ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ 29᠎ᠤ᠋ ᠡᠳᠦᠷ ᠨᠡᠢᠲᠡᠯᠡᠭᠰᠡᠨ 2025 ᠣᠨ᠎ᠤ ᠪᠦᠭᠦ ᠤᠯᠤᠰ᠎ᠤᠨ ᠰᠣᠶᠣᠯ ᠵᠢᠴᠢ ᠬᠣᠯᠪᠣᠭᠳᠠᠯ ᠪᠦᠬᠦᠢ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠤᠨ ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ 2025 ᠣᠨ᠎ᠳᠤ᠂ ᠮᠠᠨ᠎ᠤ ᠤᠯᠤᠰ᠎ᠤᠨ ᠰᠣᠶᠣᠯ ᠵᠢᠴᠢ ᠬᠣᠯᠪᠣᠭᠳᠠᠯ ᠪᠦᠬᠦᠢ ᠠᠵᠤ ᠦᠢᠯᠡᠰ(ᠳᠣᠷᠣᠭ᠍ᠰᠢ 《ᠰᠣᠶᠣᠯ᠎ᠤᠨ ᠠᠵᠤ ᠦᠢᠯᠡᠰ》 ᠭᠡᠵᠦ ᠲᠣᠪᠴᠢᠯᠠᠨ᠎ᠠ ) ᠤ᠋ᠨ ᠡᠵᠡᠩᠨᠡᠯᠲᠡ᠎ᠶᠢᠨ ᠣᠷᠣᠯᠭ᠎ᠠ᠎ᠶᠢ 208254 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠴᠦ᠂ ᠲᠡᠭᠡᠷ᠎ᠠ ᠵᠢᠯ᠎ᠦᠨ ᠭᠢ᠎ᠡᠴᠡ ᠪᠠᠨ 8.8% ᠪᠡᠷ ᠨᠡᠮᠡᠭᠳᠡᠪᠡ᠃
ᠲᠣᠭ᠎ᠠ ᠪᠠᠷᠢᠮᠲᠠ᠎ᠳᠦ ᠢᠯᠡᠷᠡᠭᠦᠯᠦᠭᠰᠡᠨ ᠵᠢᠨᠷ᠂ ᠰᠣᠶᠣᠯ᠎ᠤᠨ ᠠᠵᠤ ᠦᠢᠯᠡᠰ᠎ᠦᠨ ᠶᠢᠰᠦᠨ ᠶᠡᠬᠡ ᠠᠵᠢᠯ ᠲᠥᠷᠥᠯ᠎ᠦᠨ ᠡᠵᠡᠩᠨᠡᠯᠲᠡ᠎ᠶᠢᠨ ᠣᠷᠣᠯᠭ᠎ᠠ ᠪᠦᠭᠦ ᠲᠠᠯ᠎ᠠ᠎ᠪᠠᠷ ᠨᠡᠮᠡᠭᠳᠡᠵᠡᠢ᠃ ᠡᠭᠦᠨ᠎ᠳᠦ᠂ ᠪᠦᠲᠦᠭᠡᠯᠴᠢ ᠵᠢᠷᠤᠭ ᠲᠥᠯᠥᠪᠯᠡᠭᠡ᠎ᠶᠢᠨ ᠦᠢᠯᠡᠴᠢᠯᠡᠭᠡ᠂ ᠠᠭᠤᠯᠭ᠎ᠠ᠎ᠶᠢ ᠵᠣᠬᠢᠶᠠᠨ ᠪᠦᠲᠦᠭᠡᠵᠦ ᠦᠢᠯᠡᠳᠬᠦ᠂ ᠰᠣᠨᠢᠨ ᠮᠡᠳᠡᠭᠡ ᠮᠡᠳᠡᠭᠡ ᠵᠠᠩᠭᠢ᠎ᠶᠢᠨ ᠦᠢᠯᠡᠴᠢᠯᠡᠭᠡ᠂ ᠰᠣᠶᠣᠯ ᠵᠤᠭ᠎ᠠ ᠴᠡᠩᠭᠡᠯ ᠰᠡᠯᠡᠭᠦᠴᠡᠯ᠎ᠦᠨ ᠦᠢᠯᠡᠴᠢᠯᠡᠭᠡ ᠵᠡᠷᠭᠡ 4 ᠠᠵᠢᠯ ᠲᠥᠷᠥᠯ᠎ᠦᠨ ᠡᠵᠡᠩᠨᠡᠯᠲᠡ᠎ᠶᠢᠨ ᠣᠷᠣᠯᠭ᠎ᠠ ᠬᠣᠶᠠᠷ ᠣᠷᠣᠨᠲᠤ ᠲᠣᠭ᠎ᠠ᠎ᠪᠠᠷ ᠨᠡᠮᠡᠭᠳᠡᠵᠦ᠂ ᠲᠦᠷᠦᠭᠦᠸ᠋ ᠵᠢᠯ᠎ᠦᠨ ᠭᠢ᠎ᠡᠴᠡ ᠲᠣᠰ ᠲᠣᠰ 13.2%᠂ 12.4%᠂ 12.3% ᠪᠠ 10.7% ᠪᠡᠷ ᠨᠡᠮᠡᠭᠳᠡᠪᠡ; ᠰᠣᠶᠣᠯ ᠤᠨ ᠲᠣᠨᠣᠭᠯᠠᠯ᠎ᠤᠨ ᠦᠢᠯᠡᠳᠪᠦᠷᠢᠯᠡᠯ᠂ ᠰᠣᠶᠣᠯ᠎ᠤᠨ ᠳᠠᠮᠵᠢᠭᠤᠯᠭ᠎ᠠ᠎ᠶᠢᠨ ᠠᠷᠭ᠎ᠠ ᠵᠠᠮ᠂ ᠰᠣᠶᠣᠯ ᠤᠨ ᠪᠡᠯᠡ ᠣᠷᠣᠭᠤᠯᠤᠯᠲᠠ᠎ᠶᠢᠨ ᠡᠵᠡᠩᠨᠡᠯᠲᠡ᠂ ᠰᠣᠶᠣᠯ᠎ᠤᠨ ᠲᠤᠰᠠᠯᠠᠬᠤ ᠦᠢᠯᠡᠳᠪᠦᠷᠢᠯᠡᠯ ᠪᠠ ᠵᠠᠭᠤᠴᠢ ᠦᠢᠯᠡᠴᠢᠯᠡᠭᠡ᠂ ᠰᠣᠶᠣᠯ᠎ᠤᠨ ᠬᠡᠷᠡᠭᠯᠡᠭᠡᠨ᠎ᠦ ᠦᠵᠦᠭᠦᠷᠯᠢᠭ᠎ᠦᠨ ᠦᠢᠯᠡᠳᠪᠦᠷᠢᠯᠡᠯ ᠵᠡᠷᠭᠡ 5 ᠠᠵᠢᠯ ᠲᠦᠷᠦᠯ᠎ᠦᠨ ᠡᠵᠡᠩᠨᠡᠯᠲᠡ᠎ᠶᠢᠨ ᠣᠷᠣᠯᠭ᠎ᠠ ᠲᠡᠭᠡᠷ᠎ᠠ ᠵᠢᠯ᠎ᠦᠨ ᠭᠢ᠎ᠡᠴᠡ ᠪᠠᠨ ᠲᠤᠰ ᠲᠤᠰ 8.0%᠂ 7.7%᠂ 3.1%᠂ 2.7% ᠪᠤᠯᠤᠨ 2.5% ᠪᠡᠷ ᠨᠡᠮᠡᠭᠳᠡᠪᠡ᠃
ᠰᠣᠶᠣᠯ᠎ᠤᠨ ᠠᠵᠤ ᠦᠢᠯᠡᠰ᠎ᠦᠨ ᠠᠰᠢᠭ᠋ ᠣᠯᠵᠠᠪᠤᠷᠢ ᠣᠯᠬᠤ ᠴᠢᠳᠠᠪᠤᠷᠢ ᠲᠣᠭᠲᠠᠭᠤᠨ᠎ᠢᠶᠠᠷ ᠳᠡᠬᠡᠭᠰᠢᠯᠡᠵᠠᠢ᠃ 2025 ᠣᠨ᠎ᠳᠤ᠂ ᠮᠠᠨ᠎ᠤ ᠤᠯᠤᠰ᠎ᠤᠨ ᠰᠣᠶᠣᠯ᠎ᠤᠨ ᠠᠵᠤ ᠦᠢᠯᠡᠰ᠎ᠦᠨ ᠪᠡᠶᠡᠯᠡᠭᠦᠯᠦᠭᠰᠡᠨ ᠠᠰᠢᠭ᠋ ᠤᠯᠵᠠᠪᠤᠷᠢ᠎ᠶᠢᠨ ᠶᠡᠷᠦᠩᠬᠡᠢ ᠵᠤᠭᠤᠰ᠎ᠤᠨ ᠲᠣᠭ᠎ᠠ 19034 ᠳ᠋ᠦᠩᠰᠢᠭᠤᠷ ᠲᠥᠭᠥᠷᠢᠭ᠎ᠲᠦ ᠬᠦᠷᠴᠦ᠂ ᠳᠡᠭᠡᠷ᠎ᠡ ᠵᠢᠯ᠎ᠦᠨ ᠭᠢ᠎ᠡᠴᠡ ᠪᠠᠨ 7.3% ᠪᠡᠷ ᠨᠡᠮᠡᠭᠳᠡᠵᠡᠢ᠃ ᠰᠣᠶᠣᠯ᠎ᠤᠨ ᠠᠵᠤ ᠦᠢᠯᠡᠰ᠎ᠦᠨ ᠡᠵᠡᠩᠨᠡᠯᠲᠡ᠎ᠶᠢᠨ ᠣᠷᠣᠯᠭ᠎ᠠ᠎ᠶᠢᠨ ᠠᠰᠢᠭ᠋ ᠤᠯᠵᠠᠪᠤᠷᠢ 9.1%᠎ᠳᠦ ᠬᠦᠷᠴᠠᠢ; ᠬᠥᠮᠥᠨ ᠳᠤᠮᠳᠠᠴᠢ ᠵᠢᠨ ᠡᠵᠡᠩᠨᠡᠯᠲᠡ᠎ᠶᠢᠨ ᠣᠷᠣᠯᠭ᠎ᠠ᠂ ᠬᠥᠮᠥᠨ ᠳᠤᠮᠳᠠᠴᠢ᠎ᠶᠢᠨ ᠠᠰᠢᠭ᠋ ᠤᠯᠵᠠᠪᠤᠷᠢ᠎ᠶᠢᠨ ᠶᠡᠷᠦᠩᠬᠡᠢ ᠲᠣᠭ᠎ᠠ ᠲᠣᠰ ᠲᠣᠰ 96.3 ᠲᠦᠮᠡᠨ ᠲᠥᠭᠥᠷᠢᠭ ᠪᠠ 8.8 ᠲᠦᠮᠡᠨ ᠲᠥᠭᠥᠷᠢᠭ᠎ᠲᠦ ᠬᠦᠷᠴᠦ᠂ ᠲᠡᠭᠡᠷ᠎ᠡ ᠵᠢᠯ᠎ᠦᠨ ᠭᠢ᠎ᠡᠴᠡ ᠪᠠᠨ ᠲᠣᠰ ᠲᠣᠰ 9.4 ᠲᠦᠮᠡᠨ ᠲᠥᠭᠥᠷᠢᠭ ᠪᠠ 0.7 ᠲᠦᠮᠡᠨ ᠲᠥᠭᠥᠷᠢᠭ ᠨᠡᠮᠡᠭᠳᠡᠪᠡ᠃
ᠰᠣᠶᠣᠯ᠎ᠤᠨ ᠰᠢᠨ᠎ᠡ ᠡᠵᠡᠩᠨᠡᠯᠳᠡ ᠵᠢᠨ ᠭᠡᠯᠪᠡᠷᠢ ᠵᠢᠨ ᠠᠵᠢᠯ ᠲᠥᠷᠥᠯ ᠬᠥᠲᠥᠯᠥᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠪᠠ᠃ 2025 ᠣᠨ᠎ᠳᠤ᠂ ᠰᠣᠶᠣᠯ᠎ᠤᠨ ᠰᠢᠨ᠎ᠡ ᠡᠵᠡᠩᠨᠡᠯᠳᠡ ᠵᠢᠨ ᠭᠡᠯᠪᠡᠷᠢ ᠵᠢᠨ ᠣᠨᠴᠠᠯᠢᠭ᠋᠎ᠢᠶᠠᠷ ᠨᠡᠯᠢᠶᠡᠳ ᠢᠯᠡᠷᠬᠡᠢ 16 ᠠᠵᠢᠯ ᠲᠦᠷᠦᠯ᠎ᠦᠨ ᠪᠠᠭ᠎ᠠ ᠲᠦᠷᠦᠯ᠎ᠦᠨ ᠪᠡᠶᠡᠯᠡᠭᠦᠯᠦᠭᠰᠡᠨ ᠡᠵᠡᠩᠨᠡᠯᠲᠡ᠎ᠶᠢᠨ ᠣᠷᠣᠯᠭ᠎ᠠ 76651 ᠳ᠋ᠦᠩᠰᠢᠭᠤᠷ ᠲᠥᠭᠥᠷᠢᠭ᠎ᠲᠦ ᠬᠦᠷᠴᠦ᠂ ᠳᠡᠭᠡᠷ᠎ᠡ ᠵᠢᠯ᠎ᠦᠨ ᠭᠢ᠎ᠡᠴᠡ ᠪᠠᠨ 15.1% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠪᠦᠭᠦ ᠰᠣᠶᠣᠯ᠎ᠤᠨ ᠠᠵᠤ ᠦᠢᠯᠡᠰ᠎ᠦᠨ ᠭᠢ᠎ᠡᠴᠡ ᠵᠠᠭᠤᠨ᠎ᠤ ᠬᠠᠷᠢᠴᠠᠯ᠎ᠢᠶᠡᠷ 6.3 ᠬᠤᠪᠢ ᠲᠦᠷᠬᠡᠨ ᠪᠤᠯᠪᠠ᠃
ᠡᠭᠦᠨ᠎ᠡᠴᠡ ᠭᠠᠳᠠᠨ᠎ᠠ᠂ ᠰᠣᠶᠣᠯ᠎ᠤᠨ ᠠᠵᠤ ᠦᠢᠯᠡᠰ᠎ᠦᠨ ᠰᠤᠳᠤᠯᠤᠨ ᠨᠡᠭᠡᠭᠡᠬᠦ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ 2025 ᠣᠨ᠎ᠳᠤ᠂ ᠬᠡᠪᠴᠢᠶᠡᠵᠢᠯ᠎ᠡᠴᠡ ᠳᠡᠭᠡᠭᠰᠢᠬᠢ ᠰᠣᠶᠣᠯ᠎ᠤᠨ ᠠᠵᠤ ᠠᠬᠤᠢᠯᠠᠯ᠎ᠤᠨ ᠣᠷᠣᠭᠤᠯᠤᠯᠲᠠ᠎ᠶᠢᠨ ᠰᠤᠳᠤᠯᠭᠠᠨ ᠪᠠ ᠲᠤᠷᠰᠢᠯᠲᠠ᠎ᠶᠢᠨ ᠬᠥᠭᠵᠢᠯᠲᠡ (R&D) ᠶ᠋ᠢᠨ ᠵᠠᠷᠤᠳᠠᠯ 1820 ᠳ᠋ᠦᠩᠰᠢᠭᠤᠷ ᠲᠥᠭᠥᠷᠢᠭ᠎ᠲᠦ ᠬᠦᠷᠴᠦ᠂ ᠲᠡᠭᠡᠷ᠎ᠠ ᠵᠢᠯ᠎ᠦᠨ ᠭᠢ᠎ᠡᠴᠡ ᠪᠠᠨ 12.1% ᠪᠡᠷ ᠨᠡᠮᠡᠭᠳᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 29 ᠤ᠋ ᠴᠠᠬᠢᠯᠭᠠᠨ ᠮᠡᠳᠡᠭᠡ)