ᠵᠠᠩ ᠶᠠᠨ ᠺᠦᠨ ᠶᠠᠷᠢᠶ᠎ᠠ ᠲᠠᠯᠪᠢᠵᠠᠶ
6 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠶ᠋ᠢᠩᠭᠤ᠎ᠶᠢᠨ ᠬᠣᠷᠢᠶ᠎ᠠ ᠵᠢᠨ ᠠᠷᠪᠠᠨ ᠳᠣᠯᠣᠳᠤᠭᠠᠷ ᠬᠤᠷᠠᠯ ᠬᠥᠬᠡᠬᠣᠲᠠ᠎ᠳᠤ ᠲᠡᠭᠦᠰᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠦᠸᠧ ᡁᠢ ᠬᠤ᠌ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠡᠴᠡ᠂ ᠮᠠᠨ᠎ᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠡᠬᠢ ᠪᠠᠶᠠᠯᠢᠭ ᠪᠣᠯᠤᠨ ᠠᠵᠤ ᠦᠢᠯᠡᠰ᠎ᠦᠨ ᠰᠠᠭᠤᠷᠢ ᠳᠠᠪᠠᠭᠤᠯᠢᠭ᠎ᠲᠤ᠌ ᠰᠠᠭᠤᠷᠢᠯᠠᠵᠤ᠂ ᠴᠢᠯᠥᠭᠡᠲᠦ᠍ ᠠᠷᠠᠯᠵᠢᠶᠠᠨ᠎ᠤ ᠣᠷᠣᠨ᠎ᠤ ᠪᠦᠳᠦᠭᠡᠨ ᠪᠠᠶ᠋ᠢᠭᠤᠯᠤᠯᠲᠠ᠎ᠶᠢᠨ ᠠᠵᠠ ᠲᠣᠬᠢᠶᠠᠯ᠎ᠢ ᠠᠮᠵᠢᠵᠤ᠂ ᠲᠦᠷᠦ᠎ᠶᠢᠨ ᠪᠤᠳᠤᠯᠭ᠎ᠠ᠎ᠶᠢᠨ ᠪᠠᠲᠤᠯᠠᠭ᠎ᠠ᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ᠌᠂ ᠰᠢᠨ᠎ᠡ᠎ᠶᠢ ᠡᠭᠦᠳᠬᠦ᠌ ᠲᠠᠪᠴᠠᠩ᠎ᠤᠨ ᠪᠠᠶ᠋ᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠪᠠᠶ᠋ᠢᠴᠠᠭᠠᠨ ᠰᠤᠳᠤᠯᠵᠤ ᠵᠦᠪᠯᠡᠯᠭᠡ ᠬᠢᠵᠦ᠂ ᠠᠷᠭ᠎ᠠ ᠪᠤᠳᠤᠯᠭ᠎ᠠ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ ᠲᠥᠷᠥ᠎ᠶᠢᠨ ᠵᠥᠪᠯᠡᠯᠭᠡᠨ᠎ᠦ᠎ᠬᠢᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌᠎ᠶᠢᠨ ᠲᠣᠭᠣᠷᠢᠨ᠎ᠳᠤ᠂ ᠨᠠᠮ ᠪᠠᠶ᠋ᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠤᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠵᠤ᠂ ᠳᠤᠤᠷ᠎ᠠ ᠬᠠᠭᠠᠰ ᠵᠢᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍᠂ ᠲᠤᠰᠢᠶᠠᠯ ᠬᠠᠷᠢᠭᠤᠴᠠᠯᠭ᠎ᠠ᠎ᠪᠠᠨ ᠴᠢᠨᠠᠷ ᠰᠠᠶ᠋ᠢᠲᠠᠶ ᠭᠦᠢᠴᠡᠳᠭᠡᠬᠦ᠎ᠪᠡᠷ ᠳᠠᠮᠵᠢᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》 ᠢ᠋ ᠰᠠᠢᠨ ᠡᠬᠢᠯᠡᠯᠳᠡ ᠲᠠᠢ ᠪᠤᠯᠭᠠᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠳ᠋ᠤ ᠬᠦᠴᠦᠨ ᠨᠡᠮᠡᠷᠢᠯᠡᠬᠦ ᠬᠡᠷᠡᠭᠳᠠᠢ ᠭᠡᠵᠤ ᠳᠤᠷᠠᠳᠴᠠᠢ᠃
ᠬᠤᠷᠠᠯ ᠡᠴᠡ ᠪᠠᠰᠠ ᠠᠵᠢᠯᠲᠠᠨ᠎ᠤ ᠶᠠᠪᠤᠳᠠᠯ᠎ᠤᠨ ᠲᠤᠬᠠᠶ ᠵᠦᠢᠯᠡᠰ ᠢ᠋ ᠬᠢᠨᠠᠨ ᠵᠥᠪᠯᠡᠵᠦ᠍ ᠪᠠᠲᠤᠯᠠᠪᠠ᠃ ᠬᠤᠷᠠᠯ ᠡᠴᠡ ᠡᠮᠦᠨ᠎ᠡ᠂ ᠬᠤᠷᠠᠯ᠎ᠳᠤ ᠣᠷᠣᠯᠴᠠᠬᠤ ᠬᠦᠮᠦᠰ ᠬᠥᠬᠡᠬᠣᠲᠠ᠎ᠶᠢᠨ ᠬᠣᠯᠪᠣᠭᠳᠠᠯ ᠪᠦᠬᠦᠢ ᠠᠵᠤ ᠠᠬᠤᠶ᠋ᠢᠯᠠᠯ᠎ᠳᠤ ᠪᠠᠶ᠋ᠢᠴᠠᠭᠠᠨ ᠰᠤᠳᠤᠯᠪᠠ᠃