6 ᠰᠠᠷ᠎ᠠ᠎ᠶᠢᠨ 29 ᠤ᠋ ᠡᠳᠦᠷ᠂ ᠲᠥᠪ ᠦᠨ ᠨᠠᠮ ᠤᠨ ᠲᠡᠦᠬᠡ ᠪᠣᠯᠣᠨ ᠲᠤᠯᠭᠤᠷ ᠪᠢᠴᠢᠭ ᠦᠨ ᠰᠤᠳᠤᠯᠭᠠᠨ᠎ᠤ ᠬᠦᠷᠢᠶᠡᠯᠡᠩ᠎ᠡᠴᠡ ᠭᠣᠣᠯᠯᠠᠨ ᠡᠷᠭᠢᠯᠡᠭᠰᠡᠨ 《ᠰᠢᠨ᠎ᠡ ᠠᠶᠠᠨ᠎ᠢ ᠵᠠᠮᠴᠢᠯᠠᠨ᠎ᠠ — ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠲᠤᠯᠭᠤᠷ ᠪᠢᠴᠢᠭ᠎ᠦᠨ ᠦᠵᠡᠭᠦᠯᠭᠡ》 ᠪᠡᠭᠡᠵᠢᠩ᠎ᠳᠦ ᠡᠬᠢᠯᠡᠪᠡ᠃
ᠰᠤᠷᠪᠤᠯᠵᠢᠯᠠᠬ᠍ᠴᠢ᠎ᠶᠢᠨ ᠣᠢᠯᠠᠭᠠᠭᠰᠠᠨ᠎ᠢᠶᠠᠷ᠂ ᠦᠵᠡᠭᠦᠯᠭᠡ ᠨᠢ ᠲᠥᠪ᠎ᠦᠨ ᠨᠠᠮ᠎ᠤᠨ ᠲᠡᠦᠬᠡ ᠪᠣᠯᠣᠨ ᠰᠤᠷᠪᠤᠯᠵᠢ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠲᠦᠰᠢᠭᠯᠡᠵᠦ᠂ ᠪᠣᠳᠠᠲᠤ ᠴᠣᠭᠴᠠ᠎ᠶᠢᠨ ᠰᠤᠷᠪᠤᠯᠵᠢ ᠪᠢᠴᠢᠭ᠂ ᠵᠢᠷᠤᠭ ᠦᠰᠦᠭ᠎ᠦᠨ ᠦᠵᠡᠭᠦᠯᠭᠡ᠎ᠶᠢᠨ ᠰᠠᠮᠪᠠᠷ᠎ᠠ᠂ ᠲᠣᠭᠠᠨ᠎ᠤ ᠤᠬᠠᠭᠠᠨ᠎ᠤ ᠮᠡᠷᠭᠡᠵᠢᠯ ᠵᠡᠷᠭᠡ ᠠᠴᠢᠶᠠᠯᠠᠪᠤᠷᠢ᠎ᠶᠢ ᠶᠡᠷᠦᠩᠬᠡᠢᠯᠡᠨ ᠬᠡᠷᠡᠭᠯᠡᠵᠦ᠂ ᠡᠯ᠎ᠡ ᠲᠦᠷᠦᠯ᠎ᠦᠨ ᠤᠯᠠᠨ ᠲᠦᠷᠦᠯ᠎ᠦᠨ ᠬᠡᠯᠡᠨ᠎ᠦ ᠦᠵᠡᠭᠦᠯᠭᠡ᠎ᠶᠢᠨ ᠪᠣᠳᠠᠰ᠎ᠢ 2 ᠲᠦᠮᠡ ᠭᠠᠷᠤᠢ ᠬᠤᠷᠠᠮᠳᠤᠭᠤᠯᠵᠤ᠂ ᠪᠦᠭᠦ ᠦᠵᠡᠮᠵᠢ᠎ᠶᠢᠨ ᠭᠡᠯᠪᠡᠷᠢ᠎ᠪᠡᠷ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠵᠣᠬᠢᠶᠠᠯ᠂ ᠤᠨᠤᠯ᠎ᠤᠨ ᠡᠲᠡᠭᠡᠳ ᠡᠷᠳᠡᠮ ᠰᠢᠨᠵᠢᠯᠡᠭᠡᠨ᠎ᠦ ᠡᠲᠡᠭᠡᠳ᠎ᠦᠨ ᠰᠤᠳᠤᠯᠭᠠᠨ ᠤ ᠦᠷ᠎ᠡ ᠪᠦᠲᠦᠭᠡᠯ᠂ ᠣᠷᠣᠨ ᠨᠤᠲᠤᠭ᠎ᠤᠨ ᠨᠠᠮ᠎ᠤᠨ ᠲᠡᠦᠬᠡ᠎ᠶᠢᠨ ᠲᠤᠯᠭᠤᠷ ᠪᠢᠴᠢᠭ᠎ᠦᠨ ᠦᠷ᠎ᠡ ᠪᠦᠲᠦᠭᠡᠯ᠂ ᠤᠯᠠᠨ ᠵᠠᠭᠤᠴᠢᠲᠤ ᠳᠠᠭᠤ ᠳᠦᠷᠰᠦ ᠰᠢᠩᠭᠡᠭᠡᠯᠲᠡ ᠪᠠ ᠳ᠋ᠠᠢᠲ᠋ᠠ ᠬᠥᠮᠥᠷᠭᠡ ᠵᠢᠴᠢ ᠲᠥᠪ ᠦᠨ ᠨᠠᠮ ᠤᠨ ᠲᠡᠦᠬᠡ ᠪᠠ ᠲᠤᠯᠭᠤᠷ ᠪᠢᠴᠢᠭ ᠦᠨ ᠰᠤᠳᠤᠯᠭᠠᠨ᠎ᠤ ᠬᠦᠷᠢᠶᠡᠯᠡᠩ ᠦᠨ ᠨᠠᠢᠷᠠᠭᠤᠯᠤᠨ ᠰᠤᠳᠤᠯᠵᠤ ᠣᠷᠴᠢᠭᠤᠯᠤᠨ ᠤᠬᠠᠭᠤᠯᠬᠤ ᠵᠡᠷᠭᠡ ᠠᠵᠢᠯ᠎ᠤᠨ ᠦᠷ᠎ᠡ ᠪᠦᠲᠦᠭᠡᠯ᠎ᠢ ᠢᠯᠡᠷᠡᠭᠦᠯᠪᠡ᠃
ᠲᠠᠨᠢᠯᠴᠠᠭᠤᠯᠤᠭᠰᠠᠨ᠎ᠢᠶᠠᠷ᠂ ᠦᠵᠡᠭᠦᠯᠭᠡ᠎ᠳᠦ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠤᠷᠢᠶ᠎ᠠ ᠵᠢᠨ ᠮᠠᠷᠺᠰ ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠎ᠶᠢ ᠴᠥᠬᠥᠷᠡᠰᠢ ᠦᠭᠡᠢ ᠠᠬᠢᠭᠤᠯᠤᠭᠰᠠᠨ ᠶᠡᠷᠦ ᠪᠤᠰᠤ᠎ᠶᠢᠨ ᠥᠩᠭᠡᠷᠡᠯᠲᠡ ᠪᠣᠯᠣᠨ ᠠᠭᠤᠤ ᠶᠡᠬᠡ ᠠᠮᠵᠢᠯᠲᠠ᠎ᠶᠢ ᠠᠮᠢᠳᠤᠯᠢᠭ᠋᠎ᠢᠶᠠᠷ ᠲᠡᠮᠳᠡᠭᠯᠡᠪᠡ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠭᠢᠨ ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢ ᠭᠦᠨᠵᠡᠭᠡᠢ ᠰᠤᠳᠤᠯᠤᠨ ᠲᠠᠢᠯᠪᠤᠷᠢᠯᠠᠭᠰᠠᠨ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠵᠦ᠂ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ ᠪᠣᠯᠣᠨ ᠡᠷᠬᠡ ᠰᠦᠷᠲᠦ ᠴᠢᠨᠠᠷ᠎ᠢ ᠠᠭᠤᠰᠤᠯᠴᠠᠭᠤᠯᠵᠤ᠂ ᠦᠵᠡᠭᠳᠡᠬᠦᠢᠴᠡ ᠴᠢᠨᠠᠷ᠂ ᠬᠠᠷᠢᠯᠴᠠᠨ ᠦᠢᠯᠡᠳᠦᠯᠴᠡᠬᠦ ᠴᠢᠨᠠᠷ᠎ᠢ ᠴᠢᠬᠤᠯᠠᠴᠢᠯᠠᠵᠤ᠂ ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠤᠨ ᠰᠤᠳᠤᠯᠭᠠᠨ ᠤᠬᠠᠭᠤᠯᠭ᠎ᠠ᠎ᠶᠢᠨ ᠴᠢᠬᠤᠯᠠ ᠵᠢᠭ᠍ᠰᠠᠭᠠᠯ᠎ᠤᠨ ᠭᠠᠵᠠᠷ᠂ ᠰᠤᠷᠤᠯᠴᠠᠯᠭ᠎ᠠ ᠬᠥᠮᠦᠵᠢᠯ᠎ᠦᠨ ᠴᠢᠬᠤᠯᠠ ᠲᠠᠪᠴᠠᠩ᠂ ᠨᠠᠮᠴᠢ ᠴᠢᠨᠠᠷ᠎ᠤᠨ ᠳᠠᠪᠲᠠᠯᠲᠠ᠎ᠶᠢᠨ ᠴᠢᠬᠤᠯᠠ ᠰᠠᠭᠤᠷᠢᠨ᠂ ᠭᠠᠳᠠᠭᠠᠳᠤ᠎ᠳᠤ ᠤᠬᠠᠭᠤᠯᠤᠨ ᠲᠠᠨᠢᠯᠴᠠᠭᠤᠯᠬᠤ ᠴᠢᠬᠤᠯᠠ ᠴᠣᠩᠬᠣᠪᠴᠢ ᠪᠣᠯᠵᠠᠢ᠃
ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠲᠥᠪ᠎ᠦᠨ ᠨᠠᠮ᠎ᠤᠨ ᠲᠡᠦᠬᠡ ᠪᠣᠯᠣᠨ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠂ ᠰᠤᠷᠭᠠᠨ ᠬᠥᠮᠦᠵᠢᠯ᠎ᠦᠨ ᠶᠠᠮᠤᠨ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠪᠡᠭᠡᠵᠢᠩ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ ᠵᠡᠷᠭᠡ ᠨᠢᠭᠡᠴᠢ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠡᠭᠢᠯᠡᠯᠲᠡ᠎ᠶᠢᠨ ᠶᠣᠰᠣᠯᠠᠯ᠎ᠳᠤ ᠣᠷᠣᠯᠴᠠᠬ᠍ᠰᠠᠨ ᠪᠥᠭᠡᠳ ᠦᠵᠡᠰᠭᠦᠯᠡᠩ᠎ᠢ ᠲᠣᠭᠣᠷᠢᠨ ᠦᠵᠡᠪᠡ᠃ ᠦᠵᠡᠰᠭᠦᠯᠡᠩ ᠢ ᠲᠥᠪ᠎ᠦᠨ ᠪᠠ ᠲᠦᠷᠦ᠎ᠶᠢᠨ ᠪᠠᠢᠭᠤᠯᠭ᠎ᠠ᠂ ᠤᠨᠤᠯ᠎ᠤᠨ ᠡᠲᠡᠭᠡᠳ ᠡᠷᠳᠡᠮ ᠰᠢᠨᠵᠢᠯᠡᠭᠡᠨ ᠦ ᠡᠲᠡᠭᠡᠳ᠎ᠦᠨ ᠲᠤᠰᠬᠠᠢ ᠮᠡᠷᠭᠡᠵᠢᠯᠲᠡᠨ ᠡᠷᠳᠡᠮᠲᠡᠨ ᠵᠡᠷᠭᠡ᠎ᠳᠦ ᠬᠠᠨᠳᠤᠭᠤᠯᠤᠨ ᠨᠡᠭᠡᠭᠡᠵᠡᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 29 ᠤ᠋ ᠴᠠᠭᠢᠯᠭᠠᠨ ᠮᠡᠳᠡᠭᠡ)