ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ
2026-07-10 09:29:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

                 (2026 ᠣᠨ᠎ᠤ 7 ᠰᠠᠷ᠎ᠠ᠎ᠶᠢᠨ 7 ᠎ᠤ᠋ ᠡᠳᠦᠷ)


ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠠᠵᠤ ᠠᠬᠤᠢ ᠨᠡᠢᠭᠡᠮ᠎ᠦᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠤ ᠦᠵᠡᠭᠦᠯᠬᠦ ᠠᠬᠢᠭᠤᠯᠬᠤ ᠦᠢᠯᠡᠳᠦᠯ᠎ᠢ ᠨᠠᠩ ᠰᠠᠢᠲᠤᠷ ᠪᠠᠳᠠᠷᠠᠭᠤᠯᠬᠤ᠎ᠶᠢᠨ ᠲᠥᠯᠥᠭᠡ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃


ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ᠂ ᠥᠪᠥᠷ ᠮᠣᠩᠭᠣᠯ᠎ᠢ ᠰᠣᠶᠣᠯ᠎ᠤᠨ ᠬᠦᠴᠦᠷᠬᠡᠭ ᠣᠷᠣᠨ᠂ ᠵᠢᠭᠤᠯᠴᠢᠯᠠᠯ᠎ᠤᠨ ᠬᠦᠴᠦᠷᠬᠡᠭ ᠣᠷᠣᠨ ᠪᠣᠯᠭᠠᠨ ᠪᠦᠲᠦᠭᠡᠨ ᠪᠠᠢᠭᠤᠯᠬᠤ ᠬᠠᠷᠠᠯᠲᠠ᠎ᠵᠢ ᠤᠨᠢᠯᠠᠵᠤ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠨᠡᠬᠡᠬᠡᠨ ᠬᠦᠭᠵᠢᠭᠦᠯᠬᠦ᠂ ᠦᠵᠡᠭᠳᠡᠯ ᠪᠠᠢᠳᠠᠯ᠎ᠤᠨ ᠰᠢᠨ᠎ᠡ᠎ᠶᠢ ᠡᠭᠦᠳᠬᠦ᠂ ᠡᠵᠡᠩᠨᠡᠯᠲᠡ᠎ᠶᠢᠨ ᠬᠡᠯᠪᠡᠷᠢ ᠵᠢ ᠪᠣᠢᠵᠢᠭᠤᠯᠬᠤ᠂ ᠵᠠᠬ᠎ᠠ ᠳᠡᠯᠭᠡᠭᠦᠷ᠎ᠦᠨ ᠵᠠᠰᠠᠯᠲᠠ᠎ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠢᠯᠡᠳᠬᠦᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠳᠤ ᠨᠡᠷ᠎ᠡ ᠠᠯᠳᠠᠷᠰᠢᠭ᠍ᠰᠠᠨ ᠪᠦᠬᠦ ᠣᠷᠣᠨ ᠪᠦᠰᠡ᠎ᠶᠢᠨ ᠪᠦᠬᠦ ᠤᠯᠠᠷᠢᠯ᠎ᠤᠨ ᠵᠢᠭᠤᠯᠴᠢᠯᠠᠯ᠎ᠤᠨ ᠵᠣᠷᠢᠯᠳᠠᠳᠤ ᠭᠠᠵᠠᠷ᠎ᠢ ᠬᠦᠴᠦᠯᠡᠨ ᠪᠠᠢᠭᠤᠯᠵᠤ᠂ ᠠᠷᠠᠳ ᠣᠯᠠᠨ᠎ᠤ ᠴᠢᠨᠠᠷ ᠰᠠᠢᠲᠠᠢ ᠰᠣᠶᠣᠯ ᠵᠢᠭᠤᠯᠴᠢᠯᠠᠯ᠎ᠤᠨ ᠬᠡᠷᠡᠭᠴᠡᠭᠡ᠎ᠶᠢ ᠨᠠᠩ ᠰᠠᠢᠲᠤᠷ ᠬᠠᠩᠭᠠᠬᠤ ᠬᠡᠷᠡᠭᠳᠡᠢ᠃ 2030 ᠣᠨ ᠪᠣᠯᠬᠤ᠎ᠳᠤ᠂ ᠰᠣᠶᠣᠯ᠎ᠤᠨ ᠬᠦᠴᠦᠷᠬᠡᠭ ᠣᠷᠣᠨ᠂ ᠵᠢᠭᠤᠯᠴᠢᠯᠠᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠶᠢ ᠢᠯᠡᠳᠲᠡ ᠦᠷ᠎ᠡ ᠪᠦᠲᠦᠮᠵᠢ᠎ᠲᠠᠢ ᠪᠣᠯᠭᠠᠵᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ ᠲᠤᠯᠭᠠᠭᠤᠷᠢ ᠠᠵᠤ ᠦᠢᠯᠡᠰ᠂ ᠠᠷᠠᠳ᠎ᠤᠨ ᠠᠮᠢᠳᠤᠷᠠᠯ᠎ᠤᠨ ᠠᠵᠤ ᠦᠢᠯᠡᠰ᠂ ᠵᠣᠯ ᠵᠢᠷᠭᠠᠯ᠎ᠢ ᠨᠡᠮᠡᠭᠳᠡᠬᠦᠯᠬᠦ ᠠᠵᠤ ᠦᠢᠯᠡᠰ ᠪᠣᠯᠭᠠᠬᠤ ᠬᠡᠷᠡᠭᠳᠡᠢ᠃


ᠬᠣᠶᠠᠷ᠂ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠭᠣᠣᠯ ᠴᠣᠭᠴᠠ᠎ᠵᠢ ᠪᠣᠢᠵᠢᠭᠤᠯᠤᠨ ᠪᠤᠵᠠᠭᠠᠢᠷᠠᠭᠤᠯᠤᠨ᠎ᠠ

(ᠨᠢᠭᠡ) ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠢ ᠪᠤᠵᠠᠭᠠᠢᠷᠠᠭᠤᠯᠤᠨ ᠬᠦᠴᠦᠷᠬᠡᠭᠵᠢᠭᠦᠯᠦᠨ᠎ᠡ᠃ ᠤᠯᠤᠰ᠎ᠤᠨ ᠥᠮᠴᠢᠯᠡᠯ᠎ᠦᠨ ᠰᠣᠶᠣᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠡᠬᠢ ᠪᠠᠶᠠᠯᠢᠭ᠋᠎ᠢ ᠨᠡᠢᠳᠬᠡᠬᠦ ᠡᠷᠴᠢᠮ᠎ᠢ ᠴᠢᠩᠭᠠᠷᠠᠭᠤᠯᠤᠨ᠂ ᠬᠢᠨᠠᠨ ᠰᠢᠯᠭᠠᠵᠤ ᠦᠨᠡᠯᠡᠬᠦ ᠲᠣᠭᠲᠠᠴᠠ᠎ᠶᠢ ᠲᠡᠭᠦᠯᠳᠡᠷᠵᠢᠭᠦᠯᠵᠦ ᠂ ᠤᠯᠤᠰ᠎ᠤᠨ ᠥᠮᠴᠢᠯᠡᠯ᠎ᠦᠨ ᠰᠣᠶᠣᠯ᠎ᠤᠨ ᠠᠵᠤ ᠠᠬᠤᠢᠯᠠᠯ᠎ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠢᠷᠠᠬᠤ᠎ᠶᠢ ᠠᠬᠢᠭᠤᠯᠤᠨ᠎ᠠ᠃ ᠨᠥᠬᠥᠴᠡᠯ᠎ᠳᠦ ᠨᠡᠢᠴᠡᠬᠦ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠦ ᠰᠲ᠋ᠤᠺ᠎ᠵᠢᠡᠨ ᠭᠠᠷᠭᠠᠬᠤ᠂ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠰᠢᠭᠤᠳ ᠪᠡᠯᠡ ᠬᠤᠷᠠᠮᠳᠤᠭᠤᠯᠬᠤ᠎ᠶᠢ ᠳᠠᠮᠵᠢᠵᠤ᠂ ᠨᠥᠬᠥᠴᠡᠯ᠎ᠳᠦ ᠨᠡᠢᠴᠡᠬᠦ ᠵᠢᠭᠤᠯᠴᠢᠯᠠᠯ᠎ᠤᠨ ᠰᠠᠭᠤᠷᠢ ᠲᠦᠬᠦᠭᠡᠷᠦᠮᠵᠢ᠎ᠶᠢᠨ ᠲᠥᠷᠥᠯ ᠵᠦᠢᠯ᠎ᠤᠨ ᠬᠢᠨ᠎ᠤ ᠰᠠᠭᠤᠷᠢ ᠲᠦᠬᠦᠭᠡᠷᠦᠮᠵᠢ᠎ᠶᠢᠨ ᠬᠦᠷᠢᠶ᠎ᠡ ᠴᠠᠷᠠᠭ᠎ᠠ᠎ᠶᠢᠨ ᠥᠯᠥ ᠬᠥᠳᠡᠯᠬᠦ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠢᠲᠡᠭᠡᠮᠵᠢᠲᠦ ᠰᠠᠭᠤᠷᠢ ᠮᠥᠩᠭᠥ (REITs) ᠲᠠᠷᠬᠠᠭᠠᠬᠤ᠎ᠶᠢ ᠳᠠᠮᠵᠢᠵᠤ᠂ ᠨᠡᠢᠭᠡᠮ᠎ᠦᠨ ᠬᠥᠷᠥᠩᠭᠡ᠎ᠵᠢᠨ ᠰᠣᠶᠣᠯ ᠵᠢᠭᠤᠯᠴᠢᠯᠠᠯ᠎ᠤᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠵᠢ ᠵᠣᠷᠢᠭ᠍ᠵᠢᠭᠤᠯᠬᠤ ᠪᠠ ᠬᠥᠲᠥᠯᠥᠨ ᠵᠢᠯᠤᠭᠤᠳᠤᠨ᠎ᠠ᠃ ᠰᠣᠶᠣᠯ ᠵᠢᠭᠤᠯᠴᠢᠯᠠᠯ᠎ᠤᠨ ᠲᠠᠭᠠᠭᠤᠯᠤᠬᠴᠢ ᠠᠵᠤ ᠠᠬᠤᠢᠯᠠᠯ᠎ᠢ ᠶᠡᠬᠡ ᠪᠡᠷ ᠬᠥᠲᠥᠯᠥᠨ ᠵᠢᠯᠤᠭᠣᠳᠴᠤ ᠪᠤᠢᠵᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠦᠷᠢᠯᠡᠬᠦ᠂ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠬᠦ᠎ᠶᠢ ᠳᠠᠶ᠋ᠢᠴᠢᠯᠠᠨ᠎ᠠ᠃

(ᠬᠣᠶᠠᠷ) ᠰᠣᠶᠣᠯ ᠎ᠤᠨ ᠠᠵᠢᠯ ᠦᠢᠯᠡᠰ᠎ᠦᠨ ᠨᠢᠭᠡᠴᠢ᠎ᠶᠢᠨ ᠬᠥᠭᠵᠢᠯᠲᠡ᠎ᠶᠢᠨ ᠠᠮᠢᠵᠢᠷᠠᠯ ᠎ᠤᠨ ᠬᠦᠴᠦᠨ᠎ᠢ ᠨᠡᠮᠡᠭᠳᠡᠭᠦᠯᠦᠨ᠎ᠡ᠃ ᠰᠣᠶᠣᠯ᠎ᠤᠨ ᠠᠵᠢᠯ ᠦᠢᠯᠡᠰ᠎ᠦᠨ ᠨᠢᠭᠡᠴᠢ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠬᠦᠷᠢᠶᠡᠯᠡᠩ ᠪᠦᠯᠬᠦᠮ + ᠺᠣᠮᠫᠠᠨᠢ》᠎ᠵᠢᠨ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠴᠢᠬᠤᠯᠠ ᠶᠡᠬᠡ ᠲᠣᠭᠯᠠᠯᠲᠠ᠎ᠶᠢ ᠤᠷᠮᠠᠰᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠨᠡᠢᠭᠡᠮ᠎ᠦᠨ ᠦᠷ᠎ᠡ ᠠᠰᠢᠭ᠋ ᠢᠯᠡᠷᠬᠡᠢ᠂ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢᠶᠡᠷ ᠲᠣᠪᠣᠢᠮ᠎ᠠ ᠪᠦᠲᠦᠭᠡᠯ᠎ᠢ ᠭᠣᠣᠯᠳᠠᠯᠭ᠎ᠠ᠎ᠲᠠᠢ ᠤᠳᠬ᠎ᠠ ᠤᠷᠠᠯᠢᠭ᠋᠎ᠤᠨ ᠲᠥᠷᠥᠯ ᠵᠦᠢᠯ᠎ᠢ ᠲᠡᠳᠬᠦᠬᠦ ᠬᠡᠪᠴᠢᠶᠡᠨ᠎ᠳᠦ ᠣᠷᠣᠭᠤᠯᠤᠨ᠎ᠠ᠃ ᠰᠢᠯᠢᠳᠡᠭ ᠰᠣᠶᠣᠯ᠎ᠤᠨ ᠦᠢᠯᠡᠴᠢᠯᠡᠭᠡᠨ᠎ᠦ ᠬᠠᠩᠭᠠᠯᠭ᠎ᠠ᠎ᠶᠢᠨ ᠰᠢᠨ᠎ᠡ᠎ᠶᠢ ᠡᠭᠦᠳᠴᠦ᠂ ᠰᠣᠶᠣᠯ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠨᠢᠭᠡᠴᠢ᠎ᠶᠢᠨ 《ᠰᠣᠶᠣᠯ᠎ᠤᠨ IP》 ᠶ᠋ᠢ ᠪᠣᠢᠵᠢᠭᠤᠯᠬᠤ᠂ ᠰᠣᠶᠣᠯ᠎ᠤᠨ ᠪᠦᠳᠦᠬᠡᠯᠴᠢ ᠦᠢᠯᠡᠳᠬᠦᠨ᠎ᠢ ᠨᠡᠭᠡᠭᠡᠨ ᠬᠥᠭᠵᠢᠭᠦᠯᠬᠦ᠂ ᠨᠡᠢᠭᠡᠮ᠎ᠦᠨ ᠬᠥᠮᠦᠵᠢᠯ᠎ᠦᠨ ᠠᠵᠢᠯᠯᠠᠭ᠎ᠠ᠎ᠶᠢ ᠥᠷᠭᠡᠳᠬᠡᠬᠦ᠎ᠶᠢ ᠠᠬᠢᠭᠤᠯᠤᠨ᠎ᠠ᠃ ᠰᠣᠶᠣᠯ᠎ᠤᠨ ᠪᠦᠳᠦᠬᠡᠯᠴᠢ ᠦᠢᠯᠡᠳᠬᠦᠨ᠎ᠢ ᠨᠡᠭᠡᠭᠡᠨ ᠬᠦᠭᠵᠢᠭᠦᠯᠵᠦ ᠣᠯᠣᠭᠰᠠᠨ ᠠᠵᠢᠯ ᠦᠢᠯᠡᠰ᠎ᠤᠨ ᠣᠷᠣᠯᠭ᠎ᠠ᠎ᠵᠢᠨ ᠳᠣᠲᠣᠷᠠᠬᠢ ᠴᠡᠪᠡᠷ ᠠᠰᠢᠭ᠋ ᠣᠯᠵᠠᠪᠤᠷᠢ᠎ᠵᠢᠨ 30% ᠡᠴᠡ ᠳᠠᠪᠠᠭᠤᠯᠬᠤ ᠦᠭᠡᠢ ᠬᠡᠰᠡᠭ ᠢ᠋ ᠬᠥᠮᠥᠰ ᠢ᠋ ᠤᠷᠮᠠᠰᠢᠭᠤᠯᠬᠤ ᠳ᠋ᠤ ᠬᠡᠷᠡᠭᠯᠡᠵᠦ ᠪᠣᠯᠣᠨ᠎ᠠ᠃

(ᠭᠤᠷᠪᠠ) ᠠᠵᠢᠯ ᠲᠥᠷᠥᠯ ᠎ᠦᠨ ᠶᠡᠷᠦᠩᠬᠡᠢᠯᠡᠭᠰᠡᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠎ᠦᠨ ᠠᠵᠢᠯ ᠲᠥᠷᠥᠯ᠎ᠦᠨ ᠵᠠᠳᠠᠯᠤᠯᠲᠠ᠎ᠶᠢ ᠴᠢᠩᠭᠠᠳᠬᠠᠵᠤ᠂ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ᠎ᠤᠨ ᠳᠠᠯᠳᠠ ᠬᠦᠴᠦᠨ᠎ᠢ ᠭᠦᠨᠵᠡᠭᠡᠢ ᠠᠭᠤᠳᠠᠯᠤᠨ᠎ᠠ᠃ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠢᠯᠠᠯ᠎ᠤᠨ ᠬᠥᠭᠵᠢᠨ ᠪᠤᠵᠠᠭᠠᠢᠷᠠᠬᠤ᠎ᠶᠢ ᠳᠡᠮᠵᠢᠵᠦ᠂ ᠵᠢᠭᠤᠯᠴᠢᠯᠠᠯ᠎ᠤᠨ ᠦᠢᠯᠡᠴᠢᠯᠡᠭᠡᠨ᠎ᠦ ᠲᠠᠪᠴᠠᠩ᠎ᠤᠨ ᠳ᠋ᠦᠩᠨᠡᠨ ᠪᠤᠳᠤᠬᠤ ᠲᠥᠷᠥᠯ ᠵᠡᠷᠭᠡ ᠲᠥᠷᠥᠯ ᠵᠦᠢᠯ᠎ᠤᠨ ᠥᠪᠥᠷ ᠮᠣᠩᠭᠣᠯ᠎ᠳᠤ ᠨᠤᠲᠤᠭᠰᠢᠬᠤ᠎ᠶᠢ ᠵᠣᠷᠢᠭ᠍ᠵᠢᠭᠤᠯᠤᠨ᠎ᠠ᠃ ᠵᠢᠭᠤᠯᠴᠢᠯᠠᠭᠰᠠᠳ᠎ᠢᠶᠠᠷ ᠭᠣᠣᠯ ᠪᠣᠯᠭᠠᠭᠰᠠᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠶᠠᠰᠤ ᠴᠢᠨᠠᠷ᠎ᠢ ᠦᠨᠡᠯᠡᠬᠦ ᠰᠢᠰᠲᠧᠮ᠎ᠢ ᠪᠠᠢᠭᠤᠯᠤᠨ ᠪᠦᠷᠢᠨᠰᠢᠭᠦᠯᠦᠨ᠎ᠡ᠃ ᠵᠢᠭᠤᠯᠴᠢᠯᠠᠯ᠎ᠤᠨ ᠦᠢᠯᠡᠴᠢᠯᠡᠭᠡᠨ᠎ᠦ ᠭᠠᠵᠠᠷ᠎ᠤᠨ ᠦᠢᠯᠡᠴᠢᠯᠡᠭᠡᠨ᠎ᠦ ᠶᠠᠰᠤ ᠴᠢᠨᠠᠷ᠎ᠤᠨ ᠪᠠᠲᠤᠯᠠᠭ᠎ᠠ᠎ᠶᠢᠨ ᠮᠥᠩᠭᠥ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠵᠢᠭᠤᠯᠴᠢᠯᠠᠯ᠎ᠤᠨ ᠦᠢᠯᠡᠴᠢᠯᠡᠭᠡᠨ᠎ᠦ ᠭᠠᠵᠠᠷ᠎ᠤᠨ ᠬᠠᠷ᠎ᠠ ᠴᠠᠭᠠᠨ ᠲᠠᠩᠰᠠ᠎ᠶᠢᠨ ᠳᠦᠷᠢᠮ᠎ᠢ ᠪᠠᠢᠭᠤᠯᠤᠨ᠎ᠠ᠃ ᠣᠳᠣᠨ ᠲᠠᠰ᠎ᠤᠨ ᠵᠤᠴᠢᠳ᠎ᠤᠨ ᠪᠠᠭᠤᠳᠠᠯ᠂ ᠵᠡᠷᠭᠡ ᠳᠡᠰ ᠲᠤ᠌ ᠤᠷᠤᠬᠰᠠᠨ ᠠᠷᠠᠳ᠎ᠤᠨ ᠤᠯᠠᠮᠵᠢᠯᠠᠯᠲᠤ ᠰᠠᠭᠤᠴᠠ ᠵᠡᠷᠭᠡ᠎ᠶᠢ ᠦᠨᠡᠯᠡᠨ ᠲᠣᠭᠲᠠᠭᠠᠵᠤ ᠳᠠᠬᠢᠨ ᠬᠢᠨᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠠᠬᠢᠭᠤᠯᠤᠨ᠎ᠠ᠃ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠢᠲᠡᠭᠡᠮᠵᠢ᠎ᠶᠢᠨ ᠲᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠰᠣᠶᠣᠯ ᠵᠢᠭᠤᠯᠴᠢᠯᠠᠯ᠎ᠤᠨ ᠬᠦᠷᠢᠶᠡᠨ᠎ᠳᠡᠬᠢ ᠠᠵᠢᠯ ᠲᠥᠷᠥᠯ᠎ᠦᠨ ᠰᠤᠳᠤᠯᠭᠠᠨ᠎ᠤ ᠨᠡᠢᠭᠡᠮᠯᠢᠭ᠂ ᠨᠡᠢᠭᠡᠮᠯᠢᠭ᠂ ᠰᠠᠭᠤᠷᠢ ᠮᠥᠩᠭᠥᠨ᠎ᠦ ᠨᠡᠢᠭᠡᠮᠯᠢᠭ᠎ᠦᠨ ᠵᠢᠷᠤᠮᠵᠢᠭ᠍ᠰᠠᠨ ᠬᠠᠮᠢᠶᠠᠷᠤᠯᠲᠠ᠎ᠶᠢ ᠠᠬᠢᠭᠤᠯᠤᠨ᠎ᠠ᠃


ᠭᠤᠷᠪᠠ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ

(ᠳᠥᠷᠪᠡ) ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠮᠠᠨ᠎ᠤ ᠣᠷᠣᠨ᠎ᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠲᠦᠰᠢᠭᠯᠡᠨ᠂ ᠲᠠᠯ᠎ᠠ ᠨᠤᠲᠤᠭ᠎ᠤᠨ ᠠᠮᠢ ᠠᠬᠤᠢ᠎ᠶᠢᠨ ᠵᠢᠭᠤᠯᠴᠢᠯᠠᠯ᠎ᠤᠨ ᠪᠦᠰᠡ᠂ ᠣᠶ ᠰᠢᠭᠤᠢ᠎ᠶᠢᠨ ᠠᠮᠠᠷᠠᠯᠲᠠ ᠪᠠᠨ ᠦᠩᠬᠡᠷᠡᠬᠦᠯᠬᠦ ᠵᠢᠭᠤᠯᠴᠢᠯᠠᠯ᠎ᠤᠨ ᠪᠦᠰᠡ᠂ ᠬᠠᠲᠤᠨ ᠭᠣᠣᠯ᠎ᠤᠨ ᠰᠣᠶᠣᠯ ᠵᠢᠭᠤᠯᠴᠢᠯᠠᠯ᠎ᠤᠨ ᠪᠦᠰᠡ᠂ ᠡᠯᠡᠰᠦᠨ ᠴᠥᠯ᠎ᠦᠨ ᠵᠤᠭ᠎ᠠ ᠰᠡᠯᠡᠭᠦᠴᠡᠯ᠎ᠦᠨ ᠵᠢᠭᠤᠯᠴᠢᠯᠠᠯ᠎ᠤᠨ ᠪᠦᠰᠡ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠪᠦᠰᠡ᠎ᠶᠢ ᠪᠣᠶ ᠪᠣᠯᠭᠠᠵᠤ᠂ ᠭᠣᠣᠯᠳᠠᠯᠭ᠎ᠠ᠎ᠲᠠᠢ ᠵᠢᠭᠤᠯᠴᠢᠯᠠᠯ᠎ᠤᠨ ᠬᠣᠲᠠ ᠪᠠ ᠭᠣᠣᠯᠳᠠᠯᠭ᠎ᠠ᠎ᠲᠠᠢ ᠦᠵᠡᠮᠵᠢ᠎ᠶᠢᠨ ᠣᠷᠣᠨ᠎ᠢ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠥᠭᠵᠢᠭᠦᠯᠵᠦ᠂ 《ᠲᠠᠪᠤᠨ ᠪᠦᠰᠡ ᠬᠣᠯᠪᠤᠭᠠᠯᠠᠨ ᠬᠥᠳᠡᠯᠦᠯᠴᠡᠵᠦ᠂ ᠣᠯᠠᠨ ᠲᠤᠢᠯ᠎ᠢᠶᠠᠷ ᠲᠤᠯᠭᠠᠭᠤᠷᠢᠯᠠᠭᠰᠠᠨ》 ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠪᠠᠢᠷᠢᠰᠢᠯ᠎ᠢ ᠪᠠᠢᠭᠤᠯᠤᠨ᠎ᠠ᠃ ᠰᠣᠶᠣᠯ ᠵᠢᠭᠤᠯᠴᠢᠯᠠᠯ᠎ᠤᠨ ᠠᠵᠤ ᠦᠢᠯᠡᠰ᠎ᠲᠦ ᠬᠡᠷᠡᠭᠯᠡᠬᠦ ᠭᠠᠵᠠᠷ ᠰᠢᠷᠣᠢ᠎ᠶᠢ ᠤᠯᠤᠰ᠎ᠤᠨ ᠨᠤᠳᠤᠭ ᠲᠡᠪᠢᠰᠬᠡᠷ᠎ᠤᠨ ᠣᠷᠣᠨ ᠵᠠᠢ᠎ᠶᠢᠨ ᠲᠥᠯᠦᠪᠵᠢᠭᠦᠯᠭᠡ᠎ᠶᠢᠨ ᠬᠦᠷᠢᠶ᠎ᠡ ᠬᠡᠪᠴᠢᠶ᠎ᠡ᠎ᠳᠦ ᠣᠷᠣᠭᠤᠯᠵᠤ᠂ ᠤᠯᠤᠰ᠎ᠤᠨ ᠭᠠᠵᠠᠷ ᠰᠢᠷᠣᠢ᠎ᠶᠢᠨ ᠲᠥᠷᠥ᠎ᠶᠢᠨ ᠪᠣᠳᠣᠯᠭ᠎ᠠ᠎ᠶᠢᠨ ᠪᠣᠷᠣ᠌ ᠲᠥᠯᠥᠪ᠎ᠦᠨ ᠳᠣᠲᠣᠷ᠎ᠠ ᠬᠡᠷᠡᠭᠯᠡᠬᠦ ᠭᠠᠵᠠᠷ ᠰᠢᠷᠣᠢ᠎ᠶᠢᠨ ᠬᠠᠩᠭᠠᠯᠭ᠎ᠠ ᠪᠠ ᠠᠰᠢᠭ᠍ᠯᠠᠯᠲᠠ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ 《ᠴᠡᠭ᠎ᠤᠨ ᠬᠡᠯᠪᠡᠷᠢ ᠵᠢᠨ ᠭᠠᠵᠠᠷ ᠰᠢᠷᠣᠢ ᠬᠠᠩᠭᠠᠬᠤ + ᠵᠢᠯ ᠬᠤᠭᠤᠴᠠᠭ᠎ᠠ᠎ᠵᠢ ᠠᠮᠢᠳᠤᠯᠢᠭ᠎ᠵᠢᠡᠷ ᠲᠤᠬᠢᠷᠠᠭᠤᠯᠬᠤ》 ᠲᠤᠷᠰᠢᠯᠲᠠ᠎ᠵᠢᠨ ᠴᠡᠭ᠎ᠢ ᠥᠷᠨᠢᠭᠦᠯᠵᠦ᠂ ᠭᠣᠣᠯᠳᠠᠯᠭ᠎ᠠ᠎ᠲᠠᠢ ᠲᠤᠨᠤᠭ ᠲᠦᠬᠦᠭᠡᠷᠦᠮᠵᠢ ᠪᠠ ᠲᠥᠷᠥᠯ ᠵᠦᠢᠯ᠎ᠳᠦ ᠬᠡᠷᠡᠭᠯᠡᠬᠦ ᠭᠠᠵᠠᠷ ᠰᠢᠷᠣᠢ᠎ᠶᠢᠨ ᠬᠡᠷᠡᠭᠴᠡᠭᠡ᠎ᠶᠢ ᠪᠠᠲᠤᠯᠠᠨ᠎ᠠ᠃ ᠬᠠᠳᠠᠭᠠᠯᠠᠬᠳᠠᠵᠤ ᠪᠠᠢᠭ᠎ᠠ ᠭᠠᠵᠠᠷ ᠰᠢᠷᠣᠢ᠎ᠶᠢ ᠠᠮᠢᠳᠤᠯᠢᠭ᠍ᠵᠢᠭᠤᠯᠤᠨ ᠠᠰᠢᠭ᠍ᠯᠠᠬᠤ᠎ᠶᠢ ᠠᠬᠢᠭᠤᠯᠵᠤ᠂ ᠬᠣᠲᠠ᠎ᠶᠢᠨ ᠬᠠᠭᠤᠴᠢᠨ ᠦᠢᠯᠡᠳᠪᠦᠷᠢ᠎ᠶᠢᠨ ᠭᠡᠷ ᠪᠠᠢᠰᠢᠩ ᠵᠡᠷᠭᠡ ᠬᠠᠳᠠᠭᠠᠯᠠᠬᠳᠠᠵᠤ ᠪᠠᠢᠭ᠎ᠠ ᠡᠬᠢ ᠪᠠᠶᠠᠯᠢᠭ᠋᠎ᠢ ᠠᠰᠢᠭ᠍ᠯᠠᠨ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠢ ᠪᠦᠲᠦᠭᠡᠨ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠬᠡᠪᠴᠢᠶᠡᠨ᠎ᠳᠡᠬᠢ ᠰᠣᠶᠣᠯ ᠵᠢᠭᠤᠯᠴᠢᠯᠠᠯ᠎ᠤᠨ ᠲᠥᠷᠥᠯ ᠵᠦᠢᠯ ᠨᠢ ᠤᠯᠤᠰ᠎ᠤᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠳᠤ ᠨᠡᠢᠴᠡᠭᠰᠡᠨ ᠪᠠᠢᠬᠤ ᠬᠡᠷᠡᠭᠲᠡᠢ᠃ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠵᠢᠷᠤᠮᠵᠢᠭ᠍ᠰᠠᠨ ᠬᠠᠮᠢᠶᠠᠷᠤᠯᠲᠠ᠎ᠶᠢ ᠴᠢᠩᠭᠠᠳᠬᠠᠵᠤ᠂ ᠰᠣᠬᠣᠷ ᠪᠠᠯᠠᠢ᠎ᠪᠠᠷ ᠪᠡᠯᠡ ᠣᠷᠣᠭᠤᠯᠬᠤ᠂ ᠳᠠᠪᠬᠤᠷᠳᠠᠭᠤᠯᠤᠨ ᠪᠦᠲᠦᠭᠡᠨ ᠪᠠᠶ᠋ᠢᠭᠤᠯᠬᠤ᠂ ᠰᠤᠯᠠ ᠲᠠᠯᠪᠢᠵᠤ ᠪᠦᠷᠢᠯᠭᠡᠬᠦ᠎ᠶᠢ ᠰᠡᠷᠭᠡᠢᠯᠡᠨ ᠬᠣᠷᠢᠭ᠍ᠯᠠᠨ᠎ᠠ᠃

(ᠲᠠᠪᠤ) ᠰᠠᠭᠤᠷᠢ ᠲᠦᠬᠦᠭᠡᠷᠦᠮᠵᠢ᠎ᠶᠢ ᠲᠡᠭᠦᠯᠳᠡᠷᠵᠢᠭᠦᠯᠦᠨ᠎ᠡ᠃ ᠭᠣᠣᠯ ᠪᠣᠯᠬᠤ ᠵᠢᠭᠤᠯᠴᠢᠯᠠᠭᠰᠠᠳ᠎ᠤᠨ ᠢᠷᠡᠯᠲᠡ᠎ᠶᠢᠨ ᠭᠠᠵᠠᠷ ᠵᠢᠴᠢ ᠵᠠᠮ ᠬᠠᠷᠢᠯᠴᠠᠭᠠᠨ᠎ᠤ ᠬᠦᠢᠰᠦ᠎ᠶᠢ ᠬᠣᠯᠪᠣᠨ ᠨᠡᠪᠲᠡᠷᠡᠭᠦᠯᠦᠭᠰᠡᠨ ᠲᠦᠷᠭᠡᠨ᠎ᠤ ᠲᠡᠮᠦᠷ ᠵᠠᠮ᠎ᠤᠨ ᠲᠣᠣᠷ ᠰᠦᠯᠵᠢᠶ᠎ᠡ᠎ᠶᠢ ᠠᠯᠬᠤᠮ ᠠᠯᠬᠤᠮ᠎ᠢᠶᠠᠷ ᠨᠢᠭ᠍ᠲᠠᠷᠠᠭᠤᠯᠵᠤ᠂ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ᠎ᠤᠨ ᠠᠶᠠᠨᠴᠢᠳ᠎ᠤᠨ ᠵᠦᠭᠡᠭᠡᠪᠦᠷᠢ᠎ᠶᠢᠨ ᠵᠣᠯᠭᠠᠭᠤᠯᠤᠯᠲᠠ᠎ᠶᠢ ᠴᠢᠩᠭᠠᠷᠠᠭᠤᠯᠤᠨ᠎ᠠ᠃ ᠵᠢᠭᠤᠯᠴᠢᠯᠠᠯ᠎ᠤᠨ ᠬᠥᠭᠵᠢᠶᠡᠨᠲᠦ ᠤᠯᠠᠷᠢᠯ᠎ᠳᠤ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ ᠵᠢ ᠨᠡᠮᠡᠵᠦ ᠨᠡᠪᠲᠡᠷᠡᠭᠦᠯᠬᠦ᠎ᠶᠢ ᠠᠬᠢᠭᠤᠯᠤᠨ᠎ᠠ᠃ ᠰᠠᠯᠪᠤᠷᠢ ᠱᠤᠭᠤᠮ᠎ᠤᠨ ᠠᠭᠠᠷ᠎ᠤᠨ ᠠᠶᠠᠯᠠᠯ᠎ᠤᠨ ᠦᠢᠯᠡᠴᠢᠯᠡᠭᠡ᠎ᠶᠢ ᠬᠠᠯᠠᠮᠰᠢᠯ ᠵᠢᠭᠤᠯᠴᠢᠯᠠᠯ᠎ᠤᠨ ᠵᠣᠷᠢᠯᠳᠠᠳᠤ ᠭᠠᠵᠠᠷ ᠲᠡᠢᠰᠢ ᠤᠷᠲᠤᠳᠬᠠᠬᠤ᠎ᠶᠢ ᠠᠬᠢᠭᠤᠯᠵᠤ᠂ ᠠᠭᠠᠷ᠎ᠤᠨ ᠠᠶᠠᠯᠠᠯ᠎ᠤᠨ ᠱᠤᠭᠤᠮ᠎ᠢ ᠨᠢᠭ᠍ᠲᠠᠷᠠᠭᠤᠯᠤᠨ᠂ ᠡᠭᠡᠯᠵᠢ᠎ᠶᠢᠨ ᠨᠢᠰᠬᠡᠯ᠎ᠦᠨ ᠴᠠᠭ᠎ᠢ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠶᠢ ᠰᠠᠢᠲᠤᠷ ᠬᠡᠷᠡᠭᠯᠡᠵᠦ᠂ ᠵᠢᠭᠤᠯᠴᠢᠯᠠᠯ᠎ᠤᠨ ᠨᠢᠰᠬᠡᠯ᠎ᠢ ᠳᠠᠭᠠᠭᠠᠴᠢᠯᠠᠬᠤ ᠲᠤᠬᠠᠢᠯᠠᠭᠰᠠᠨ ᠠᠵᠢᠯ᠎ᠢ ᠨᠡᠬᠡᠬᠡᠬᠦ᠎ᠶᠢ ᠳᠡᠮᠵᠢᠨ᠎ᠡ᠃ ᠨᠢᠭᠡ ᠪᠦᠯᠦᠭ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠢ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠪᠠ ᠳᠡᠭᠡᠭᠰᠢᠯᠡᠭᠦᠯᠦᠨ᠎ᠡ᠃ ᠰᠦᠯᠵᠢᠶᠡᠨ᠎ᠦ ᠲᠠᠰ ᠳᠡᠪᠰᠢᠬᠦ᠎ᠶᠢ ᠠᠬᠢᠭᠤᠯᠵᠤ᠂ ᠭᠣᠣᠯᠳᠠᠯᠭ᠎ᠠ᠎ᠲᠠᠢ ᠦᠵᠡᠮᠵᠢ᠎ᠶᠢᠨ ᠣᠷᠣᠨ᠎ᠳ᠋ᠤ ᠴᠢᠨᠠᠷ ᠰᠠᠢᠲᠠᠢ ᠨᠡᠪᠳᠡᠷᠡᠬᠦ ᠰᠦᠯᠵᠢᠶ᠎ᠠ ᠵᠢ ᠪᠦᠷᠬᠦᠬᠦᠯᠬᠦ᠎ᠶᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃ ᠵᠢᠭᠤᠯᠴᠢᠯᠠᠯ᠎ᠤᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ 331 ᠤᠯᠤᠰ᠎ᠤᠨ ᠵᠠᠮ᠂ 99 ᠨᠣᠮᠧᠷᠲᠤ ᠲᠠᠯ᠎ᠠ ᠨᠤᠲᠤᠭ᠎ᠤᠨ ᠵᠠᠰᠠᠮᠠᠯ ᠵᠠᠮ ᠵᠡᠷᠭᠡ ᠪᠡᠯᠭᠡ ᠲᠡᠮᠳᠡᠭ᠎ᠤᠨ ᠴᠢᠨᠠᠷᠲᠠᠢ ᠦᠵᠡᠮᠵᠢ᠎ᠶᠢᠨ ᠤᠷᠤᠨ᠎ᠤ ᠵᠠᠮ ᠢ᠋ ᠭᠣᠣᠯᠳᠠᠯᠭ᠎ᠠ᠎ᠲᠠᠢ ᠪᠠᠢᠭᠤᠯᠤᠨ᠎ᠠ᠃ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠰᠤᠯᠠ ᠲᠠᠯᠪᠢᠵᠤ ᠪᠠᠢᠭ᠎ᠠ ᠭᠠᠵᠠᠷ᠂ ᠬᠠᠶᠠᠭᠳᠠᠮᠠᠯ ᠦᠢᠯᠡᠳᠪᠦᠷᠢ᠎ᠶᠢᠨ ᠭᠡᠷ ᠪᠠᠢᠰᠢᠩ ᠵᠡᠷᠭᠡ᠎ᠶᠢ ᠠᠰᠢᠭ᠍ᠯᠠᠨ 《ᠲᠦᠯᠬᠢᠯᠳᠠ ᠲᠠᠳᠠᠷᠠᠯᠳᠠ ᠮᠠᠶᠢᠭ》᠎ᠤ᠋ᠨ ᠲᠡᠷᠭᠡᠨ ᠵᠣᠭᠰᠣᠭᠠᠯ᠎ᠢ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃ ᠣᠯᠠᠨ ᠨᠡᠶ᠋ᠢᠲᠡ᠎ᠶᠢᠨ ᠴᠠᠬᠢᠯᠭᠠᠨ ᠴᠡᠨᠡᠭᠯᠡᠬᠦ ᠱᠣᠩ᠎ᠤᠨ ᠪᠠᠢᠭᠤᠯᠤᠯᠲᠠ᠎ᠶᠢ ᠴᠢᠩᠭᠠᠳᠬᠠᠨ᠎ᠠ᠃


ᠳᠥᠷᠪᠡ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ

(ᠵᠢᠷᠭᠤᠭ᠎ᠠ) ᠰᠣᠶᠣᠯ᠎ᠤᠨ ᠥᠪ᠎ᠢ ᠬᠠᠮᠠᠭᠠᠯᠠᠨ ᠠᠰᠢᠭ᠍ᠯᠠᠬᠤ᠎ᠵᠢᠨ ᠰᠢᠨ᠎ᠡ᠎ᠶᠢ ᠡᠭᠦᠳᠦᠨ᠎ᠡ᠃ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠣᠭᠲᠠᠴᠠ᠎ᠶᠢ ᠪᠦᠷᠢᠨᠰᠢᠭᠦᠯᠦᠨ᠎ᠡ᠃ ᠬᠤᠩᠱᠠᠨ ᠰᠣᠶᠣᠯ᠎ᠤᠨ ᠪᠠᠭᠤᠷᠢ᠎ᠶᠢ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ ᠠᠵᠢᠯ᠎ᠢ ᠠᠬᠢᠭᠤᠯᠵᠤ᠂ ᠪᠠᠷᠠᠭᠤᠨ ᠯᠢᠶᠣᠤᠾᠧ᠎ᠶᠢᠨ ᠰᠣᠶᠣᠯ᠎ᠤᠨ ᠬᠠᠭᠤᠴᠢ ᠰᠤᠳᠤᠯᠤᠯ᠎ᠤᠨ ᠨᠡᠭᠡᠭᠡᠨ ᠰᠤᠳᠤᠯᠬᠤ᠎ᠶᠢ ᠴᠢᠩᠭᠠᠳᠬᠠᠵᠤ᠂ ᠤᠷᠲᠤ ᠴᠠᠭᠠᠨ ᠬᠡᠷᠡᠮ᠂ ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠶᠤᠸᠠᠨ᠎ᠤ ᠳᠡᠭᠡᠳᠦ ᠨᠡᠢᠰᠯᠡᠯ᠂ ᠯᠢᠶᠣᠤ᠎ᠶᠢᠨ ᠳᠡᠭᠡᠳᠦ ᠨᠡᠢᠰᠯᠡᠯ᠂ ᠴᠢᠨ ᠤᠯᠤᠰ᠎ᠤᠨ ᠦᠶ᠎ᠠ ᠵᠢᠨ ᠰᠢᠭᠤᠳ ᠨᠡᠪᠳᠡᠷᠡᠬᠦ ᠵᠠᠮ ᠵᠡᠷᠭᠡ ᠲᠣᠮᠣ᠌ ᠪᠠᠭᠤᠷᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ ᠰᠤᠷᠭᠠᠨ ᠬᠥᠮᠦᠵᠢᠯ᠎ᠦᠨ ᠦᠢᠯᠡᠳᠦᠯ ᠴᠢᠳᠠᠮᠵᠢ᠎ᠶᠢ ᠳᠡᠭᠡᠭᠰᠢᠯᠡᠭᠦᠯᠵᠦ᠂ ᠨᠢᠭᠡ ᠪᠦᠯᠦᠭ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠭᠣᠣᠯ ᠰᠡᠳᠦᠪᠲᠦ ᠵᠢᠭᠤᠯᠴᠢᠯᠠᠯ᠎ᠤᠨ ᠵᠠᠮ᠂ ᠰᠤᠳᠤᠯᠤᠨ ᠰᠤᠷᠤᠯᠴᠠᠬᠤ ᠦᠢᠯᠡᠳᠬᠦᠨ᠎ᠢ ᠡᠬᠦᠳᠦᠨ ᠨᠡᠬᠡᠬᠡᠨ᠎ᠡ᠃ ᠨᠥᠬᠥᠴᠡᠯ᠎ᠲᠠᠢ ᠭᠠᠵᠠᠷ ᠣᠷᠣᠨ᠎ᠤ ᠳᠡᠯᠡᠬᠡᠢ᠎ᠶᠢᠨ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠎ᠶᠢ ᠵᠣᠷᠢᠭ᠍ᠵᠢᠭᠤᠯᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠨᠢᠭᠡᠴᠢ᠎ᠶᠢᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ᠎ᠲᠦ ᠫᠠᠢᠰᠠ ᠡᠯᠭᠦᠵᠦ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠲᠥᠷᠥᠯ ᠵᠦᠢᠯ᠎ᠤᠨ ᠪᠥᠬᠥ ᠤᠯᠤᠰ᠎ᠤᠨ ᠬᠠᠭᠤᠴᠢ ᠰᠤᠳᠤᠯᠤᠯ᠎ᠤᠨ ᠰᠢᠨ᠎ᠡ ᠢᠯᠡᠷᠡᠭᠦᠯᠦᠯᠲᠡ ᠪᠡᠷ ᠥᠷᠢᠰᠦᠯᠳᠦᠬᠦ᠎ᠵᠢ ᠳᠡᠮᠵᠢᠨ᠎ᠡ᠃ ᠰᠣᠶᠣᠯ᠎ᠤᠨ ᠪᠦᠳᠦᠬᠡᠯᠴᠢ ᠦᠢᠯᠡᠳᠬᠦᠨ ᠢ᠋ ᠵᠢᠷᠤᠵᠤ ᠲᠥᠯᠥᠪᠯᠡᠨ ᠨᠡᠭᠡᠭᠡᠬᠦ ᠡᠷᠴᠢᠮ ᠢ᠋ ᠨᠡᠮᠡᠭᠳᠡᠭᠦᠯᠦᠨ᠂ 《ᠥᠪᠥᠷ ᠮᠣᠩᠭᠣᠯ᠎ᠤᠨ ᠪᠡᠯᠡᠭ》 ᠵᠢᠭᠤᠯᠴᠢᠯᠠᠯ᠎ᠤᠨ ᠲᠠᠸᠠᠷ᠎ᠤᠨ ᠰᠢᠰᠲᠸᠮ᠎ᠢ ᠪᠦᠷᠢᠨᠰᠢᠭᠦᠯᠵᠦ᠂ ᠪᠣᠳᠠᠲᠤ ᠴᠣᠭᠴᠠ᠎ᠶᠢᠨ ᠳᠡᠯᠭᠡᠭᠦᠷ᠎ᠤᠨ ᠪᠠᠢᠭᠤᠯᠤᠯᠲᠠ ᠵᠢ ᠴᠢᠩᠭᠠᠳᠬᠠᠨ᠂ ᠲᠦᠷᠦᠯ ᠲᠡᠮᠳᠡᠭ᠎ᠤᠨ ᠡᠷᠬᠡ ᠣᠯᠭᠣᠬᠤ ᠠᠵᠢᠯ᠎ᠢ ᠰᠠᠢᠲᠤᠷ ᠬᠢᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠷᠣᠨ ᠪᠦᠰᠡ᠎ᠶᠢᠨ ᠴᠢᠨᠠᠷᠲᠠᠢ ᠪᠦᠬᠦᠯᠢ ᠴᠣᠭᠴᠠ᠎ᠶᠢᠨ ᠬᠠᠮᠠᠭᠠᠯᠠᠯᠲᠠ ᠪᠠ ᠠᠮᠢᠳᠦᠷᠠᠯ ᠦᠢᠯᠡᠳᠤᠯᠬᠡ ᠲᠤᠮᠳᠠ ᠤᠯᠠᠮᠵᠢᠯᠠᠨ ᠵᠠᠯᠭᠠᠮᠵᠢᠯᠠᠬᠤ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠮᠵᠢ᠎ᠶᠢᠨ ᠣᠷᠣᠨ᠂ ᠠᠮᠠᠷᠠᠯᠲᠠ ᠪᠠᠨ ᠦᠩᠬᠡᠷᠡᠬᠦᠯᠬᠦ᠎ᠣᠷᠣᠨ᠂ ᠵᠤᠭ᠎ᠠ ᠰᠡᠯᠡᠭᠦᠴᠡᠯ᠎ᠦᠨ ᠵᠡᠭᠡᠯᠢ ᠵᠢᠨ ᠲᠣᠭᠣᠷᠢᠭ᠋᠎ᠲᠤ ᠣᠷᠣᠬᠤ᠎ᠶᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠨᠡᠩ ᠰᠠᠢᠳᠤᠷ ᠤᠳᠤ ᠦᠶ᠎ᠡ᠎ᠶᠢᠨ ᠠᠮᠢᠳᠤᠷᠠᠯ᠎ᠳᠤ ᠠᠭᠤᠰᠤᠯᠴᠠᠭᠤᠯᠤᠨ᠎ᠠ᠃ ᠡᠷᠲᠡᠨ᠎ᠦ ᠰᠤᠷᠪᠤᠯᠵᠢ ᠪᠢᠴᠢᠭ᠎ᠢ ᠰᠤᠳᠤᠯᠤᠨ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭ᠍ᠯᠠᠬᠤ᠎ᠶᠢ ᠴᠢᠩᠭᠠᠳᠬᠠᠨ᠎ᠠ᠃ ᠲᠡᠦᠬᠡ ᠰᠣᠶᠣᠯ᠎ᠤᠨ ᠨᠡᠷᠡᠲᠦ ᠬᠣᠲᠠ ᠨᠡᠷᠡᠲᠦ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃

(ᠳᠣᠯᠣᠭ᠎ᠠ) ᠤᠳᠬ᠎ᠠ ᠤᠷᠠᠯᠢᠭ᠋ ᠎ᠤᠨ ᠵᠣᠬᠢᠶᠠᠨ ᠪᠦᠲᠦᠭᠡᠯᠭᠡ᠎ᠶᠢᠨ ᠦᠵᠡᠬᠦᠯᠬᠡ ᠵᠢᠨ ᠲᠤᠬᠯᠠᠯᠳᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠲᠠᠢᠰᠠᠨ᠎ᠤ ᠤᠷᠠᠯᠢᠭ᠋᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠴᠢᠨᠠᠷ ᠰᠠᠢᠲᠠᠢ ᠪᠦᠲᠦᠭᠡᠯ᠎ᠢ ᠵᠠᠬ᠎ᠠ ᠳᠡᠯᠭᠡᠭᠦᠷ ᠲᠤ᠌ ᠤᠨᠳᠤᠤᠰᠢᠭᠤᠯᠬᠤ ᠵᠢ ᠲᠦᠷᠭᠡᠳᠬᠡᠨ᠎ᠡ᠃ ᠤᠳᠬ᠎ᠠ ᠤᠷᠠᠯᠢᠭ᠋᠎ᠤᠨ ᠬᠦᠷᠢᠶᠡᠯᠡᠩ ᠪᠦᠯᠬᠦᠮ ᠬᠢᠭᠡᠳ ᠵᠢᠭᠤᠯᠴᠢᠯᠠᠯ᠎ᠤᠨ ᠡᠵᠡᠩᠨᠡᠯᠲᠡ᠎ᠶᠢᠨ ᠭᠣᠣᠯ ᠴᠣᠭᠴᠠ᠎ᠶᠢᠨ ᠰᠢᠨ᠎ᠡ᠎ᠶᠢ ᠡᠭᠦᠳᠦᠨ ᠬᠠᠮᠲᠤᠷᠠᠯᠴᠠᠬᠤ ᠬᠡᠯᠪᠡᠷᠢ᠎ᠶᠢ ᠳᠡᠮᠵᠢᠵᠦ᠂ ᠠᠰᠢᠭ᠋ ᠤᠷᠤᠯᠭ᠎ᠠ ᠵᠢᠨ᠎ᠬᠤᠪᠢᠶᠠᠷᠢᠯᠠᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠂ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ᠂ ᠰᠣᠶᠣᠯ ᠵᠢᠭᠤᠯᠴᠢᠯᠠᠯ᠎ᠤᠨ ᠵᠡᠭᠡᠯᠢ ᠵᠢᠨ ᠲᠣᠭᠣᠷᠢᠭ᠋ ᠵᠡᠷᠭᠡ ᠬᠡᠷᠡᠭᠯᠡᠭᠡᠨ᠎ᠦ ᠲᠠᠯᠠᠪᠤᠷ ᠭᠠᠵᠠᠷ᠎ᠲᠤ ᠭᠦᠨᠵᠡᠭᠡᠢ ᠠᠭᠤᠰᠤᠯᠴᠠᠬᠤ᠎ᠶᠢ ᠠᠬᠢᠭᠤᠯᠤᠨ᠎ᠠ᠃ ᠤᠷᠠᠯᠢᠭ᠋᠎ᠤᠨ ᠰᠤᠳᠤᠯᠤᠨ ᠰᠤᠷᠤᠯᠴᠠᠬᠤ᠂ ᠰᠣᠶᠣᠯ᠎ᠤᠨ ᠡᠭᠦᠳᠦᠯᠲᠡ᠎ᠶᠢᠨ ᠪᠡᠶᠡᠴᠢ ᠣᠢᠯᠠᠭᠠᠯᠲᠠ᠂ ᠪᠠᠶᠠᠷ ᠳᠤᠷᠠᠰᠬᠠᠯ᠎ᠤᠨ ᠡᠳᠦᠷ᠎ᠤᠨ ᠦᠵᠡᠭᠦᠯᠭᠡ᠎ᠶᠢᠨ ᠲᠣᠭᠯᠠᠯᠲᠠ ᠵᠡᠷᠭᠡ ᠰᠣᠶᠣᠯ ᠵᠢᠭᠤᠯᠴᠢᠯᠠᠯ᠎ᠤᠨ ᠦᠢᠯᠡᠳᠭᠦᠨ᠎ᠢ ᠰᠢᠨ᠎ᠡ᠎ᠶᠢ ᠡᠭᠦᠳᠦᠨ ᠨᠡᠭᠡᠭᠡᠨ ᠬᠥᠭᠵᠢᠭᠦᠯᠵᠦ᠂ ᠨᠢᠭᠡ ᠪᠦᠯᠦᠭ ᠭᠦᠨᠵᠡᠭᠡᠢ ᠤᠢᠯᠠᠭᠠᠬᠤ᠂ ᠪᠡᠶᠡᠴᠢᠯᠡᠨ ᠣᠢᠯᠠᠭᠠᠬᠤ ᠮᠠᠶᠢᠭ᠋᠎ᠤᠨ᠂ ᠬᠠᠷᠢᠯᠴᠠᠨ ᠬᠦᠳᠡᠯᠦᠯᠴᠡᠬᠦ ᠮᠠᠶᠢᠭ᠋᠎ᠤᠨ ᠰᠣᠶᠣᠯ ᠵᠢᠭᠤᠯᠴᠢᠯᠠᠯ᠎ᠤᠨ ᠰᠣᠳᠣᠨ ᠲᠣᠭᠯᠠᠯᠲᠠ᠎ᠶᠢᠨ ᠦᠢᠯᠡᠳᠭᠦᠨ᠎ᠢ ᠵᠣᠬᠢᠶᠠᠨ ᠪᠦᠲᠦᠭᠡᠨ᠎ᠠ᠃

(ᠨᠠᠢ᠍ᠮᠠ) ᠰᠣᠶᠣᠯ ᠵᠢᠭᠤᠯᠴᠢᠯᠠᠯ ᠎ᠤᠨ ᠠᠭᠤᠰᠤᠯᠴᠠᠯ᠎ᠤᠨ ᠨᠡᠢᠭᠡᠮ᠎ᠦᠨ ᠥᠷᠲᠡᠭ᠎ᠢ ᠠᠭᠤᠳᠠᠯᠤᠨ᠎ᠠ᠃ ᠵᠢᠭᠤᠯᠴᠢᠯᠠᠯ᠎ᠤᠨ ᠵᠠᠮ ᠱᠤᠭᠤᠮ᠂ ᠦᠵᠡᠮᠵᠢ᠎ᠶᠢᠨ ᠣᠷᠣᠨ ᠦᠵᠡᠮᠵᠢ᠎ᠶᠢᠨ ᠴᠡᠭ ᠵᠡᠷᠭᠡ᠎ᠶᠢᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠬᠤ᠎ᠶᠢ ᠴᠢᠬᠤᠯᠠᠴᠢᠯᠠᠵᠤ᠂ ᠭᠦᠨᠴᠡ᠎ᠲᠠᠢ ᠤᠳᠬ᠎ᠠ ᠠᠭᠤᠯᠭ᠎ᠠ ᠲᠠᠢ ᠲᠠᠲᠠᠬᠤ ᠬᠦᠴᠦᠨ᠎ᠲᠠᠢ ᠰᠣᠶᠣᠯ ᠢᠷᠭᠡᠨᠰᠢᠯ᠎ᠦᠨ ᠦᠯᠢᠭᠡᠷ᠎ᠢ ᠰᠠᠢᠲᠤᠷ ᠶᠠᠷᠢᠨ᠎ᠠ᠃ ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ ᠨᠢ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠵᠢ ᠪᠦᠲᠦᠭᠡᠨ ᠪᠠᠢᠭᠤᠯᠤᠬᠰᠠᠨ᠂ ᠬᠠᠮᠤᠭ᠎ᠤᠨ ᠰᠠᠢᠨ ᠮᠠᠯᠵᠢᠯ᠎ᠤᠨ ᠲᠠᠯᠠᠪᠠᠶ ᠪᠠᠨ ᠰᠠᠨᠰᠠᠷ᠎ᠤᠨ ᠠᠶᠠᠯᠠᠯ ᠳ᠋ᠤ ᠵᠤᠷᠢᠭᠤᠯᠤᠬᠰᠠᠨ ᠵᠢᠴᠢ ᠮᠣᠩᠭᠣᠯ ᠮᠣᠷᠢᠨ᠎ᠤ ᠵᠣᠷᠢᠭ᠋ ᠰᠠᠨᠠᠭ᠎ᠠ᠂ 《ᠤᠮᠠᠷᠠᠲᠤ᠎ᠶᠢᠨ ᠭᠤᠷᠪᠠᠨ ᠤᠷᠤᠨ᠎ᠤ ᠵᠣᠷᠢᠭ᠋ ᠰᠠᠨᠠᠭ᠎ᠠ》ᠵᠡᠷᠭᠡ ᠭᠣᠣᠯ ᠰᠡᠳᠦᠪ᠎ᠤᠨ ᠲᠤᠭᠤᠷᠢᠨ᠎ᠳᠤ ᠤᠳᠬ᠎ᠠ ᠤᠷᠠᠯᠢᠭ᠋᠎ᠤᠨ ᠪᠦᠲᠦᠭᠡᠯ᠎ᠢ ᠵᠣᠬᠢᠶᠠᠨ ᠪᠦᠲᠦᠭᠡᠬᠦ᠂ ᠤᠬᠠᠭᠠᠯᠠᠨ ᠰᠡᠳᠦᠵᠦ ᠳᠡᠯᠭᠡᠨ ᠦᠵᠡᠭᠦᠯᠵᠦ ᠲᠤᠭᠯᠠᠵᠤ᠂ ᠳᠤᠮᠳᠠᠳᠤ᠎ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ᠌᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ ᠲᠡᠦᠬᠡ ᠬᠢᠬᠡᠳ ᠪᠣᠳᠠᠲᠤ ᠠᠬᠤᠢ᠎ᠶᠢ ᠳᠡᠯᠭᠡᠨ ᠦᠵᠡᠭᠦᠯᠦᠭᠰᠡᠨ ᠨᠠᠩ ᠣᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠨ᠎ᠡ᠃ ᠬᠤᠪᠢᠰᠬᠠᠯ᠎ᠤᠨ ᠳᠤᠷᠠᠰᠬᠠᠯᠲᠤ ᠵᠦᠢᠯᠡᠰ᠎ᠢ ᠬᠠᠮᠠᠭᠠᠯᠠᠵᠤ ᠠᠰᠢᠭ᠍ᠯᠠᠬᠤ᠎ᠶᠢ ᠴᠢᠩᠭᠠᠳᠬᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠤᠪᠢᠰᠬᠠᠯ᠎ᠤᠨ ᠬᠦᠮᠦᠵᠢᠯ᠎ᠤᠨ ᠵᠢᠭᠤᠯᠴᠢᠯᠠᠯ᠎ᠢ ᠬᠥᠭᠵᠢᠭᠦᠯᠦᠨ᠎ᠡ᠃ ᠠᠵᠤ ᠦᠢᠯᠡᠳᠪᠦᠷᠢ᠎ᠶᠢᠨ ᠰᠣᠶᠣᠯ᠎ᠤᠨ ᠥᠪ᠎ᠢ ᠬᠠᠮᠠᠭᠠᠯᠠᠨ ᠠᠰᠢᠭ᠍ᠯᠠᠬᠤ᠎ᠶᠢ ᠠᠬᠢᠭᠤᠯᠵᠤ᠂ ᠠᠭᠤᠷᠬᠠᠢ᠎ᠶᠢᠨ ᠭᠠᠷᠤᠯᠲᠠ᠂ ᠰᠦ᠎ᠶᠢᠨ ᠦᠢᠯᠡᠰ᠂ ᠰᠢᠨ᠎ᠡ ᠡᠨᠧᠷᠭᠢ᠂ ᠲᠣᠨᠣᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ᠎ᠳᠦ ᠬᠠᠳᠠᠭᠠᠯᠠᠭᠳᠠᠵᠤ ᠪᠠᠢᠭ᠎ᠠ ᠵᠢᠭᠤᠯᠴᠢᠯᠠᠯ᠎ᠤᠨ ᠡᠬᠢ ᠪᠠᠶᠠᠯᠢᠭ᠋᠎ᠢ ᠭᠦᠢᠴᠡᠳ ᠠᠭᠤᠳᠠᠯᠵᠤ᠂ ᠣᠨᠴᠠᠯᠢᠭ᠍ᠲᠤ ᠠᠵᠤ ᠦᠢᠯᠡᠳᠪᠦᠷᠢ᠎ᠶᠢᠨ ᠵᠢᠭᠤᠯᠴᠢᠯᠠᠯ᠎ᠤᠨ ᠬᠡᠪ ᠳᠠᠭᠤᠷᠢᠶᠠᠯ᠎ᠢ ᠪᠤᠶ ᠪᠣᠯᠭᠠᠨ᠎ᠠ᠃

(ᠶᠢᠰᠦ) ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠳᠭᠦᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠤᠨ᠎ᠠ᠃ ᠨᠣᠮ᠎ᠤᠨ ᠰᠠᠩ᠂ ᠰᠣᠶᠣᠯ᠎ᠤᠨ ᠣᠷᠳᠣᠨ᠎ᠤ ᠶᠡᠷᠦᠩᠬᠡᠢ ᠬᠤᠪᠢᠶᠠᠷᠢ ᠣᠷᠳᠣᠨ᠎ᠤ ᠰᠢᠰᠲᠧᠮ᠎ᠢ ᠲᠡᠭᠦᠯᠳᠡᠷᠵᠢᠭᠦᠯᠵᠦ᠂ 《ᠵᠢᠵᠢᠭ ᠠᠳᠠᠯ᠎ᠠ ᠭᠣᠶᠣ᠌》 ᠰᠢᠨ᠎ᠡ ᠬᠡᠯᠪᠡᠷᠢ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠣᠷᠣᠨ ᠵᠠᠢ᠎ᠶᠢ ᠪᠣᠶ ᠪᠣᠯᠭᠠᠨ᠎ᠠ᠃ 《ᠮᠦᠽᠧᠢ᠎ᠶᠢᠨ ᠵᠢᠭᠤᠯᠴᠢᠯᠠᠯ》 ᠢ᠋ ᠢᠳᠡᠪᠬᠢᠲᠡᠢ ᠬᠥᠭᠵᠢᠭᠦᠯᠦᠨ᠂ ᠳᠤᠮᠳᠠ ᠪᠠᠭ᠎ᠠ ᠮᠦᠽᠧᠢ᠎ᠶᠢᠨ ᠲᠠᠰ ᠳᠡᠪᠰᠢᠭᠦᠯᠬᠦ ᠲᠥᠯᠥᠪᠯᠡᠭᠡ᠎ᠶᠢ ᠬᠡᠷᠡᠭᠵᠢᠭᠦᠯᠵᠦ᠂ ᠲᠠᠯᠠᠪᠠᠶ ᠣᠷᠳᠣᠨ᠎ᠤ ᠠᠭᠤᠯᠭ᠎ᠠ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠰᠣᠳᠣᠨ ᠦᠵᠡᠰᠬᠦᠯᠡᠩ᠎ᠢ ᠬᠦᠴᠦᠯᠡᠨ ᠴᠣᠭᠴᠠᠯᠠᠵᠤ᠂ ᠮᠦᠽᠧᠢ᠎ᠶᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠡᠬᠡ ᠣᠷᠣᠨᠴᠢ ᠦᠵᠡᠯ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠬᠤ ᠵᠢᠭ᠍ᠰᠠᠭᠠᠯ᠎ᠤᠨ ᠭᠠᠵᠠᠷ ᠪᠣᠯᠭᠠᠨ᠎ᠠ᠃ ᠰᠣᠶᠣᠯ᠎ᠤᠨ ᠦᠵᠡᠰᠬᠦᠯᠡᠩ᠎ᠤᠨ ᠲᠠᠯᠠᠪᠤᠷ ᠣᠷᠳᠣᠨ᠎ᠤ ᠴᠠᠭ᠎ᠢ ᠬᠣᠢᠰᠢᠯᠠᠭᠤᠯᠤᠨ ᠴᠠᠭ᠎ᠢ ᠵᠦᠷᠢᠭᠦᠯᠦᠨ ᠦᠢᠯᠡᠴᠢᠯᠡᠭᠡ ᠬᠠᠩᠭᠠᠬᠤ᠎ᠶᠢ ᠵᠣᠷᠢᠭ᠍ᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠲᠣᠮᠣ᠌ ᠬᠦᠷᠢᠶ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠵᠤ᠂ ᠰᠣᠶᠣᠯ᠎ᠤᠨ ᠲᠣᠭᠠᠴᠢᠯᠠᠭᠰᠠᠨ ᠡᠭᠦᠯᠡ᠂ ᠣᠶᠤᠨᠲᠤ ᠨᠣᠮ᠎ᠤᠨ ᠰᠠᠩ ᠵᠡᠷᠭᠡ ᠲᠠᠪᠴᠠᠩ᠎ᠤᠨ ᠪᠠᠢᠭᠤᠯᠤᠯᠲᠠ᠎ᠶᠢ ᠲᠦᠷᠭᠡᠳᠬᠡᠨ᠎ᠡ᠃ ᠤᠯᠠᠭᠠᠨᠮᠥ᠋ᠴᠢᠷ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ 《ᠲᠦᠷᠪᠡᠨ ᠤᠯᠠᠷᠢᠯ᠎ᠤᠨ ᠲᠣᠰᠬᠣᠨ᠎ᠤ ᠦᠳᠡᠰᠢᠯᠡᠬᠡ》᠂ 《ᠲᠣᠰᠬᠣᠨ᠎ᠠ ᠤᠶᠠᠩᠭᠠᠷᠠᠬᠤ ᠢᠷᠠᠭᠤ ᠳᠠᠭᠤᠤ》 ᠵᠡᠷᠭᠡ ᠤᠯᠠᠨ ᠲᠦᠮᠡᠨᠴᠢ ᠰᠣᠶᠣᠯ᠎ᠤᠨ ᠲᠦᠷᠦᠯ ᠲᠡᠮᠳᠡᠭ᠎ᠢ ᠬᠦᠴᠦᠷᠬᠡᠭᠵᠢᠭᠦᠯᠵᠦ᠂ ᠰᠢᠯᠢᠳᠡᠭ ᠰᠣᠶᠣᠯ᠎ᠢ ᠰᠢᠭᠤᠳ ᠦᠨᠳᠦᠰᠦᠨ ᠱᠠᠲᠤᠨ᠎ᠳᠤ ᠬᠦᠷᠭᠡᠨ᠎ᠡ᠃ ᠨᠡᠢᠭᠡᠮ᠎ᠦᠨ ᠬᠦᠴᠦᠨ᠎ᠦ ᠰᠣᠶᠣᠯ᠎ᠤᠨ ᠡᠵᠡᠩᠨᠡᠯᠲᠡ᠎ᠳᠦ ᠣᠷᠣᠯᠴᠠᠬᠤ᠎ᠶᠢ ᠵᠣᠷᠢᠭ᠍ᠵᠢᠭᠤᠯᠤᠨ ᠬᠥᠲᠥᠯᠥᠨ ᠵᠢᠯᠣᠭᠣᠳᠤᠨ᠎ᠠ᠃


ᠲᠠᠪᠤ᠂ ᠣᠨᠴᠠᠯᠢᠭ᠍ᠲᠤ ᠵᠢᠭᠤᠯᠴᠢᠯᠠᠯ᠎ᠤᠨ ᠦᠢᠯᠡᠳᠬᠦᠨ᠎ᠢ ᠪᠠᠶᠠᠯᠢᠭᠵᠢᠭᠤᠯᠤᠨ᠎ᠠ

(ᠠᠷᠪᠠ) ᠠᠮᠠᠷᠠᠯᠲᠠ᠎ᠶᠢᠨ ᠦᠢᠯᠡᠳᠬᠦᠨ᠎ᠦ ᠰᠢᠰᠲᠧᠮ᠎ᠢ ᠡᠬᠦᠳᠦᠨ ᠪᠠᠶ᠋ᠢᠭᠤᠯᠤᠨ᠎ᠠ᠃ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ 《ᠰᠠᠭᠤᠷᠢ᠎ᠶᠢ ᠴᠢᠩᠭᠠᠳᠬᠠᠨ ᠰᠢᠨ᠎ᠡ᠎ᠶᠢ ᠡᠭᠦᠳᠬᠦ》 ᠠᠵᠢᠯᠯᠠᠭ᠎ᠠ᠎ᠶᠢ ᠬᠡᠷᠡᠭᠵᠢᠭᠦᠯᠵᠦ᠂ 5A ᠲᠡᠰ᠎ᠤᠨ ᠦᠵᠡᠮᠵᠢ᠎ᠶᠢᠨ ᠣᠷᠣᠨ ᠪᠠ ᠭᠣᠣᠯᠳᠠᠯᠭ᠎ᠠ᠎ᠲᠠᠢ 4A ᠲᠡᠰ᠎ᠤᠨ ᠦᠵᠡᠮᠵᠢ᠎ᠶᠢᠨ ᠣᠷᠣᠨ᠎ᠤ ᠵᠠᠮ ᠬᠠᠷᠢᠯᠴᠠᠭ᠎ᠠ᠂ ᠠᠵᠢᠯᠯᠠᠭᠤᠯᠵᠤ ᠬᠠᠮᠠᠭᠠᠯᠠᠬᠤ ᠵᠡᠷᠭᠡ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠦᠵᠡᠮᠵᠢ᠎ᠶᠢᠨ ᠣᠷᠣᠨ᠎ᠤ ᠬᠠᠮᠢᠶᠠᠷᠤᠯᠲᠠ ᠪᠠ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠦᠨ᠎ᠡ᠃ ᠵᠢᠦ ᠴᠢᠦᠢ ᠸᠠᠨ᠂ ᠣᠯᠭᠣᠶᠠ᠎ᠶᠢᠨ ᠴᠠᠳᠠᠨ ᠠᠢᠮᠠᠭ᠂ ᠰᠢᠷᠠᠡᠤᠰᠤᠨ᠂ ᠬᠤᠸᠠ ᠯᠢᠶᠠᠨ᠂ ᠳᠣᠯᠣᠨ ᠨᠤᠤᠷ᠂ ᠴᠡᠯᠡᠭᠡᠷ ᠲᠠᠯ᠎ᠠ ᠵᠡᠷᠭᠡ ᠦᠵᠡᠮᠵᠢ᠎ᠶᠢᠨ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠳᠡᠮᠵᠢᠨ᠎ᠡ᠃ ᠥᠪᠡᠰᠦᠪᠡᠨ ᠲᠡᠷᠭᠡ ᠵᠢᠯᠤᠭᠣᠳᠴᠤ ᠵᠢᠭᠤᠯᠴᠢᠯᠠᠬᠤ ᠰᠢᠰᠲᠧᠮ᠎ᠢ ᠲᠡᠭᠦᠯᠳᠡᠷᠵᠢᠭᠦᠯᠵᠦ᠂ 《ᠠᠭᠤᠰᠤᠯᠴᠠᠯ ᠵᠠᠮ》᠂ 《ᠪᠠᠷᠠᠭᠤᠨ ᠪᠤᠭᠤᠮᠲᠠ᠎ᠪᠡᠷ ᠦᠪᠦᠷ ᠮᠤᠨᠭᠭᠤᠯ ᠤᠷᠤᠨ᠎ᠳᠤ ᠨᠡᠬᠦᠳᠡᠯᠯᠡᠭᠰᠡᠨ》᠂ 《ᠮᠤᠨᠢ ᠠᠭᠤᠯᠠ᠎ᠶᠢ ᠳᠤᠭᠤᠯᠬᠤᠢ》᠂ 《ᠬᠤᠯᠠᠨ ᠰᠢᠷᠭ᠎ᠠ ᠲᠠᠭ᠎ᠠ᠎ᠶᠢ ᠳᠤᠭᠤᠯᠬᠤᠢ》 ᠵᠡᠷᠭᠡ ᠣᠨᠴᠠᠯᠢᠭ᠍ᠲᠤ ᠵᠠᠮ ᠱᠤᠭᠤᠮ᠎ᠢ ᠭᠣᠣᠯᠳᠠᠯᠭ᠎ᠠ᠎ᠲᠠᠢ ᠪᠣᠶ ᠪᠣᠯᠭᠠᠵᠤ᠂ ᠲᠤᠬᠠᠢ᠎ᠶᠢᠨ ᠭᠠᠵᠠᠷ᠎ᠲᠦ ᠬᠦᠷᠴᠦ ᠮᠠᠰᠢᠨ ᠲᠡᠷᠭᠡ ᠲᠦᠷᠢᠶᠡᠰᠦᠯᠡᠬᠦ ᠬᠢᠭᠡᠳ ᠣᠨᠳᠣᠣ ᠭᠠᠵᠠᠷ ᠲᠤ᠌ ᠮᠠᠰᠢᠨ ᠲᠡᠷᠭᠡ ᠪᠠᠨ ᠪᠤᠴᠠᠭᠠᠬᠤ᠎ᠶᠢ ᠰᠠᠭᠠᠳ ᠦᠭᠡᠢ ᠵᠣᠯᠭᠠᠭᠤᠯᠬᠤ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠪᠠᠶ᠋ᠢᠭᠤᠯᠬᠤ᠎ᠶᠢ ᠠᠬᠢᠭᠤᠯᠤᠨ᠎ᠠ᠃ ᠠᠮᠠᠷᠠᠨ ᠵᠤᠭᠠᠴᠠᠬᠤ ᠵᠢᠭᠤᠯᠴᠢᠯᠠᠯ᠎ᠢ ᠶᠡᠬᠡ ᠪᠡᠷ ᠬᠥᠭᠵᠢᠭᠦᠯᠵᠦ᠂ ᠬᠥᠬᠡᠬᠣᠲᠠ ᠵᠡᠷᠭᠡ ᠭᠠᠵᠠᠷ᠎ᠤᠨ ᠶᠡᠷᠦᠩᠬᠡᠢᠯᠡᠭᠰᠡᠨ ᠴᠢᠨᠠᠷᠲᠠᠢ ᠬᠡᠭᠡᠷ᠎ᠡ ᠪᠠᠭᠤᠳᠠᠯᠯᠠᠬᠤ ᠭᠠᠵᠠᠷ᠎ᠢ ᠪᠠᠶ᠋ᠢᠭᠤᠯᠬᠤ᠎ᠶᠢ ᠳᠡᠮᠵᠢᠵᠦ᠂ A ᠲᠠᠰ᠎ᠤᠨ ᠦᠵᠡᠮᠵᠢ᠎ᠶᠢᠨ ᠣᠷᠣᠨ᠂ ᠲᠣᠰᠬᠣᠨ ᠪᠠᠯᠭᠠᠰᠤ ᠵᠡᠷᠭᠡ᠎ᠶᠢᠨ ᠬᠡᠭᠡᠷ᠎ᠡ ᠪᠠᠭᠤᠳᠠᠯᠯᠠᠬᠤ ᠴᠢᠳᠠᠮᠵᠢ ᠬᠠᠩᠭᠠᠬᠤ᠎ᠶᠢ ᠳᠡᠮᠵᠢᠵᠦ᠂ ᠨᠥᠬᠥᠴᠡᠯ ᠪᠦᠷᠢᠯᠳᠦᠭᠦᠯᠦᠭᠰᠡᠨ ᠬᠣᠲᠠ᠎ᠶᠢᠨ ᠴᠡᠴᠡᠷᠯᠢᠭ᠎ᠦᠨ 《ᠲᠦᠬᠦᠮ ᠬᠡᠭᠡᠷ᠎ᠡ ᠪᠠᠭᠤᠳᠠᠯᠯᠠᠬᠤ》 ᠦᠢᠯᠡᠴᠢᠯᠡᠬᠡ ᠵᠢ ᠬᠦᠭᠵᠢᠭᠦᠯᠬᠦ᠎ᠵᠢ ᠠᠬᠢᠭᠤᠯᠤᠨ᠎ᠠ᠃ ᠡᠷᠡᠭᠦᠯᠵᠢᠯ ᠰᠤᠪᠢᠯᠠᠯᠲᠠ᠎ᠶᠢᠨ ᠠᠮᠠᠷᠠᠯᠲᠠ᠎ᠶᠢᠨ ᠡᠵᠡᠩᠨᠡᠯᠲᠡ᠎ᠶᠢᠨ ᠪᠠᠢᠳᠠᠯ᠎ᠢ ᠲᠦᠷᠭᠡᠳᠬᠡᠨ ᠪᠣᠢᠵᠢᠭᠤᠯᠵᠤ᠂ ᠵᠢᠭᠤᠯᠴᠢᠯᠠᠨ ᠰᠠᠭᠤᠷᠢᠰᠢᠵᠤ ᠡᠷᠡᠭᠦᠯᠵᠢᠵᠤ ᠰᠤᠪᠢᠯᠠᠬᠤ ᠦᠢᠯᠡᠴᠢᠯᠡᠬᠡ ᠵᠢᠨ ᠦᠢᠯᠡᠳᠭᠦᠨ᠎ᠢ ᠪᠠᠶᠠᠯᠢᠭ᠍ᠵᠢᠭᠤᠯᠤᠨ᠂ ᠵᠢᠭᠤᠯᠴᠢᠯᠠᠨ ᠰᠠᠭᠤᠷᠢᠰᠢᠵᠤ ᠡᠷᠡᠭᠦᠯᠵᠢᠵᠤ ᠰᠤᠪᠢᠯᠠᠬᠤ ᠦᠢᠯᠡᠴᠢᠯᠡᠭᠡ ᠵᠢ ᠪᠠᠷᠢᠮᠵᠢᠶᠠᠵᠢᠭᠤᠯᠬᠤ ᠪᠠᠢᠭᠤᠯᠤᠯᠲᠠ᠎ᠶᠢ ᠠᠬᠢᠭᠤᠯᠵᠤ᠂ ᠴᠢᠨᠠᠷ ᠰᠠᠢᠲᠠᠢ ᠵᠢᠭᠤᠯᠴᠢᠯᠠᠯ᠎ᠤᠨ ᠵᠣᠷᠢᠯᠳᠠᠳᠤ ᠭᠠᠵᠠᠷ᠎ᠢ ᠡᠭᠦᠳᠦᠨ ᠪᠠᠢᠭᠤᠯᠤᠨ᠎ᠠ᠃

(ᠠᠷᠪᠠᠨ ᠨᠢᠭᠡ) ᠠᠮᠢ ᠠᠬᠤᠢ᠎ᠶᠢᠨ ᠪᠣᠬᠢᠷᠲᠤᠯ ᠦᠭᠡᠢ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠤᠨ᠎ᠠ᠃ ᠡᠯ᠎ᠡ ᠭᠠᠵᠠᠷ᠎ᠤᠨ ᠣᠶ ᠰᠢᠭᠤᠢ᠂ ᠲᠠᠯ᠎ᠠ ᠨᠤᠲᠤᠭ᠂ ᠨᠠᠭᠤᠷ ᠴᠥᠭᠥᠷᠥᠮ᠂ ᠨᠤᠭᠤ ᠭᠠᠵᠠᠷ ᠵᠡᠷᠭᠡ ᠪᠠᠢᠭᠠᠯᠢ᠎ᠶᠢᠨ ᠡᠬᠢ ᠪᠠᠶᠠᠯᠢᠭ᠋᠎ᠢ ᠭᠦᠢᠴᠡᠳ ᠠᠰᠢᠭ᠍ᠯᠠᠨ᠂ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠨᠠᠩ ᠣᠯᠠᠨ ᠵᠦᠷᠢᠶᠡᠴᠢᠯᠡᠭᠰᠡᠨ᠂ ᠣᠨᠴᠠᠯᠢᠬ᠍ᠵᠢᠭ᠍ᠰᠠᠨ ᠠᠮᠢ ᠠᠬᠤᠢ᠎ᠶᠢᠨ ᠪᠣᠬᠢᠷᠲᠤᠯ ᠦᠭᠡᠢ ᠵᠢᠭᠤᠯᠴᠢᠯᠠᠯ᠎ᠤᠨ ᠪᠦᠲᠦᠭᠡᠭᠳᠡᠭᠦᠨ᠎ᠢ ᠪᠣᠢᠵᠢᠭᠤᠯᠤᠨ᠎ᠠ᠃ ᠲᠠᠯ᠎ᠠ ᠨᠤᠲᠤᠭ᠎ᠤᠨ ᠵᠢᠭᠤᠯᠴᠢᠯᠠᠯ ᠢ᠋ ᠭᠦᠨᠵᠡᠭᠡᠢ ᠪᠠᠶᠠᠴᠢᠯᠠᠨ ᠣᠢᠯᠠᠭᠠᠯᠲᠠ ᠲᠡᠢᠰᠢ ᠬᠥᠭᠵᠢᠭᠦᠯᠬᠦ᠎ᠶᠢ ᠠᠬᠢᠭᠤᠯᠵᠤ᠂ ᠨᠢᠭᠡ ᠪᠦᠯᠦᠭ ᠳᠡᠭᠡᠳᠦ ᠲᠠᠰ᠎ᠤᠨ ᠲᠠᠯ᠎ᠠ ᠨᠤᠲᠤᠭ᠎ᠤᠨ ᠦᠵᠡᠮᠵᠢ᠎ᠶᠢᠨ ᠣᠷᠣᠨ᠂ ᠴᠢᠨᠠᠷ ᠰᠠᠢᠲᠠᠢ ᠲᠠᠯ᠎ᠠ ᠨᠤᠲᠤᠭ᠎ᠤᠨ ᠠᠮᠠᠷᠠᠯᠲᠠ᠎ᠶᠢᠨ ᠣᠷᠣᠨ᠎ᠢ ᠪᠠᠢᠭᠤᠯᠤᠨ᠎ᠠ᠃ ᠣᠶ ᠰᠢᠭᠤᠢ᠎ᠶᠢᠨ ᠵᠢᠭᠤᠯᠴᠢᠯᠠᠯ᠎ᠤᠨ ᠢᠵᠢ ᠪᠦᠷᠢᠳᠦᠬᠦᠯᠦᠭᠰᠡᠨ ᠲᠤᠨᠤᠭ ᠲᠦᠬᠦᠭᠡᠷᠤᠮᠵᠢ ᠵᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠴᠢᠨᠠᠷ ᠰᠠᠢᠲᠠᠢ ᠣᠶ ᠰᠢᠭᠤᠢ᠎ᠶᠢᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢ ᠪᠣᠶ ᠪᠣᠯᠭᠠᠨ᠎ᠠ᠃ ᠡᠯᠡᠰᠦᠨ ᠴᠥᠯ᠎ᠦᠨ ᠵᠢᠭᠤᠯᠴᠢᠯᠠᠯ᠎ᠤᠨ ᠰᠢᠨ᠎ᠡ ᠡᠵᠡᠩᠨᠡᠯᠲᠡ᠎ᠶᠢᠨ ᠪᠠᠢᠳᠠᠯ᠎ᠢ ᠢᠳᠡᠪᠬᠢᠲᠡᠢ ᠪᠣᠢᠵᠢᠭᠤᠯᠵᠤ᠂ ᠨᠢᠭᠡ ᠪᠦᠯᠦᠭ ᠨᠡᠢᠯᠡᠮᠡᠯ ᠬᠡᠯᠪᠡᠷᠢ᠎ᠶᠢᠨ ᠡᠯᠡᠰᠦᠨ ᠴᠥᠯ᠎ᠦᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢ ᠪᠦᠲᠦᠭᠡᠨ ᠪᠠᠢᠭᠤᠯᠤᠨ᠎ᠠ᠃ ᠣᠨᠴᠠᠯᠢᠭ᠍ᠲᠤ ᠮᠥᠰᠥ ᠴᠠᠰᠤᠨ᠎ᠤ ᠵᠢᠭᠤᠯᠴᠢᠯᠠᠯ᠎ᠢ ᠶᠡᠬᠡ ᠪᠡᠷ ᠬᠥᠭᠵᠢᠭᠦᠯᠵᠦ᠂ ᠴᠠᠰᠤᠨ᠎ᠳᠤ ᠴᠠᠨᠠᠯᠠᠬᠤ ᠵᠢᠭᠤᠯᠴᠢᠯᠠᠯ᠎ᠤᠨ ᠠᠮᠠᠷᠠᠯᠲᠠ᠎ᠶᠢᠨ ᠭᠠᠵᠠᠷ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ᠎ᠶᠢ ᠠᠬᠢᠭᠤᠯᠵᠤ᠂ ᠮᠥᠰᠥ ᠴᠠᠰᠤᠨ᠎ᠤ ᠨᠠᠭᠠᠳᠤᠮ᠂ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ ᠤ᠋ᠨ ᠮᠥᠰᠥ ᠴᠠᠰᠤᠨ᠎ᠤ ᠨᠠᠢᠷ ᠵᠡᠷᠭᠡ ᠨᠡᠷᠡᠲᠦ ᠲᠥᠷᠥᠯ ᠲᠡᠮᠳᠡᠭ ᠢ᠋ ᠪᠤᠢ ᠪᠣᠯᠭᠠᠨ᠎ᠠ᠃ ᠵᠢᠭᠤᠯᠴᠢᠯᠠᠯ᠎ᠤᠨ ᠨᠠᠭᠠᠳᠤᠮ᠂ ᠠᠯᠠᠱᠠ᠎ᠶᠢᠨ ᠲᠣᠣᠷᠠᠢ᠎ᠶᠢᠨ ᠨᠠᠢᠷ ᠵᠡᠷᠭᠡ ᠲᠦᠷᠦᠯ ᠲᠡᠮᠳᠡᠭ᠎ᠦᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃

(ᠠᠷᠪᠠᠨ ᠬᠣᠶᠠᠷ) ᠬᠢᠯᠢ ᠬᠢᠵᠠᠭᠠᠷ ᠤᠷᠤᠨ ᠤ᠋ ᠬᠢᠯᠢ ᠠᠯᠤᠰᠯᠠᠭᠰᠠᠨ ᠵᠢᠭᠤᠯᠴᠢᠯᠠᠯ᠎ᠢ ᠢᠳᠡᠪᠬᠢᠲᠡᠢ ᠠᠬᠢᠭᠤᠯᠤᠨ᠎ᠠ᠃ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠦᠲᠦᠭᠡᠨ ᠪᠠᠶ᠋ᠢᠭᠤᠯᠬᠤ ᠠᠵᠠ ᠲᠣᠬᠢᠶᠠᠯ᠎ᠢ ᠰᠠᠢᠲᠤᠷ ᠠᠳᠬᠤᠨ ᠠᠰᠢᠭ᠍ᠯᠠᠵᠤ᠂ ᠬᠢᠯᠢ᠎ᠶᠢᠨ ᠵᠢᠭᠤᠯᠴᠢᠯᠠᠯ᠎ᠤᠨ ᠲᠤᠷᠰᠢᠯᠲᠠ᠎ᠶᠢᠨ ᠣᠷᠣᠨ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠣᠷᠣᠨ᠎ᠢ ᠥᠨᠳᠥᠷ ᠲᠦᠪᠰᠢᠨ᠎ᠢᠶᠡᠷ ᠪᠦᠲᠦᠭᠡᠨ ᠪᠠᠢᠭᠤᠯᠤᠨ᠎ᠠ᠃ ᠬᠢᠯᠢ ᠬᠢᠵᠠᠭᠠᠷ᠎ᠢᠶᠠᠷ ᠲᠣᠭᠣᠷᠢᠨ ᠦᠵᠡᠬᠦ᠂ ᠬᠢᠯᠢ ᠠᠯᠤᠰᠯᠠᠨ ᠥᠪᠡᠰᠦᠪᠡᠨ ᠲᠡᠷᠭᠡ ᠵᠢᠯᠤᠭᠣᠳᠴᠤ ᠵᠢᠭᠤᠯᠴᠢᠯᠠᠬᠤ᠂ ᠣᠨᠴᠠᠯᠢᠭᠳᠤ ᠪᠡᠶ᠎ᠡ᠎ᠶᠢᠨ ᠲᠠᠮᠢᠷ ᠵᠡᠷᠭᠡ ᠵᠢᠭᠤᠯᠴᠢᠯᠠᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠶᠡᠬᠡ ᠪᠡᠷ ᠬᠥᠭᠵᠢᠭᠦᠯᠵᠦ᠂ ᠠᠷᠠᠳ᠎ᠤᠨ ᠵᠠᠩ ᠦᠶ᠋ᠯᠡ᠎ᠶᠢ ᠪᠡᠶᠡᠴᠢᠯᠡᠨ ᠣᠢᠯᠠᠭᠠᠬᠤ᠂ ᠰᠣᠶᠣᠯ᠎ᠤᠨ ᠲᠣᠭᠯᠠᠯᠲᠠ ᠭᠠᠷᠭᠠᠬᠤ᠂ ᠬᠢᠯᠢ ᠠᠯᠤᠰᠯᠠᠨ ᠰᠤᠳᠤᠯᠤᠨ ᠰᠤᠷᠤᠯᠴᠠᠬᠤ ᠵᠡᠷᠭᠡ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠢ ᠪᠠᠶᠠᠯᠢᠭ᠍ᠵᠢᠭᠤᠯᠤᠨ᠂ ᠲᠤᠰᠬᠠᠢ ᠭᠠᠯᠳᠤ ᠲᠡᠷᠭᠡ ᠵᠢᠨ ᠵᠢᠭᠤᠯᠴᠢᠯᠠᠯ᠂ ᠪᠤᠭᠤᠷᠤᠯᠴᠤᠳ ᠤ᠋ᠨ ᠵᠢᠭᠤᠯᠴᠢᠯᠠᠯ ᠵᠡᠷᠭᠡ ᠵᠢᠭᠤᠯᠴᠢᠯᠠᠯ᠎ᠤᠨ ᠪᠦᠲᠦᠭᠡᠭᠳᠡᠭᠦᠨ᠎ᠢ ᠡᠭᠦᠳᠦᠨ ᠨᠡᠬᠡᠬᠡᠵᠤ᠂ ᠬᠢᠯᠢ ᠬᠢᠵᠠᠭᠠᠷ ᠤᠷᠤᠨ ᠤ᠋ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠤᠨ᠎ᠠ᠃ ᠬᠢᠯᠢ ᠪᠡᠷ ᠣᠷᠤᠵᠤ ᠢᠷᠡᠬᠦ᠎ᠳᠤ ᠦᠯᠦ ᠸᠢᠰᠠᠯᠠᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠦᠵᠡᠮᠵᠢ᠎ᠶᠢᠨ ᠣᠷᠣᠨ᠎ᠤ ᠡᠭᠦᠳᠡᠨ ᠪᠢᠯᠧᠲ᠎ᠢ ᠤᠷᠢᠳᠴᠢᠯᠠᠨ ᠵᠠᠬᠢᠶᠠᠯᠠᠬᠤ᠂ ᠲᠡᠷᠭᠡᠨ (ᠣᠩᠭᠣᠴᠠ) ᠪᠢᠯᠧᠲ ᠬᠤᠳᠠᠯᠳᠤᠨ ᠠᠪᠬᠤ᠂ ᠬᠣᠨᠣᠭᠯᠠᠬᠤ ᠳᠠᠩᠰᠠᠯᠠᠯᠳᠠ ᠵᠢ ᠭᠦᠢᠴᠡᠳᠬᠡᠬᠦ ᠵᠡᠷᠭᠡ ᠶᠠᠪᠤᠴᠠ ᠵᠢ ᠰᠢᠯᠢᠳᠡᠭᠵᠢᠭᠦᠯᠦᠨ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠲᠥᠬᠥᠮ ᠦᠵᠡᠭᠦᠯᠬᠦ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃ 《ᠲᠦᠮᠡᠨ ᠭᠠᠵᠠᠷ᠎ᠤᠨ ᠴᠠᠢ᠎ᠶᠢᠨ ᠵᠠᠮ》 ᠤ᠋ᠨ ᠣᠯᠠᠨ ᠤᠯᠤᠰ᠎ᠤᠨ ᠵᠢᠭᠤᠯᠴᠢᠯᠠᠯ᠎ᠤᠨ ᠲᠥᠷᠥᠯ ᠲᠡᠮᠳᠡᠭ ᠤ᠋ᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠣᠷᠣᠰ᠂ ᠮᠣᠩᠭᠣᠯ ᠤᠯᠤᠰ ᠵᠡᠷᠭᠡ ᠤᠯᠤᠰ ᠯᠤᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠵᠢᠭᠤᠯᠴᠢᠯᠠᠯ᠎ᠤᠨ ᠶᠠᠮᠤᠨ᠎ᠤ ᠰᠠᠢᠳ᠎ᠤᠨ ᠬᠤᠷᠠᠯ᠎ᠤᠨ ᠲᠠᠪᠴᠠᠩ ᠤ᠋ᠨ ᠲᠣᠭᠲᠠᠴᠠ᠎ᠶᠢ ᠰᠠᠢᠲᠤᠷ ᠬᠡᠷᠡᠭᠯᠡᠨ᠎ᠡ᠃


ᠵᠢᠷᠭᠤᠭ᠎ᠠ᠂ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠳᠠᠯᠳᠠ ᠬᠦᠴᠦᠨ᠎ᠢ ᠬᠥᠭᠵᠢᠭᠡᠨ᠎ᠡ

(ᠠᠷᠪᠠᠨ ᠭᠤᠷᠪᠠ) 《ᠵᠠᠭᠤᠨ ᠦᠢᠯᠡᠰ + ᠰᠣᠶᠣᠯ ᠵᠢᠭᠤᠯᠴᠢᠯᠠᠯ》 ᠤ᠋ᠨ ᠪᠠᠭᠲᠠᠭᠠᠮᠵᠢ᠎ᠶᠢ ᠥᠷᠭᠡᠳᠬᠡᠬᠦ ᠠᠵᠢᠯᠯᠠᠭ᠎ᠠ᠎ᠶᠢ ᠬᠡᠷᠡᠭᠵᠢᠭᠦᠯᠦᠨ᠎ᠡ᠃ ᠬᠥᠳᠡᠭᠡ ᠨᠤᠲᠤᠭ᠎ᠤᠨ ᠠᠷᠠᠳ᠎ᠤᠨ ᠤᠯᠠᠮᠵᠢᠯᠠᠯᠳᠤ ᠰᠠᠭᠤᠴᠠ ᠵᠢᠨ ᠪᠠᠭᠤᠳᠠᠯ᠂ ᠲᠠᠯ᠎ᠠ ᠨᠤᠲᠤᠭ᠎ᠤᠨ ᠠᠷᠠᠳ᠎ᠤᠨ ᠤᠯᠠᠮᠵᠢᠯᠠᠯᠳᠤ ᠪᠠᠭᠤᠳᠠᠯ ᠤ᠋ᠨ ᠴᠤᠬᠯᠠᠷᠠᠯ᠂ ᠦᠵᠡᠮᠦᠷᠢ ᠵᠢᠨ ᠲᠠᠷᠢᠶᠠᠯᠠᠩ᠂ ᠵᠤᠭ᠎ᠠ ᠰᠡᠯᠡᠭᠦᠴᠡᠯ᠎ᠦᠨ ᠮᠠᠯ ᠠᠵᠤ ᠠᠬᠤᠢ ᠵᠡᠷᠭᠡ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠪᠠᠢᠳᠠᠯ᠎ᠢ ᠬᠥᠭᠵᠢᠭᠦᠯᠵᠦ᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠨᠴᠠᠯᠢᠭ᠍ᠲᠤ ᠲᠣᠰᠬᠣᠨ ᠪᠠᠯᠭᠠᠰᠤ᠎ᠶᠢ ᠪᠦᠲᠦᠭᠡᠨ ᠪᠠᠢᠭᠤᠯᠤᠨ᠎ᠠ᠃ ᠪᠡᠶ᠎ᠡ᠎ᠶᠢᠨ ᠲᠠᠮᠢᠷ᠎ᠤᠨ ᠲᠠᠯᠠᠪᠤᠷ ᠭᠠᠵᠠᠷ᠎ᠤᠨ ᠬᠢᠨ᠎ᠤ ᠵᠢᠭᠤᠯᠴᠢᠯᠠᠯ ᠵᠤᠭ᠎ᠠ ᠰᠡᠯᠡᠭᠦᠴᠡᠯ᠎ᠦᠨ ᠴᠢᠳᠠᠮᠵᠢ ᠪᠠᠨ ᠥᠷᠭᠡᠳᠬᠡᠬᠦ᠎ᠶᠢ ᠳᠡᠮᠵᠢᠵᠦ᠂ 《ᠤᠷᠤᠯᠳᠤᠭᠠᠨ᠎ᠢ᠎ᠲᠠᠭᠠᠵᠤ ᠵᠢᠭᠤᠯᠴᠢᠯᠠᠬᠤ》᠂ 《ᠲᠠᠮᠢᠷ᠎ᠤᠨ ᠤᠷᠤᠯᠳᠤᠭᠠᠨ᠎ᠢ ᠦᠵᠡᠮᠵᠢ᠎ᠶᠢᠨ ᠣᠷᠣᠨ᠎ᠳᠤ ᠣᠷᠣᠭᠤᠯᠬᠤ》 ᠵᠡᠷᠭᠡ ᠠᠵᠢᠯᠯᠠᠭ᠎ᠠ᠎ᠶᠢ ᠥᠷᠨᠢᠭᠦᠯᠦᠨ᠂ 《ᠦᠪᠦᠷ ᠮᠤᠩᠭᠤᠯ ᠤ᠋ᠨ ᠬᠦᠯ ᠪᠦᠮᠪᠦᠭᠡ ᠵᠢᠨ ᠳᠡᠰ ᠡᠴᠡ ᠲᠠᠪᠠᠬᠰᠠᠨ ᠬᠤᠯᠪᠤᠭᠠᠳᠤ ᠤᠷᠤᠯᠳᠤᠭᠠᠨ》᠂ 《ᠮᠤᠩᠭᠤᠯ ᠮᠤᠷᠢᠨ ᠤ᠋ ᠲᠡᠰ ᠡᠴᠡ ᠲᠠᠪᠠᠬᠰᠠᠨ ᠬᠤᠯᠪᠤᠭᠠᠳᠤ ᠤᠷᠤᠯᠳᠤᠭᠠᠨ》 ᠵᠡᠷᠭᠡ ᠰᠤᠶᠤᠯ ᠵᠢᠭᠤᠯᠴᠢᠯᠠᠯ᠎ᠤᠨ ᠠᠭᠤᠰᠤᠯᠴᠠᠯ᠎ᠤᠨ ᠲᠥᠷᠥᠯ ᠲᠡᠮᠳᠡᠭ ᠢ᠋ ᠡᠭᠦᠳᠦᠨ᠎ᠠ᠃ ᠰᠣᠶᠣᠯ ᠵᠢᠭᠤᠯᠴᠢᠯᠠᠯ ᠬᠤᠳᠠᠯᠳᠤᠭ᠎ᠠ᠎ᠶᠢᠨ ᠶᠡᠷᠦᠩᠬᠡᠢᠯᠡᠭᠰᠡᠨ ᠴᠣᠭᠴᠠ ᠪᠠ ᠪᠡᠯᠭᠡ ᠲᠡᠮᠳᠡᠭ᠎ᠦᠨ ᠴᠢᠨᠠᠷᠲᠠᠢ ᠬᠤᠳᠠᠯᠳᠤᠭᠠᠨ᠎ᠤ ᠲᠣᠭᠣᠷᠢᠭ᠋᠎ᠢ ᠪᠠᠢᠭᠤᠯᠵᠤ᠂ ᠨᠢᠭᠡ ᠪᠦᠯᠦᠭ ᠤᠯᠤᠰ᠎ᠤᠨ ᠪᠠᠷᠠᠭᠠᠨ᠎ᠤ 《ᠤᠷᠤᠰᠬᠠᠯᠳᠤ ᠲᠦᠷᠦᠯ ᠲᠡᠮᠳᠡᠭ》 ᠤ᠋ᠨ ᠬᠡᠷᠡᠭᠯᠡᠭᠡ᠎ᠶᠢᠨ ᠰᠢᠨ᠎ᠡ ᠦᠵᠡᠭᠳᠡᠯ ᠪᠠᠢᠳᠠᠯ᠎ᠢ ᠪᠣᠶ ᠪᠣᠯᠭᠠᠨ᠂ ᠰᠣᠶᠣᠯ ᠵᠢᠭᠤᠯᠴᠢᠯᠠᠯ ᠬᠢᠭᠡᠳ ᠠᠷᠠᠯᠵᠢᠶ᠎ᠠ ᠬᠤᠳᠠᠯᠳᠤᠭ᠎ᠠ᠂ ᠦᠵᠡᠰᠬᠦᠯᠡᠩ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ᠃

(ᠠᠷᠪᠠᠨ ᠳᠥᠷᠪᠡ) ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠦᠵᠡᠭᠳᠡᠯ ᠪᠠᠢᠳᠠᠯ᠎ᠢ ᠪᠠᠶᠠᠯᠢᠭ᠍ᠵᠢᠭᠤᠯᠤᠨ᠎ᠠ᠃ ᠵᠢᠭᠤᠯᠴᠢᠯᠠᠯ᠎ᠤᠨ ᠲᠣᠭᠯᠠᠯᠲᠠ᠎ᠶᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠰᠥᠨᠢ᠎ᠶᠢᠨ ᠲᠣᠭᠯᠠᠯᠲᠠ᠂ ᠲᠣᠭᠠᠴᠢᠯᠠᠭᠰᠠᠨ ᠡᠭᠦᠯᠡᠨ ᠲᠣᠭᠯᠠᠯᠲᠠ ᠵᠡᠷᠭᠡ ᠡᠵᠡᠩᠨᠡᠯᠲᠡ᠎ᠶᠢᠨ ᠪᠠᠢᠳᠠᠯ᠎ᠢ ᠰᠢᠨ᠎ᠡ᠎ᠵᠢ ᠡᠭᠦᠳᠦᠨ ᠬᠥᠭᠵᠢᠭᠦᠯᠵᠦ᠂ ᠤᠷᠮ᠎ᠠ ᠰᠡᠳᠬᠢᠯᠭᠡ ᠵᠢ ᠬᠦᠭᠵᠢᠬᠡᠬᠦ ᠮᠠᠶᠢᠭ᠋᠎ᠤᠨ᠂ ᠪᠡᠶᠡᠴᠢᠯᠡᠨ ᠣᠢᠯᠠᠭᠠᠬᠤ ᠮᠠᠶᠢᠭ᠋᠎ᠤᠨ ᠦᠢᠯᠡᠴᠢᠯᠡᠭᠡᠨ᠎ᠦ ᠰᠢᠨ᠎ᠡ ᠦᠵᠡᠭᠳᠡᠯ ᠪᠠᠢᠳᠠᠯ ᠤ᠋ᠨ  ᠪᠠᠢᠭᠤᠯᠤᠯᠲᠠ᠎ᠶᠢ ᠳᠡᠮᠵᠢᠨ᠎ᠡ᠃ ᠥᠨᠳᠥᠷ ᠲᠦᠪᠰᠢᠨ᠎ᠲᠠᠢ ᠤᠷᠠᠨ ᠰᠠᠢᠬᠠᠨ᠎ᠤ ᠠᠵᠢᠯᠯᠠᠭ᠎ᠠ᠎ᠶᠢ ᠣᠷᠣᠭᠤᠯᠤᠨ ᠠᠪᠴᠢᠷᠠᠬᠤ᠎ᠶᠢ ᠳᠡᠮᠵᠢᠨ᠎ᠡ᠃ ᠠᠩᠬ᠎ᠠ ᠲᠠᠷᠬᠠᠭᠠᠬᠤ ᠠᠵᠤ ᠠᠬᠤᠢ᠂ ᠠᠮᠠᠷᠠᠯᠲᠠ᠎ᠶᠢᠨ ᠡᠳᠦᠷ᠎ᠦᠨ ᠠᠵᠤ ᠠᠬᠤᠢ᠂ ᠪᠢᠯᠧᠲ᠎ᠦᠨ ᠦᠯᠡᠳᠡᠭᠡᠰᠦ ᠵᠢᠨ ᠠᠵᠤ ᠠᠬᠤᠢ᠎ᠶᠢ ᠶᠡᠬᠡ ᠪᠡᠷ ᠬᠥᠭᠵᠢᠭᠦᠯᠵᠦ᠂ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠬᠡᠷᠡᠭᠯᠡᠭᠡᠨ᠎ᠦ ᠲᠡᠮᠳᠡᠭᠲᠦ᠂ ᠠᠷᠠᠳ᠎ᠲᠤ ᠠᠰᠢᠭ᠋ ᠬᠦᠷᠲᠡᠭᠡᠬᠦ ᠺᠠᠷᠲ ᠵᠡᠷᠭᠡ ᠨᠥᠬᠥᠪᠦᠷᠢ᠎ᠦᠭᠬᠦ ᠠᠷᠭ᠎ᠠ ᠬᠡᠯᠪᠡᠷᠢ ᠵᠢᠨ ᠰᠢᠨ᠎ᠡ᠎ᠶᠢ ᠡᠭᠦᠳᠴᠦ᠂ 《ᠰᠣᠶᠣᠯ ᠵᠢᠭᠤᠯᠴᠢᠯᠠᠯ᠎ᠤᠨ ᠪᠦᠷᠢᠨ ᠴᠢᠳᠠᠮᠵᠢᠳᠤ ᠺᠠᠷᠲ》 ᠤ᠋ᠨ ᠠᠷᠠᠳ᠎ᠲᠤ ᠠᠰᠢᠭ᠋ ᠬᠦᠷᠲᠡᠭᠡᠬᠦ ᠦᠢᠯᠡᠳᠦᠯ᠎ᠢ ᠥᠷᠭᠡᠳᠬᠡᠨ᠎ᠡ᠃ 《ᠵᠢᠭᠤᠯᠴᠢᠯᠠᠬᠰᠠᠳ᠎ᠢ ᠲᠠᠳᠠᠵᠤ ᠦᠪᠦᠷ ᠮᠣᠩᠭᠣᠯ ᠳ᠋ᠤ ᠢᠷᠡᠬᠦᠯᠬᠦ》 ᠪᠠ 《ᠥᠪᠥᠷ ᠮᠣᠩᠭᠣᠯ᠎ᠤᠨ ᠬᠥᠮᠥᠰ ᠥᠪᠥᠷ ᠮᠣᠩᠭᠣᠯ᠎ᠳᠠᠭᠠᠨ ᠵᠢᠭᠤᠯᠴᠢᠯᠠᠬᠤ》 ᠲᠥᠯᠥᠪᠯᠡᠭᠡ᠎ᠶᠢ ᠬᠡᠷᠡᠭᠵᠢᠭᠦᠯᠵᠦ᠂ ᠨᠢᠰᠬᠡᠯ ᠬᠥᠯᠥᠰᠦᠯᠡᠬᠦ ᠭᠠᠯᠳᠤ ᠲᠡᠷᠭᠡ ᠬᠦᠯᠦᠰᠦᠯᠡᠬᠦ ᠲᠥᠷᠥ᠎ᠶᠢᠨ ᠪᠣᠳᠣᠯᠭ᠎ᠠ᠎ᠶᠢ ᠰᠠᠢᠲᠤᠷ ᠬᠡᠷᠡᠭᠯᠡᠨ᠎ᠡ᠃ ᠵᠢᠭᠤᠯᠴᠢᠯᠠᠯ᠎ᠤᠨ ᠲᠣᠭ᠎ᠠ ᠪᠦᠷᠢᠳᠬᠡᠯ᠂ ᠬᠡᠷᠡᠭᠯᠡᠭᠡᠨ᠎ᠦ ᠬᠢᠨᠠᠨ ᠬᠡᠮᠵᠢᠯᠳᠡ ᠵᠢᠨ ᠳᠦᠷᠢᠮ᠎ᠢ ᠲᠡᠭᠦᠯᠳᠡᠷᠵᠢᠭᠦᠯᠦᠨ᠎ᠡ᠃


ᠳᠣᠯᠣᠭ᠎ᠠ᠂ ᠡᠯᠸᠮᠸᠨ᠋ᠲ᠎ᠦᠨ ᠪᠠᠲᠤᠯᠠᠭ᠎ᠠ᠎ᠶᠢ ᠴᠢᠩᠭᠠᠳᠬᠠᠨ᠎ᠠ

(ᠠᠷᠪᠠᠨ ᠲᠠᠪᠤ) ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠳᠡᠮᠵᠢᠯᠭᠡ᠎ᠶᠢ ᠴᠢᠩᠭᠠᠳᠬᠠᠨ᠎ᠠ᠃ ᠰᠣᠶᠣᠯ᠎ᠤᠨ ᠠᠵᠤ ᠠᠬᠤᠢ᠎ᠶᠢᠨ ᠢᠳᠡᠪᠬᠢᠲᠡᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠲᠥᠪ᠎ᠦᠨ ᠪᠡᠯᠡ ᠣᠷᠣᠭᠤᠯᠤᠯᠲᠠ᠎ᠶᠢᠨ ᠳᠡᠮᠵᠢᠯᠭᠡ᠎ᠶᠢ ᠢᠳᠡᠪᠬᠢᠳᠠᠢ ᠲᠡᠮᠡᠴᠡᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠪᠡᠯᠡ ᠮᠥᠩᠭᠥ ᠵᠢᠴᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠮᠠᠯ ᠠᠵᠤ ᠠᠬᠤᠢ ᠲᠠᠷᠢᠶᠠᠯᠠᠩ ᠪᠡ ᠬᠦᠳᠡᠬᠡ ᠲᠤᠰᠬᠤᠨ ᠮᠠᠯᠵᠢᠬᠤ ᠤᠷᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠦ ᠨᠥᠬᠥᠴᠡᠯ᠎ᠳᠦ ᠨᠡᠢᠴᠡᠬᠦ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭᠯᠡᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ᠎ᠶᠢᠨ ᠲᠡᠮᠳᠡᠭᠲᠦ᠎ᠶᠢ ᠰᠠᠢᠲᠤᠷ ᠬᠡᠷᠡᠭᠯᠡᠨ᠂ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠨᠡᠢᠭᠡᠮ᠎ᠦᠨ ᠬᠥᠷᠥᠩᠭᠡ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠲᠦ ᠪᠡᠯᠡ ᠣᠷᠣᠭᠤᠯᠬᠤ᠎ᠶᠢ ᠵᠣᠷᠢᠭ᠍ᠵᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠣᠨᠴᠠᠯᠢᠭ᠋᠎ᠲᠤ ᠲᠣᠬᠢᠷᠠᠭᠰᠠᠨ ᠬᠥᠩᠭᠡᠨ ᠡᠳ᠋ ᠬᠥᠷᠥᠩᠭᠡ᠎ᠪᠡᠷ ᠪᠡᠯᠡ ᠬᠤᠷᠠᠮᠳᠤᠭᠤᠯᠬᠤ ᠵᠠᠭᠪᠤᠷ ᠤ᠋ᠨ ᠰᠢᠨ᠎ᠡ᠎ᠶᠢ ᠡᠭᠦᠳᠦᠨ᠎ᠡ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠮᠥᠩᠭᠥᠨ ᠭᠦᠢᠯᠭᠡᠭᠡᠨ᠎ᠦ ᠪᠦᠲᠦᠭᠡᠭᠳᠡᠭᠦᠨ ᠪᠠ ᠦᠢᠯᠡᠴᠢᠯᠡᠭᠡ ᠵᠢᠨ ᠰᠢᠨ᠎ᠡ᠎ᠶᠢ ᠡᠭᠦᠳᠴᠦ᠂ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠢ ᠳᠡᠮᠵᠢᠬᠦ ᠡᠷᠴᠢᠮ᠎ᠢ ᠴᠢᠩᠭᠠᠷᠠᠭᠤᠯᠤᠨ᠎ᠠ᠃ ᠱᠠᠩᠨᠠᠨ ᠵᠣᠷᠢᠭ᠍ᠵᠢᠭᠤᠯᠬᠤ ᠲᠥᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ ᠂ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠳᠤᠲᠠᠭᠤᠳᠠᠯ᠎ᠢ ᠨᠥᠬᠥᠪᠦᠷᠢᠯᠡᠨ᠎ᠡ᠃

(ᠠᠷᠪᠠᠨ ᠵᠢᠷᠭᠤᠭ᠎ᠠ) ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠡᠨ᠋ᠸᠷᠬᠢ ᠣᠯᠭᠣᠬᠤ᠎ᠶᠢ ᠴᠢᠩᠭᠠᠳᠬᠠᠨ᠎ᠠ᠃ ᠬᠡᠢᠰᠪᠦᠷᠢ ᠪᠤᠳᠠᠳᠤ ᠠᠬᠤᠢ (VR) ᠵᠢ ᠭᠦᠨᠵᠡᠭᠡᠢᠷᠡᠭᠦᠯᠬᠦ᠂ ᠴᠢᠩᠭᠠᠳᠬᠠᠭᠰᠠᠨ ᠪᠣᠳᠠᠲᠤ ᠠᠬᠤᠢ (AR) ᠵᠡᠷᠭᠡ ᠮᠡᠷᠭᠡᠵᠢᠯ᠎ᠦᠨ ᠰᠣᠶᠣᠯ ᠵᠢᠭᠤᠯᠴᠢᠯᠠᠯ᠎ᠤᠨ ᠬᠦᠷᠢᠶᠡᠨ᠎ᠳᠡᠬᠢ ᠬᠡᠷᠡᠭᠯᠡᠯᠲᠡ᠎ᠶᠢ ᠴᠢᠩᠭᠠᠳᠬᠠᠨ᠎ᠠ᠃ 《ᠵᠣᠬᠢᠶᠠᠮᠠᠯ ᠣᠶᠤᠨ ᠴᠢᠳᠠᠪᠤᠷᠢ + ᠰᠣᠶᠣᠯ ᠵᠢᠭᠤᠯᠴᠢᠯᠠᠯ》 ᠢ᠋ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠣᠶᠤᠨᠴᠢᠯᠠᠬᠤ᠂ ᠪᠣᠬᠢᠷᠲᠤᠯ ᠦᠭᠡᠢᠵᠢᠭᠦᠯᠬᠦ᠂ ᠠᠭᠤᠰᠤᠯᠴᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠨᠡᠮᠡᠷᠢᠯᠡᠨ᠎ᠡ᠃ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠰᠢᠨ᠎ᠡ᠎ᠶᠢ ᠡᠭᠦᠳᠦᠭᠰᠡᠨ ᠬᠣᠯᠪᠣᠭᠠᠲᠤ ᠴᠣᠭᠴᠠ ᠵᠢ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠰᠣᠶᠣᠯ᠎ᠤᠨ ᠬᠦᠷᠢᠶᠡᠨ᠎ᠳᠡᠬᠢ ᠤᠯᠤᠰ᠎ᠤᠨ ᠴᠢᠬᠤᠯᠠ ᠶᠡᠬᠡ ᠮᠡᠷᠭᠡᠵᠢᠯ᠎ᠦᠨ ᠪᠣᠭᠣᠮᠲᠠ ᠰᠢᠪᠲᠤᠯᠬᠤ ᠡᠭᠦᠷᠭᠡ᠎ᠶᠢ ᠡᠭᠦᠷᠭᠡᠯᠡᠨ᠎ᠡ᠃ ᠰᠣᠶᠣᠯ ᠵᠢᠭᠤᠯᠴᠢᠯᠠᠯ᠎ᠤᠨ ᠬᠦᠷᠢᠶ᠎ᠡ ᠴᠠᠷᠠᠭ᠎ᠠ᠎ᠶᠢᠨ ᠠᠵᠤ ᠠᠬᠤᠢᠯᠠᠯ ᠨᠢ ᠤᠯᠤᠰ ᠤ᠋ᠨ ᠳᠡᠭᠡᠳᠤ ᠰᠢᠨ᠎ᠡ ᠮᠡᠷᠭᠡᠵᠢᠯ᠎ᠦᠨ ᠠᠵᠤ ᠠᠬᠤᠢᠯᠠᠯ᠂ ᠠᠵᠤ ᠦᠢᠯᠡᠳᠪᠦᠷᠢ᠎ᠶᠢᠨ ᠵᠢᠷᠤᠭ ᠲᠥᠯᠥᠪᠯᠡᠭᠡ᠎ᠶᠢᠨ ᠲᠥᠪ᠎ᠢᠶᠡᠷ ᠭᠤᠶᠤᠴᠢᠯᠠᠨ ᠮᠡᠳᠡᠭᠦᠯᠬᠦ᠎ᠶᠢ ᠳᠠᠮᠵᠢᠨ᠎ᠠ᠃ ᠰᠣᠶᠣᠯ᠎ᠤᠨ ᠥᠪ᠂ ᠦᠵᠡᠮᠵᠢ᠎ᠶᠢᠨ ᠣᠷᠣᠨ ᠦᠵᠡᠮᠵᠢ᠎ᠶᠢᠨ ᠴᠡᠭ᠂ ᠵᠢᠭᠤᠯᠴᠢᠯᠠᠭᠰᠠᠳ᠎ᠤᠨ ᠢᠷᠡᠯᠲᠡ᠎ᠶᠢᠨ ᠤᠷᠤᠰᠴᠠ᠂ ᠬᠡᠷᠡᠭᠯᠡᠭᠡ ᠵᠠᠷᠤᠯᠭ᠎ᠠ ᠵᠡᠷᠭᠡ ᠲᠣᠭ᠎ᠠ ᠪᠠᠷᠢᠮᠲᠠ᠎ᠶᠢ ᠬᠠᠮᠲᠤ ᠪᠠᠷ ᠡᠳ᠋ᠯᠡᠨ ᠠᠰᠢᠭ᠍ᠯᠠᠬᠤ᠎ᠶᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠶᠡᠷᠦᠩᠬᠡᠢᠯᠡᠭᠰᠡᠨ ᠣᠶᠤᠨᠴᠢ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃

(ᠠᠷᠪᠠᠨ ᠳᠣᠯᠣᠭ᠎ᠠ) ᠤᠬᠠᠭᠤᠯᠤᠨ ᠳᠡᠯᠭᠡᠷᠡᠭᠦᠯᠬᠦ ᠡᠷᠴᠢᠮ ᠢ᠋ ᠴᠢᠩᠭᠠᠷᠠᠭᠤᠯᠤᠨ᠎ᠠ᠃ ᠤᠬᠠᠭᠤᠯᠭ᠎ᠠ᠎ᠶᠢᠨ ᠡᠬᠢ ᠪᠠᠶᠠᠯᠢᠭ᠋᠎ᠢ ᠨᠡᠢᠳᠭᠡᠵᠤ᠂ ᠳᠡᠯᠭᠡᠷᠡᠭᠦᠯᠬᠦ ᠠᠷᠭ᠎ᠠ ᠵᠠᠮ᠎ᠢ ᠲᠡᠭᠦᠯᠳᠡᠷᠵᠢᠭᠦᠯᠦᠨ᠂ 《ᠠᠶᠠᠯᠭᠤᠳᠤ ᠵᠢᠭᠤᠯᠴᠢᠯᠠᠯ ᠦᠪᠦᠷ ᠮᠤᠩᠭᠤᠯ》᠂ 《ᠥᠪᠥᠷ ᠮᠣᠩᠭᠣᠯ᠎ᠳᠤ ᠵᠢᠭᠤᠯᠴᠢᠯᠠᠨ ᠰᠠᠭᠤᠬᠤ》᠂ 《ᠪᠦᠲᠦᠭᠡᠯᠴᠢ ᠥᠪᠥᠷ ᠮᠣᠩᠭᠣᠯ》᠂ 《ᠥᠪᠥᠷ ᠮᠣᠩᠭᠣᠯ᠎ᠤᠨ ᠪᠡᠯᠡᠭ》 ᠵᠡᠷᠭᠡ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ ᠢ᠋ ᠡᠭᠦᠳᠴᠤ᠂ 《ᠡᠬᠡ ᠤᠯᠤᠰ᠎ᠤᠨ ᠤᠮᠠᠷᠠᠲᠤ ᠣᠷᠣᠨ·ᠦᠵᠡᠰᠬᠦᠯᠡᠩᠲᠦ ᠰᠠᠢᠬᠠᠨ ᠥᠪᠥᠷ ᠮᠣᠩᠭᠣᠯ》 ᠭᠡᠬᠦ ᠭᠠᠵᠠᠷ ᠣᠷᠣᠨ᠎ᠤ ᠵᠢᠭᠤᠯᠴᠢᠯᠠᠯ᠎ᠤᠨ ᠳᠦᠷᠢ ᠲᠥᠷᠬᠦ᠎ᠶᠢ ᠪᠣᠶ ᠪᠣᠯᠭᠠᠨ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠨᠥᠯᠥᠭᠡᠯᠡᠬᠦ ᠬᠦᠴᠦᠨ ᠪᠠ ᠨᠡᠷ᠎ᠡ ᠠᠯᠳᠠᠷ᠎ᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ᠎ᠤᠨ ᠦᠢᠯᠡᠰ ᠤ᠋ᠨ ᠮᠤᠵᠢ ᠵᠢᠨ ᠳᠡᠰ ᠤ᠋ᠨ ᠬᠠᠮᠵᠢᠯᠴᠠᠨ ᠬᠥᠭᠵᠢᠬᠦ ᠲᠣᠭᠲᠠᠴᠠ᠎ᠶᠢ ᠲᠡᠭᠦᠯᠳᠡᠷᠵᠢᠭᠦᠯᠬᠦ᠎ᠶᠢ ᠠᠬᠢᠭᠤᠯᠵᠤ᠂ ᠵᠠᠬ᠎ᠠ ᠳᠡᠯᠭᠡᠭᠦᠷ ᠢ᠋ ᠬᠠᠷᠢᠯᠴᠠᠨ ᠨᠡᠪᠲᠡᠷᠡᠯᠴᠡᠭᠦᠯᠬᠦ᠂ ᠵᠢᠭᠤᠯᠴᠢᠯᠠᠭᠰᠠᠳ᠎ᠢ ᠬᠠᠷᠢᠯᠴᠠᠨ ᠬᠦᠷᠭᠡᠬᠦ᠂ ᠪᠠᠷᠢᠮᠵᠢᠶ᠎ᠠ᠎ᠶᠢ ᠬᠠᠷᠢᠯᠴᠠᠨ ᠬᠡᠷᠡᠭᠯᠡᠬᠦ᠎ᠶᠢ ᠠᠬᠢᠭᠤᠯᠤᠨ᠎ᠠ᠃ ᠰᠣᠶᠣᠯ ᠵᠢᠭᠤᠯᠴᠢᠯᠠᠯ᠎ᠤᠨ ᠲᠤᠬᠠᠢ ᠭᠠᠳᠠᠭᠠᠳᠤ᠎ᠳᠤ ᠤᠬᠠᠭᠤᠯᠤᠨ ᠳᠡᠯᠭᠡᠷᠡᠭᠦᠯᠬᠦ ᠡᠷᠴᠢᠮ᠎ᠢ ᠴᠢᠩᠭᠠᠷᠠᠭᠤᠯᠵᠤ᠂ ᠥᠪᠥᠷ ᠮᠣᠩᠭᠣᠯ᠎ᠤᠨ ᠦᠵᠡᠰᠬᠦᠯᠡᠩᠲᠦ ᠰᠠᠢᠬᠠᠨ ᠡᠶ᠎ᠠ ᠵᠤᠬᠢᠴᠠᠩᠭᠤᠢ ᠰᠦᠷᠯᠢᠭ ᠰᠠᠢᠬᠠᠨ ᠳᠦᠷᠰᠦ ᠪᠠᠢᠳᠠᠯ᠎ᠢ ᠠᠮᠢᠳᠤᠯᠢᠭ᠋᠎ᠢᠶᠠᠷ ᠢᠯᠡᠷᠡᠭᠦᠯᠵᠦ᠂ ᠬᠢᠯᠢ᠎ᠶᠢᠨ ᠭᠠᠳᠠᠨᠠᠬᠢ ᠵᠢᠭᠤᠯᠴᠢᠯᠠᠭᠰᠠᠳ᠎ᠢ ᠲᠠᠲᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

(ᠠᠷᠪᠠᠨ ᠨᠠᠢ᠍ᠮᠠ) ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠤ ᠡᠩᠨᠡᠭᠡ᠎ᠶᠢ ᠪᠠᠢᠭᠤᠯᠤᠨ᠎ᠠ᠃ ᠰᠣᠶᠣᠯ ᠵᠢᠭᠤᠯᠴᠢᠯᠠᠯ᠎ᠤᠨ ᠬᠦᠷᠢᠶ᠎ᠡ ᠴᠠᠷᠠᠭ᠎ᠠ ᠵᠢᠨ ᠴᠢᠳᠠᠪᠤᠷᠢᠲᠠᠨ᠎ᠤ ᠬᠡᠷᠡᠭᠴᠡᠭᠡ᠎ᠶᠢᠨ ᠨᠠᠷᠢᠨ ᠳᠠᠩᠰᠠ᠎ᠶᠢ ᠪᠠᠢᠭᠤᠯᠵᠤ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠂ ᠬᠠᠭᠤᠴᠢ ᠰᠤᠳᠤᠯᠤᠯ᠂ ᠰᠣᠶᠣᠯ᠎ᠤᠨ ᠪᠦᠲᠦᠭᠡᠯᠴᠢ ᠰᠡᠳᠭᠢᠮᠵᠢ ᠵᠢᠴᠢ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ᠎ᠪᠠᠷ ᠪᠠᠴᠢᠮ ᠬᠡᠷᠡᠭᠰᠡᠬᠦ ᠲᠤᠳᠠᠬᠳᠠᠵᠤ ᠪᠠᠢᠭ᠎ᠠ ᠴᠢᠳᠠᠪᠤᠷᠢᠲᠠᠨ᠎ᠢ ᠶᠡᠬᠡ ᠪᠡᠷ ᠤᠷᠤᠭᠤᠯᠤᠨ ᠠᠪᠴᠢᠷᠠᠬᠤ ᠪᠠ ᠬᠥᠮᠥᠵᠢᠭᠦᠯᠦᠨ᠎ᠡ᠃ ᠨᠡᠢᠯᠡᠮᠡᠯ ᠬᠡᠯᠪᠡᠷᠢ᠎ᠶᠢᠨ ᠲᠣᠭᠠᠴᠢᠯᠠᠭᠰᠠᠨ ᠰᠣᠶᠣᠯ᠎ᠤᠨ ᠴᠢᠳᠠᠪᠤᠷᠢᠲᠠᠨ᠎ᠢ ᠲᠦᠷᠭᠡᠳᠬᠡᠨ ᠬᠥᠮᠥᠵᠢᠭᠦᠯᠦᠨ᠎ᠡ᠃ ᠨᠥᠬᠥᠴᠡᠯ᠎ᠲᠠᠢ ᠶᠡᠬᠡ ᠳᠡᠭᠡᠳᠦ ᠰᠤᠷᠭᠠᠭᠤᠯᠢ ᠨᠢ ᠲᠡᠦᠬᠡ᠎ᠶᠢᠨ ᠳᠤᠷᠠᠰᠬᠠᠯᠲᠤ ᠵᠦᠢᠯᠡᠰ ᠢ᠋ ᠰᠡᠷᠭᠦᠭᠡᠨ ᠵᠠᠰᠠᠬᠤ᠂ ᠦᠵᠡᠰᠬᠦᠯᠡᠩ᠎ᠢ ᠤᠬᠠᠭᠠᠯᠠᠨ ᠲᠥᠰᠥᠪᠯᠡᠬᠦ ᠵᠡᠷᠭᠡ ᠲᠤᠰᠬᠠᠢ ᠮᠡᠷᠭᠡᠵᠢᠯ ᠤ᠋ᠨ ᠰᠤᠷᠤᠯᠴᠠᠭ᠎ᠠ ᠵᠢᠨ ᠨᠠᠮᠳᠠᠷ᠎ᠤᠨ ᠰᠤᠷᠭᠠᠨ ᠬᠥᠮᠦᠵᠢᠯ᠎ᠢ ᠥᠷᠨᠢᠭᠦᠯᠬᠦ᠎ᠶᠢ ᠳᠡᠮᠵᠢᠨ᠎ᠡ᠃ ᠰᠣᠶᠣᠯ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠦᠨ ᠬᠥᠮᠦᠵᠢᠯ ᠪᠣᠯᠪᠠᠰᠤᠷᠠᠯ᠎ᠤᠨ ᠡᠷᠴᠢᠮ᠎ᠢ ᠴᠢᠩᠭᠠᠷᠠᠭᠤᠯᠵᠤ᠂ ᠶᠡᠷᠦᠩᠬᠡᠢᠯᠡᠭᠰᠡᠨ ᠬᠡᠪ ᠪᠤᠯᠪᠠᠰᠤᠷᠠᠯ ᠪᠠ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ ᠬᠢᠭᠡᠳ ᠳᠡᠰ᠎ᠢ ᠬᠢᠨᠠᠨ ᠲᠤᠭᠳᠠᠭᠠᠬᠤ ᠠᠵᠢᠯ᠎ᠢ ᠥᠷᠨᠢᠭᠦᠯᠦᠨ᠎ᠡ᠃ ᠦᠨᠳᠦᠰᠦᠨ ᠱᠠᠲᠤᠨ᠎ᠤ ᠰᠣᠶᠣᠯ ᠪᠠ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ ᠪᠠᠢᠭᠤᠯᠤᠮᠵᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠵᠡᠷᠭᠡ ᠬᠦᠷᠢᠶᠡᠨ᠎ᠳᠦ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠥᠰ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃


ᠨᠠᠢ᠍ᠮᠠ᠂ ᠵᠣᠬᠢᠶᠠᠨ ᠪᠠᠢᠭᠤᠯᠵᠤ ᠬᠡᠷᠡᠭᠵᠢᠭᠦᠯᠬᠦ

ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ ᠳᠤᠮᠳᠠᠬᠢ ᠭᠣᠣᠯᠳᠠᠯᠭ᠎ᠠ᠎ᠲᠠᠢ ᠬᠦᠴᠢᠷᠳᠡᠯ ᠠᠰᠠᠭᠤᠳᠠᠯ ᠪᠠ ᠲᠦᠭᠵᠢᠷᠡᠯ ᠴᠡᠭ᠎ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠬᠠᠵᠤ᠂ ᠪᠤᠰᠤᠳ ᠬᠤᠯᠪᠤᠭᠳᠠᠯ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠰ ᠰᠠᠨᠠᠯ᠎ᠳᠤ ᠳᠤᠷᠠᠳᠤᠭᠰᠠᠨ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠣᠳᠠᠲᠠᠢ ᠳ᠋ᠤ ᠨᠠᠢᠳᠠᠪᠤᠷᠢᠵᠢᠭᠤᠯᠬᠤ᠎ᠶᠢ ᠬᠦᠴᠦ᠎ᠪᠡᠨ ᠬᠠᠮᠲᠤᠳᠬᠠᠨ ᠠᠬᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠶᠡᠷᠦᠩᠬᠡᠢᠯᠡᠭᠰᠡᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠬᠡᠯᠪᠡᠷᠢ ᠵᠢᠨ ᠠᠶᠤᠯᠭᠦᠢ ᠦᠢᠯᠡᠳᠪᠦᠷᠢᠯᠡᠯ ᠵᠡᠷᠭᠡ ᠬᠠᠮᠵᠢᠯᠴᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠦᠨ ᠡᠮᠬᠢ ᠲᠢᠭᠯᠢᠮ᠎ᠢ ᠰᠠᠮᠠᠭᠤᠷᠠᠭᠤᠯᠬᠤ᠂ ᠵᠢᠭᠤᠯᠴᠢᠯᠠᠭ᠍ᠰᠠᠳ᠎ᠤᠨ ᠡᠷᠬᠡ ᠠᠰᠢᠭ᠋᠎ᠲᠤ ᠬᠠᠯᠳᠠᠬᠤ ᠵᠡᠷᠭᠡ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠳᠠᠢ᠃ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠦᠨ ᠪᠠᠷᠢᠮᠵᠢᠶ᠎ᠠ ᠵᠢᠷᠤᠮᠵᠢᠯ᠎ᠢ ᠲᠡᠭᠦᠯᠳᠡᠷᠵᠢᠭᠦᠯᠬᠦ ᠬᠡᠷᠡᠭᠳᠠᠢ᠃ ᠰᠣᠶᠣᠯ ᠵᠢᠭᠤᠯᠴᠢᠯᠠᠯ᠎ᠤᠨ ᠬᠦᠷᠢᠶᠡᠨ᠎ᠦ ᠬᠣᠰᠢᠭᠤᠷᠠᠯ ᠮᠡᠷᠭᠡᠵᠢᠯ᠂ ᠠᠵᠤ ᠦᠢᠯᠡᠰ᠎ᠦᠨ ᠬᠥᠭᠵᠢᠯᠲᠡ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠡᠳᠦᠪ᠎ᠦᠨ ᠰᠤᠳᠤᠯᠭᠠᠨ᠎ᠢ ᠥᠷᠨᠢᠭᠦᠯᠬᠦ ᠬᠡᠷᠡᠭᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号