6 ᠰᠠᠷ᠎ᠠ᠎ᠶᠢᠨ 30᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠤᠨ ᠰᠧᠶ᠋ᠢᠱᠸᠯᠤᠨ ᠶᠡᠷᠦᠩᠬᠡᠶ᠋ᠢᠯᠡᠭᠴᠢ ᠾᠧᠷᠮᠢᠨᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠦᠨ ᠤᠢ᠎ᠶᠢ ᠪᠡᠯᠭᠡᠯᠡᠪᠡ᠃
ᠰᠢ ᠵᠢᠨ ᠫᠢᠩ᠂ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠦᠨ ᠲᠤᠷᠰᠢ᠂ ᠳᠡᠯᠡᠬᠡᠢ᠎ᠶᠢᠨ ᠪᠠᠶ᠋ᠢᠳᠠᠯ ᠶᠠᠭᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠪᠣᠯᠤᠨ ᠰᠸᠢᠢᠱᠸᠯ ᠢᠮᠠᠭᠲᠠ ᠬᠠᠷᠢᠯᠴᠠᠨ ᠢᠲᠡᠭᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠣᠶᠠᠷ ᠤᠯᠤᠰ᠎ᠤᠨ ᠨᠥᠬᠥᠷᠯᠡᠯ ᠡᠪᠳᠡᠷᠡᠰᠢ ᠦᠭᠡᠢ ᠪᠠᠲᠤ᠌ ᠪᠡᠬᠢ ᠪᠤᠯᠵᠠᠢ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠭ᠎ᠠ ᠪᠠᠶ᠋ᠢᠭᠤᠯᠬᠤ ᠤᠭ ᠰᠠᠨᠠᠭ᠎ᠠ᠎ᠪᠠᠨ ᠪᠠᠷᠢᠮᠲᠠᠯᠠᠵᠤ᠂ ᠮᠥᠷᠥ᠍ ᠵᠡᠷᠭᠡᠴᠡᠨ ᠤᠷᠤᠭᠰᠢᠯᠠᠳᠠᠭ ᠯᠠ ᠶᠤᠮ ᠪᠣᠯ ᠳᠤᠮᠳᠠᠳᠤ ᠰᠸᠢᠢᠱᠸᠯᠤᠨ ᠬᠠᠷᠢᠯᠴᠠᠭᠠᠨ᠎ᠤ ᠬᠥᠭᠵᠢᠯᠲᠡ᠎ᠶᠢᠨ ᠶᠡᠬᠡ ᠵᠠᠮ ᠯᠠᠪᠲᠠᠢ ᠶᠠᠪᠤᠬᠤ ᠳᠤᠳᠤᠮ ᠰᠠᠷᠠᠭᠤᠯ ᠳᠠᠷᠳᠠᠩ ᠪᠤᠯᠵᠤ᠂ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠢᠷᠡᠭᠡᠳᠦᠢ ᠯᠠᠪᠲᠠᠢ ᠨᠡᠩ ᠭᠡᠭᠡᠨ ᠰᠠᠷᠠᠭᠤᠯ ᠪᠣᠯᠬᠤ᠎ᠶᠢ ᠪᠢ ᠪᠠᠲᠤ᠌ ᠢᠲᠡᠭᠡᠵᠦ᠍ ᠪᠠᠶ᠋ᠢᠨ᠎ᠠ᠃ ᠪᠢ ᠳᠤᠮᠳᠠᠳᠤ ᠰᠸᠢᠢᠱᠸᠯᠤᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠶ᠋ᠢᠨ᠎ᠠ᠂ ᠳᠤᠷᠠᠲᠠᠶ᠎ᠠ ᠶᠡᠷᠦᠩᠬᠡᠶ᠋ᠢᠯᠡᠭᠴᠢ ᠾᠸᠷᠮᠢᠨᠢ ᠲᠠᠢ ᠬᠠᠮᠲᠤ᠎ᠪᠠᠷ ᠴᠢᠷᠮᠠᠶ᠋ᠢᠵᠤ᠂ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠦᠨ ᠤᠢ᠎ᠪᠠᠷ ᠰᠢᠨ᠎ᠡ ᠭᠠᠷᠤᠭ᠎ᠠ ᠪᠣᠯᠭᠠᠵᠤ᠂ ᠤᠯᠠᠮᠵᠢᠯᠠᠯᠲᠤ᠌ ᠨᠥᠬᠥᠷᠯᠡᠯ᠎ᠢᠶᠡᠨ ᠦᠷᠭᠦᠯᠵᠢᠯᠡᠭᠦᠯᠵᠦ᠍᠂ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠴᠢᠨᠠᠷ ᠰᠠᠶ᠋ᠢᠲᠠᠢ ᠪᠦᠳᠦᠭᠡᠨ ᠪᠠᠶ᠋ᠢᠭᠤᠯᠬᠤ ᠪᠠ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ ᠵᠡᠷᠭᠡ ᠪᠣᠷᠣ ᠲᠥᠯᠥᠪ᠎ᠦᠨ ᠳᠣᠲᠣᠷ᠎ᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠬᠠᠮᠲᠤ᠎ᠶᠢᠨ ᠬᠥᠭᠵᠢᠯᠲᠡ᠎ᠶᠢ ᠠᠬᠢᠭᠤᠯᠵᠤ᠂ ᠳᠤᠮᠳᠠᠳᠤ ᠰᠸᠢᠢᠱᠸᠯᠤᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠲᠠᠰᠤᠷᠠᠯᠳᠠ ᠦᠭᠡᠢ ᠰᠢᠨ᠎ᠡ ᠳᠡᠭᠲᠡᠷ᠎ᠲᠦ᠍ ᠭᠠᠷᠬᠤ᠎ᠶᠢ ᠬᠦᠳᠦᠯᠦᠨ ᠳᠠᠭᠠᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
ᠡᡁᠧᠷᠮᠢᠨᠢ᠂ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠦᠨ ᠲᠤᠷᠰᠢ᠂ ᠰᠸᠢᠢᠱᠸᠯ ᠳᠤᠮᠳᠠᠳᠤ᠎ᠶᠢᠨ ᠬᠠᠷᠢᠯᠴᠠᠭ᠎ᠠ ᠬᠠᠷᠢᠯᠴᠠᠨ ᠬᠦᠨᠳᠦᠳᠬᠡᠬᠦ᠌᠂ ᠬᠠᠷᠢᠯᠴᠠᠨ ᠢᠲᠡᠭᠡᠯᠴᠡᠬᠦ᠌ ᠪᠠ ᠬᠠᠮᠲᠤ᠎ᠪᠠᠷ ᠬᠥᠭᠵᠢᠬᠦ᠌ ᠰᠠᠭᠤᠷᠢᠨ ᠳᠡᠭᠡᠷ᠎ᠡ ᠲᠣᠭᠲᠠᠭᠤᠨ᠎ᠢᠶᠠᠷ ᠬᠥᠭᠵᠢᠪᠡ᠃ ᠳᠤᠮᠳᠠᠳᠤ ᠤᠯᠤᠰ ᠪᠣᠯ ᠢᠮᠠᠭᠲᠠ ᠰᠸᠢᠢᠱᠸᠯᠤᠨ ᠡᠷᠬᠢᠮ ᠨᠠᠨᠳᠢᠨ ᠬᠠᠨᠢᠲᠠᠨ ᠮᠥᠨ᠂ ᠰᠸᠢᠢᠱᠸᠯᠤᠨ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠤᠯᠤᠰ᠎ᠤᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠌᠎ᠳᠦ ᠮᠠᠰᠢ ᠤᠯᠠᠨ ᠳᠡᠮᠵᠢᠯᠭᠡ ᠦᠵᠡᠭᠦᠯᠪᠡ᠃ ᠰᠸᠢᠢᠱᠸᠯᠤᠨ ᠬᠢᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠷᠠᠲᠠᠶ᠎ᠠ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠬᠡᠨ ᠪᠠᠶ᠋ᠢᠭᠤᠯᠬᠤ ᠪᠠ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠣᠷᠣ ᠲᠥᠯᠥᠪ᠎ᠦᠨ ᠳᠣᠲᠣᠷ᠎ᠠ ᠦᠷᠭᠦᠯᠵᠢᠯᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ ᠭᠡᠵᠦ ᠢᠯᠡᠳᠭᠡᠪᠡ᠃
(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 6 ᠰᠠᠷ᠎ᠠ᠎ᠶᠢᠨ 30᠎ᠤ᠋ ᠴᠠᠬᠢᠯᠭᠠᠨ ᠮᠡᠳᠡᠭᠡ)