ᠦᠪᠦᠷ ᠮᠤᠩᠭᠤᠯ᠎ᠤᠨ ᠬᠦᠳᠡᠭᠡ ᠲᠤᠰᠬᠤᠨ᠎ᠤ ᠵᠢᠭᠤᠯᠴᠢᠯᠠᠯ
2026-07-01 10:40:27
ᠵᠣᠬᠢᠶᠠᠭ᠍ᠴᠢ᠄
ᠬᠦᠭᠵᠢᠯᠳᠤ ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

·ᠬᠦᠯ ᠶᠡᠬᠡᠳᠡᠢ ᠬᠤᠳᠠ᠎ᠶᠢᠨ ᠳᠡᠪᠵᠢᠶᠡᠨ ᠡᠴᠡ ᠲᠦᠷ ᠵᠠᠢᠳᠠᠵᠦ᠂ ᠨᠠᠮ ᠰᠡᠯᠡᠬᠦᠬᠡᠨ ᠮᠦᠷᠳᠡᠭᠡᠨ ᠦᠩᠬᠡ ᠦᠵᠡᠮᠵᠢ ᠰᠠᠢᠳᠠᠢ ᠬᠦᠳᠡᠭᠡ ᠨᠤᠲᠤᠭ᠎ᠢᠶᠡᠷ ᠵᠢᠭᠤᠯᠴᠢᠯᠠᠨ ᠰᠡᠯᠡᠬᠦᠴᠡᠵᠦ᠂ ᠮᠠᠯᠵᠢᠬᠤ ᠲᠠᠷᠢᠶᠠᠯᠠᠬᠤ ᠠᠮᠢᠳᠤᠷᠠᠯ᠎ᠳᠦ ᠪᠡᠶᠡᠳᠡᠨ ᠤᠷᠤᠯᠴᠠᠵᠦ᠂ ᠠᠮᠳᠠᠳᠤ ᠢᠳᠡᠭᠡᠨ᠎ᠢ ᠨᠢ ᠠᠮᠳᠠᠯᠠᠨ᠂ ᠨᠤᠲᠤᠭ᠎ᠤᠨ ᠮᠦᠷᠦᠭᠡᠳᠦᠯ ᠪᠢᠯᠬᠠᠭᠤᠯᠬᠤ ᠭᠡᠭᠴᠢ ᠪᠠᠰᠠ ᠨᠢᠭᠡᠨ ᠴᠠᠭ᠎ᠤᠨ ᠵᠢᠷᠭᠠᠯ ᠪᠤᠯᠤᠭᠰᠠᠨ ᠡᠴᠡ ᠬᠤᠳᠠ᠎ᠶᠢᠨ ᠬᠦᠮᠦᠰ ᠬᠦᠳᠡᠭᠡ ᠨᠤᠲᠤᠭ᠎ᠢᠶᠡᠷ ᠵᠢᠭᠤᠯᠴᠢᠯᠠᠬᠤ ᠨᠢ ᠤᠯᠠᠮ ᠡᠴᠡ ᠤᠯᠠᠮ ᠬᠠᠯᠠᠮᠰᠢᠯ ᠪᠤᠯᠵᠦ᠂ ᠰᠤᠶᠤᠯ ᠵᠢᠭᠤᠯᠴᠢᠯᠠᠯ᠎ᠤᠨ ᠦᠢᠯᠡᠰ ᠬᠢᠭᠡᠳ ᠮᠠᠯ ᠠᠵᠤ ᠠᠬᠤᠢ ᠲᠠᠷᠢᠶᠠᠯᠠᠩ᠎ᠤᠨ ᠠᠭᠤᠰᠤᠯᠴᠠᠨ ᠬᠦᠭᠵᠢᠬᠦ᠂ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ᠎ᠳᠦ ᠬᠦᠴᠦ ᠨᠡᠮᠡᠷᠢᠯᠡᠬᠦ ᠦᠢᠯᠡᠳᠦᠯ ᠨᠢ ᠤᠯᠠᠮ ᠪᠠᠳᠠᠷᠠᠩᠭᠤᠢ ᠪᠤᠯᠵᠠᠢ᠃

·ᠤᠳᠤ ᠮᠠᠨ᠎ᠤ ᠤᠷᠤᠨ᠎ᠳᠦ᠂ ᠤᠯᠤᠰ᠎ᠤᠨ ᠳᠡᠰ᠎ᠤᠨ ᠭᠤᠤᠯᠳᠠᠯᠭ᠎ᠠ ᠲᠠᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠲᠤᠰᠬᠤᠨ 36 ᠪᠠᠢᠵᠦ᠂ ᠦᠪᠡᠷᠳᠡᠭᠡᠨ ᠵᠠᠰᠠᠬᠤ ᠤᠷᠤᠨ᠎ᠤ ᠳᠡᠰ᠎ᠤᠨ ᠭᠤᠤᠯᠳᠠᠯᠭ᠎ᠠ ᠲᠠᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠲᠤᠰᠬᠤᠨ 87 ᠪᠠᠢᠨ᠎ᠠ᠃ 2024 ᠣᠨ᠎ᠤ ᠰᠡᠭᠦᠯᠴᠢ ᠪᠣᠯᠲᠠᠯ᠎ᠠ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ ᠡᠴᠡ ᠵᠢᠭᠤᠯᠴᠢᠯᠠᠯ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠡᠵᠡᠩᠨᠡᠭᠴᠢ᠎ᠶ᠋ᠢ 5059 ᠬᠦᠮᠦᠵᠢᠬᠦᠯᠵᠦ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ ᠬᠥᠳᠡᠭᠡ ᠲᠣᠰᠭᠣᠨ᠎ᠤ 15 ᠲᠦᠮᠡᠨ ᠭᠠᠷᠤᠢ ᠬᠦᠮᠦᠨ᠎ᠳᠦ ᠠᠵᠢᠯ ᠣᠯᠭᠣᠵᠦ᠂ 15.77 ᠲᠦᠮᠡᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠪᠡ; 2025 ᠣᠨ᠎ᠳᠤ ᠪᠥᠬᠥ᠌ ᠣᠷᠣᠨ᠎ᠤ ᠵᠢᠭᠤᠯᠴᠢᠯᠠᠯ᠎ᠤᠨ ᠶᠡᠷᠦᠩᠬᠡᠶ ᠣᠷᠣᠯᠭ᠎ᠠ 4500 ᠳ᠋ᠦᠩᠱᠢᠭᠤᠷ ᠲᠥᠭᠥᠷᠢᠭ᠎ᠢ ᠳᠠᠪᠠᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠠᠳᠠᠯᠢ ᠬᠤᠭᠤᠴᠠᠭᠠᠨ᠎ᠤ᠎ᠬᠢ᠎ᠡᠴᠡ 5.8% ᠪᠡᠷ ᠨᠡᠮᠡᠭ᠌ᠳᠡᠵᠠᠢ᠃

·ᠡᠨᠡ ᠵᠢᠯ᠎ᠤ᠋ᠨ ᠲᠥᠪ ᠤ᠋ᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳ᠋ᠤ᠌ ᠬᠥᠳᠡᠭᠡ ᠲᠣᠰᠭᠣᠨ ᠢ᠋ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠳ᠋ᠤ᠌ ᠲᠣᠳᠣᠷᠬᠠᠶ ᠦᠶ᠋ᠯᠡᠳᠦᠯᠭᠡ ᠢ᠋ᠢᠨ ᠵᠢᠷᠤᠭ ᠲᠥᠰᠦᠪ ᠢ᠋ ᠵᠢᠷᠤᠭ᠍ᠯᠠᠨ ᠦᠭᠴᠡᠢ᠃ 《ᠰᠣᠶᠣᠯ ᠵᠢᠭᠤᠯᠴᠢᠯᠠᠯ ᠲᠠᠷᠢᠶᠠᠯᠠᠨᠭ᠌ ᠤ᠋ᠨ ᠠᠭᠤᠰᠤᠯᠴᠠᠯ ᠢ᠋ ᠭᠦᠨᠵᠡᠭᠡᠢᠷᠡᠭᠦᠯᠵᠦ᠍᠂ ᠬᠥᠳᠡᠭᠡ ᠲᠣᠰᠭᠣᠨ᠎ᠤ ᠵᠢᠭᠤᠯᠴᠢᠯᠠᠯ ᠤ᠋ᠨ ᠳᠡᠰ ᠳᠡᠪᠱᠢᠬᠦ᠌᠎ᠶ᠋ᠢ ᠠᠬᠢᠭᠤᠯᠵᠤ᠂ 〈ᠠᠪᠰᠠᠷ ᠮᠥᠷᠲᠡᠭᠡᠨ ᠭᠤᠢᠳᠡ 〉 ᠰᠣᠶᠣᠯ ᠵᠢᠭᠤᠯᠴᠢᠯᠠᠯ ᠤ᠋ᠨ ᠡᠵᠡᠩᠨᠡᠯᠲᠡ ᠢ᠋ᠢᠨ ᠬᠡᠯᠪᠡᠷᠢ᠎ᠶ᠋ᠢ ᠬᠥᠭ᠌ᠵᠢᠭᠦᠯᠦᠨ᠎ᠡ》 ᠂ 《ᠬᠥᠳᠡᠭᠡ ᠲᠣᠰᠭᠣᠨ᠎ᠤ  ᠬᠡᠷᠡᠭ᠌ᠯᠡᠭᠡ᠎ᠶ᠋ᠢ ᠥᠷᠭᠡᠳᠭᠡᠨ ᠲᠠᠰ ᠳᠡᠪᠱᠢᠭᠦᠯᠬᠦ᠌᠎ᠶ᠋ᠢ ᠳᠡᠮᠵᠢᠵᠦ᠍ ᠂ ᠰᠠᠭᠤᠷᠢ ᠲᠦᠬᠦᠬᠡᠷᠤᠮᠵᠢ ᠪᠠ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠦᠨ᠂ ᠬᠡᠷᠡᠭ᠌ᠯᠡᠭᠡ ᠢ᠋ᠢᠨ ᠱᠢᠨ᠎ᠡ ᠡᠵᠡᠩᠨᠡᠯᠲᠡ ᠢ᠋ᠢᠨ ᠬᠡᠯᠪᠡᠷᠢ ᠱᠢᠨ᠎ᠡ ᠵᠠᠭ᠍ᠪᠤᠷ ᠱᠢᠨ᠎ᠡ ᠠᠬᠤᠶ ᠪᠠᠢᠳᠠᠯ ᠢ᠋ ᠪᠤᠢ ᠪᠤᠯᠭᠠᠨ᠎ᠡ 》 ᠬᠡᠵᠤ ᠬᠦᠳᠡᠭᠡ ᠲᠤᠰᠬᠤᠨ᠎ᠤ ᠰᠤᠶᠤᠯ ᠵᠢᠭᠤᠯᠴᠢᠯᠠᠯ᠎ᠤᠨ ᠴᠢᠨᠡᠷ ᠰᠠᠢᠳᠠᠢ ᠬᠦᠭᠵᠢᠯᠳᠡ᠎ᠳᠤ ᠰᠢᠨ᠎ᠠ ᠱᠠᠭᠠᠷᠳᠠᠯᠭ᠎ᠠ ᠲᠤᠷᠠᠳᠪᠠ᠃

ᠬᠦᠬᠡᠷᠡᠨ ᠤᠨᠢᠶᠠᠷᠳᠤᠬᠤ ᠲᠠᠯᠠᠨ ᠬᠠᠷ᠎ᠠ ᠠᠭᠤᠯᠠ ᠵᠢᠨ ᠡᠡᠭᠭᠡᠷ ᠲᠡᠬᠢ ᠰᠦᠯᠵᠢᠶᠡᠨ᠎ᠤ ᠬᠠᠯᠠᠮᠰᠢᠯ ᠲᠤᠰᠬᠤᠨ ᠡᠴᠡ ᠤᠯᠠᠭᠠᠨᠴᠠᠪ᠎ᠤᠨ ᠭᠠᠯᠳᠤ ᠠᠭᠤᠯᠠ ᠵᠢᠨ ᠬᠤᠷᠮᠤᠢ᠎ᠳᠡᠬᠢ ᠠᠷᠠᠳ᠎ᠤᠨ ᠰᠠᠭᠤᠴᠠ  ᠬᠦᠷᠳᠡᠯ᠎ᠠ᠂  ᠡᠷᠬᠦᠨ᠎ᠠ ᠭᠤᠤᠯ᠎ᠤᠨ ᠬᠥᠪᠡᠭᠡᠨ᠎ᠳᠡᠬᠢ ᠵᠠᠭᠤᠨ ᠵᠢᠯ᠎ᠦᠨ ᠲᠡᠤᠭᠡ ᠲᠠᠢ ᠮᠣᠳᠣᠨ ᠪᠠᠢᠰᠢᠩ᠎ᠡᠴᠡ ᠶᠡᠬᠡ ᠬᠢᠩᠭᠠᠨ ᠳᠠᠪᠠᠭ᠎ᠠ᠎ᠶ᠋ᠢᠨ ᠭᠦᠨ᠎ᠳᠡᠬᠢ ᠠᠩᠴᠢᠳ᠎ᠤᠨ ᠠᠢᠯ ᠲᠣᠰᠭᠣᠨ ᠬᠦᠷᠲᠡᠯ᠎ᠡ᠂ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠵᠢᠭᠤᠯᠴᠢᠯᠠᠯ᠎ᠨᠢ 《ᠮᠠᠯᠴᠢᠨ ᠲᠠᠷᠢᠶᠠᠴᠢᠨ᠎ᠤ ᠵᠢᠭᠤᠯᠴᠢᠯᠠᠯ᠎ᠤᠨ ᠭᠠᠵᠠᠷ ᠬᠣᠭᠣᠯᠠ ᠢᠳᠡᠵᠦ᠍᠂ ᠲᠡᠭᠦᠵᠦ᠍ ᠲᠣᠭᠣᠷᠢᠨ ᠦᠵᠡᠬᠦ᠌ 》 ᠲᠦᠬᠦᠮᠭᠡᠨ ᠵᠠᠭ᠍ᠪᠤᠷ᠎ᠠᠴᠠ ᠪᠡᠨ ᠠᠯᠢ ᠡᠷᠲᠡ ᠲᠡᠰ ᠲᠡᠪᠰᠢᠵᠤ ᠨᠡᠡᠭ ᠬᠦᠨᠵᠡᠭᠡᠢ ᠪᠠᠶᠠᠴᠢᠯᠡᠨ ᠦᠢᠯᠡᠭᠠᠯᠳᠠ ᠵᠦᠭ ᠬᠦᠭᠵᠢᠵᠤ ᠪᠢᠯᠡ᠃ ᠦᠪᠤᠷ ᠮᠤᠡᠭᠭᠤᠯ᠎ᠤᠨ ᠦᠪᠡᠷᠮᠢᠴᠡ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡ ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠠᠮᠢ ᠠᠬᠤᠶ᠎ᠪᠠᠷ ᠰᠠᠭᠤᠷᠢ ᠪᠣᠯᠭᠠᠵᠤ᠂ ᠰᠣᠶᠣᠯ᠎ᠢᠶᠠᠷ ᠴᠥᠮ᠎ᠡ ᠪᠣᠯᠭᠠᠵᠤ᠂ ᠵᠠᠯᠠᠭᠤ ᠴᠢᠳᠠᠪᠤᠷᠢᠲᠠᠨ᠎ᠢᠶᠠᠷ ᠬᠥᠳᠡᠯᠭᠡᠭᠦᠷ ᠪᠣᠯᠭᠠᠬᠰᠠᠨ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠪᠡᠶᠡᠴᠢ ᠣᠢᠯᠠᠭᠠᠯᠲᠠ᠎ᠶ᠋ᠢ ᠪᠥᠬᠥ᠌ ᠲᠠᠯ᠎ᠠ᠎ᠪᠠᠷ ᠲᠠᠰ ᠳᠡᠪᠱᠢᠭᠦᠯᠵᠤ᠂ ᠡᠵᠡᠩᠨᠡᠯᠲᠡ᠎ᠶ᠋ᠢᠨ ᠬᠡᠯᠪᠡᠷᠢ ᠵᠢ ᠬᠤᠪᠢᠷᠠᠭᠤᠯᠤᠨ᠂ ᠨᠢᠭᠡ ᠬᠤᠶᠠᠳᠤᠭᠠᠷ ᠠᠵᠤ ᠦᠢᠯᠡᠰ᠎ᠢ  ᠭᠤᠷᠪᠠᠳᠤᠭᠠᠷ ᠠᠵᠤ  ᠦᠶ᠋ᠯᠡᠰ   ᠲᠠᠢ  ᠭᠦᠨᠵᠡᠭᠡᠶ ᠠᠭᠤᠰᠤᠯᠴᠠᠭᠤᠯᠬᠤ ᠴᠢᠨᠠᠷ ᠰᠠᠢᠳᠠᠢ ᠬᠦᠭᠵᠢᠯᠳᠡ᠎ᠶᠢᠨ ᠵᠠᠭᠪᠤᠷ᠎ᠢ  ᠡᠷᠴᠢᠮᠵᠢᠬᠦᠯᠦᠨ ᠬᠢᠵᠦ  ᠪᠠᠢᠨ᠎ᠠ᠃


ᠪᠡᠶᠡᠴᠢᠯᠡᠨ ᠦᠢᠯᠠᠭᠠᠯᠳᠠ ᠲᠡᠰ ᠲᠡᠪᠰᠢᠪᠠ

《ᠡᠮᠤᠨ᠎ᠠ ᠬᠡᠳᠤᠨ ᠵᠢᠯ ᠵᠢᠭᠤᠯᠴᠢᠯᠠᠬᠰᠠᠳ ᠢᠷᠡᠪᠡᠯ᠂ ᠬᠠᠭᠠᠰ ᠴᠠᠭ ᠤᠰᠤᠨ᠎ᠤ ᠦᠵᠡᠮᠵᠢ᠎ᠶ᠋ᠢ ᠰᠣᠨᠢᠷᠬᠠᠵᠤ᠂ ᠲᠠᠷᠢᠶᠠᠴᠢᠨ ᠠᠢᠯ᠎ᠳᠤ ᠨᠢᠭᠡ ᠡᠷᠢᠨ᠎ᠤ ᠬᠤᠭᠤᠯᠠ ᠢᠳᠡᠪᠡᠯ ᠪᠤᠴᠠᠳᠠᠭ ᠪᠠᠢᠬᠰᠠᠨ᠃ ᠤᠳᠤ ᠲᠣᠰᠭᠣᠨ᠎ᠤ ᠡᠯ᠎ᠠ ᠵᠦᠢᠯ᠎ᠤᠨ ᠵᠤᠭ᠎ᠠ ᠴᠡᠡᠭᠭᠡᠬᠦᠨ᠎ᠤ ᠲᠤᠨᠤᠭ ᠲᠦᠬᠦᠭᠡᠷᠤᠮᠵᠢ ᠢᠵᠢ ᠪᠦᠷᠢᠳᠴᠦ᠂ ᠦᠢᠯᠡᠴᠢᠯᠡᠭᠡ ᠲᠡᠰ ᠲᠡᠪᠰᠢᠬᠦ ᠵᠢ ᠲᠠᠭᠠᠯᠳᠤᠨ᠂ ᠵᠢᠭᠤᠯᠴᠢᠯᠠᠬᠰᠠᠳ ᠲᠤᠰᠬᠤᠨ᠎ᠤ ᠠᠷᠠᠳ᠎ᠢ ᠲᠠᠭᠠᠵᠤ ᠣᠩᠭᠣᠴᠠ ᠰᠡᠯᠢᠨ᠂ ᠴᠠᠭᠠᠨ ᠢᠳᠡᠭᠡᠨ ᠬᠢᠬᠦ᠎ᠳᠤ ᠪᠡᠶᠡᠴᠢᠯᠡᠨ ᠤᠷᠤᠯᠴᠠᠬᠤ ᠵᠢᠨ ᠲᠠᠭᠠᠤ ᠪᠠᠰᠠ ᠤᠯᠠᠭᠠᠨᠮᠥ᠋ᠴᠢᠷ᠎ᠦᠨ ᠲᠤᠰᠭᠠᠢ ᠲᠣᠭ᠍ᠯᠠᠯᠲᠠ᠎ᠶ᠋ᠢ ᠰᠤᠨᠢᠷᠬᠠᠵᠤ᠂ ᠤᠰᠤᠨ ᠲᠡᠭᠡᠷᠡᠬᠢ ᠴᠡᠡᠭᠭᠡᠯ᠎ᠤᠨ ᠤᠷᠳᠤᠨ᠎ᠳᠤ ᠬᠠᠨᠤᠳᠠᠯ᠎ᠠ ᠪᠡᠨ ᠨᠠᠭᠠᠳᠴᠤ᠂ ᠲᠠᠷᠢᠶᠠᠴᠢᠨ ᠠᠢᠯ᠎ᠳᠤ ᠬᠤᠨᠤᠭ ᠪᠠᠷᠢᠭᠠᠳ ᠪᠤᠴᠠᠳᠠᠭ ᠪᠤᠯᠤᠬᠰᠠᠨ》 ᠭᠡᠵᠦ᠍ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠤᠪᠤᠭ᠎ᠠ ᠲᠣᠰᠭᠣᠨ᠎ᠤ ᠨᠠᠮ᠎ᠤᠨ ᠡᠭᠦᠷ᠎ᠦᠨ ᠱᠦᠵᠢ ᠯᠢ ᠾᠸᠡᠭ ᠪᠢᠶᠤᠤ ᠬᠥᠳᠡᠭᠡ ᠲᠣᠰᠭᠣᠨ᠎ᠤ ᠵᠢᠭᠤᠯᠴᠢᠯᠠᠯ᠎ᠤᠨ ᠬᠤᠪᠢᠷᠡᠯᠳᠡ ᠬᠦᠭᠵᠢᠯᠳᠡ ᠵᠢᠨ ᠲᠤᠬᠠᠢ ᠰᠡᠳᠬᠢᠭᠳᠡᠯ ᠵᠢᠡᠨ ᠶᠠᠷᠢᠨ᠎ᠠ᠃ ᠣᠪᠣᠭ᠎ᠠ ᠲᠣᠰᠭᠣᠨ᠎ᠤ ᠵᠢᠭᠤᠯᠴᠢᠯᠠᠯ᠎ᠤᠨ ᠡᠵᠡᠡᠭᠨᠡᠯᠳᠡ ᠵᠢᠨ ᠬᠡᠯᠪᠡᠷᠢ᠎ᠪᠡᠨ ᠬᠤᠪᠢᠷᠠᠭᠤᠯᠤᠭ᠍ᠰᠠᠨ ᠵᠠᠮ ᠪᠣᠯ ᠶᠠᠭ ᠥᠪᠥᠷ ᠮᠣᠩᠭᠣᠯ᠎ᠤᠨ ᠪᠥᠬᠥ᠌ ᠣᠷᠣᠨ ᠪᠦᠰᠡ᠎ᠶ᠋ᠢᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠪᠡᠶᠡᠴᠢᠯᠡᠨ ᠣᠢᠯᠠᠭᠠᠯᠲᠠ ᠲᠠᠰ ᠳᠡᠪᠱᠢᠭ᠌ᠰᠡᠨ᠎ᠦ ᠬᠤᠷᠢᠶᠠᠩᠭᠤᠶ ᠳᠦᠷᠰᠦ ᠬᠡᠵᠤ ᠬᠡᠯᠡᠵᠤ ᠪᠤᠯᠤᠨ᠎ᠠ᠃


QQ20260701-103907.png


         ᠴᠡᠯᠡᠭᠡᠷ ᠲᠠᠯ᠎ᠠ ᠵᠢᠨ ᠦᠵᠡᠮᠵᠢ


ᠦᠡᠭᠭᠡᠷᠡᠭᠰᠡᠨ᠎ᠳᠤ ᠤᠪᠤᠭ᠎ᠠ ᠲᠣᠰᠭᠣᠨ᠎ᠤ ᠬᠦᠷᠦᠰᠦ ᠱᠢᠷᠣᠢ ᠲᠠᠴᠢᠷ ᠨᠢᠮᠭᠡᠨ᠂ ᠠᠮᠢ ᠠᠬᠤᠢ᠎ᠶᠢᠨ ᠰᠠᠭᠤᠷᠢ ᠠᠨᠠᠢ ᠪᠠᠢᠭᠰᠠᠨ ᠡᠴᠡ ᠲᠣᠰᠭᠣᠨ᠎ᠤ ᠠᠷᠠᠳ  ᠵᠢᠯ ᠲᠤᠷᠰᠢ ᠭᠠᠳᠠᠭ᠍ᠰᠢ ᠬᠦᠯᠤᠰᠤᠨ ᠠᠵᠢᠯ ᠬᠢᠭᠰᠡᠨ ᠴᠸ᠋ ᠠᠵᠤ ᠠᠮᠢᠳᠤᠷᠠᠯ᠎ᠢᠶᠡᠨ ᠦᠬᠡᠳᠡ ᠳᠠᠳᠠᠵᠦ ᠴᠢᠳᠠᠬᠤ ᠦᠬᠡᠢ ᠪᠠᠢᠪᠠ᠃ ᠤᠷᠴᠢᠮ᠎ᠤᠨ ᠵᠢᠯ᠎ᠳᠤ ᠳᠠᠯᠠᠨ ᠬᠠᠷ᠎ᠠ ᠠᠭᠤᠯᠠ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠲᠦᠷᠦ᠎ᠶᠢᠨ ᠪᠤᠳᠤᠯᠭ᠎ᠠ᠎ᠳᠦ ᠲᠦᠱᠢᠭ᠌ᠯᠡᠨ᠂ ᠤᠪᠤᠭ᠎ᠠ ᠲᠣᠰᠭᠣᠨ᠎ᠤ ᠬᠠᠮᠲᠤ᠎ᠨᠠᠢᠳᠠ ᠨᠢ ᠤᠷᠢᠳ ᠵᠢᠡᠷ ᠲᠠᠷᠢᠶᠠᠯᠠᠬᠤ᠎ᠶ᠋ᠢ ᠵᠣᠭ᠍ᠰᠣᠭᠠᠵᠤ ᠣᠶ ᠮᠣᠳᠣ ᠳᠠᠷᠢᠵᠤ᠂ ᠤᠰᠤᠨ ᠱᠢᠰᠲ᠋ᠧᠮ᠎ᠢ ᠴᠡᠭ᠌ᠴᠡᠯᠡᠨ ᠵᠠᠰᠠᠵᠤ᠂ ᠠᠲᠠᠷᠰᠢᠬᠰᠠᠨ ᠲᠠᠩ ᠭᠠᠵᠠᠷ᠎ᠢ ᠠᠮᠢ ᠠᠬᠤᠶ᠎ᠶ᠋ᠢᠨ ᠦᠵᠡᠮᠵᠢ᠎ᠶ᠋ᠢᠨ ᠪᠦᠰᠡ ᠪᠣᠯᠭᠠᠨ ᠥᠭᠡᠷᠡᠴᠢᠯᠡᠵᠦ᠍᠂ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠠᠮᠢ ᠠᠬᠤᠶ᠎ᠶ᠋ᠢᠨ ᠰᠠᠭᠤᠷᠢ᠎ᠶ᠋ᠢ ᠪᠡᠬᠢᠵᠢᠭᠦᠯᠵᠠᠢ᠃ ᠡᠨᠡ ᠬᠦ᠌ ᠰᠠᠭᠤᠷᠢᠨ ᠳᠡᠭᠡᠷ᠎ᠡ ᠲᠣᠰᠭᠣᠨ᠎ᠤ ᠬᠢᠨ ᠳ᠋ᠠᠩ ᠭᠠᠭ᠍ᠴᠠ ᠢᠳᠡᠭᠡᠨ ᠤᠮᠳᠠᠭᠠᠨ᠎ᠤ ᠡᠵᠡᠩᠨᠡᠯᠲᠡ᠎ᠶ᠋ᠢᠨ ᠬᠡᠯᠪᠡᠷᠢ᠎ᠶ᠋ᠢ ᠲᠠᠶᠠᠭ᠍ᠳᠠᠵᠤ᠂ ᠡᠳᠤᠷ ᠨᠢ ᠴᠠᠭᠠᠨ ᠢᠳᠡᠭᠡᠨ ᠬᠢᠬᠦ᠎ᠵᠢ ᠪᠠᠶᠠᠴᠢᠯᠠᠨ ᠦᠢᠯᠠᠭᠠᠬᠤ ᠡᠴᠡ ᠦᠨᠳᠤᠰᠤᠳᠡᠨ᠎ᠤ ᠬᠤᠪᠴᠠᠰᠤ ᠵᠠᠰᠠᠯ᠎ᠢ ᠡᠮᠤᠰᠴᠤ ᠵᠢᠷᠤᠭ ᠰᠡᠬᠦᠳᠡᠷ ᠲᠡᠳᠡᠭᠤᠯᠬᠤ᠂ ᠣᠩᠭᠣᠴᠠ ᠰᠡᠯᠢᠬᠦ ᠪᠤᠶᠤ ᠲᠠᠷᠢᠶᠠᠴᠢᠨ ᠠᠢᠯ᠎ᠳᠤ ᠬᠦᠷᠴᠤ ᠵᠢᠮᠢᠰ ᠨᠤᠭᠤᠭ᠎ᠠ ᠲᠡᠬᠦᠨ᠎ᠠ; ᠦᠳᠡᠰᠢ ᠨᠢ ᠪᠣᠳᠠᠲᠤ ᠦᠵᠡᠭᠳᠡᠯᠳᠤ ᠵᠠᠩ ᠦᠢᠯᠡ᠎ᠶ᠋ᠢᠨ ᠲᠣᠭ᠍ᠯᠠᠯᠲᠠ᠂ ᠲᠦᠳᠡᠭ ᠭᠠᠯ᠎ᠤᠨ ᠦᠳᠡᠱᠢᠯᠡᠭᠡ ᠰᠤᠨᠢᠷᠬᠠᠵᠤ ᠪᠤᠯᠬᠤ ᠡᠴᠡ ᠭᠠᠳᠠᠨ᠎ᠠ ᠠᠷᠠᠳ᠎ᠤᠨ ᠰᠠᠭᠤᠴᠠ᠎ᠳ᠋ᠤ ᠬᠤᠨᠤᠬᠯᠠᠵᠤ ᠤᠳᠤᠳ ᠰᠤᠨᠢᠷᠬᠠᠬᠤ ᠪᠦᠷᠢᠨ ᠪᠦᠳᠦᠨ ᠡᠵᠡᠩᠨᠡᠯᠳᠡ᠎ᠶᠢᠨ ᠰᠢᠰᠲ᠋ᠧᠮ᠎ᠢ ᠪᠦᠷᠢᠳᠦᠬᠦᠯᠵᠡᠢ᠃ ᠡᠪᠤᠯ ᠵᠤᠨ᠎ᠤ ᠠᠮᠠᠷᠠᠯᠳᠠ ᠪᠡᠷ ᠳᠤᠮᠳᠠᠳᠤ ᠪᠠᠭ᠎ᠠ ᠰᠤᠷᠭᠠᠭᠤᠯᠢ᠎ᠲᠠᠶ ᠬᠠᠮᠲᠤᠷᠠᠨ ᠲᠠᠯ᠎ᠠ ᠨᠤᠲᠤᠭ᠎ᠤᠨ ᠰᠤᠳᠤᠯᠤᠨ ᠰᠤᠷᠤᠯᠴᠠᠬᠤ ᠬᠢᠴᠢᠶᠡᠯ ᠭᠠᠷᠭᠠᠨ᠂ 1 ᠡᠳᠦᠷ᠂ 2 ᠡᠳᠦᠷ᠂ ᠣᠯᠠᠨ ᠡᠳᠦᠷ᠎ᠦᠨ ᠵᠢᠭᠤᠯᠴᠢᠯᠠᠯ᠎ᠤᠨ ᠦᠶ᠋ᠯᠡᠳᠬᠦᠨ᠎ᠦ ᠱᠢᠰᠲ᠋ᠧᠮ᠎ᠢ ᠪᠥᠷᠬᠥᠭᠦᠯᠪᠡ᠃


QQ20260701-103916.png

        

 ᠤᠪᠤᠭ᠎ᠠ  ᠲᠤᠰᠬᠤᠨ ᠎ᠤ ᠦᠵᠡᠮᠵᠢ 


ᠮᠤᠷᠢᠨ ᠲᠤᠪᠳᠤᠯᠤᠭ᠎ᠠ ᠪᠡᠷ ᠴᠡᠴᠡᠭ ᠰᠤᠨᠢᠷᠬᠠᠭᠤᠯᠬᠤ ᠨᠢ ᠵᠢᠭᠤᠯᠴᠢᠯᠠᠬᠰᠠᠳ᠎ᠤᠨ ᠬᠠᠷᠠᠯᠳᠠ ᠵᠤᠷᠢᠯᠳᠠ᠎ᠳᠦ ᠬᠦᠷᠴᠦ ᠴᠢᠳᠠᠬᠤ ᠦᠬᠡᠢ᠂  ᠬᠠᠷᠢᠨ ᠪᠦᠬᠦ᠌ ᠤᠷᠤᠨ ᠪᠦᠰᠡ ᠵᠢᠨ ᠰᠤᠳᠤᠯᠤᠨ ᠰᠤᠷᠤᠯᠴᠠᠬᠤ᠂ ᠠᠮᠢ ᠠᠬᠤᠢ᠎ᠶ᠋ᠢᠨ ᠭᠦᠨᠵᠡᠭᠡᠢ ᠣᠢᠯᠠᠭᠠᠯᠲᠠ ᠵᠢ ᠠᠬᠢᠭᠤᠯᠬᠤ ᠨᠢ ᠡᠯ᠎ᠡ ᠭᠠᠵᠠᠷ᠎ᠤᠨ ᠵᠢᠭᠤᠯᠴᠢᠯᠠᠬᠰᠠᠳ᠎ᠤᠨ ᠪᠠᠬ᠎ᠠ᠎ᠵᠢ ᠳᠠᠳᠠᠬᠤ ᠬᠠᠮᠲᠤ᠎ᠶ᠋ᠢᠨ ᠲᠠᠨᠢᠯᠲᠠ ᠪᠣᠯᠪᠠ᠃ ᠦᠬᠠᠢ ᠬᠤᠳᠠ᠎ᠶ᠋ᠢᠨ ᠰᠠᠢᠬᠠᠨ ᠤᠰᠤ ᠲᠣᠰᠭᠣᠨ᠎ᠤ ᠨᠠᠮ᠎ᠤᠨ ᠡᠬᠦᠷ᠎ᠤᠨ ᠱᠦᠵᠢ ᠵᠠᠩ ᠲᠢᠩ ᠄《ᠥᠩᠭᠡᠷᠡᠭ᠌ᠰᠡᠨ᠎ᠳᠦ ᠵᠢᠭᠤᠯᠴᠢᠯᠠᠬᠰᠠᠳ ᠦᠵᠦᠮ ᠲᠡᠭᠦᠵᠦ᠍᠂ ᠬᠠᠳᠤᠨ ᠭᠣᠣᠯ᠎ᠤᠨ ᠦᠵᠡᠮᠵᠢ᠎ᠵᠢ ᠰᠤᠨᠢᠷᠬᠠᠵᠤ ᠪᠠᠷᠠᠪᠠᠯ ᠪᠤᠴᠠᠴᠢᠬᠠᠳᠠᠭ ᠪᠠᠢᠭᠰᠠᠨ᠂ ᠬᠡᠷᠡᠭ᠌ᠯᠡᠭᠡ ᠬᠢᠬᠦ ᠴᠠᠭ ᠪᠠᠷᠤᠭ ᠪᠠᠢᠳᠠᠭ ᠦᠬᠡᠢ 》 ᠬᠡᠵᠤ  ᠬᠦᠳᠡᠭᠡ ᠲᠤᠰᠬᠤᠨ᠎ᠤ ᠵᠢᠭᠤᠯᠴᠢᠯᠠᠯ᠎ᠤ᠋ᠨ ᠬᠦᠴᠢᠷ ᠠᠰᠠᠭᠤᠳᠠᠯ᠎ᠢ ᠶᠠᠷᠢᠵᠤ ᠪᠠᠢᠯ᠎ᠠ᠃ ᠬᠠᠳᠤᠨ ᠭᠣᠣᠯ ᠥᠪᠥᠷ ᠮᠣᠩᠭᠣᠯ᠎ᠳᠤ ᠤᠷᠤᠰᠤᠨ ᠣᠷᠣᠬᠤ ᠠᠩᠬᠠᠨ᠎ᠤ ᠦᠷᠳᠡᠬᠡ ᠵᠢᠨ ᠭᠠᠵᠠᠷ ᠵᠦᠢ ᠵᠢᠨ ᠲᠠᠪᠠᠭᠤᠯᠢᠬ᠂ ᠴᠡᠷᠢᠭ᠎ᠦᠨ ᠠᠵᠤ ᠦᠢᠯᠡᠳᠪᠦᠷᠢ᠎ᠶ᠋ᠢᠨ ᠬᠠᠭᠤᠴᠢᠨ ᠪᠠᠭᠤᠷᠢ᠂ ᠲᠦᠮᠡᠨ ᠮᠦ᠍ ᠦᠵᠦᠮ᠎ᠦᠨ ᠲᠠᠷᠢᠶ᠎ᠠ ᠵᠡᠷᠭᠡ ᠭᠤᠷᠪᠠᠨ ᠲᠤᠮᠤ ᠡᠬᠢ ᠪᠠᠶᠠᠯᠢᠭ ᠲᠠᠭᠠᠨ ᠲᠦᠱᠢᠭ᠌ᠯᠡᠨ᠂ ᠰᠠᠢᠬᠠᠨ ᠤᠰᠤ ᠲᠣᠰᠭᠣᠨ ᠬᠥᠳᠡᠭᠡ ᠲᠣᠰᠭᠣᠨ᠎ᠤ ᠰᠤᠳᠤᠯᠤᠨ ᠰᠤᠷᠤᠯᠴᠠᠬᠤ ᠰᠠᠭᠤᠷᠢᠨ᠎ᠪᠠᠢᠭᠤᠯᠵᠤ ᠂ ᠲᠠᠷᠢᠶᠠᠯᠠᠬᠤ ᠦᠢᠯᠡᠳᠦᠯᠭᠡ᠂ ᠴᠡᠷᠢᠭ᠎ᠦᠨ ᠠᠵᠤ ᠦᠢᠯᠡᠳᠪᠦᠷᠢ ᠪᠡᠷ ᠲᠤᠭᠤᠷᠢᠨ ᠦᠵᠡᠬᠦ ᠂ ᠬᠠᠳᠤᠨ ᠭᠣᠣᠯ᠎ᠤᠨ ᠠᠮᠢ ᠠᠬᠤᠢ᠎ᠶ᠋ᠢᠨ ᠠᠵᠢᠭ᠍ᠯᠠᠯᠲᠠ ᠵᠡᠷᠭᠡ ᠭᠤᠷᠪᠠ᠎ᠶ᠋ᠢ ᠨᠢᠭᠡ ᠴᠤᠬ᠍ᠴᠠᠵᠢᠭᠤᠯᠤᠬ᠍ᠰᠠᠨ ᠬᠢᠴᠢᠶᠡᠯ ᠭᠠᠷᠭᠠᠵᠤ᠂  ᠲᠣᠰᠭᠣᠨ᠎ᠤ ᠳᠣᠲᠣᠷᠠᠬᠢ ᠲᠠᠷᠢᠶᠠᠴᠢᠨ ᠠᠢᠯ᠎ᠤᠨ ᠵᠢᠭᠤᠯᠴᠢᠯᠠᠯ᠂ ᠵᠢᠮᠢᠰ ᠲᠡᠭᠦᠬᠦ᠌ ᠬᠦᠷᠢᠶᠡᠯᠡᠩ᠂ ᠰᠣᠶᠣᠯ ᠎ᠤᠨ ᠪᠦᠳᠤᠭᠡᠯᠴᠢ ᠦᠢᠯᠡᠳᠬᠦᠨ᠎ᠤ ᠬᠤᠳᠠᠯᠳᠤᠭᠠᠨ᠎ᠤ ᠭᠠᠵᠠᠷ᠎ᠤᠨ ᠣᠷᠣᠯᠭ᠎ᠠ ᠨᠢ  ᠠᠳᠠᠯᠢ ᠬᠤᠭᠤᠴᠠᠭᠠᠨ᠎ᠤ ᠬᠢ᠎ᠡᠴᠡ 18%  ᠪᠡᠷ  ᠨᠡᠮᠡᠭᠳᠡᠪᠡ᠃

ᠪᠡᠶᠡᠴᠢᠯᠡᠨ ᠦᠢᠯᠠᠭᠠᠯᠳᠠ ᠵᠢ ᠲᠠᠰ ᠳᠡᠪᠱᠢᠭ᠌ᠦᠯᠬᠦ ᠪᠣᠯ ᠲᠠᠷᠢᠶᠠᠯᠠᠩ ᠮᠠᠯ ᠠᠵᠤ ᠠᠬᠤᠶ ᠪᠣᠯᠤᠨ ᠰᠣᠶᠣᠯ ᠵᠢᠭᠤᠯᠴᠢᠯᠠᠯ᠎ᠤᠨ ᠬᠤᠤᠰ ᠴᠢᠭ᠌ᠯᠡᠯ᠎ᠤᠨ ᠬᠦᠭᠵᠢᠯᠳᠡ᠎ᠳᠦ ᠬᠦᠴᠦᠨ ᠨᠡᠮᠡᠷᠢᠯᠡᠬᠦ ᠪᠦᠳᠦᠮᠵᠢᠳᠡᠢ ᠠᠷᠭ᠎ᠠ ᠠᠪᠴᠠᠯ ᠭᠡᠳᠡᠭ᠎ᠢ ᠦᠢᠯᠡᠳᠦᠯᠬᠡ ᠬᠡᠷᠡᠴᠢᠯᠡᠨ᠎ᠠ ᠃ ᠱᠢᠯᠢ᠎ᠶ᠋ᠢᠨ ᠭᠤᠤᠯ ᠠᠢᠮᠠᠭ᠎ᠤᠨ ᠲᠤᠯᠤᠨ ᠨᠤᠤᠷ ᠱᠢᠶᠠᠨ᠎ᠤ ᠳ᠋ᠠ ᠾᠧ ᠺᠸᠤ ᠲᠣᠰᠭᠣᠨ᠎ᠤ ᠠᠷᠠᠳ ᠰᠥᠩ ᠴᠦᠨ ᠮᠢᠩ ᠄ 《 ᠳ᠋ᠠᠩ ᠭᠠᠭ᠍ᠴᠠ ᠦᠵᠡᠮᠵᠢ᠎ᠶ᠋ᠢᠨ ᠣᠷᠣᠨ᠎ᠢ ᠪᠠᠢᠭᠤᠯᠬᠤ᠎ᠨᠢ ᠠᠮᠢᠵᠢᠷᠠᠯ᠎ᠤᠨ ᠬᠦᠴᠦᠨ ᠥᠬᠡᠶ᠂ ᠵᠢᠭᠤᠯᠴᠢᠯᠠᠭ᠍ᠰᠠᠳ᠎ᠢ ᠳᠠᠷᠢᠵᠤ ᠲᠡᠵᠢᠭᠡᠬᠦ᠌ ᠪᠥᠬᠥ᠌ ᠶᠠᠪᠤᠴᠠ᠎ᠳᠤ ᠣᠷᠣᠯᠴᠠᠭᠤᠯᠵᠤ᠂  ᠴᠠᠭᠠᠨ ᠢᠳᠡᠭᠡ ᠬᠢᠯᠭᠡᠬᠦ᠂ ᠬᠤᠨᠢ ᠮᠠᠯ ᠬᠠᠷᠢᠭᠤᠯᠬᠤ ᠵᠢᠴᠢ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠢᠶᠠᠷᠤᠯᠲᠠ ᠬᠠᠮᠠᠭᠠᠯᠠᠯᠲᠠ᠎ᠳᠤ ᠣᠷᠣᠯᠴᠠᠭᠤᠯᠪᠠᠯ ᠰᠠᠶᠢ ᠬᠦᠳᠡᠭᠡ ᠲᠤᠰᠬᠤᠨ᠎ᠤ ᠵᠢᠭᠤᠯᠴᠢᠯᠠᠯ᠎ᠢ  ᠵᠢᠩᠬᠢᠨᠢ ᠡᠳ᠋ᠯᠡᠵᠦ ᠴᠢᠳᠠᠨ᠎ᠠ 》 ᠬᠡᠵᠠᠢ᠃

ᠠᠮᠢ ᠠᠬᠤᠢ᠎ᠶ᠋ᠢ ᠵᠠᠰᠠᠨ ᠰᠡᠷᠭᠦᠭᠡᠵᠦ᠍᠂ ᠤᠯᠠᠨ ᠡᠱᠢᠴᠢᠯᠡᠭ᠌ᠰᠡᠨ ᠡᠵᠡᠩᠨᠡᠯᠲᠡ᠎ᠶ᠋ᠢᠨ ᠬᠡᠯᠪᠡᠷᠢ ᠎ᠶ᠋ᠢ ᠠᠰᠢᠬᠯᠠᠵᠦ᠂ ᠰᠣᠶᠣᠯ᠎ᠤᠨ ᠦᠢᠯᠡᠳᠦᠯᠴᠡᠯ ᠵᠢᠡᠷ ᠬᠦᠴᠦᠨ ᠨᠡᠮᠡᠷᠢᠯᠡᠵᠦ᠍᠂ ᠥᠪᠥᠷ ᠮᠣᠩᠭᠣᠯ ᠎ᠤᠨ ᠬᠥᠳᠡᠭᠡ ᠲᠣᠰᠭᠣᠨ᠎ᠤ ᠵᠢᠭᠤᠯᠴᠢᠯᠠᠯ 《ᠮᠤᠷᠢᠨ ᠲᠤᠪᠳᠤᠯᠤᠭ᠎ᠠ᠎ᠪᠠᠷ ᠴᠡᠴᠡᠭ ᠰᠣᠨᠢᠷᠬᠠᠬᠤ 》  ᠵᠠᠭ᠍ᠪᠤᠷ᠎ᠠᠴᠠ ᠲᠤᠢᠯᠪᠤᠷᠢᠲᠠᠢ ᠠᠶᠠᠷᠯᠠᠵᠤ᠂ ᠬᠦᠳᠡᠭᠡ ᠲᠤᠰᠬᠤᠨ᠎ᠳᠤ ᠬᠦᠨᠵᠡᠭᠡᠢᠷᠡᠨ ᠪᠦᠬᠦ᠌ ᠬᠡᠯᠬᠢᠶ᠎ᠡ᠎ᠪᠡᠷ ᠪᠡᠶᠡᠴᠢᠯᠡᠨ ᠦᠢᠯᠠᠭᠠᠬᠤ ᠵᠢ ᠲᠡᠰ ᠳᠡᠪᠱᠢᠭᠦᠯᠵᠦ᠍᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠤᠷᠳᠤ ᠱᠤᠭᠤᠮ᠎ᠤᠨ ᠵᠢᠭᠤᠯᠴᠢᠯᠠᠬᠰᠠᠳ ᠎ᠢ  ᠲᠠᠳᠠᠨ ᠠᠪᠴᠢᠷᠠᠬᠤ ᠭᠣᠣᠯ ᠦᠷᠢᠰᠦᠯᠳᠦᠬᠦ᠌ ᠬᠦᠴᠦᠨ ᠪᠣᠯᠵᠠᠢ᠃

ᠡᠵᠡᠡᠭᠨᠡᠯᠳᠡ ᠵᠢᠨ ᠬᠡᠯᠪᠡᠷᠢ ᠬᠤᠪᠢᠷᠠᠪᠠ

《 ᠪᠡᠭᠡᠵᠢᠩ᠎ᠡᠴᠡ ᠪᠠᠷᠠᠭᠤᠨᠰᠢ ᠨᠢᠭᠡ ᠦᠷᠳᠡᠭᠡ ᠶᠠᠪᠤᠪᠠᠯ ᠤᠯᠠᠭᠠᠨᠴᠠᠪ ᠪᠤᠢ᠂  ᠡᠨᠳᠡ ᠭᠠᠯᠲᠤ ᠠᠭᠤᠯᠠ᠂ ᠲᠠᠯ᠎ᠠ ᠨᠤᠲᠤᠭ᠂ ᠤᠳᠤᠳᠦ ᠣᠭ᠍ᠲᠠᠷᠭᠤᠢ ᠵᠡᠷᠭᠡ ᠵᠠᠯᠠᠭᠤᠴᠤᠳ᠎ᠤᠨ ᠰᠡᠳᠬᠢᠯ᠎ᠢ ᠳᠠᠳᠠᠭᠰᠠᠨ ᠪᠦᠬᠦᠢᠯᠡ ᠡᠯᠧᠮᠧᠨ᠋ᠲ ᠮᠢᠨᠦ᠍ ᠨᠤᠲᠤᠭ ᠲᠸ᠋ ᠪᠦᠷᠢᠨ ᠪᠠᠢᠨ᠎ᠠ 》 ᠬᠡᠵᠤ ᠤᠯᠠᠭᠠᠨᠴᠠᠪ᠎ᠤᠨ ᠶᠦᠨ ᠳ᠋ᠦᠸᠸ ᠭᠠᠴᠠᠭᠠᠨ᠎ᠤ ᠬᠥᠳᠡᠭᠡ ᠲᠣᠰᠭᠣᠨ᠎ᠤ ᠵᠢᠭᠤᠯᠴᠢᠯᠠᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠲᠠᠨ᠎ᠠ ᠵᠠᠯᠠᠭᠤ ᠦᠢᠯᠡᠰ ᠪᠣᠰᠭᠠᠭ᠍ᠴᠢᠳ᠎ᠤᠨ ᠣᠷᠣᠨ ᠨᠤᠲᠤᠭ ᠎ᠤᠨ ᠰᠣᠶᠣᠯ ᠵᠢᠭᠤᠯᠴᠢᠯᠠᠯ ᠎ᠤᠨ ᠱᠢᠨ᠎ᠡ᠎ᠶ᠋ᠢ ᠡᠭᠦᠳᠬᠦ᠌ ᠰᠡᠳᠭᠢᠴᠡ᠎ᠪᠡᠨ ᠬᠤᠪᠢᠶᠠᠯᠴᠠᠨ᠎ᠠ ᠃


QQ20260701-103927.png


ᠡᠡᠭᠭᠡ ᠰᠢᠶᠠᠡᠭ᠎ᠤᠨ ᠭᠤᠶᠤᠮᠰᠤᠭ ᠦᠵᠡᠮᠵᠢ


ᠨᠤᠲᠤᠭ᠎ᠲᠠᠭᠠᠨ ᠪᠤᠴᠠᠵᠤ ᠦᠢᠯᠡᠰ ᠪᠤᠰᠬᠠᠬᠰᠠᠨ ᠵᠠᠯᠠᠭᠤ ᠨᠢᠭᠡ ᠦᠶ᠎ᠠ ᠵᠢᠨ ᠬᠢᠨ ᠪᠤᠯᠤᠬᠰᠠᠨ᠎ᠤ ᠬᠤᠪᠢ᠎ᠳᠤ᠂ ᠲᠠᠨ᠎ᠠ ᠤᠳᠤᠬᠢ ᠵᠢᠭᠤᠯᠴᠢᠯᠠᠬᠰᠠᠳ᠎ᠤᠨ ᠭᠤᠤ᠎ᠠ ᠰᠠᠢᠬᠠᠨ᠎ᠢ ᠬᠦᠭᠡᠭᠡᠴᠡᠯᠳᠤᠬᠦ ᠰᠡᠳᠬᠢᠴᠡ ᠵᠢ ᠠᠳᠭᠤᠵᠤ᠂ ᠤᠯᠠᠮᠵᠢᠯᠠᠯᠲᠤ ᠲᠠᠯ᠎ᠠ ᠨᠤᠲᠤᠭ᠎ᠤᠨ ᠮᠠᠯᠴᠢᠨ ᠡᠷᠦᠬᠡ ᠵᠢᠨ ᠤᠷᠤᠨ ᠰᠠᠭᠤᠴᠠ ᠵᠢ ᠭᠠᠯᠲᠤ ᠠᠭᠤᠯᠠ᠎ᠶ᠋ᠢᠨ ᠭᠣᠣᠯ ᠰᠡᠳᠦᠪ ᠲᠠᠢ ᠤᠶᠠᠯᠳᠤᠭᠤᠯᠵᠤ᠂ ᠰᠦᠯᠵᠢᠶᠡᠨ ᠬᠠᠯᠠᠮᠰᠢᠯᠳᠤ ᠠᠷᠠᠳ᠎ᠤᠨ ᠰᠠᠭᠤᠴᠠ ᠪᠣᠯᠭᠠᠨ ᠥᠭᠡᠷᠡᠴᠢᠯᠡᠵᠦ᠍᠂ ᠣᠳᠣᠨ ᠮᠡᠴᠢᠳ᠎ᠢ ᠰᠤᠨᠢᠷᠬᠠᠬᠤ ᠵᠢᠨ ᠲᠠᠭᠠᠤ ᠬᠡᠭᠡᠷ᠎ᠡ ᠪᠠᠭᠤᠳᠠᠯᠯᠠᠬᠤ᠂ ᠭᠠᠯᠲᠤ ᠠᠭᠤᠯᠠ ᠠᠪᠠᠷᠢᠬᠤ᠂ ᠲᠠᠯ᠎ᠠ ᠨᠤᠲᠤᠭ᠎ᠤᠨ ᠳᠠᠭᠤᠤ ᠬᠥᠭ᠌ᠵᠢᠮ᠎ᠦᠨ ᠨᠠᠢᠷ᠎ᠵᠢᠴᠢ ᠵᠢᠭᠤᠯᠴᠢᠯᠠᠯ᠎ᠤᠨ ᠵᠢᠷᠤᠭ ᠰᠡᠬᠦᠳᠡᠷ ᠲᠠᠳᠠᠭᠤᠯᠬᠤ ᠵᠡᠷᠭᠡ ᠵᠢ ᠢᠵᠢ ᠪᠦᠷᠢᠳᠦᠭᠦᠯᠦᠨ᠂  ᠪᠦᠬᠦᠢᠯᠡ ᠭᠠᠴᠠᠭᠠᠨ᠎ᠤ 20 ᠭᠠᠷᠤᠢ ᠮᠠᠯᠴᠢᠨ ᠡᠷᠦᠬᠡ᠎ᠵᠢ ᠲᠠᠢᠴᠢᠯᠠᠨ ᠵᠢᠭᠤᠯᠴᠢᠯᠠᠯ᠎ᠤᠨ ᠦᠢᠯᠡᠰ ᠡᠷᠬᠢᠯᠡᠬᠦᠯᠵᠠᠢ᠃

ᠮᠠᠯᠴᠢᠨ ᠲᠦᠮᠤᠰᠤ ᠵᠢᠨ ᠬᠢᠨ ᠶᠠᠭ ᠭᠠᠯᠳᠤ ᠠᠭᠤᠯᠠ ᠵᠢᠨ ᠬᠤᠷᠮᠤᠢ᠎ᠳᠤ ᠰᠠᠭᠤᠷᠢᠰᠢᠵᠤ ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠠᠰᠢᠭ᠎ᠢ ᠰᠢᠭᠤᠳ ᠬᠦᠷᠲᠡᠭ᠌ᠴᠢ ᠵᠢᠨ ᠨᠢᠭᠡᠨ ᠪᠤᠯᠪᠠ᠃ 《ᠥᠩᠭᠡᠷᠡᠭ᠌ᠰᠡᠨ᠎ᠳᠦ ᠮᠠᠨ᠎ᠤ ᠬᠢᠨ ᠵᠦᠪᠭᠡᠨ ᠦᠬᠡᠷ ᠬᠣᠨᠢ ᠪᠡᠨ ᠮᠠᠯᠵᠢᠵᠤ᠂ ᠵᠢᠯ᠎ᠦᠨ ᠣᠷᠣᠯᠭ᠎ᠠ 8 ᠲᠦᠮᠡᠨ ᠲᠥᠭᠥᠷᠢᠭ ᠬᠦᠷᠴᠤ ᠪᠠᠢᠬᠰᠠᠨ ᠪᠤᠯ ᠣᠲᠣ ᠰᠠᠨᠰᠠᠷ᠎ᠤᠨ ᠬᠤᠪᠴᠠᠰᠤ ᠲᠦᠷᠢᠶᠡᠰᠦᠯᠡᠬᠦᠯᠬᠦ᠂ ᠵᠢᠭᠤᠯᠴᠢᠯᠠᠬᠰᠠᠳ ᠲᠸ᠋ ᠬᠤᠷᠠᠭ᠎ᠠ ᠪᠡᠨ ᠲᠦᠷᠢᠶᠡᠰᠤᠯᠡᠬᠦᠯᠵᠤ ᠵᠢᠷᠤᠭ ᠰᠡᠬᠦᠳᠡᠷ ᠲᠠᠳᠠᠭᠤᠯᠬᠤ ᠵᠡᠷᠭᠡ ᠠᠵᠢᠯ᠎ᠢ ᠬᠦᠯᠢᠶᠡᠨ ᠠᠪᠴᠤ ᠬᠢᠭᠰᠡᠨ ᠡᠴᠡ ᠵᠢᠭᠤᠯᠴᠢᠯᠠᠯ᠎ᠤᠨ ᠬᠥᠭ᠌ᠵᠢᠶᠡᠨᠲᠡᠶ ᠤᠯᠠᠷᠢᠯ᠎ᠳᠤ ᠰᠠᠷ᠎ᠠ ᠪᠦᠷᠢ᠎ᠶ᠋ᠢᠨ ᠣᠷᠣᠯᠭ᠎ᠠ ᠨᠢ 2 ᠲᠦᠮᠡᠨ ᠲᠥᠭᠥᠷᠢᠭ ᠨᠡᠮᠡᠭ᠌ᠳᠡᠵᠦ᠍᠂ ᠪᠥᠬᠥ᠌ ᠵᠢᠯ᠎ᠦᠨ ᠶᠡᠷᠦᠩᠬᠡᠶ ᠣᠷᠣᠯᠭ᠎ᠠ ᠨᠢ 23 ᠲᠦᠮᠡᠨ ᠲᠥᠭᠥᠷᠢᠭ᠎ᠢ ᠳᠠᠪᠠᠪᠠ 》 ᠬᠡᠵᠤ ᠲᠦᠮᠤᠰᠤ ᠠᠵᠤ ᠠᠬᠤᠢ ᠵᠢᠨ ᠲᠠᠡᠭᠰᠠ ᠪᠤᠳᠤᠨ᠎ᠠ ᠃

ᠡᠨᠡ ᠪᠤᠯ ᠤᠯᠠᠮᠵᠢᠯᠠᠯᠲᠤ ᠮᠠᠯᠵᠢᠯ᠎ᠤᠨ ᠵᠠᠭ᠍ᠪᠤᠷ᠎ᠤᠨ ᠬᠡᠯᠪᠡᠷᠢ᠎ᠪᠡᠨ ᠬᠤᠪᠢᠷᠠᠭᠤᠯᠵᠤ ᠰᠣᠶᠣᠯ ᠵᠢᠭᠤᠯᠴᠢᠯᠠᠯ᠎ᠤᠨ ᠦᠶ᠋ᠯᠡᠴᠢᠯᠡᠭᠡ ᠬᠠᠩᠭᠠᠵᠤ᠂ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠬᠡᠯᠪᠡᠷᠢ᠎ᠪᠡᠨ ᠬᠤᠪᠢᠷᠠᠭᠤᠯᠤᠭ᠍ᠰᠠᠨ ᠨᠡᠢᠲᠡᠯᠢᠭ ᠵᠢᠱ᠌ᠢᠶ᠎ᠠ ᠪᠣᠯᠤᠭ᠍ᠰᠠᠨ ᠪᠠᠢᠨ᠎ᠠ᠃ ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠭᠵᠢᠬᠦᠯᠬᠦ᠎ᠳᠦ ᠬᠡᠪᠰᠢᠮᠡᠯ᠎ᠢᠶᠡᠷ ᠪᠤᠰᠤᠳ᠎ᠢ ᠳᠠᠭᠤᠷᠢᠶᠠᠬᠤ ᠪᠢᠰᠢ᠂ ᠬᠠᠷᠢᠨ ᠦᠪᠡᠷ᠎ᠤᠨ ᠳᠠᠪᠠᠭᠤᠯᠢᠭ ᠤᠨᠴᠠᠯᠢᠭ᠎ᠢᠶᠡᠨ ᠠᠰᠢᠭᠯᠠᠬᠤ ᠨᠢ ᠤᠷᠲᠦ ᠤᠳᠠᠭᠠᠨ ᠬᠦᠭᠵᠢᠯᠳᠡ᠎ᠶᠢᠨ ᠰᠠᠭᠤᠷᠢ ᠪᠠᠢᠳᠠᠭ᠃

ᠡᠷᠭᠦᠨ᠎ᠡ ᠬᠤᠳᠠ ᠵᠢᠨ ᠬᠢᠯᠢ᠎ᠶ᠋ᠢᠨ ᠪᠠᠯᠭᠠᠰᠤ ᠡᠡᠭᠭᠡ ᠱᠢᠶᠠᠩ᠎ᠨᠢ ᠵᠠᠭᠤᠨ ᠵᠢᠯ᠎ᠦᠨ ᠲᠡᠤᠭᠡ ᠲᠠᠢ ᠮᠣᠳᠣᠨ ᠪᠠᠢᠰᠢᠩ ᠵᠢᠡᠷ ᠠᠴᠢᠶᠠᠯᠠᠪᠤᠷᠢ ᠪᠣᠯᠭᠠᠵᠤ᠂ ᠤᠷᠤᠰ ᠦᠨᠳᠤᠰᠤᠳᠡᠨ᠎ᠤ ᠵᠠᠩ ᠦᠢᠯ᠂ ᠤᠢ᠎ᠳᠤ ᠪᠠᠭᠤᠳᠠᠯᠯᠠᠬᠤ᠂ ᠲᠤᠰᠤᠨ ᠪᠤᠳᠤᠭ᠎ᠤᠨ ᠵᠢᠷᠤᠭ ᠵᠢᠷᠤᠬᠤ ᠲᠠᠢ ᠠᠭᠤᠰᠤᠯᠴᠠᠭᠤᠯᠤᠨ᠂ ᠦᠭᠡᠷ᠎ᠠ ᠪᠤᠰᠤᠳ ᠭᠠᠵᠠᠷ ᠡᠴᠡ ᠵᠦᠷᠢᠶᠡᠴᠢᠯᠡᠭ᠌ᠰᠡᠨ  ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠭᠵᠢᠬᠦᠯᠵᠡᠢ᠃ ᠮᠣᠳᠣᠨ ᠪᠠᠢᠰᠢᠩ᠎ᠤᠨ ᠪᠣᠳᠠᠰ᠎ᠤᠨ ᠪᠤᠰᠤ ᠰᠣᠶᠣᠯ᠎ᠤᠨ ᠦᠪᠯᠡᠨ ᠤᠯᠠᠮᠵᠢᠯᠠᠭᠴᠢ ᠯᠢ ᠽᠦ᠍ ᠴᠢᠩ ᠄《ᠥᠩᠭᠡᠷᠡᠭ᠌ᠰᠡᠨ᠎ᠳᠦ ᠮᠣᠳᠣᠨ ᠪᠠᠢᠰᠢᠩ ᠪᠣᠯ ᠵᠥᠪᠬᠡᠨ ᠲᠣᠰᠭᠣᠨ᠎ᠤ ᠠᠷᠠᠳ᠎ᠤᠨ ᠣᠷᠣᠨ ᠰᠠᠭᠤᠴᠠ ᠲᠡᠳᠤᠢ ᠪᠠᠢᠵᠠᠢ᠂ ᠤᠳᠤ ᠪᠢᠳᠡ ᠡᠳᠡᠭᠡᠷ ᠬᠠᠭᠤᠴᠢᠨ ᠮᠣᠳᠣᠨ ᠪᠠᠢᠰᠢᠩ ᠵᠢᠡᠨ ᠥᠭᠡᠷᠡᠴᠢᠯᠡᠨ ᠤᠨᠴᠠᠯᠢᠬ᠍ᠳᠤ ᠠᠷᠠᠳ᠎ᠤᠨ ᠰᠠᠭᠤᠴᠠ ᠪᠣᠯᠭᠠᠵᠤ᠂ ᠦᠵᠡᠮᠵᠢ᠎ᠶᠢᠨ ᠵᠢᠷᠤᠭ ᠵᠢᠷᠤᠬᠤ᠂ ᠤᠢ ᠱᠢᠭᠤᠢ ᠪᠡᠷ ᠶᠠᠪᠠᠭᠠᠨ ᠠᠶᠠᠯᠠᠬᠤ ᠵᠢᠴᠢ ᠪᠠᠱᠺᠠ ᠨᠠᠢᠷ᠎ᠢ ᠪᠡᠶᠡᠴᠢᠯᠡᠨ ᠦᠢᠯᠠᠭᠠᠬᠤ ᠵᠡᠷᠭᠡ ᠠᠭᠤᠯᠭ᠎ᠠ ᠵᠢ ᠳᠤᠬᠢᠷᠠᠭᠤᠯᠵᠤ᠂ ᠤᠯᠠᠮᠵᠢᠯᠠᠯᠲᠤ ᠪᠠᠷᠢᠯᠭ᠎ᠠ ᠨᠢ ᠵᠠᠯᠠᠭᠤᠴᠤᠳ᠎ᠤᠨ ᠵᠤᠷᠢᠨ ᠢᠷᠡᠳᠡᠭ ᠦᠵᠡᠮᠵᠢ ᠪᠤᠯᠵᠠᠢ 》 ᠬᠡᠵᠤ ᠲᠠᠨᠢᠯᠴᠠᠭᠤᠯᠤᠨ᠎ᠠ᠃

ᠬᠢᠩᠭᠠᠨ ᠠᠢᠮᠠᠭ᠎ᠤᠨ ᠤᠳᠠᠨᠵᠢᠯᠠᠭ᠎ᠠ ᠲᠣᠰᠭᠣᠨ ᠨᠢ 《ᠨᠤᠲᠤᠭ᠎ᠤᠨ ᠮᠥᠷᠥᠭᠡᠳᠦᠯ》 ᠵᠢᠡᠷ ᠲᠣᠰᠭᠣᠨ᠎ᠤ ᠰᠤᠶᠤᠯ ᠵᠢᠭᠤᠯᠴᠢᠯᠠᠯ᠎ᠤᠨ ᠡᠬᠢ ᠪᠠᠶᠠᠯᠢᠭ ᠵᠢᠡᠨ ᠠᠮᠢᠯᠠᠭᠤᠯᠵᠤ ᠂ ᠬᠦᠮᠦᠰ᠎ᠤᠨ ᠠᠩᠬᠠᠷᠤᠯ᠎ᠢ ᠳᠠᠳᠠᠨ᠎ᠠ᠃ ᠲᠣᠰᠭᠣᠨ᠎ᠤ ᠠᠷᠠᠳ ᠰᠠᠢᠨ ᠲᠤᠷ᠎ᠠ ᠡᠴᠡ ᠪᠡᠨ ᠬᠠᠳᠠᠭᠠᠯᠠᠵᠤ  ᠪᠠᠢᠬᠰᠠᠨ ᠬᠠᠭᠤᠴᠢᠨ ᠡᠳ᠋ ᠪᠣᠳᠠᠰ᠎ᠢᠶᠡᠨ ᠬᠠᠨᠳᠢᠪᠯᠠᠨ 《ᠨᠤᠲᠤᠭ᠎ᠤᠨ ᠲᠤᠷᠠᠰᠤᠮᠵᠢ 》 ᠰᠣᠶᠣᠯ᠎ᠤᠨ ᠣᠷᠳᠣᠨ᠎ᠢ ᠪᠠᠢᠭᠤᠯᠵᠤ᠂ ᠪᠠᠰᠠ ᠪᠣᠳᠠᠲᠤ ᠦᠵᠡᠭᠳᠡᠯᠳᠤ ᠣᠷᠣᠨ ᠨᠤᠲᠤᠭ᠎ᠤᠨ ᠵᠦᠴᠦᠭᠡ ᠵᠢ ᠵᠤᠬᠢᠶᠠᠨ ᠪᠦᠳᠤᠭᠡᠵᠤ᠂ ᠬᠦᠳᠡᠭᠡ ᠲᠤᠰᠬᠤᠨ᠎ᠤ ᠰᠤᠶᠤᠯ᠎ᠤᠨ ᠪᠦᠳᠤᠭᠡᠯᠴᠢ ᠦᠢᠯᠡᠳᠬᠦᠨ᠎ᠤ ᠴᠤᠬᠯᠠᠭ᠎ᠠ ᠮᠠᠢᠮᠠᠢ ᠵᠡᠷᠭᠡ ᠵᠢ ᠡᠷᠬᠢᠯᠡᠭᠰᠡᠨ ᠵᠢᠡᠷ ᠵᠢᠭᠤᠯᠴᠢᠯᠠᠬᠰᠠᠳ᠎ᠢ ᠶᠡᠭᠡ ᠪᠡᠷ ᠲᠠᠳᠠᠵᠤ᠂ ᠡᠨᠡ ᠵᠢᠯ᠎ᠤᠨ ᠲᠠᠪᠤᠨ ᠰᠠᠷ᠎ᠠ᠎ᠶ᠋ᠢᠨ ᠨᠢᠭᠡᠨ᠎ᠦ ᠠᠮᠠᠷᠠᠯᠲᠠ᠎ᠪᠡᠷ 5 ᠲᠦᠮᠡᠨ ᠵᠢᠭᠤᠯᠴᠢᠯᠠᠬᠰᠠᠳ ᠎ᠢ ᠭᠥᠯᠢᠶᠡᠨ ᠠᠪᠴᠤ᠌᠂ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠬᠡᠮᠵᠢᠶ᠎ᠡ 200 ᠲᠦᠮᠡᠨ ᠲᠥᠭᠥᠷᠢᠭ᠎ᠢ ᠲᠠᠪᠠᠬᠰᠠᠨ ᠪᠠᠢᠨ᠎ᠠ᠃

ᠬᠥᠳᠡᠭᠡ ᠲᠣᠰᠭᠣᠨ᠎ᠤ ᠴᠤᠭ᠍ᠯᠠᠭ᠎ᠠ ᠮᠠᠢᠮᠠᠢ ᠨᠢ ᠤᠤᠯ᠎ᠤᠨ ᠬᠢ ᠰᠢᠭ ᠲᠠᠷᠢᠶᠠᠯᠠᠡᠭ᠎ᠤᠨ ᠪᠦᠳᠤᠭᠡᠭᠳᠡᠬᠦᠨ ᠵᠢᠡᠨ ᠳᠥᠭᠥᠮᠬᠡᠨ ᠵᠢᠡᠷ ᠲᠡᠯᠭᠡᠨ ᠦᠵᠡᠬᠦᠯᠬᠦ ᠲᠡᠳᠤᠢ ᠪᠢᠰᠢ᠂ ᠠᠬᠤᠢ ᠲᠠᠯᠠᠪᠠᠢ᠎ᠳᠤ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠬᠤ ᠂ ᠬᠡᠷᠡᠯ ᠵᠢᠷᠤᠭ ᠲᠠᠲᠠᠬᠤ᠂ ᠪᠤᠳᠠᠰ᠎ᠤᠨ ᠪᠤᠰᠤ ᠰᠣᠶᠣᠯ᠎ᠤᠨ ᠥᠪ᠎ᠢ ᠪᠡᠶᠠᠴᠢᠯᠠᠨ ᠦᠢᠯᠠᠭᠠᠭᠤᠯᠬᠤ ᠵᠡᠷᠭᠡ ᠤᠯᠠᠨ ᠠᠭᠤᠯᠭ᠎ᠠ ᠵᠢ ᠨᠡᠮᠡᠨ ᠲᠤᠬᠢᠷᠠᠭᠤᠯᠤᠬᠰᠠᠨ ᠵᠢᠡᠷ ᠵᠢᠭᠤᠯᠴᠢᠯᠠᠬᠰᠠᠳ᠎ᠢ ᠨᠡᠡᠭ ᠲᠠᠳᠠᠵᠠᠢ᠃

ᠦᠪᠦᠷ ᠮᠤᠨᠭᠭᠤᠯ᠎ᠤᠨ ᠬᠤᠳᠠ ᠬᠦᠳᠡᠭᠡ᠎ᠶᠢᠨ ᠵᠦᠷᠢᠶ᠎ᠠ ᠤᠯᠠᠮ᠎ᠢᠶᠡᠷ ᠪᠠᠭᠠᠰᠴᠤ᠂ ᠬᠦᠳᠡᠭᠡ ᠲᠤᠰᠬᠤᠨ ᠨᠢ ᠦᠡᠭᠭᠡᠷᠡᠭᠰᠡᠨ᠎ᠤ ᠰᠢᠭ ᠵᠠᠮ ᠬᠠᠷᠢᠯᠴᠠᠭ᠎ᠠ ᠲᠦᠬᠦᠮ ᠦᠬᠡᠢ᠂ ᠮᠡᠳᠡᠭᠡ ᠬᠤᠯᠪᠤᠭ᠎ᠠ ᠨᠡᠪᠳᠡᠷᠡᠬᠦ ᠦᠬᠡᠢ᠂ ᠤᠷᠤᠨ ᠰᠠᠭᠤᠴᠠ ᠪᠦᠳᠤᠬᠦᠯᠢᠭ ᠁ ᠲᠦᠷᠢ ᠲᠦᠷᠬᠦ ᠪᠡᠨ ᠲᠠᠶᠠᠬᠳᠠᠵᠤ᠂ ᠤᠳᠤᠬᠢ ᠤᠷᠤᠰᠬᠠᠯ᠎ᠢ ᠲᠠᠭᠠᠬᠰᠠᠨ ᠭᠤᠢᠳᠠ ᠰᠠᠢᠬᠠᠨ ᠤᠷᠴᠢᠨ ᠲᠤᠭᠤᠷᠢᠨ᠎ᠢ ᠪᠦᠷᠢᠯᠳᠤᠬᠦᠯᠵᠦ ᠂ ᠨᠡᠡᠭ ᠢᠯᠠᠡᠭᠭᠤᠶ᠎ᠠ ᠵᠠᠯᠠᠭᠤ ᠨᠢᠭᠡ ᠦᠶ᠎ᠠ ᠵᠢᠨ ᠬᠢᠨ ᠬᠦᠳᠡᠭᠡ ᠲᠤᠰᠬᠤᠨ᠎ᠤ ᠲᠠᠪᠠᠭᠤᠯᠢᠭ ᠵᠢᠡᠨ ᠠᠳᠬᠤᠵᠤ᠂ ᠤᠳᠤ ᠦᠶ᠎ᠡ᠎ᠶ᠋ᠢᠨ ᠭᠤᠤ᠎ᠠ ᠰᠠᠢᠬᠠᠨ᠎ᠤ ᠮᠡᠳᠡᠷᠡᠮᠵᠢ᠂ ᠰᠦᠯᠵᠢᠶᠡᠨ ᠳᠠᠮᠵᠢᠭᠤᠯᠭ᠎ᠠ ᠬᠢᠬᠦ᠌ ᠡᠵᠡᠩᠨᠡᠯᠲᠡ᠎ᠶ᠋ᠢᠨ ᠬᠡᠯᠪᠡᠷᠢ᠎ᠪᠡᠷ ᠬᠥᠳᠡᠭᠡ ᠲᠣᠰᠭᠣᠨ᠎ᠤ ᠡᠬᠢ ᠪᠠᠶᠠᠯᠢᠭ᠎ᠢ ᠬᠥᠭ᠌ᠵᠢᠭᠡᠵᠦ᠍᠂ ᠮᠠᠯᠴᠢᠨ ᠲᠠᠷᠢᠶᠠᠴᠢᠨ᠂ ᠪᠤᠳᠠᠰ᠎ᠤᠨ ᠪᠤᠰᠤ ᠰᠤᠶᠤᠯ᠎ᠤᠨ ᠦᠪ᠂ ᠡᠷᠳᠡᠨ᠎ᠤ ᠲᠣᠰᠭᠣᠨ᠎ᠢ ᠱᠢᠨ᠎ᠡ ᠴᠠᠭ ᠦᠶ᠎ᠡ᠎ᠶ᠋ᠢᠨ ᠵᠢᠭᠤᠯᠴᠢᠯᠠᠯ᠎ᠤᠨ ᠦᠪᠡᠷᠮᠢᠴᠡ ᠡᠬᠢ ᠪᠠᠶᠠᠯᠢᠭ ᠪᠤᠯᠭᠠᠨ᠂ ᠤᠯᠠᠮᠵᠢᠯᠠᠯ ᠪᠣᠯᠤᠨ ᠤᠷᠤᠰᠭᠠᠯ᠎ᠤᠨ ᠬᠣᠣᠰ ᠴᠢᠭ᠌ᠯᠡᠯ᠎ᠢᠶᠡᠷ ᠬᠠᠮᠲᠤ ᠣᠷᠣᠱᠢᠬᠤ᠎ᠶ᠋ᠢ ᠪᠡᠶᠡᠯᠡᠬᠦᠯᠵᠦ ᠶᠠᠪᠤᠨ᠎ᠠ᠃

ᠪᠦᠬᠦ᠌ ᠣᠷᠣᠨ ᠪᠦᠰᠡ᠎ᠪᠡᠷ ᠬᠠᠮᠲᠤ ᠬᠦᠭᠵᠢᠪᠠ

ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠨᠢ ᠡᠴᠦᠰ᠎ᠲᠡᠬᠡᠨ ᠪᠥᠬᠥ᠌ ᠣᠷᠣᠨ ᠪᠦᠰᠡ᠎ᠶ᠋ᠢᠨ ᠠᠭᠤᠰᠤᠯᠴᠠᠯ ᠂ ᠪᠥᠬᠥ᠌ ᠠᠷᠠᠳ᠎ᠤᠨ ᠣᠷᠣᠯᠭ᠎ᠠ ᠪᠡᠨ ᠨᠡᠮᠡᠭ᠌ᠳᠡᠭᠦᠯᠬᠦ᠌᠎ᠳᠦ ᠰᠠᠭᠤᠷᠢᠯᠠᠵᠤ᠂ ᠲᠣᠰᠭᠣᠨ᠎ᠤ ᠬᠠᠮᠲᠤ ᠨᠠᠢᠳᠠ᠂ ᠮᠠᠯᠴᠢᠨ ᠲᠠᠷᠢᠶᠠᠴᠢᠨ᠂ ᠪᠣᠳᠠᠰ᠎ᠤᠨ ᠪᠤᠰᠤ ᠰᠣᠶᠣᠯ᠎ᠤᠨ ᠦᠪᠯᠡᠨ ᠤᠯᠠᠮᠵᠢᠯᠠᠬᠴᠢ ᠵᠢᠴᠢ ᠭᠠᠳᠠᠨ᠎ᠠ᠎ᠠᠴᠠ ᠢᠷᠡᠵᠦ᠍ ᠦᠢᠯᠡᠰ ᠪᠤᠰᠬᠠᠬᠴᠢᠳ ᠵᠡᠷᠭᠡ ᠣᠯᠠᠨ ᠲᠠᠯ᠎ᠠ᠎ᠪᠠᠷ ᠬᠠᠮᠲᠤ᠎ᠪᠠᠷ ᠠᠱᠢᠭ ᠭᠥᠷᠳᠡᠵᠦ᠍ ᠬᠠᠮᠲᠤ᠎ᠪᠠᠷ ᠬᠦᠭᠵᠢᠬᠦ ᠪᠠᠢᠷᠢᠱᠢᠯ᠎ᠢ ᠪᠦᠷᠢᠯᠳᠦᠭᠦᠯᠵᠦ᠍᠂ ᠡᠯ᠎ᠡ ᠭᠠᠵᠠᠷ᠎ᠤᠨ᠎ᠬᠢᠨ᠎ᠤ᠋  ᠵᠦᠷᠢᠶᠡᠴᠢᠯᠡᠭ᠌ᠰᠡᠨ ᠡᠬᠢ ᠪᠠᠶᠠᠯᠢᠭ᠎ᠲᠤ ᠲᠦᠱᠢᠭ᠌ᠯᠡᠨ᠂ 《 ᠰᠣᠶᠣᠯ ᠵᠢᠭᠤᠯᠴᠢᠯᠠᠯ + ᠮᠠᠯ ᠠᠵᠤ ᠠᠬᠤᠶ ᠲᠠᠷᠢᠶᠠᠯᠠᠩ  + ᠪᠣᠳᠠᠰ᠎ᠤᠨ ᠪᠤᠰᠤ ᠰᠣᠶᠣᠯ᠎ᠤᠨ ᠥᠪ + ᠰᠤᠳᠤᠯᠤᠨ ᠰᠤᠷᠤᠯᠴᠠᠬᠤ + ᠡᠯᠧᠺᠲ᠋ᠷᠣᠨ ᠬᠤᠳᠠᠯᠳᠤᠭ᠎ᠠ 》 ᠠᠭᠤᠰᠤᠯᠴᠠᠨ ᠬᠥᠭ᠌ᠵᠢᠬᠦ᠌ ᠱᠢᠰᠲ᠋ᠧᠮ᠎ᠢ ᠪᠠᠢᠭᠤᠯᠵᠤ᠂ ᠬᠥᠳᠡᠭᠡ ᠲᠣᠰᠭᠣᠨ᠎ᠤ ᠵᠢᠭᠤᠯᠴᠢᠯᠠᠯ᠎ᠤᠨ ᠠᠱᠢᠭ ᠲᠤᠰᠠ᠎ᠶ᠋ᠢ ᠦᠨᠳᠦᠰᠦᠨ ᠱᠠᠲᠤᠨ᠎ᠤ ᠣᠯᠠᠨ ᠲᠦᠮᠡᠨ ᠨᠢᠭᠡᠪᠦᠷᠢ᠎ᠳᠦ ᠬᠦᠷᠳᠡᠭᠡᠵᠦ ᠪᠤᠢ ᠃

ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠲᠦᠪᠦᠭᠡᠷ ᠠᠩᠴᠢᠨ᠎ᠤ ᠲᠣᠰᠭᠣᠨ ᠨᠢ ᠲᠤᠰᠬᠤᠨ᠎ᠳᠤ ᠰᠠᠭᠤᠭ᠎ᠠ ᠺᠠᠳ᠋ᠷ ᠡᠸ᠋ ᠵᠢᠶᠠᠨ ᠮᠧᠶ ᠵᠢᠨ ᠲᠠᠭᠠᠭᠤᠯᠭ᠎ᠠ ᠲᠤᠤᠷ᠎ᠠ᠂ ᠤᠯᠠᠮᠵᠢᠯᠠᠯᠲᠤ ᠠᠡᠭ ᠠᠡᠭᠨᠠᠯ᠎ᠤᠨ ᠠᠮᠢᠳᠤᠷᠠᠯ᠎ᠤᠨ ᠬᠡᠯᠪᠡᠷᠢ ᠪᠡᠨ ᠬᠤᠪᠢᠷᠠᠭᠤᠯᠤᠨ᠂ ᠠᠪᠠ᠎ᠶ᠋ᠢᠨ ᠫᠤᠤ᠎ᠪᠠᠨ ᠬᠤᠷᠢᠶᠠᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ ᠵᠢᠭᠤᠯᠴᠢᠯᠠᠯ᠎ᠤᠨ ᠠᠵᠢᠯ ᠡᠷᠭᠢᠯᠡᠭ᠌ᠰᠡᠳ ᠪᠤᠯᠵᠤ᠂ ᠰᠤᠯᠠ ᠲᠠᠯᠪᠢᠵᠤ ᠪᠠᠢᠭ᠎ᠠ ᠠᠪᠠ᠎ᠶ᠋ᠢᠨ ᠬᠡᠷ᠎ᠢᠶᠡᠨ ᠥᠭᠡᠷᠡᠴᠢᠯᠡᠨ ᠠᠷᠠᠳ᠎ᠤᠨ ᠰᠠᠭᠤᠴᠠ ᠪᠤᠯᠭᠠᠨ᠂ ᠪᠤᠭᠤ ᠵᠢᠨ ᠡᠪᠡᠷᠲᠦ ᠮᠠᠯᠠᠭᠠᠶ᠂ ᠠᠷᠠᠰᠤᠨ ᠡᠳ᠋ᠯᠡᠯ ᠬᠢᠬᠦ᠌ ᠭᠠᠷ ᠤᠷᠠᠯᠠᠯ᠎ᠤᠨ ᠪᠡᠶᠡᠴᠢᠯᠡᠨ ᠣᠢᠯᠠᠭᠠᠯᠲᠠ᠎ᠶ᠋ᠢᠨ ᠬᠢᠴᠢᠶᠡᠯ ᠨᠡᠭᠡᠭᠡᠵᠤ᠂ ᠵᠢᠭᠤᠯᠴᠢᠯᠠᠬᠰᠠᠳ᠎ᠤᠨ ᠬᠦᠷᠢᠶᠡᠯᠡᠯ᠎ᠢ ᠤᠯᠪᠠ᠃ ᠥᠩᠭᠡᠷᠡᠭ᠌ᠰᠡᠨ᠎ᠤ ᠪᠤᠢᠳᠠ ᠪᠦᠭᠯᠡᠬᠦᠤ ᠠᠩᠴᠢᠨ᠎ᠤ ᠲᠣᠰᠭᠣᠨ ᠤᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠶᠤᠯ ᠵᠢᠭᠤᠯᠴᠢᠯᠠᠯ᠎ᠳᠤ ᠲᠦᠱᠢᠭ᠌ᠯᠡᠨ ᠪᠦᠬᠦ᠌ ᠲᠣᠰᠭᠣᠨ᠎ᠤ ᠲᠣᠭ᠍ᠲᠠᠭᠤᠨ ᠠᠵᠢᠯ ᠣᠯᠭᠣᠯᠲᠠ᠎ᠶ᠋ᠢ ᠪᠡᠶᠡᠯᠡᠭᠦᠯᠵᠦ᠍᠂ ᠠᠩᠴᠢᠳ᠎ᠤᠨ ᠵᠢᠯ᠎ᠦᠨ ᠳᠤᠮᠳᠠᠴᠢ ᠣᠷᠣᠯᠭ᠎ᠠ ᠳᠠᠬᠢᠨ᠎ᠢᠶᠠᠷ ᠨᠡᠮᠡᠭ᠌ᠳᠡᠵᠦ᠍᠂ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠰᠣᠶᠣᠯ ᠵᠢᠭᠤᠯᠴᠢᠯᠠᠯ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠵᠡᠷᠭᠡ ᠪᠡᠷ ᠨᠠᠢᠳᠠᠪᠤᠷᠢᠵᠢᠭᠤᠯᠪᠠ᠃

ᠡᠷᠭᠦᠨ᠎ᠡ  ᠬᠤᠳᠠ ᠵᠢᠨ ᠡᠩᠭᠡ ᠱᠢᠶᠠᠩ᠎ᠤᠨ ᠠᠮᠳᠠᠳᠤ ᠲᠠᠯᠬ᠎ᠠ ᠵᠢᠨ ᠦᠢᠯᠡᠳᠭᠡᠯ᠎ᠤᠨ ᠭᠠᠵᠠᠷ ᠡᠵᠡᠩᠨᠡᠭ᠌ᠴᠢ ᠯᠢ ᠯᠢ ᠶᠠ᠂ ᠶᠡᠬᠡ ᠰᠤᠷᠭᠠᠭᠤᠯᠢ᠎ᠪᠠᠨ ᠲᠡᠭᠦᠰᠦᠭ᠌ᠰᠡᠨ᠎ᠦ ᠳᠠᠷᠠᠭ᠎ᠠ ᠨᠤᠲᠤᠭ᠎ᠲᠠᠭᠠᠨ ᠪᠤᠴᠠᠨ ᠤᠷᠤᠰ ᠮᠠᠶᠢᠭ᠎ᠤᠨ ᠲᠠᠯᠬ᠎ᠠ ᠬᠢᠬᠦ ᠤᠷ᠎ᠠ ᠮᠡᠷᠭᠡᠵᠢᠯ᠎ᠢ ᠤᠯᠠᠮᠵᠢᠯᠠᠵᠤ᠂ ᠬᠥᠳᠡᠭᠡ ᠲᠣᠰᠭᠣᠨ᠎ᠤ ᠵᠢᠭᠤᠯᠴᠢᠯᠠᠯ᠎ᠳᠤ ᠲᠦᠱᠢᠭ᠌ᠯᠡᠨ ᠭᠡᠷ ᠪᠦᠯᠢ᠎ᠶ᠋ᠢᠨ ᠦᠢᠯᠡᠳᠭᠡᠯ᠎ᠦᠨ ᠭᠠᠵᠠᠷ᠎ᠢ ᠡᠷᠬᠢᠯᠡᠵᠦ᠍᠂ ᠡᠷᠬᠢᠨ ᠲᠣᠭᠣᠷᠢᠨ᠎ᠤ ᠡᠮᠡᠭ᠌ᠲᠡᠢᠴᠦᠳ᠎ᠦᠨ ᠠᠵᠢᠯ ᠣᠯᠭᠣᠯᠲᠠ᠎ᠶ᠋ᠢ ᠲᠠᠢ᠌ᠴᠢᠯᠠᠪᠠ᠃ ᠪᠦᠬᠦ᠌ ᠱᠢᠶᠠᠩ᠎ᠤᠨ 300 ᠭᠠᠷᠤᠢ ᠲᠠᠯᠬ᠎ᠠ ᠵᠢᠨ ᠦᠢᠯᠡᠳᠬᠡᠯ᠎ᠤᠨ ᠭᠠᠵᠠᠷ᠎ᠤᠨ ᠵᠢᠯ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠡ 1 ᠳ᠋ᠦᠩᠱᠢᠭᠤᠷ ᠲᠥᠭᠥᠷᠢᠭ᠎ᠢ ᠳᠠᠪᠠᠵᠤ᠂ ᠮᠤᠳᠤᠨ ᠪᠠᠢᠰᠢᠩ᠎ᠤᠨ ᠠᠷᠠᠳ᠎ᠤᠨ ᠰᠠᠭᠤᠴᠠ᠂ ᠪᠣᠳᠠᠰ᠎ᠤᠨ ᠪᠤᠰᠤ ᠰᠣᠶᠣᠯ᠎ᠤᠨ ᠥᠪ᠂ ᠬᠢᠯᠢ᠎ᠶ᠋ᠢᠨ ᠵᠢᠭᠤᠯᠴᠢᠯᠠᠯ᠎ᠢ ᠨᠡᠢᠳᠬᠡᠨ ᠪᠦᠷᠢᠨ ᠪᠦᠲᠦᠨ ᠵᠢᠭᠤᠯᠴᠢᠯᠠᠯ᠎ᠤᠨ ᠠᠵᠤ ᠠᠬᠤᠢ᠎ᠶ᠋ᠢᠨ ᠪᠦᠰᠡ ᠪᠣᠯᠭᠠᠨ ᠬᠣᠯᠪᠣᠵᠤ᠂ 10 ᠵᠢᠯ ᠎ᠦᠨ ᠬᠤᠭᠤᠴᠠᠭᠠᠨ᠎ᠳᠤ ᠲᠤᠬᠠᠢ᠎ᠶ᠋ᠢᠨ ᠭᠠᠵᠠᠷ᠎ᠤᠨ ᠵᠢᠭᠤᠯᠴᠢᠯᠠᠯ᠎ᠤᠨ ᠦᠢᠯᠡᠰ ᠡᠷᠬᠢᠯᠡᠭᠴᠢ 1200 ᠬᠥᠮᠦᠨ ᠪᠠᠢᠭ᠍ᠰᠠᠨ᠎ᠠᠴᠠ᠎ᠪᠠᠨ 2 ᠲᠦᠮᠡ ᠱᠢᠬᠠᠮ ᠪᠤᠯᠵᠤ᠂ ᠬᠡᠳᠤᠨ ᠮᠢᠡᠭᠭᠠᠨ ᠮᠠᠯᠴᠢᠨ ᠲᠠᠷᠢᠶᠠᠴᠢᠨ(ᠠᠡᠭᠴᠢᠨ)ᠦᠪᠡᠷ᠎ᠤᠨ ᠳᠠᠪᠠᠭᠤᠯᠢᠭ᠎ᠢᠶᠡᠨ ᠠᠰᠢᠭᠯᠠᠨ ᠣᠷᠣᠯᠭ᠎ᠠ᠎ᠪᠠᠨ ᠨᠡᠮᠡᠭ᠌ᠳᠡᠭᠦᠯᠪᠡ᠃ ᠲᠣᠰᠭᠣᠨ᠎ᠤ ᠬᠠᠮᠲᠤ ᠨᠡᠢᠲᠡ᠎ᠡᠴᠡ ᠰᠠᠭᠤᠷᠢ ᠲᠥᠬᠥᠭᠡᠷᠦᠮᠵᠢ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠣᠯᠠᠨ ᠨᠡᠢᠲᠡ᠎ᠶ᠋ᠢᠨ ᠰᠣᠶᠣᠯ ᠵᠢᠭᠤᠯᠴᠢᠯᠠᠯ᠎ᠤᠨ ᠦᠵᠡᠮᠵᠢ᠎ᠶ᠋ᠢ ᠪᠣᠶ ᠪᠣᠯᠭᠠᠵᠤ᠂ ᠲᠣᠰᠭᠣᠨ᠎ᠤ ᠬᠦᠮᠦᠰ ᠠᠷᠠᠳ᠎ᠤᠨ ᠰᠠᠭᠤᠴᠠ ᠪᠡᠨ ᠡᠵᠡᠩᠨᠡᠵᠦ᠍᠂ ᠭᠠᠷ᠎ᠦᠢᠯᠡᠳᠭᠡᠯ᠎ᠤᠨ ᠭᠠᠵᠠᠷ ᠡᠷᠬᠢᠯᠡᠨ᠂ ᠭᠠᠳᠠᠨ᠎ᠠ᠎ᠠᠴᠠ ᠢᠷᠡᠭ᠌ᠰᠡᠨ ᠠᠳᠠᠯ ᠦᠶ᠋ᠯᠡᠰ ᠪᠤᠰᠬᠠᠬᠴᠢᠳ ᠬᠡᠭᠡᠷ᠎ᠡ ᠪᠠᠭᠤᠳᠠᠯᠯᠠᠬᠤ᠂ ᠤᠷᠠᠨ ᠵᠢᠷᠤᠭ ᠵᠢᠷᠤᠬᠤ ᠰᠠᠭᠤᠷᠢᠨ ᠡᠷᠬᠢᠯᠡᠨ᠂ ᠭᠤᠷᠪᠠᠨ ᠲᠠᠯ᠎ᠠ᠎ᠪᠠᠷ᠎ᠢᠶᠠᠨ ᠠᠵᠢᠯ ᠵᠢᠡᠨ  ᠬᠤᠪᠢᠶᠠᠷᠢᠯᠠᠨ ᠬᠠᠮᠵᠢᠯᠴᠠᠵᠤ᠂ ᠠᠱᠢᠭ ᠣᠷᠣᠯᠭ᠎ᠠ᠎ᠪᠠᠨ ᠬᠠᠮᠲᠤ᠎ᠪᠠᠷ ᠭᠥᠷᠳᠡᠵᠦ᠍᠂ ᠬᠥᠳᠡᠭᠡ ᠲᠣᠰᠭᠣᠨ᠎ᠤ ᠵᠢᠭᠤᠯᠴᠢᠯᠠᠯ᠎ᠤᠨ ᠳ᠋ᠠᠡᠭ ᠴᠤᠯᠭᠤᠢ ᠪᠠᠢᠳᠠᠯ᠎ᠢ ᠲᠦᠢᠯᠪᠤᠷᠢᠳᠠᠢ ᠦᠬᠡᠷᠡᠴᠢᠯᠡᠵᠡᠢ᠃

《 ᠪᠥᠬᠥ᠌ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠬᠠᠷᠠᠭᠠᠰᠤ᠎ᠠᠴᠠ ᠦᠵᠡᠪᠡᠯ᠂ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠨᠢ ᠬᠣᠱᠢᠭᠤ ᠱᠢᠶᠠᠨ᠂ ᠰᠤᠮᠤ ᠪᠠᠯᠭᠠᠰᠤ ᠲᠣᠰᠭᠣᠨ᠎ᠢ ᠪᠦᠬᠦᠨ᠎ᠢ ᠪᠦᠷᠬᠦᠵᠦ᠂ ᠬᠠᠲᠤᠨ ᠭᠤᠤᠯ ᠳᠠᠭᠠᠤ᠂ ᠬᠢᠯᠢ ᠳᠠᠭᠠᠤ᠂ ᠳᠠᠯᠠᠨ ᠬᠠᠷ᠎ᠠ ᠠᠭᠤᠯᠠ ᠳᠠᠭᠠᠤ᠂ ᠭᠠᠯᠲᠤ ᠠᠭᠤᠯᠠ ᠳᠠᠭᠠᠤ᠎ᠶ᠋ᠢᠨ ᠳᠥᠷᠪᠡᠨ ᠶᠡᠬᠡ ᠬᠥᠳᠡᠭᠡ ᠲᠣᠰᠭᠣᠨ᠎ᠤ ᠵᠢᠭᠤᠯᠴᠢᠯᠠᠯ᠎ᠤᠨ ᠲᠤᠮᠤ ᠰᠠᠭᠤᠷᠢᠨ᠎ᠢ ᠪᠠᠢᠭᠤᠯᠵᠤ᠂ ᠲᠠᠯ᠎ᠠ ᠨᠤᠲᠤᠭ᠂ ᠡᠯᠡᠰᠦ ᠮᠠᠩᠬ᠎ᠠ᠂ ᠣᠶ ᠱᠢᠭᠤᠶ᠂ ᠭᠠᠯᠲᠤ ᠠᠭᠤᠯᠠ᠂ ᠲᠠᠷᠢᠶᠠᠯᠠᠩ ᠬᠡᠬᠦ ᠣᠯᠠᠨ ᠡᠱᠢᠲᠦ ᠬᠥᠳᠡᠭᠡ ᠲᠣᠰᠭᠣᠨ᠎ᠤ ᠦᠵᠡᠮᠵᠢ᠎ᠶ᠋ᠢ ᠬᠣᠯᠪᠣᠵᠤ ᠂ ᠳᠥᠷᠪᠡᠨ ᠤᠯᠠᠷᠢᠯ᠎ᠤᠨ ᠬᠦᠳᠡᠭᠡ ᠲᠤᠰᠬᠤᠨ᠎ᠤ ᠰᠤᠶᠤᠯ ᠵᠢᠭᠤᠯᠴᠢᠯᠠᠯ ᠪᠦᠷ ᠬᠦᠭᠵᠢᠶᠡᠨ ᠲᠠᠢ ᠪᠠᠢᠬᠤ ᠵᠢ ᠪᠠᠳᠤᠯᠠᠨ᠂ ᠬᠠᠪᠤᠷ᠎ᠤᠨ ᠤᠯᠠᠷᠢᠯ᠎ᠤᠨ ᠴᠡᠴᠡᠭ ᠰᠣᠨᠢᠷᠬᠠᠬᠤ ᠵᠢᠭᠤᠯᠴᠢᠯᠠᠯ᠂ ᠵᠣᠨ᠎ᠤ ᠤᠯᠠᠷᠢᠯ᠎ᠤᠨ ᠲᠠᠯ᠎ᠠ ᠨᠤᠲᠤᠭ᠎ᠤᠨ ᠭᠦᠨᠵᠡᠭᠡᠶ ᠪᠡᠶᠡᠴᠢ ᠣᠢᠯᠠᠭᠠᠯᠲᠠ᠎ᠶᠢᠨ ᠵᠢᠭᠤᠯᠴᠢᠯᠠᠯ᠂ ᠨᠠᠮᠤᠷ᠎ᠤᠨ ᠤᠯᠠᠷᠢᠯ᠎ᠤᠨ ᠠᠭᠤᠯᠠ ᠣᠶ᠎ᠶ᠋ᠢᠨ ᠰᠤᠳᠤᠯᠤᠨ ᠰᠤᠷᠤᠯᠴᠠᠬᠤ ᠵᠢᠭᠤᠯᠴᠢᠯᠠᠯ᠂ ᠡᠪᠦᠯ᠎ᠦᠨ ᠤᠯᠠᠷᠢᠯ᠎ᠤᠨ ᠮᠥᠰᠥ᠍ ᠴᠠᠰᠤᠨ ᠎ᠤ ᠴᠠᠨᠠᠯᠠᠯᠳᠠ ᠵᠢᠨ  ᠵᠢᠭᠤᠯᠴᠢᠯᠠᠯ ᠎ᠤ᠋ᠨ  ᠠᠮᠠᠷᠠᠯᠲᠠ᠎ᠭᠠᠷᠭᠠᠨ᠂ ᠲᠦᠷᠪᠡᠨ ᠤᠯᠠᠷᠢᠯ ᠎ᠤᠨ ᠵᠢᠭᠤᠯᠴᠢᠯᠠᠯ ᠲᠡᠩᠴᠡᠭᠦᠷᠢ ᠪᠡᠨ ᠠᠯᠳᠠᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠪᠡ 》 ᠬᠡᠵᠤ ᠦᠪᠤᠷ ᠮᠤᠡᠭᠭᠤᠯ᠎ᠤᠨ  ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠤᠨ ᠰᠢᠨᠵᠢᠯᠡᠬᠦ ᠤᠬᠠᠭᠠᠨ᠎ᠤ ᠬᠦᠷᠢᠶᠠᠯᠠᠡᠭ᠎ᠤᠨ ᠰᠤᠳᠤᠯᠤᠭᠠᠴᠢ ᠸᠠᠡᠭ ᠬᠠᠢ ᠷᠦ᠋ᠡᠭ ᠶᠠᠷᠢᠵᠤ ᠪᠠᠢᠯ᠎ᠠ᠃

ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠡᠴᠦᠰ᠎ᠦᠨ ᠬᠠᠷᠠᠯᠲᠠ ᠨᠢ ᠳ᠋ᠠᠩ ᠴᠤᠯᠭᠤᠢ ᠦᠵᠡᠮᠵᠢ᠎ᠶ᠋ᠢᠨ ᠣᠷᠣᠨ᠎ᠢ ᠪᠠᠢᠭᠤᠯᠬᠤ ᠶᠠᠪᠤᠳᠠᠯ ᠪᠢᠰᠢ᠂ ᠬᠠᠷᠢᠨ ᠵᠢᠭᠤᠯᠴᠢᠯᠠᠯ᠎ᠤᠨ ᠠᠵᠤ ᠦᠢᠯᠡᠰ᠎ᠢᠶᠡᠷ ᠬᠥᠳᠡᠭᠡ ᠲᠣᠰᠭᠣᠨ᠎ᠤ ᠵᠠᠮ᠂ ᠪᠣᠬᠢᠷ ᠤᠰᠤ᠎ᠶ᠋ᠢ ᠵᠠᠰᠠᠬᠤ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ ᠎ᠤᠨ ᠠᠮᠢᠳᠤᠷᠠᠯ ᠎ᠤᠨ ᠢᠨᠵᠧᠨᠧᠷᠢᠩ᠎ᠢ ᠳᠠᠭᠠᠯᠳᠤᠭᠤᠯᠤᠨ ᠰᠠᠢᠵᠢᠷᠠᠭᠤᠯᠵᠦ᠂ ᠠᠮᠢ ᠠᠬᠤᠢ᠎ᠶ᠋ᠢᠨ ᠬᠠᠮᠠᠭᠠᠯᠠᠯᠲᠠ ᠨᠢ ᠵᠢᠭᠤᠯᠴᠢᠯᠠᠯ᠎ᠳᠤ ᠡᠬᠢ ᠪᠠᠶᠠᠯᠢᠭ ᠬᠠᠩᠭᠠᠵᠤ᠂ ᠵᠢᠭᠤᠯᠴᠢᠯᠠᠯ᠎ᠤᠨ ᠠᠱᠢᠭ ᠣᠷᠣᠯᠭ᠎ᠠ᠎ᠨᠢ ᠠᠮᠢ ᠠᠬᠤᠢ᠎ᠶ᠋ᠢᠨ ᠬᠠᠮᠢᠶᠠᠷᠤᠯᠲᠠ ᠬᠠᠮᠠᠭᠠᠯᠠᠯᠲᠠ᠎ᠳᠤ ᠲᠦᠱᠢᠭ᠌ᠯᠡᠨ᠂ ᠠᠮᠢ ᠠᠬᠤᠢ᠂ ᠰᠣᠶᠣᠯ᠂ ᠠᠵᠤ ᠦᠢᠯᠡᠰ᠂ ᠠᠷᠠᠳ᠎ᠤᠨ ᠠᠮᠢᠳᠤᠷᠠᠯ ᠬᠠᠷᠢᠯᠴᠠᠨ ᠲᠦᠰᠢᠯᠴᠡᠨ ᠬᠠᠷᠢᠯᠴᠠᠨ ᠠᠰᠢᠭ ᠬᠦᠷᠳᠡᠨ ᠬᠠᠮᠳᠦ ᠪᠡᠷ ᠬᠦᠭᠵᠢᠬᠦ ᠵᠤᠬᠢᠰᠳᠦ ᠡᠷᠬᠢᠯᠳᠡ᠎ᠶ᠋ᠢ ᠪᠦᠷᠢᠯᠳᠦᠭᠦᠯᠪᠠ᠃ ᠮᠠᠯᠴᠢᠨ ᠲᠠᠷᠢᠶᠠᠴᠢᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠡᠵᠡᠩᠨᠡᠭ᠌ᠴᠢ᠂ ᠠᠱᠢᠭ ᠬᠦᠷᠲᠡᠭ᠌ᠴᠢ᠂ ᠰᠣᠶᠣᠯ᠎ᠤᠨ ᠤᠯᠠᠮᠵᠢᠯᠠᠭᠴᠢ ᠪᠣᠯᠵᠣ᠂ ᠦᠪᠦᠷ ᠮᠤᠨᠭᠭᠤᠯ ᠎ᠤᠨ ᠬᠥᠳᠡᠭᠡ ᠲᠣᠰᠭᠣᠨ《ᠨᠤᠮᠢᠨ ᠤᠰᠤ ᠬᠥᠬᠡᠮᠳᠦᠭ ᠠᠭᠤᠯᠠ᠎ᠶ᠋ᠢ ᠥᠨᠢ ᠡᠭᠦᠷᠢᠳᠡ ᠠᠷᠠᠳ ᠎ᠢ ᠪᠠᠶᠠᠵᠢᠭᠤᠯᠬᠤ ᠠᠯᠲᠠᠨ ᠠᠭᠤᠯᠠ  ᠮᠥᠩᠭᠥᠨ  ᠬᠠᠢᠷᠬᠠᠨ  ᠪᠣᠯᠭᠠᠨ ᠬᠤᠪᠢᠷᠠᠭᠤᠯᠬᠤ 》 ᠶ᠋ᠢ ᠦᠨᠡᠨ ᠬᠦ᠌  ᠪᠡᠶᠡᠯᠡᠭᠦᠯᠪᠡ᠃

ᠤᠳᠤ ᠮᠠᠨ᠎ᠤ ᠤᠷᠤᠨ᠎ᠳᠦ᠂ ᠤᠯᠤᠰ᠎ᠤᠨ ᠳᠡᠰ᠎ᠤᠨ ᠭᠤᠤᠯᠳᠠᠯᠭ᠎ᠠ ᠲᠠᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠲᠤᠰᠬᠤᠨ 36 ᠪᠠᠢᠵᠦ᠂ ᠦᠪᠡᠷᠳᠡᠭᠡᠨ ᠵᠠᠰᠠᠬᠤ ᠤᠷᠤᠨ᠎ᠤ ᠳᠡᠰ᠎ᠤᠨ ᠭᠤᠤᠯᠳᠠᠯᠭ᠎ᠠ ᠲᠠᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠲᠤᠰᠬᠤᠨ 87 ᠪᠠᠢᠨ᠎ᠠ᠃ 2024 ᠣᠨ᠎ᠤ ᠰᠡᠭᠦᠯᠴᠢ ᠪᠣᠯᠲᠠᠯ᠎ᠠ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ ᠡᠴᠡ ᠵᠢᠭᠤᠯᠴᠢᠯᠠᠯ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠡᠵᠡᠩᠨᠡᠭᠴᠢ᠎ᠶ᠋ᠢ 5059 ᠬᠦᠮᠦᠵᠢᠬᠦᠯᠵᠦ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ ᠬᠥᠳᠡᠭᠡ ᠲᠣᠰᠭᠣᠨ᠎ᠤ 15 ᠲᠦᠮᠡᠨ ᠭᠠᠷᠤᠢ ᠬᠦᠮᠦᠨ᠎ᠳᠦ ᠠᠵᠢᠯ ᠣᠯᠭᠣᠵᠦ᠂ 15.77 ᠲᠦᠮᠡᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠪᠡ; 2025 ᠣᠨ᠎ᠳᠤ ᠪᠥᠬᠥ᠌ ᠣᠷᠣᠨ᠎ᠤ ᠵᠢᠭᠤᠯᠴᠢᠯᠠᠯ᠎ᠤᠨ ᠶᠡᠷᠦᠩᠬᠡᠶ ᠣᠷᠣᠯᠭ᠎ᠠ 4500 ᠳ᠋ᠦᠩᠱᠢᠭᠤᠷ ᠲᠥᠭᠥᠷᠢᠭ᠎ᠢ ᠳᠠᠪᠠᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠠᠳᠠᠯᠢ ᠬᠤᠭᠤᠴᠠᠭᠠᠨ᠎ᠤ᠎ᠬᠢ᠎ᠡᠴᠡ 5.8% ᠪᠡᠷ ᠨᠡᠮᠡᠭ᠌ᠳᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号