— ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠬᠠᠯᠠᠭᠤᠨ ᠵᠢᠡᠷ ᠪᠡᠯᠭᠡᠯᠡᠶ᠎ᠡ
ᠤᠭ ᠰᠠᠨᠠᠭ᠎ᠠ ᠬᠠᠳᠠ ᠴᠢᠯᠠᠭᠤ ᠮᠡᠲᠦ᠍᠂ ᠡᠭᠦᠷᠭᠡ ᠬᠠᠷᠢᠭᠤᠴᠠᠯᠭ᠎ᠠ ᠭᠠᠯ ᠪᠠᠮᠪᠠᠷ ᠮᠡᠲᠦ᠍᠃
ᠭᠠᠰᠠᠯᠠᠩ ᠵᠣᠪᠠᠯᠠᠩ ᠢ᠋ ᠠᠮᠰᠠᠵᠤ ᠭᠡᠷᠡᠯ ᠰᠠᠴᠤᠷᠠᠩᠭᠤᠢ ᠴᠠᠭ ᠢ᠋ ᠦᠩᠭᠡᠷᠡᠭᠦᠯᠵᠤ᠂ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠵᠤ᠂ ᠵᠠᠭᠤᠨ ᠵᠢᠯ᠎ᠦᠨ ᠲᠤᠮᠤ ᠨᠠᠮ᠎ᠤᠨ ᠴᠤᠭ ᠵᠢᠪᠬᠤᠭ᠎ᠠ ᠪᠠᠳᠠᠷᠠᠩᠭᠤᠢ ᠪᠠᠢᠵᠤ᠂ ᠲᠦᠭ ᠲᠦᠮᠡᠨ ᠠᠷᠠᠳ ᠡᠷᠴᠢ ᠵᠣᠷᠢᠭ ᠪᠠᠳᠠᠷᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠰᠡᠬᠦᠶ᠋ᠢᠨ ᠰᠦᠨᠳᠡᠷᠯᠡᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠬᠯᠠᠬᠳᠠᠰᠢ ᠦᠭᠡᠢ᠃
ᠶᠡᠷᠦᠩᠬᠡᠢ ᠱᠦᠵᠢ ᠰᠢ ᠵᠢᠨ ᠫᠢᠩ ᠄ 《ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠪᠠᠷᠢᠮᠳᠠᠯᠠᠵᠤ᠂ ᠤᠳᠠᠭᠠᠨ ᠳᠠᠭᠠᠭᠠᠮᠠᠭᠠᠢ ᠴᠢᠷᠮᠠᠢᠵᠤ᠂ ᠤᠷᠳᠤ ᠬᠤᠭᠤᠴᠠᠭ᠎ᠠ ᠪᠡᠷ ᠵᠢᠳᠭᠦᠵᠤ ᠂ ᠶᠠᠨ ᠠᠨ ᠤ 〈 ᠨᠦᠬᠡᠨ ᠭᠡᠷ ᠲᠡᠬᠢ ᠠᠰᠠᠭᠤᠯᠲᠠ 〉 ᠵᠢ ᠦᠷᠭᠦᠯᠵᠢᠯᠡᠨ ᠰᠠᠶ᠋ᠢᠲᠤᠷ ᠬᠠᠷᠢᠭᠤᠯᠵᠤ᠂ ᠠᠷᠠᠳ ᠲᠦᠮᠡᠨ᠎ᠳᠦ ᠦᠯᠦ᠍ ᠣᠰᠣᠯᠳᠠᠬᠤ ᠴᠠᠭ ᠦᠶ᠎ᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠬᠦ᠌ ᠬᠡᠷᠡᠭᠲᠡᠢ 》 ᠭᠡᠵᠤ ᠴᠢᠬᠤᠯᠠᠴᠢᠯᠠᠪᠠ᠃
ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢᠨ ᠴᠢᠬᠤᠯᠠ ᠶᠡᠬᠡ ᠲᠡᠦᠬᠡ᠎ᠶᠢᠨ ᠵᠠᠩᠭᠢᠯᠠᠭ᠎ᠠ᠎ᠶᠢᠨ ᠴᠡᠭ ᠳᠡᠭᠡᠷ᠎ᠡ ᠵᠣᠭᠰᠣᠵᠤ᠂ ᠴᠠᠭ ᠦᠶ᠎ᠡ ᠡᠴᠡ ᠣᠯᠭᠣᠭᠰᠠᠨ ᠬᠦᠨᠳᠦ ᠡᠭᠦᠷᠭᠡ᠎ᠶᠢ ᠡᠭᠦᠷᠭᠡᠯᠡᠵᠦ᠍᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠠᠤᠭ᠎ᠠ ᠵᠣᠷᠢᠭ᠎ᠢ ᠡᠪᠦᠷᠯᠡᠨ᠂ ᠣᠮᠣᠭ ᠲᠡᠭᠦᠯᠳᠡᠷ ᠪᠠᠢᠨ᠎ᠠ᠃
《ᠳᠤᠮᠳᠠᠳᠤ ᠤᠯᠤᠰ ᠤᠨ ᠵᠠᠮ 》 ᠶᠠᠪᠤᠬᠤ ᠲᠤᠳᠤᠮ ᠥᠷᠭᠡᠵᠢᠵᠦ᠍᠂ ᠪᠢᠳᠡ ᠨᠡᠩ ᠲᠣᠭᠲᠠᠯ ᠬᠦᠴᠦᠨ᠎ᠲᠡᠶ ᠪᠣᠯᠪᠠ᠃
105 ᠵᠢᠯ ᠦᠨ ᠲᠤᠷᠰᠢ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠰᠠᠢ᠌ᠨ ᠰᠠᠶ᠋ᠢᠬᠠᠨ ᠵᠣᠯ ᠵᠢᠷᠭᠠᠯᠲᠤ᠌ ᠠᠮᠢᠳᠤᠷᠠᠯ ᠢ ᠬᠥᠭᠡᠭᠡᠴᠡᠯᠳᠦᠬᠦ᠌ ᠭᠡᠭᠡᠨ ᠰᠠᠷᠠᠭᠤᠯ ᠵᠠᠮ᠎ᠢᠶᠠᠷ ᠠᠮᠵᠢᠯᠲᠠ᠎ᠲᠠᠶ ᠵᠠᠮᠨᠠᠪᠠ᠃
ᠬᠠᠭᠠᠴᠠᠨ ᠵᠠᠳᠠᠷᠠᠵᠤ᠂ ᠲᠠᠷᠠᠬᠠᠢ ᠪᠤᠲᠠᠷᠬᠠᠢ ᠪᠠᠶ᠋ᠢᠭᠰᠠᠨ ᠡᠴᠡ ᠪᠠᠨ ᠳᠡᠭᠡᠳᠦ ᠬᠡᠮᠵᠢᠶ᠎ᠠ ᠪᠡᠷ ᠨᠢᠭᠡᠳᠦᠭᠰᠡᠨ᠂ ᠦᠨᠳᠦᠰᠦᠲᠡᠨ᠎ᠨᠦᠭᠦᠳ ᠪᠦᠯᠬᠦᠮᠳᠡᠭᠰᠡᠨ ᠬᠦᠷᠳᠡᠯ᠎ᠠ᠂ ᠶᠠᠳᠠᠭᠤ ᠬᠣᠭᠣᠰᠣᠨ ᠪᠠᠶ᠋ᠢᠭᠰᠠᠨ ᠡᠴᠡ᠎ᠪᠠᠨ ᠳᠡᠯᠡᠬᠡᠢ᠎ᠶᠢᠨ ᠬᠣᠶᠠᠳᠤᠭᠠᠷ ᠲᠤᠮᠤ ᠠᠵᠤ ᠠᠬᠤᠢ᠎ᠶᠢᠨ ᠴᠣᠭᠴᠠ᠂ ᠨᠢᠭᠡᠳᠦᠭᠡᠷ ᠲᠤᠮᠤ ᠦᠢᠯᠡᠳᠬᠦ᠌ ᠦᠢᠯᠡᠰ ᠦᠨ ᠤᠯᠤᠰ᠂ ᠨᠢᠭᠡᠳᠦᠭᠡᠷ ᠲᠤᠮᠤ ᠪᠠᠷᠠᠭᠠᠨ᠎ᠤ ᠠᠷᠠᠯᠵᠢᠶᠠᠨ᠎ᠤ ᠲᠤᠮᠤ ᠤᠯᠤᠰ ᠪᠤᠯᠤᠭᠰᠠᠨ ᠬᠦᠷᠳᠡᠯ᠎ᠠ᠂ ᠨᠠᠮ ᠡᠴᠡ ᠠᠷᠠᠳ ᠲᠦᠮᠡᠨ ᠢ ᠤᠳᠤᠷᠢᠳᠤᠨ ᠠᠵᠤ ᠠᠬᠤᠢ᠎ᠶᠢᠨ ᠲᠦᠷᠭᠡᠨ ᠬᠥᠭᠵᠢᠯᠲᠡ᠎ᠶᠢᠨ ᠭᠠᠶ᠋ᠢᠬᠠᠮᠰᠢᠭ ᠪᠠ ᠨᠡᠶ᠋ᠢᠭᠡᠮ ᠦᠨ ᠤᠷᠳᠤ ᠬᠤᠭᠤᠴᠠᠭᠠᠨ ᠳ᠋ᠤ ᠲᠣᠭᠲᠠᠭᠤᠨ ᠪᠠᠢᠬᠤ ᠭᠠᠶ᠋ᠢᠬᠠᠮᠰᠢᠭ ᠢ ᠡᠭᠦᠳᠴᠦ᠍᠂ ᠳᠤᠮᠳᠠᠳᠤ ᠶᠢᠨ ᠦᠨᠳᠦᠰᠦᠲᠡᠨ ᠪᠣᠰᠴᠤ᠌ ᠵᠣᠭᠰᠣᠭᠰᠠᠨ᠂ ᠪᠠᠶᠠᠵᠢᠭᠰᠠᠨ ᠡᠴᠡ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠶᠢ ᠤᠭᠲᠤᠨ ᠠᠪᠴᠢᠷᠠᠪᠠ᠃
ᠢᠯᠠᠩᠭᠤᠶ᠎ᠠ ᠥᠩᠭᠡᠷᠡᠭᠰᠡᠨ 5 ᠵᠢᠯ ᠦᠨ ᠲᠤᠷᠰᠢ᠂ ᠪᠢᠳᠡ ᠡᠷᠢᠨ ᠵᠠᠭᠤᠨ᠎ᠤ ᠬᠢᠵᠢᠭ᠎ᠦᠨ ᠪᠠᠶ᠋ᠢᠳᠠᠯ᠎ᠤᠨ ᠬᠦᠨᠳᠦ ᠨᠣᠴᠢᠲᠠᠢ ᠳᠠᠭᠠᠷᠢᠯᠳᠠ᠎ᠶᠢ ᠳᠠᠭᠠᠭᠠᠵᠤ᠂ ᠠᠯᠢ ᠤᠯᠠᠨ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ᠎ᠶᠢ ᠠᠯᠬᠤᠵᠤ᠂ ᠬᠣᠶᠠᠳᠤᠭᠠᠷ ᠵᠠᠭᠤᠨ ᠵᠢᠯ ᠦᠨ ᠲᠡᠮᠡᠴᠡᠬᠦ᠌ ᠬᠠᠷᠠᠯᠲᠠ᠎ᠶᠢᠨ ᠰᠢᠨ᠎ᠡ ᠠᠶᠠᠨ᠎ᠤ ᠰᠠᠢ᠌ᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠪᠡ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ 《ᠮᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠠᠷᠠᠭᠤᠯ ᠳᠠᠷᠳᠠᠩ ᠵᠠᠮ ᠮᠥᠨ᠂ ᠪᠠᠰᠠ ᠴᠤ᠌ ᠳᠤᠮᠳᠠᠳᠤ ᠤᠯᠤᠰ᠎ᠤᠨ ᠬᠥᠮᠦᠨ ᠲᠥᠷᠥᠯᠬᠢᠲᠡᠨ ᠦ ᠳᠠᠪᠰᠢᠯᠲᠠ᠂ ᠳᠡᠯᠡᠬᠡᠶ᠎ᠶᠢᠨ ᠶᠡᠬᠡ ᠨᠢᠭᠡᠳᠦᠯ᠎ᠢ ᠡᠷᠢᠯᠬᠢᠯᠡᠬᠦ᠌ ᠳ᠋ᠤ ᠵᠠᠪᠠᠯ ᠶᠠᠪᠤᠬᠤ ᠵᠠᠮ ᠮᠥᠨ 》᠃ ᠡᠨᠡ ᠪᠣᠯ ᠬᠥᠮᠦᠨ ᠲᠥᠷᠥᠯᠬᠢᠲᠡᠨ ᠦ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠰᠢᠨ᠎ᠡ ᠵᠠᠮ ᠮᠥᠨ᠂ ᠡᠨᠡ ᠪᠣᠯ ᠬᠥᠮᠦᠨ ᠲᠥᠷᠥᠯᠬᠢᠲᠡᠨ᠎ᠦ ᠴᠣ ᠰᠢᠨ᠎ᠡ ᠪᠣᠯᠪᠠᠰᠤᠨ᠎ᠤ ᠬᠡᠯᠪᠡᠷᠢ ᠮᠥᠨ᠃
ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠵᠦ᠍᠂ 《ᠳᠥᠷᠪᠡᠨ ᠢᠲᠡᠭᠡᠯ》 ᠵᠢᠡᠨ ᠪᠠᠲᠤᠳᠬᠠᠨ᠎ᠠ᠃ 《ᠪᠢᠳᠡ ᠥᠪᠡᠷ ᠦᠨ ᠵᠠᠮ᠎ᠢᠶᠠᠷ᠎ᠢᠶᠠᠨ ᠵᠠᠮᠨᠠᠬᠤ᠎ᠳᠤ ᠬᠢᠵᠠᠭᠠᠯᠠᠰᠢ ᠦᠭᠡᠢ ᠥᠷᠭᠡᠨ ᠠᠭᠤᠳᠠᠮ ᠲᠠᠪᠴᠠᠩ᠂ ᠬᠢᠵᠠᠭᠠᠯᠠᠰᠢ ᠦᠭᠡᠢ ᠭᠦᠨ ᠵᠤᠵᠠᠭᠠᠨ ᠲᠡᠦᠬᠡ᠎ᠶᠢᠨ ᠠᠭᠤᠯᠤᠭᠳᠠᠬᠤᠨ᠂ ᠬᠢᠵᠠᠭᠠᠯᠠᠰᠢ ᠦᠭᠡᠢ ᠬᠦᠴᠦᠷᠬᠡᠭ ᠶᠡᠬᠡ ᠤᠷᠤᠭᠰᠢᠯᠠᠯᠲᠠ᠎ᠶᠢᠨ ᠲᠣᠭᠲᠠᠯ ᠬᠦᠴᠦᠨ᠎ᠲᠡᠶ ᠶᠤᠮ》᠃
《ᠳᠤᠮᠳᠠᠳᠤ ᠤᠯᠤᠰ᠎ᠤᠨ ᠶᠣᠰᠣ 》 ᠦᠨᠡᠨ ᠶᠣᠰᠣᠨ᠎ᠤ ᠬᠡᠷᠡᠯ ᠭᠢᠯᠪᠠᠭ᠎ᠠ᠎ᠶᠢ ᠰᠠᠴᠤᠷᠠᠭᠤᠯᠵᠤ᠂ ᠪᠢᠳᠡ ᠨᠡᠩ ᠬᠦᠴᠦᠨ ᠴᠢᠳᠠᠯ᠎ᠲᠠᠶ ᠪᠣᠯᠪᠠ᠃
ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠡᠦᠬᠡ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠂ ᠮᠠᠷᠺᠰ᠎ᠤᠨ ᠦᠵᠡᠯ᠎ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠦᠭᠰᠡᠨ ᠲᠡᠦᠬᠡ ᠮᠥᠨ᠂ ᠪᠠᠰᠠ ᠴᠤ᠌ ᠮᠠᠷᠺᠰ᠎ᠤᠨ ᠦᠵᠡᠯ᠎ᠦᠨ ᠤᠨᠤᠯ᠎ᠢᠶᠠᠷ ᠳᠤᠮᠳᠠᠳᠤ ᠤᠯᠤᠰ᠎ᠢ ᠲᠠᠨᠢᠵᠤ ᠥᠭᠡᠷᠡᠴᠢᠯᠡᠭᠰᠡᠨ ᠲᠡᠦᠬᠡ ᠮᠥᠨ᠃
ᠰᠢᠨ᠎ᠡ ᠴᠠᠭ ᠦᠶ᠎ᠡ᠎ᠡᠴᠡ ᠨᠠᠭᠠᠰᠢ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠨᠠᠮ ᠬᠤᠪᠢᠰᠬᠠᠯᠲᠤ᠌ ᠴᠢᠨᠠᠷᠲᠠᠢ ᠳᠠᠪᠲᠠᠯᠲᠠ ᠳᠤᠮᠳᠠ ᠨᠡᠩ ᠪᠠᠲᠤ᠌ ᠴᠢᠩᠭ᠎ᠠ ᠬᠦᠴᠦᠨ᠎ᠲᠡᠶ ᠪᠤᠯᠵᠥ᠍᠂ ᠠᠷᠠᠳ ᠲᠦᠮᠡᠨ᠎ᠢ ᠳᠠᠭᠠᠭᠤᠯᠤᠨ ᠠᠯᠢ ᠤᠯᠠᠨ ᠬᠦᠴᠢᠷ ᠪᠡᠷᠬᠡ ᠬᠠᠷᠰᠢ ᠰᠠᠭᠠᠳ᠎ᠢ ᠢᠯᠠᠨ ᠳᠠᠪᠠᠵᠤ᠂ ᠠᠯᠢ ᠤᠯᠠᠨ ᠬᠦᠮᠦᠨ ᠤ᠋ ᠶᠢᠷᠲᠢᠨᠴᠦ᠎ᠶᠢᠨ ᠭᠠᠶ᠋ᠢᠬᠠᠮᠰᠢᠭ᠎ᠢ ᠡᠭᠦᠳᠴᠡᠢ᠃
ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢᠨ ᠲᠠᠰᠢᠷᠠᠮ᠎ᠢᠶᠠᠷ᠂ ᠨᠠᠮ᠎ᠤᠨ ᠲᠥᠪ ᠬᠣᠷᠢᠶ᠎ᠠ᠎ᠡᠴᠡ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠶ᠋ᠢᠷᠢᠯᠠᠭᠤᠯᠤᠯᠲᠠ ᠬᠢᠵᠡᠢ᠃ ᠡᠨᠡ ᠬᠦ᠌ ᠦᠵᠡᠯ ᠰᠠᠨᠠᠭ᠎ᠠ ᠨᠢ ᠰᠢᠨ᠎ᠡ ᠴᠠᠭ ᠦᠶ᠎ᠡ᠎ᠶᠢᠨ ᠨᠠᠮ ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠵᠤ᠂ ᠨᠠᠮ᠎ᠢ ᠬᠦᠴᠦᠷᠬᠡᠭᠵᠢᠭᠦᠯᠵᠦ᠍ ᠤᠯᠤᠰ᠎ᠢᠶᠠᠨ ᠬᠦᠴᠦᠷᠬᠡᠭᠵᠢᠭᠦᠯᠬᠦ᠌᠎ᠳᠦ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠳᠦ᠎ᠶᠢᠨ ᠵᠢᠯᠣᠭᠣᠳᠬᠤ ᠠᠴᠢ ᠬᠣᠯᠪᠣᠭᠳᠠᠯ᠎ᠲᠠᠶ ᠶᠤᠮ᠃
ᠮᠠᠷᠺᠰ᠎ᠤᠨ ᠦᠵᠡᠯ ᠦᠨ ᠰᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠲᠠᠶ ᠪᠠᠶ᠋ᠢᠬᠤ ᠪᠣᠯ ᠮᠠᠨ ᠤ ᠨᠠᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠬᠦ᠌᠎ᠶᠢᠨ ᠦᠨᠳᠦᠰᠦ ᠪᠣᠯᠤᠨ᠎ᠠ᠃
《ᠬᠣᠶᠠᠷ ᠢ ᠤᠶᠠᠯᠳᠤᠭᠤᠯᠬᠤ》 ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠰᠢᠨᠵᠢᠯᠡᠬᠦ᠌ ᠤᠬᠠᠭᠠᠨᠴᠢ᠎ᠪᠠᠷ ᠬᠠᠷᠢᠭᠤᠯᠲᠠ ᠥᠭᠴᠦ᠍᠂ ᠰᠢᠨ᠎ᠡ ᠴᠠᠭ ᠦᠶ᠎ᠡ᠎ᠶᠢᠨ ᠨᠠᠮ᠎ᠤᠨ ᠰᠢᠨ᠎ᠡ᠎ᠡᠬᠦᠳᠤᠯᠳᠠ ᠵᠢᠨ᠌ ᠤᠨᠤᠯ ᠨᠢ ᠰᠢᠨ᠎ᠡ ᠠᠶᠠᠨ ᠳ᠋ᠤ ᠦᠨᠡᠨ ᠶᠣᠰᠣᠨ᠎ᠤ ᠬᠦᠴᠦᠨ ᠪᠠ ᠦᠢᠯᠡᠳᠦᠯᠭᠡ᠎ᠶᠢᠨ ᠠᠤᠭ᠎ᠠ ᠬᠦᠴᠦᠨ᠎ᠢ ᠭᠦᠢᠴᠡᠳ ᠢᠯᠡᠷᠡᠭᠦᠯᠪᠡ᠃
《ᠳᠤᠮᠳᠠᠳᠤ ᠤᠯᠤᠰ ᠤᠨ ᠵᠠᠰᠠᠯᠲᠠ》 ᠰᠢᠨ᠎ᠡ ᠬᠠᠭᠤᠳᠠᠰᠤ ᠶᠢ ᠪᠢᠴᠢᠭᠯᠡᠵᠦ᠍᠂ ᠪᠢᠳᠡ ᠨᠡᠩ ᠢᠲᠡᠭᠡᠯ ᠲᠡᠭᠦᠯᠳᠡᠷ ᠪᠣᠯᠪᠠ᠃
ᠲᠠᠪᠤᠨ ᠱᠠᠲᠤᠨ᠎ᠤ ᠱᠦᠵᠢ ᠶᠠᠳᠠᠭᠤ᠎ᠶᠢ ᠲᠡᠳᠬᠦᠬᠦ᠌ ᠠᠵᠢᠯ ᠢ ᠠᠳᠬᠤᠬᠤ᠂ ᠪᠦᠬᠦ᠌ ᠨᠠᠮ᠎ᠢᠶᠠᠷ ᠢᠶᠠᠨ ᠬᠥᠳᠡᠯᠦᠯᠴᠡᠨ ᠪᠣᠭᠣᠮᠲᠠ ᠰᠢᠪᠲᠤᠯᠬᠤ᠎ᠶᠢ ᠠᠬᠢᠭᠤᠯᠤᠬᠰᠡᠨ᠎ᠡᠴᠡ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠎ᠶᠢ ᠭᠦᠨᠵᠡᠭᠡᠶ᠋ᠢᠷᠡᠭᠦᠯᠬᠦ᠌᠂ ᠪᠠᠢ᠌ᠩᠭᠤᠵᠢᠭᠰᠠᠨ ᠬᠠᠪᠰᠤᠷᠤᠨ ᠲᠡᠳᠬᠦᠬᠦ᠌ ᠠᠵᠢᠯᠯᠠᠭ᠎ᠠ ᠥᠷᠨᠢᠭᠦᠯᠦᠭᠰᠡᠨ᠌ ᠬᠦᠷᠲᠡᠯ᠎ᠡ᠂ ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠰᠢᠳᠠᠷ᠎ᠠ ᠪᠣᠯᠬᠤ᠎ᠶᠢ ᠪᠠᠷᠢᠮᠲᠠᠯᠠᠵᠤ᠂ ᠤᠷᠤᠬᠰᠢ ᠬᠥᠭᠵᠢᠬᠦ᠌ ᠨᠡᠩ ᠶᠡᠬᠡ ᠬᠥᠳᠡᠯᠭᠡᠬᠦ᠌ ᠬᠦᠴᠦᠨ᠎ᠢ ᠨᠢᠭᠲᠠᠷᠠᠭᠤᠯᠪᠠ᠃
ᠲᠠᠪᠤᠨ ᠵᠢᠯ ᠦᠨ ᠲᠥᠯᠥᠪᠵᠢᠭᠦᠯᠭᠡ᠎ᠶᠢ ᠲᠣᠭᠲᠠᠭᠠᠨ ᠬᠡᠷᠡᠭᠵᠢᠭᠦᠯᠦᠭᠰᠡᠨ᠎ᠡᠴᠡ ᠠᠪᠤᠭᠠᠳ ᠰᠢᠨ᠎ᠡ ᠮᠠᠶᠢᠭ ᠤᠨ ᠤᠯᠤᠰ ᠳᠠᠶᠠᠭᠠᠷ᠎ᠤᠨ ᠪᠠᠶ᠋ᠢᠭᠤᠯᠤᠯ᠎ᠤᠨ ᠳᠠᠪᠠᠭᠤᠯᠢᠭ ᠢ ᠪᠠᠳᠠᠷᠠᠭᠤᠯᠵᠤ᠂ ᠲᠡᠮᠡᠴᠡᠯ᠎ᠦᠨ ᠬᠠᠷᠠᠯᠲᠠ᠎ᠪᠠᠨ ᠲᠣᠭᠲᠠᠭᠠᠬᠰᠡᠨ ᠬᠦᠷᠳᠡᠯ᠎ᠠ᠂ 《ᠨᠢᠭᠡ ᠨᠢᠭᠡ ᠠᠯᠬᠤᠮ᠎ᠢᠶᠠᠷ ᠡᠷᠡᠰ ᠪᠠᠲᠤ᠌ ᠤᠷᠤᠭᠰᠢᠯᠠᠵᠤ᠂ ᠨᠢᠭᠡ ᠨᠢᠭᠡ ᠱᠠᠳᠤ᠎ᠪᠠᠷ ᠤᠷᠤᠬᠰᠢ ᠠᠬᠢᠭᠤᠯᠪᠠ》᠃
ᠶᠡᠬᠡ ᠰᠠᠯᠬᠢ ᠰᠢᠷᠦᠭᠦᠨ ᠳᠠᠪᠠᠯᠭᠠᠨ ᠳᠤᠮᠳᠠ ᠤᠷᠤᠭᠰᠢᠯᠠᠵᠤ᠂ ᠮᠠᠨ᠎ᠤ ᠤᠯᠤᠰ᠎ᠤᠨ ᠠᠵᠤ ᠠᠬᠤᠢ ᠰᠠᠯᠬᠢ ᠰᠦᠷᠦᠨ ᠳᠠᠪᠠᠯᠭᠠᠨ ᠢ ᠵᠦᠰᠦᠨ ᠤᠷᠤᠭᠰᠢᠯᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ᠎ᠢᠶᠡᠨ ᠪᠠᠲᠤᠯᠠᠵᠤ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ 140 ᠲᠦᠮᠡᠨ ᠳ᠋ᠦᠩᠰᠢᠭᠤᠷ ᠲᠥᠭᠥᠷᠢᠭ᠎ᠦᠨ ᠰᠢᠨ᠎ᠡ ᠳᠡᠭᠲᠡᠷ᠎ᠲᠦ᠍ ᠭᠠᠷᠤᠭᠰᠠᠨ᠎ᠤ ᠵᠠᠩᠭᠢᠯᠠᠭ᠎ᠠ ᠨᠢ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠶ᠋ᠢᠳᠠᠯ ᠳᠠᠭᠠᠨ ᠲᠤᠬᠢᠷᠠᠭᠤᠯᠤᠨ ᠬᠥᠭᠵᠢᠭᠦᠯᠵᠦ᠍᠂ ᠪᠣᠳᠠᠲᠤ᠌ ᠴᠣᠭᠴᠠ᠎ᠶᠢᠨ ᠠᠵᠤ ᠠᠬᠤᠢ᠎ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠤᠬᠰᠠᠨ᠎ᠳᠤ ᠪᠠᠶ᠋ᠢᠨ᠎ᠠ᠃
ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠪᠠᠶ᠋ᠢᠭᠤᠯᠤᠯ ᠢ ᠪᠠᠷᠢᠮᠲᠠᠯᠠᠨ ᠬᠥᠭᠵᠢᠭᠦᠯᠵᠦ᠍᠂ ᠪᠠᠶ᠋ᠢᠭᠤᠯᠤᠯ᠎ᠤᠨ ᠳᠠᠪᠠᠭᠤᠯᠢᠭ᠎ᠢ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠨᠡᠩ ᠰᠠᠶ᠋ᠢᠲᠤᠷ ᠬᠤᠪᠢᠷᠠᠭᠤᠯᠵᠤ᠂ ᠶᠠᠮᠠᠷᠪᠠ ᠬᠦᠴᠦᠨ ᠭᠡᠳ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ ᠦ ᠤᠷᠤᠭᠰᠢᠯᠠᠯᠲᠠ᠎ᠶᠢᠨ ᠠᠯᠬᠤᠭ᠎ᠠ᠎ᠶᠢ ᠬᠣᠷᠢᠭᠯᠠᠵᠤ ᠳᠡᠶ᠋ᠢᠯᠬᠦ᠌ ᠦᠭᠡᠢ ᠶᠤᠮ᠃
ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶ᠋ᠢᠵᠤ ᠴᠢᠳᠠᠬᠤ ᠦᠭᠡᠢ᠂ ᠳᠤᠮᠳᠠᠳᠤ ᠤᠯᠤᠰ᠎ᠤᠨ ᠠᠷᠠᠳ ᠲᠦᠮᠡᠨ᠎ᠦ ᠵᠣᠯ ᠵᠢᠷᠭᠠᠯᠲᠤ᠌ ᠠᠮᠢᠳᠤᠷᠠᠯ ᠪᠠᠶ᠋ᠢᠵᠤ ᠴᠢᠳᠠᠬᠤ ᠦᠭᠡᠢ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠶ᠋ᠢᠵᠤ ᠴᠢᠳᠠᠬᠤ ᠦᠭᠡᠢ ᠭᠡᠳᠡᠭ᠎ᠢ ᠲᠡᠦᠬᠡ ᠪᠠ ᠪᠤᠳᠠᠳᠤ ᠠᠬᠤᠢ ᠬᠤᠪᠢᠰᠤᠨᠭᠭᠤᠢᠪᠡᠷ ᠭᠡᠷᠡᠴᠢᠯᠡᠪᠡ᠃
《ᠪᠤᠴᠠᠰᠢ ᠦᠭᠡᠢ》᠎ᠡᠴᠡ 《ᠬᠤᠷᠢᠬᠯᠠᠬᠳᠠᠰᠢ ᠦᠭᠡᠢ》ᠬᠦᠷᠲᠡᠯ᠎ᠡ᠂《ᠬᠣᠶᠠᠷ ᠢ ᠲᠣᠭᠲᠠᠭᠠᠭᠰᠠᠨ》 ᠨᠢ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡ᠎ᠶᠢᠨ ᠶᠡᠬᠡ ᠬᠠᠨᠳᠤᠰᠢ᠎ᠶᠢ ᠦᠨᠳᠦᠰᠦᠨ᠎ᠡᠴᠡ ᠨᠢ ᠪᠠᠲᠤᠯᠠᠵᠤ᠂ ᠪᠢᠳᠡᠨ᠎ᠦ ᠰᠢᠨ᠎ᠡ ᠠᠶᠠᠨ᠎ᠳᠠᠭᠠᠨ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠶ ᠶᠤᠮ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠪᠠᠰᠠ ᠴᠤ᠌ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠤᠢ ᠮᠥᠨ᠃
《ᠰᠢᠨ᠎ᠡ ᠠᠶᠠᠨ ᠪᠣᠯ ᠰᠢᠨ᠎ᠡ ᠤᠷᠲᠤ ᠵᠠᠮ᠎ᠤᠨ ᠠᠶᠠᠨ ᠳᠠᠢ᠌ᠨ ᠮᠥᠨ》᠃
ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠬᠦ᠌ ᠲᠠᠯ᠎ᠠ᠎ᠳᠤ ᠬᠣᠯᠪᠣᠭᠳᠠᠬᠤ ᠪᠠᠶ᠋ᠢᠯᠳᠤᠬᠤ ᠪᠤᠳᠤᠯᠭ᠎ᠠ᠎ᠶᠢᠨ ᠡᠭᠦᠷᠭᠡ᠎ᠶᠢᠨ ᠴᠢᠬᠤᠯᠠ ᠶᠡᠬᠡ ᠰᠢᠪᠲᠤᠯᠤᠯᠲᠠ᠎ᠲᠠᠶ ᠪᠣᠯᠬᠤ᠎ᠶᠢ ᠠᠬᠢᠭᠤᠯᠵᠤ᠂ ᠮᠠᠰᠢ ᠤᠯᠠᠨ ᠰᠢᠨ᠎ᠡ ᠲᠡᠦᠬᠡᠲᠦ᠍ ᠣᠨᠴᠠᠯᠢᠭ᠎ᠲᠠᠶ ᠠᠭᠤᠤ ᠶᠡᠬᠡ ᠲᠡᠮᠡᠴᠡᠯ᠎ᠦᠨ ᠰᠢᠨ᠎ᠡ ᠢᠯᠠᠯᠲᠠ᠎ᠶᠢ ᠲᠡᠮᠡᠴᠡᠨ ᠤᠯᠬᠤ᠎ᠳᠤ ᠪᠠᠰᠠ ᠮᠠᠰᠢ ᠤᠯᠠᠨ ᠰᠢᠨ᠎ᠡ 《ᠴᠠᠰᠤᠲᠤ᠌ ᠠᠭᠤᠯᠠ》᠂ 《ᠡᠪᠡᠰᠦᠲᠦ᠍ ᠲᠠᠯ᠎ᠠ》ᠵᠢ ᠳᠠᠪᠠᠬᠤ ᠴᠢᠬᠤᠯᠠᠲᠠᠢ ᠪᠠᠶ᠋ᠢᠵᠤ᠂ ᠰᠢᠨ᠎ᠡ《ᠯᠧᠦ ᠱᠠᠨ ᠭᠤᠸᠠᠨ ᠪᠣᠭᠣᠮᠲᠠ》᠂ 《ᠯᠠ ᠽᠢ ᠺᠸᠦ᠍》ᠵᠢ ᠡᠵᠡᠯᠡᠨ ᠠᠪᠬᠤ ᠴᠢᠬᠤᠯᠠᠲᠠᠢ ᠪᠠᠶ᠋ᠢᠨ᠎ᠠ᠃ ᠰᠢᠨ᠎ᠡ ᠠᠶᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠠᠯᠠᠭᠤᠷ ᠢ ᠡᠵᠡᠮᠳᠡᠨ ᠴᠢᠭᠯᠡᠯ ᠢ ᠵᠢᠯᠣᠭᠣᠳᠴᠤ᠌᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠲᠠᠢ ᠪᠠᠢᠬᠰᠠᠨ ᠡᠴᠡ ᠯᠠᠪᠲᠠᠢ 《ᠮᠠᠨ᠎ᠤ ᠡᠨᠡ ᠦᠶ᠎ᠡ᠎ᠶᠢᠨ ᠤᠷᠳᠤ ᠵᠠᠮ᠎ᠤᠨ ᠠᠶᠠᠨ ᠲᠠᠢ᠌ᠨ᠎ᠦ ᠵᠠᠮ᠎ᠢᠶᠠᠷ ᠰᠠᠶ᠋ᠢᠲᠤᠷ ᠵᠠᠮᠨᠠᠵᠤ》 ᠴᠢᠳᠠᠨ᠎ᠠ᠃
ᠰᠢᠳᠤᠷᠭᠤ ᠶᠣᠰᠣᠨ᠎ᠤ ᠦᠢᠯᠡᠰ ᠯᠠᠪᠲᠠᠶ ᠢᠯᠠᠯᠲᠠ ᠣᠯᠬᠤ ᠢᠲᠡᠭᠡᠯ ᠵᠣᠷᠢᠭ᠎ᠢᠶᠠᠨ ᠪᠠᠲᠤᠳᠬᠠᠬᠤ ᠬᠡᠷᠡᠭᠲᠡᠶ᠃ ᠮᠠᠨ ᠤ ᠨᠠᠮ ᠬᠥᠮᠦᠨ᠎ᠦ ᠶᠢᠷᠲᠢᠨᠴᠦ᠎ᠶᠢᠨ ᠵᠥᠪ ᠵᠠᠮ᠎ᠢᠶᠠᠷ ᠵᠠᠮᠨᠠᠵᠤ᠂ ᠰᠢᠳᠤᠷᠭᠤ ᠶᠣᠰᠣᠨ᠎ᠤ ᠦᠢᠯᠡᠰ᠎ᠢ ᠬᠢᠵᠦ᠍᠂ ᠲᠡᠦᠬᠡ᠎ᠶᠢᠨ ᠶᠡᠬᠡ ᠬᠠᠨᠳᠤᠰᠢ᠎ᠳᠤ ᠵᠣᠬᠢᠴᠠᠵᠤ ᠪᠠᠶ᠋ᠢᠨ᠎ᠠ᠃ ᠤᠬᠠᠮᠰᠠᠷ᠎ᠡᠴᠡ᠎ᠪᠠᠨ ᠰᠢᠨ᠎ᠡ ᠴᠠᠭ ᠦᠶ᠎ᠡ᠎ᠶᠢᠨ ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢᠶᠠᠷ ᠰᠢᠨ᠎ᠡ ᠪᠠᠶ᠋ᠢᠳᠠᠯ᠎ᠢ ᠠᠵᠢᠭᠯᠠᠵᠤ᠂ ᠰᠢᠨ᠎ᠡ ᠪᠠᠶ᠋ᠢᠳᠠᠯ᠎ᠢ ᠰᠤᠳᠤᠯᠵᠤ᠂ ᠰᠢᠨ᠎ᠡ ᠠᠰᠠᠭᠤᠳᠠᠯ ᠢ ᠰᠢ᠌ᠳᠪᠦᠷᠢᠯᠡᠵᠦ᠍᠂ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ᠎ᠪᠠᠷ ᠠᠯᠢᠪᠠ ᠬᠠᠷᠰᠢ ᠰᠠᠭᠠᠳ᠎ᠢ ᠠᠷᠢᠯᠭᠠᠵᠤ᠂ ᠠᠯᠢᠪᠠ ᠰᠠᠭᠠᠳ ᠳᠤᠳᠬᠠᠷ ᠢ ᠠᠷᠢᠯᠭᠠᠪᠠᠯ ᠳᠠᠪᠠᠵᠤ ᠳᠡᠶ᠋ᠢᠯᠬᠦ᠌ ᠦᠭᠡᠢ ᠳᠠᠪᠠᠭ᠎ᠠ ᠭᠡᠵᠦ᠍ ᠦᠭᠡᠢ᠂ ᠰᠢᠪᠳᠤᠯᠵᠦ ᠳᠡᠶ᠋ᠢᠯᠬᠦ᠌ ᠦᠭᠡᠢ ᠪᠣᠭᠣᠮᠲᠠ ᠭᠡᠵᠦ᠍ ᠦᠭᠡᠢ᠂ ᠪᠦᠲᠦᠭᠡᠵᠦ᠍ ᠳᠡᠶ᠋ᠢᠯᠬᠦ᠌ ᠦᠭᠡᠢ ᠶᠠᠪᠤᠳᠠᠯ ᠭᠡᠵᠦ᠍ ᠦᠭᠡᠢ ᠶᠤᠮ᠃
ᠠᠷᠠᠳ ᠲᠦᠮᠡᠨ᠎ᠳᠦ ᠵᠣᠯ ᠵᠢᠷᠭᠠᠯ ᠣᠯᠭᠣᠬᠤ ᠤᠭ ᠰᠠᠨᠠᠭ᠎ᠠ᠎ᠪᠠᠨ ᠡᠭᠦᠷᠢᠳᠡ ᠪᠠᠲᠤᠯᠠᠬᠤ ᠬᠡᠷᠡᠭᠲᠡᠶ᠃ ᠵᠠᠮ ᠲᠤᠷᠰᠢ᠂ ᠪᠢᠳᠡ ᠠᠷᠠᠳ ᠲᠦᠮᠡᠨ᠎ᠢ ᠴᠢᠩᠭ᠎ᠠ ᠲᠦᠰᠢᠭᠯᠡᠨ ᠲᠡᠦᠬᠡᠨ ᠬᠠᠭᠤᠳᠠᠰᠤᠨ᠎ᠳᠤ ᠲᠡᠮᠳᠡᠭᠯᠡᠭᠳᠡᠭᠰᠡᠨ ᠠᠯᠢ ᠤᠯᠠᠨ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠪᠠ᠃ ᠰᠢᠨ᠎ᠡ ᠠᠶᠠᠨ᠎ᠳᠤ᠂ ᠲᠥᠷᠥ᠍ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ᠍ ᠭᠦᠷᠦᠨ ᠭᠡᠳᠡᠭ ᠢ ᠪᠠᠲᠤ᠌ ᠴᠡᠭᠡᠵᠢᠯᠡᠵᠦ᠍᠂ ᠢᠮᠠᠭᠲᠠ ᠠᠷᠠᠳ ᠲᠦᠮᠡᠨ᠎ᠲᠡᠶ ᠠᠮᠢᠰᠬᠤᠭ᠎ᠠ᠎ᠪᠠᠨ ᠨᠢᠭᠡᠳᠬᠡᠵᠦ᠍᠂ ᠬᠤᠪᠢ ᠵᠠᠶᠠᠭ᠎ᠠ᠎ᠪᠠᠨ ᠬᠠᠮᠲᠤᠳᠬᠠᠨ᠂ ᠰᠡᠳᠬᠢᠯ ᠵᠢᠷᠦᠬᠡ᠎ᠪᠡᠨ ᠬᠣᠯᠪᠣᠵᠤ᠂ ᠠᠷᠠᠳ ᠲᠦᠮᠡᠨ᠎ᠦ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠷ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠬᠥᠮᠦᠨ᠎ᠦ ᠪᠥᠬᠥ᠌ ᠲᠠᠯ᠎ᠠ᠎ᠶᠢᠨ ᠬᠥᠭᠵᠢᠯᠲᠡ᠂ ᠪᠥᠬᠥ᠌ ᠠᠷᠠᠳ ᠲᠦᠮᠡᠨ᠎ᠦ ᠬᠠᠮᠲᠤ ᠶᠢᠨ ᠪᠠᠶᠠᠵᠢᠯ ᠢ ᠠᠬᠢᠭᠤᠯᠬᠤ ᠬᠡᠷᠡᠭᠲᠡᠶ᠃
《ᠤᠷᠭᠢᠯ ᠳᠦ ᠭᠠᠷᠬᠤ ᠳᠦ ᠬᠠᠯᠠᠰᠢᠷᠠᠯ ᠵᠦᠳᠡᠷᠡᠯ ᠡᠴᠡ ᠦᠯᠦ ᠰᠦᠷᠳᠡᠬᠦ》ᠬᠠᠳᠠᠨ ᠵᠣᠷᠢᠭ᠎ᠢᠶᠠᠨ ᠴᠢᠩᠭᠠᠳᠬᠠᠬᠤ ᠬᠡᠷᠡᠭᠲᠡᠶ᠃ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ᠌ ᠪᠣᠯ ᠨᠢᠭᠡᠨ ᠱᠠᠲᠤᠯᠢᠭ ᠮᠠᠶᠢᠭ᠎ᠢᠶᠠᠷ ᠠᠬᠢᠵᠤ᠂ ᠲᠠᠰᠤᠷᠠᠯᠲᠠ ᠦᠭᠡᠢ ᠬᠥᠭᠵᠢᠨ ᠳᠠᠪᠰᠢᠬᠤ ᠲᠡᠦᠬᠡᠨ ᠶᠠᠪᠤᠴᠠ ᠮᠥᠨ᠃ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ᠂ ᠠᠮᠵᠢᠯᠲᠠ ᠭᠠᠷᠭᠠᠬᠤ᠎ᠳᠦ ᠯᠠᠪᠳᠠᠢ ᠪᠢ ᠤᠷᠤᠯᠴᠠᠬᠤ ᠵᠣᠷᠢᠭ ᠰᠠᠨᠠᠭ᠎ᠠ᠎ᠶᠢ ᠪᠠᠳᠠᠷᠠᠭᠤᠯᠤᠨ᠂ ᠵᠤᠷᠢᠯᠲᠠ ᠪᠡᠨ ᠪᠠᠷᠢᠮᠳᠠᠯᠠᠨ ᠰᠢᠨᠲᠠᠷᠠᠰᠢ ᠦᠭᠡᠢ ᠴᠢᠷᠮᠠᠶ᠋ᠢᠵᠤ᠂ ᠨᠢᠭᠡᠨ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭᠯᠠᠨ᠂ ᠪᠣᠳᠠᠲᠠᠢ ᠠᠵᠢᠯᠯᠠᠵᠤ ᠪᠣᠳᠠᠲᠤ᠌ ᠪᠦᠲᠦᠮᠵᠢ ᠭᠠᠷᠭᠠᠬᠤ᠎ᠪᠠᠷ ᠵᠠᠮ ᠨᠡᠭᠡᠭᠡᠨ ᠡᠷᠡᠯᠬᠡᠭᠯᠡᠨ ᠤᠷᠤᠭᠰᠢᠯᠠᠪᠠᠯ ᠮᠠᠨ᠎ᠤ ᠬᠠᠷᠠᠯᠲᠠ ᠯᠠᠪᠲᠠᠢ ᠪᠡᠶᠡᠯᠡᠭᠳᠡᠵᠦ᠍ ᠴᠢᠳᠠᠨ᠎ᠠ᠃
ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ ᠢ ᠪᠦᠲᠦᠭᠡᠬᠦ᠌ ᠪᠡᠷ ᠵᠣᠷᠢᠭ ᠰᠢᠭᠤᠳᠴᠤ᠌᠂ ᠬᠥᠮᠦᠨ ᠲᠥᠷᠥᠯᠬᠢᠲᠡᠨ᠎ᠦ ᠡᠩᠬᠡ ᠲᠠᠶ᠋ᠢᠪᠤᠩ ᠪᠣᠯᠤᠨ ᠬᠥᠭᠵᠢᠯᠲᠡ᠎ᠶᠢᠨ ᠡᠷᠬᠢᠮ ᠳᠡᠭᠡᠳᠦ ᠦᠢᠯᠡᠰ᠎ᠦᠨ ᠲᠥᠯᠥᠭᠡ ᠵᠢᠳᠬᠦᠬᠦ᠌ ᠳ᠋ᠦ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠬᠡ᠂ ᠡᠭᠦᠷᠭᠡ ᠬᠢᠵᠠᠭᠠᠯᠠᠰᠢ ᠦᠭᠡᠢ ᠢᠷᠠᠭᠤ ᠠᠯᠳᠠᠷᠲᠠᠢ ᠶᠤᠮ᠃ ᠴᠢᠨᠠᠷ ᠰᠠᠶ᠋ᠢᠲᠠᠢ ᠬᠥᠭᠵᠢᠯᠲᠡ᠎ᠪᠡᠷ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠶᠢ ᠪᠦᠬᠦ᠌ ᠲᠠᠯ᠎ᠠ᠎ᠪᠠᠷ ᠠᠬᠢᠭᠤᠯᠬᠤ᠎ᠶᠢ ᠴᠠᠭ ᠦᠶ᠎ᠡ ᠤᠷᠢᠶᠠᠯᠠᠵᠤ᠂ ᠠᠷᠠᠳ ᠲᠦᠮᠡᠨ ᠬᠦᠰᠡᠨ ᠬᠦᠯᠢᠶᠡᠵᠦ᠍ ᠪᠠᠶ᠋ᠢᠨ᠎ᠠ᠃
ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ᠃ ᠰᠢᠨ᠎ᠡ ᠠᠶᠠᠨ᠎ᠳᠤ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ ᠢ ᠲᠣᠭᠲᠠᠭᠠᠭᠰᠠᠨ》 ᠤ᠋ ᠰᠢ᠌ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭᠠᠵᠤ᠂ 《ᠬᠣᠶᠠᠷ ᠢ ᠬᠠᠮᠠᠭᠠᠯᠠᠬᠤ 》 ᠵᠢ ᠡᠷᠡᠰ ᠪᠡᠶᠡᠯᠡᠭᠦᠯᠵᠦ᠍᠂ ᠨᠠᠮ ᠪᠠᠶ᠋ᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠤᠮᠤᠭ ᠵᠣᠷᠢᠭᠪᠠᠳᠠᠷᠠᠨᠭᠭᠤᠢ ᠪᠡᠷ ᠡᠷᠡᠯᠬᠡᠭᠯᠡᠨ ᠴᠢᠷᠮᠠᠢᠵᠤ᠂ ᠡᠷᠴᠢ ᠴᠢᠩᠭᠠᠯᠠᠨ ᠵᠤᠷᠢᠭᠳᠠᠢ ᠵᠢᠳᠭᠦᠵᠦ᠂ ᠴᠠᠭ ᠦᠶ᠎ᠡ᠎ᠳᠦ ᠣᠰᠣᠯᠳᠠᠬᠤ ᠦᠭᠡᠢ᠂ ᠲᠡᠦᠬᠡᠳᠦ ᠣᠰᠣᠯᠳᠠᠬᠤ ᠦᠭᠡᠢ᠂ ᠠᠷᠠᠳ ᠲᠦᠮᠡᠨ᠎ᠳᠦ ᠣᠰᠣᠯᠳᠠᠬᠤ ᠦᠭᠡᠢ ᠠᠮᠵᠢᠯᠲᠠ ᠪᠦᠲᠦᠮᠵᠢ᠎ᠶᠢ ᠴᠢᠷᠮᠠᠶ᠋ᠢᠨ ᠡᠭᠦᠳᠴᠦ᠍᠂ ᠬᠦᠴᠦᠷᠬᠡᠭ ᠤᠯᠤᠰ ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠠᠬᠢᠭᠤᠯᠬᠤ ᠳᠤ ᠮᠠᠨ᠎ᠤ ᠡᠨᠡ ᠦᠶ᠎ᠡ᠎ᠶᠢᠨ ᠬᠥᠮᠦᠰ ᠦᠨ ᠢᠷᠠᠭᠤ ᠠᠯᠳᠠᠷ ᠢ ᠡᠭᠦᠳᠰᠦᠭᠡᠢ!
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 30 ᠤ᠋ ᠴᠠᠬᠢᠯᠭᠠᠨ ᠮᠡᠳᠡᠭᠡ)