌ ᠰᠢᠶᠠᠨ᠎ᠢ ᠬᠥᠲᠥᠯᠥᠨ ᠵᠢᠯᠣᠭᠣᠳᠴᠤ᠌ ᠪᠠᠶ᠋ᠢᠭᠠᠳ ᠡᠷᠡᠭᠦᠯ ᠥᠭᠡᠳᠡᠷᠬᠡᠭ ᠨᠡᠶ᠋ᠢᠭᠡᠮ᠎ᠦᠨ ᠬᠡᠪ ᠰᠤᠷᠲᠠᠯ᠎ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 6 ᠰᠠᠷ᠎ᠠ᠎ᠶᠢᠨ 30᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号