ᠶᠡᠷᠦᠩᠬᠡᠶ ᠱᠦᠵᠢ ᠰᠢ ᠵᠢᠨ ᠫᠢᠩ ᠎ᠦᠨ ᠣᠶ᠋ᠢᠷ᠎ᠠ ᠎ᠶᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ
2026-07-10 09:42:05
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆


 ᠸᠠᠩ ᠸᠧᠶ ᠵᠥᠩ ᠬᠤᠷᠠᠯ᠎ᠢ ᠡᠷᠭᠢᠯᠡᠵᠠᠢ


7 ᠰᠠᠷ᠎ᠠ᠎ᠶᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠶᠡᠷ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠠᠵᠢᠯ ᠎ᠳᠤ ᠦᠭᠭᠦᠭᠰᠡᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠤᠯᠤᠰ ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠬᠢᠭᠦᠯᠦᠨ ᠱᠠᠩᠨᠠᠬᠤ ᠶᠡᠬᠡ ᠬᠤᠷᠠᠯ᠂ ᠬᠣᠶᠠᠷ ᠬᠦᠷᠢᠶᠡᠯᠡᠩ᠎ᠦᠨ ᠠᠺᠠᠳᠧᠮᠢᠴᠢ᠎ᠶᠢᠨ ᠶᠡᠬᠡ ᠬᠤᠷᠠᠯ᠂ ᠳᠤᠮᠳᠠᠳᠤ ᠤᠯᠤᠰ ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ ᠎ᠶᠢᠨ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ ᠎ᠢ  ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶ᠋ᠢᠳ ᠯᠢ ᠴᠢᠶᠠᠩ ᠎ᠤᠨ ᠴᠣᠬᠣᠯᠠᠪᠤᠷᠢ᠎ᠶᠢᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠣᠳᠣᠬᠠᠨ ᠎ᠤ ᠦᠶᠡᠷ᠎ᠢ ᠰᠡᠷᠭᠡᠶ᠋ᠢᠯᠡᠬᠦ᠌ ᠪᠠᠶ᠋ᠢᠳᠠᠯ᠎ᠤᠨ ᠬᠦᠨᠳᠦ ᠨᠣᠴᠢᠲᠠᠢ ᠴᠢᠨᠠᠷ ᠨᠠᠷᠢᠨ ᠪᠤᠳᠤᠯᠢᠶᠠᠨᠲᠤ᠌ ᠴᠢᠨᠠᠷ᠎ᠢ ᠰᠡᠷᠭᠡᠭ᠎ᠢᠶᠡᠷ ᠲᠠᠨᠢᠵᠤ᠂ ᠲᠠᠶ᠋ᠢᠪᠤᠰᠢᠷᠠᠬᠤ ᠪᠤᠳᠤᠯ ᠪᠣᠯᠤᠨ ᠠᠵᠠ ᠬᠠᠷᠠᠬᠤ ᠪᠤᠳᠤᠯ᠎ᠢ ᠡᠷᠡᠰ ᠲᠡᠪᠴᠢᠵᠦ᠍᠂ ᠢᠮᠠᠭᠲᠠ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠶ᠋ᠢᠵᠤ᠂ ᠬᠣᠷᠢᠭ᠎ᠠ ᠱᠤᠭᠤᠮ᠎ᠤᠨ ᠰᠡᠳᠬᠢᠬᠦᠢ᠂ ᠲᠦᠢᠯᠰᠢᠷᠡᠯ᠎ᠤᠨ ᠰᠡᠳᠬᠢᠬᠦᠢ᠎ᠪᠡᠷ ᠭᠠᠷᠴᠤ᠌ ᠮᠡᠳᠡᠬᠦ᠌ ᠬᠠᠴᠢᠨ ᠪᠠᠶ᠋ᠢᠳᠠᠯ᠎ᠢ ᠠᠷᠭᠠᠴᠡᠭᠠᠵᠤ᠂ 《ᠴᠠᠭ ᠢᠮᠠᠭᠲᠠ ᠰᠠᠨᠠᠭ᠎ᠠ ᠠᠮᠤᠷ ᠦᠬᠡᠢ ᠪᠠᠢᠬᠤ 》 ᠬᠠᠷᠢᠭᠤᠴᠠᠯᠭᠠᠲᠤ᠌ ᠰᠡᠳᠬᠢᠯᠭᠡ ᠎ᠪᠡᠷ ᠦᠶᠡᠷ ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠨᠠᠷᠢᠯᠢᠭ ᠰᠠᠶ᠋ᠢᠲᠤᠷ ᠬᠢᠬᠦ᠌ ᠬᠡᠷᠡᠭᠲᠡᠢ᠃ ᠦᠶᠡᠷ ᠤᠰᠤᠲᠤᠯ᠎ᠤᠨ ᠭᠠᠮᠰᠢᠭ᠎ᠤᠨ ᠠᠶᠤᠯ ᠲᠦᠭᠰᠢᠭᠦᠷᠢ ᠬᠡᠮ ᠰᠣᠭᠣᠭ ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ᠎ᠶᠢ ᠨᠠᠷᠢᠨ ᠬᠢᠨᠠᠮᠠᠭᠠᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠭᠣᠣᠯ᠎ᠤᠨ ᠵᠠᠮ᠎ᠤᠨ ᠲᠠᠯᠠᠩ ᠬᠠᠰᠢᠯᠭ᠎ᠠ᠂ ᠠᠶᠤᠯ ᠭᠡᠮ᠎ᠲᠡᠶ ᠤᠰᠤᠨ ᠴᠥᠭᠥᠷᠥᠮ᠂ ᠠᠭᠤᠯᠠᠨ ᠦᠶᠡᠷ᠎ᠦᠨ ᠭᠤᠤ ᠰᠤᠪᠠᠭ᠂ ᠠᠭᠤᠷᠬᠠᠢ᠎ᠶᠢᠨ ᠣᠷᠣᠨ ᠵᠡᠷᠭᠡ ᠴᠢᠬᠤᠯᠠ ᠬᠡᠰᠡᠭ ᠎ᠲᠡᠬᠢ ᠲᠣᠭᠣᠷᠢᠨ ᠪᠠᠶ᠋ᠢᠴᠠᠭᠠᠵᠤ ᠰᠡᠷᠭᠡᠶ᠋ᠢᠯᠡᠨ ᠬᠠᠮᠠᠭᠠᠯᠠᠬᠤ᠎ᠶᠢ ᠴᠢᠩᠭᠠᠳᠬᠠᠵᠤ᠂ ᠭᠣᠣᠯᠳᠠᠯᠭ᠎ᠠ ᠎ᠲᠠᠶ ᠰᠠᠪᠠ ᠭᠠᠵᠠᠷ᠎ᠤᠨ ᠦᠶᠡᠷ ᠎ᠢ ᠰᠡᠷᠭᠡᠶ᠋ᠢᠯᠡᠨ ᠠᠷᠭᠠᠴᠡᠭᠠᠬᠤ ᠠᠵᠢᠯ᠎ᠢ ᠰᠠᠶ᠋ᠢᠲᠤᠷ ᠬᠢᠵᠦ᠍᠂ ᠦᠶᠡᠷ᠎ᠦᠨ ᠬᠤᠭᠤᠴᠠᠭ᠎ᠠ ᠎ᠶᠢ ᠠᠮᠤᠷ ᠲᠦᠪᠰᠢᠨ᠎ᠢᠶᠡᠷ ᠥᠩᠭᠡᠷᠡᠭᠦᠯᠬᠦ᠌᠎ᠶᠢ ᠪᠠᠲᠤᠯᠠᠬᠤ ᠬᠡᠷᠡᠭᠲᠡᠢ᠃ ᠶᠡᠬᠡ ᠦᠶᠡᠷ ᠎ᠢ ᠰᠡᠷᠭᠡᠶ᠋ᠢᠯᠡᠬᠦ᠌᠂ ᠶᠡᠬᠡ ᠠᠶᠤᠯ᠎ᠡᠴᠡ ᠠᠪᠤᠷᠠᠬᠤ᠂ ᠶᠡᠬᠡ ᠭᠠᠮᠰᠢᠭ᠎ᠡᠴᠡ ᠠᠪᠤᠷᠠᠬᠤ᠎ᠳᠤ ᠰᠠᠭᠤᠷᠢᠯᠠᠨ᠂ ᠭᠠᠮᠰᠢᠭ᠎ᠢ ᠰᠡᠷᠭᠡᠶ᠋ᠢᠯᠡᠬᠦ᠌ ᠠᠶᠤᠯ᠎ᠡᠴᠡ ᠵᠠᠶ᠋ᠢᠯᠠᠬᠤ ᠪᠣᠳᠠᠲᠠᠢ᠎ᠶᠢ ᠡᠷᠬᠢᠮᠯᠡᠭᠰᠡᠨ ᠪᠥᠭᠡᠳ ᠲᠤᠰᠠᠲᠠᠢ ᠪᠦᠬᠦᠢ ᠪᠠᠴᠢᠮ ᠪᠠᠶ᠋ᠢᠳᠠᠯ᠎ᠢ ᠠᠷᠭᠠᠴᠡᠭᠠᠬᠤ ᠪᠡᠯᠡᠳᠬᠡᠯ ᠲᠥᠰᠦᠯ᠎ᠢ ᠲᠣᠭᠲᠠᠭᠠᠨ ᠲᠡᠭᠦᠯᠳᠡᠷᠵᠢᠭᠦᠯᠵᠦ᠍᠂  ᠪᠡᠯᠡᠳᠬᠡᠯ  ᠲᠡᠶ   ᠪᠣᠯ ᠪᠠᠯᠢᠳᠠᠬᠤ ᠦᠭᠡᠢ᠂ ᠶᠠᠪᠤᠳᠠᠯ ᠳ᠋ᠦ ᠰᠠᠮᠭᠠᠷᠳᠠᠬᠤ ᠦᠭᠡᠢ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠴᠠᠭ ᠠᠭᠤᠷ᠎ᠤᠨ ᠤᠷᠢᠳᠴᠢᠯᠠᠭᠰᠠᠨ ᠮᠡᠳᠡᠭᠡ᠂ ᠪᠣᠷᠣᠭᠠᠨ᠎ᠤ ᠪᠠᠶ᠋ᠢᠳᠠᠯ ᠤᠰᠤᠨ᠎ᠤ ᠪᠠᠶ᠋ᠢᠳᠠᠯ ᠎ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠪᠠ ᠪᠠᠴᠢᠮ ᠪᠠᠶ᠋ᠢᠳᠠᠯ ᠎ᠢ ᠠᠷᠭᠠᠴᠡᠭᠠᠵᠤ ᠠᠪᠤᠷᠠᠨ ᠲᠤᠰᠠᠯᠠᠬᠤ ᠪᠡᠯᠡᠳᠬᠡᠯ᠎ᠢ ᠴᠢᠩᠭᠠᠳᠬᠠᠵᠤ᠂ ᠡᠯ᠎ᠡ ᠭᠠᠵᠠᠷ᠎ᠤᠨ ᠪᠣᠳᠠᠲᠤ᠌ ᠪᠠᠶ᠋ᠢᠳᠠᠯ ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭᠠᠴᠡᠭᠠᠬᠤ ᠲᠥᠰᠦᠯ᠎ᠢ ᠲᠣᠭᠲᠠᠭᠠᠨ ᠲᠡᠭᠦᠯᠳᠡᠷᠵᠢᠭᠦᠯᠵᠦ᠍᠂ ᠦᠨᠳᠦᠰᠦᠨ ᠱᠠᠲᠤᠨ ᠎ᠤ ᠬᠠᠷᠢᠭᠤᠴᠠᠯᠭᠠᠲᠠᠨ᠎ᠳᠤ ᠰᠢᠭᠤᠳ ᠬᠥᠷᠬᠥ᠌ ᠭᠠᠮᠰᠢᠭ᠎ᠤᠨ ᠰᠡᠷᠡᠮᠵᠢᠯᠡᠭᠦᠯᠦᠯ᠎ᠦᠨ《ᠳᠠᠭᠤᠳᠠᠯᠲᠠ ᠎ᠳᠤ ᠴᠤᠤᠷᠢᠶᠠᠳᠤᠬᠤ》 ᠲᠣᠭᠲᠡᠴᠡ᠎ᠶᠢ ᠪᠠᠶ᠋ᠢᠭᠤᠯᠤᠨ ᠰᠠᠶ᠋ᠢᠲᠤᠷ ᠬᠡᠷᠡᠭᠯᠡᠵᠦ᠍᠂ ᠠᠶᠤᠯ ᠭᠠᠷᠬᠤ᠎ᠡᠴᠡ ᠡᠮᠦᠨ᠎ᠡ ᠠᠶᠤᠯ᠎ᠳᠤ ᠬᠣᠯᠪᠣᠭᠳᠠᠬᠤ ᠣᠯᠠᠨ ᠲᠦᠮᠡᠨ᠎ᠢ ᠡᠷᠡᠰ ᠰᠢᠭᠤᠷᠬᠠᠶ᠎ᠪᠠᠷ ᠵᠠᠶ᠋ᠢᠯᠠᠭᠤᠯᠵᠤ᠂ ᠰᠢᠯᠵᠢᠭᠦᠯᠬᠦ ᠶᠤᠰᠤᠲᠠᠢ ᠵᠢ ᠨᠢ ᠡᠷᠲᠡᠬᠡᠨ ᠰᠢᠯᠵᠢᠭᠦᠯᠵᠦ᠍᠂ ᠰᠢᠯᠵᠢᠭᠦᠯᠬᠦ ᠶᠤᠰᠤᠲᠠᠢ ᠵᠢ ᠨᠢ ᠪᠦᠬᠦᠨ᠎ᠢ ᠰᠢᠯᠵᠢᠭᠦᠯᠵᠦ᠍᠂ ᠠᠶᠤᠯ ᠲᠦᠭᠰᠢᠭᠦᠷᠢ ᠢᠯᠡᠷᠡᠪᠡᠯ ᠪᠥᠬᠥ᠌ ᠬᠦᠴᠦᠨ᠎ᠢᠶᠡᠷ᠎ᠢᠶᠡᠨ ᠠᠶᠤᠯ᠎ᠡᠴᠡ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃ ᠡᠯ᠎ᠡ ᠱᠠᠲᠤᠨ ᠎ᠤ ᠤᠳᠤᠷᠢᠳᠬᠤ ᠺᠠᠳ᠋ᠷ ᠢᠯᠠᠩᠭᠤᠶ᠎ᠠ 《ᠭᠤᠤᠯ ᠬᠠᠷᠢᠭᠤᠴᠠᠯᠭᠠᠲᠠᠨ》 ᠦᠶᠡᠷ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠡᠨᠡ ᠬᠦ᠌ ᠬᠥᠪᠴᠢ ᠎ᠶᠢ ᠴᠢᠩᠭᠠᠯᠠᠵᠤ᠂ ᠡᠮᠦᠨ᠎ᠡ ᠹᠷᠣᠨᠲ᠎ᠲᠤ᠌ ᠭᠦᠨᠵᠡᠭᠡᠶ᠋ᠢᠷᠡᠨ᠂ ᠤᠷᠢᠳᠴᠢᠯᠠᠨ ᠵᠢᠯᠣᠭᠣᠳᠴᠤ᠌᠂ ᠦᠶᠡᠷ ᠎ᠢ ᠰᠡᠷᠭᠡᠶ᠋ᠢᠯᠡᠵᠦ᠍ ᠠᠶᠤᠯ᠎ᠡᠴᠡ ᠠᠪᠤᠷᠠᠵᠤ ᠭᠠᠮᠰᠢᠭ᠎ᠡᠴᠡ ᠠᠪᠤᠷᠠᠬᠤ ᠪᠡᠯᠡᠳᠬᠡᠯ᠎ᠢ ᠴᠠᠭ ᠢᠮᠠᠭᠲᠠ ᠰᠠᠶ᠋ᠢᠲᠤᠷ ᠬᠢᠵᠦ᠍᠂ ᠭᠡᠨᠡᠳᠲᠡ ᠡᠭᠦᠰᠬᠦ ᠠᠶᠤᠯ ᠲᠦᠭᠰᠢᠭᠦᠷᠢ᠎ᠶᠢ ᠴᠠᠭ ᠲᠤᠬᠠᠢ᠎ᠳᠤᠨᠢ ᠪᠦᠲᠦᠮᠵᠢᠲᠡᠢ ᠰᠢ᠌ᠳᠪᠦᠷᠢᠯᠡᠬᠦ᠌ ᠬᠡᠷᠡᠭᠲᠡᠢ᠃ ᠦᠶᠡᠷ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠠᠵᠢᠯ ᠳᠤᠮᠳᠠ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠠᠢ᠌ᠴᠢᠨ ᠪᠡᠬᠢᠯᠡᠯᠲᠡ᠎ᠶᠢᠨ ᠦᠢᠯᠡᠳᠦᠯ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶᠢᠨ ᠠᠮᠤᠷ ᠲᠦᠪᠰᠢᠨ᠎ᠢ ᠰᠠᠬᠢᠨ ᠬᠠᠮᠠᠭᠠᠯᠠᠬᠤ ᠪᠠᠲᠤ᠌ ᠪᠡᠬᠢ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ᠌ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠎ᠳᠦ ᠲᠤᠯᠭᠠᠷᠠᠵᠤ ᠪᠠᠶ᠋ᠢᠭ᠎ᠠ ᠰᠢᠨ᠎ᠡ ᠪᠠᠶ᠋ᠢᠳᠠᠯ᠎ᠢ ᠭᠦᠨᠵᠡᠭᠡᠶ ᠵᠠᠳᠠᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠰ ᠎ᠦᠨ ᠲᠤᠬᠠᠢ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢᠯ᠎ᠦᠨ ᠪᠠᠶ᠋ᠢᠷᠢᠯᠠᠭᠤᠯᠤᠯᠲᠠ᠎ᠶᠢᠨ ᠨᠠᠶ᠋ᠢᠳᠠᠪᠤᠷᠢᠵᠢᠭᠤᠯᠤᠯᠲᠠ ᠵᠢ ᠪᠦᠬᠦ ᠬᠦᠴᠦᠨ᠎ᠢᠶᠡᠷ᠎ᠢᠶᠡᠨ ᠰᠠᠢᠳᠤᠷ ᠠᠳᠬᠤᠬᠤ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠮᠠᠰᠢ ᠴᠢᠩᠭ᠎ᠠ ᠤᠯᠤᠰ ᠲᠥᠷᠥ᠎ᠶᠢᠨ ᠴᠢᠨᠠᠷ᠂ ᠪᠠᠶ᠋ᠢᠯᠳᠤᠬᠤ ᠪᠣᠳᠣᠯᠭ᠎ᠠ᠎ᠶᠢᠨ ᠴᠢᠨᠠᠷ᠂ ᠵᠢᠯᠣᠭᠣᠳᠬᠤ ᠴᠢᠨᠠᠷ᠎ᠲᠠᠶ ᠪᠠᠶ᠋ᠢᠵᠤ᠂ ᠰᠢᠨ᠎ᠡ ᠴᠠᠭ ᠦᠶ᠎ᠡ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠢ ᠰᠠᠶ᠋ᠢᠲᠤᠷ ᠬᠢᠬᠦ᠌᠎ᠳᠦ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠶ᠃ ᠪᠢᠳᠡ ᠴᠢᠬᠤᠯᠠ ᠶᠠᠷᠢᠶᠠᠨ ᠎ᠤ ᠠᠭᠤᠯᠤᠭᠳᠠᠬᠤᠨ ᠴᠢᠬᠤᠯᠠ ᠠᠭᠤᠯᠭ᠎ᠠ ᠪᠠ ᠦᠢᠯᠡᠳᠦᠯᠭᠡ ᠎ᠶᠢᠨ ᠱᠠᠭᠠᠷᠳᠠᠯᠭ᠎ᠠ᠎ᠶᠢ ᠭᠦᠨᠵᠡᠭᠡᠶ ᠰᠤᠷᠤᠯᠴᠠᠨ ᠣᠶ᠋ᠢᠯᠠᠭᠠᠵᠤ᠂ ᠣᠨᠣᠪᠴᠢᠲᠠᠶ ᠤᠶ᠋ᠢᠯᠠᠭᠠᠨ ᠡᠵᠡᠮᠰᠢᠵᠦ᠍᠂ ᠴᠢᠩᠭ᠎ᠠ ᠬᠠᠷᠢᠭᠤᠴᠠᠯᠭᠠᠲᠤ᠌ ᠰᠡᠳᠬᠢᠯᠭᠡ ᠪᠠ ᠲᠤᠯᠭᠠᠮ ᠪᠤᠳᠤᠯ᠎ᠢᠶᠡᠷ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠠᠵᠢᠯ᠎ᠢ ᠰᠠᠶ᠋ᠢᠲᠤᠷ ᠠᠳᠬᠤᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠨᠠᠩ ᠣᠯᠠᠨ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠶ᠋ᠢᠬᠤ ᠬᠡᠷᠡᠭᠲᠡᠶ᠃ ᠤᠯᠤᠰ᠎ᠤᠨ ᠰᠢᠨ᠎ᠡ᠎ᠶᠢ ᠡᠭᠦᠳᠬᠦ ᠰᠢᠰᠲᠧᠮ᠎ᠳᠡᠬᠢ ᠪᠠᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ᠎ᠤᠨ ᠵᠣᠬᠢᠶᠠᠨ ᠪᠠᠢᠭᠤᠯᠤᠯᠴᠠᠭᠰᠠᠨ ᠬᠡᠮᠵᠢᠶ᠎ᠡ ᠎ᠶᠢ ᠳᠡᠭᠡᠭᠰᠢᠯᠡᠭᠦᠯᠵᠦ᠂ ᠰᠠᠭᠤᠷᠢ ᠰᠤᠳᠤᠯᠭᠠᠨ ᠬᠢᠬᠦ᠂ ᠬᠡᠷᠡᠭᠯᠡᠬᠦ ᠨᠡᠭᠡᠭᠡᠨ ᠠᠰᠢᠭᠯᠠᠬᠤ᠂ ᠦᠷ᠎ᠡ ᠪᠦᠲᠦᠭᠡᠯ ᠎ᠢ ᠣᠨᠳᠣᠣᠰᠢᠭᠤᠯᠬᠤ᠎ᠶᠢ ᠬᠠᠮᠤᠷᠤᠭᠰᠠᠨ ᠰᠢᠰᠲᠧᠮᠵᠢᠭᠰᠡᠨ ᠪᠣᠭᠣᠮᠲᠠ ᠰᠢᠪᠲᠤᠯᠬᠤ ᠪᠠᠢᠷᠢᠰᠢᠯ ᠎ᠢ ᠬᠦᠴᠦᠯᠡᠨ ᠪᠠᠶ᠋ᠢᠭᠤᠯᠬᠤ ᠬᠡᠷᠡᠭᠲᠡᠢ᠃ ᠬᠢᠬᠦ ᠵᠤᠬᠢᠰᠳᠠᠢ ᠪᠠᠨ ᠬᠢᠵᠦ ᠬᠢᠬᠦ ᠵᠤᠬᠢᠰ ᠦᠭᠡᠢ ᠪᠠᠨ ᠦᠯᠦ ᠬᠢᠬᠦ ᠵᠢ ᠪᠠᠷᠢᠮᠲᠠᠯᠠᠵᠤ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠬᠣᠪᠣᠷ ᠰᠢᠷᠣᠢ᠂ ᠠᠮᠢᠳᠤ ᠪᠣᠳᠠᠰ᠎ᠤᠨ ᠦᠢᠯᠡᠳᠬᠡᠯ᠂ ᠰᠦ᠎ᠶᠢᠨ ᠦᠢᠯᠡᠰ᠂ ᠡᠪᠡᠰᠦᠨ ᠎ᠦ ᠦᠢᠯᠡᠰ ᠵᠡᠷᠭᠡ ᠳᠠᠪᠠᠭᠤᠯᠢᠭ᠋ ᠠᠵᠤ ᠦᠢᠯᠡᠰ᠎ᠦᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠠᠷᠭ᠎ᠠ ᠵᠠᠮ ᠎ᠢ ᠰᠦᠪᠡᠭᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠦᠷ᠎ᠡ ᠪᠦᠲᠦᠭᠡᠯ᠎ᠢ ᠣᠨᠳᠣᠣᠰᠢᠭᠤᠯᠬᠤ᠎ᠶᠢᠨ ᠬᠤᠷᠢᠭ᠎ᠠ ᠴᠡᠭ ᠳᠦᠭᠵᠢᠷᠡᠯ ᠴᠡᠭ᠎ᠢ ᠨᠠᠪᠲᠠᠷᠡᠭᠦᠯᠵᠦ᠂ ᠨᠡᠩ ᠤᠯᠠᠨ ᠰᠢᠨ᠎ᠡ ᠮᠡᠷᠭᠡᠵᠢᠯ ᠰᠢᠨ᠎ᠡ ᠦᠢᠯᠡᠳᠬᠦᠨ ᠥᠪᠥᠷ ᠮᠣᠩᠭᠣᠯ᠎ᠳᠤ ᠨᠤᠲᠤᠭᠰᠢᠨ ᠰᠢᠯᠭᠠᠨ ᠪᠠᠲᠤᠯᠠᠬᠤ᠂ ᠣᠨᠳᠣᠣᠰᠢᠭᠤᠯᠤᠨ ᠬᠡᠷᠡᠭᠯᠡᠬᠦ᠎ᠶᠢ ᠲᠠᠲᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠵᠤ᠂ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠠᠵᠢᠯ ᠎ᠢ ᠦᠷᠭᠦᠯᠵᠢᠯᠡᠨ ᠬᠦᠴᠦᠯᠡᠨ ᠰᠠᠢᠲᠤᠷ ᠠᠳᠬᠤᠬᠤ ᠬᠡᠷᠡᠭᠲᠡᠢ᠃ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠳᠡᠬᠢ ᠣᠷᠣᠭᠤᠯᠤᠯᠲᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ ᠲᠣᠭᠲᠠᠴᠠ᠎ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠲᠦᠷᠦᠯ ᠵᠦᠢᠯ᠎ᠢ ᠬᠢᠨᠠᠨ ᠪᠠᠢᠴᠠᠭᠠᠬᠤ ᠪᠠ ᠠᠵᠢᠯ᠎ᠤᠨ ᠠᠮᠵᠢᠯᠲᠠ ᠪᠦᠲᠦᠮᠵᠢ᠎ᠶᠢ ᠦᠨᠡᠯᠡᠨ ᠵᠢᠱ᠌ᠢᠬᠦ᠎ᠶᠢ ᠴᠢᠩᠭᠠᠳᠬᠠᠵᠤ᠂ ᠪᠡᠯᠡ ᠮᠥᠩᠭᠥ᠎ᠶᠢ ᠬᠡᠷᠡᠭᠯᠡᠬᠦ ᠦᠷ᠎ᠡ ᠠᠰᠢᠭ᠋᠎ᠢ ᠳᠡᠭᠡᠭᠰᠢᠯᠡᠭᠦᠯᠬᠦ ᠬᠡᠷᠡᠭᠲᠡᠢ᠃ 《ᠳᠥᠷᠪᠡ ᠎ᠶᠢ ᠯᠡ ᠬᠦᠭᠡᠭᠡᠴᠡᠯᠳᠦᠬᠦ ᠵᠢ ᠡᠪᠳᠡᠬᠦ》 ᠪᠠ 《ᠰᠢᠨ᠎ᠡ ᠪᠠᠷᠢᠮᠵᠢᠶ᠎ᠠ ᠲᠣᠭᠲᠠᠭᠠᠬᠤ》 ᠶ᠋ᠢ ᠤᠶᠠᠯᠳᠤᠭᠤᠯᠬᠤ ᠎ᠶᠢ ᠪᠠᠷᠢᠮᠲᠠᠯᠠᠵᠤ᠂ ᠰᠢᠨ᠎ᠡ᠎ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠎ᠪᠡᠷ ᠤᠳᠤᠷᠢᠳᠤᠮᠵᠢ ᠪᠣᠯᠭᠠᠭᠰᠠᠨ ᠦᠨᠡᠯᠡᠬᠦ ᠰᠢᠰᠲᠧᠮ᠎ᠢ ᠪᠦᠷᠢᠨᠰᠢᠭᠦᠯᠵᠦ᠂ ᠰᠠᠢᠨ ᠰᠠᠢᠬᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠮᠢ ᠠᠬᠤᠢ᠎ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

 ᠬᠤᠷᠠᠯ ᠡᠴᠡ ᠬᠡᠰᠡᠭ ᠠᠢᠮᠠᠭ ᠬᠣᠲᠠ᠂ ᠬᠣᠰᠢᠭᠤ ᠰᠢᠶᠠᠨ᠎ᠤ ᠨᠠᠮ᠎ᠤᠨ ᠬᠤᠷᠢᠶ᠎ᠠ᠎ᠶᠢᠨ ᠱᠦᠵᠢ᠎ᠶᠢᠨ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠎ᠢ ᠠᠳᠬᠤᠭᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠢᠳᠪᠦᠷᠢᠲᠦ ᠳᠠᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ ᠰᠦᠷ ᠬᠦᠴᠦᠨ᠎ᠢᠶᠡᠷ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ᠎ᠤ ᠢᠯᠠᠯᠲᠠ᠎ᠶᠢ ᠪᠥᠬᠥ ᠲᠠᠯ᠎ᠠ᠎ᠪᠠᠷ ᠲᠡᠮᠡᠴᠡᠨ ᠣᠯᠬᠤ ᠬᠡᠷᠡᠭᠲᠡᠢ᠃ ᠬᠣᠰᠢᠭᠤ ᠰᠢᠶᠠᠨ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠭᠣᠣᠯ ᠲᠡᠶ᠋ᠢᠨ᠎ᠦ ᠲᠠᠯᠠᠪᠤᠷ ᠪᠣᠯᠭᠠᠵᠤ᠂ ᠨᠠᠩ ᠣᠯᠠᠨ ᠬᠢᠨᠠᠯᠲᠠ ᠲᠠᠯᠪᠢᠬᠤ ᠬᠦᠴᠦᠨ᠎ᠢ ᠦᠨᠳᠦᠰᠦᠨ ᠱᠠᠲᠤᠨ᠎ᠳᠤ ᠬᠠᠨᠳᠤᠭᠤᠯᠤᠨ᠂ 《ᠨᠢᠭᠡ ᠰᠢᠶᠠᠨ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠦᠨ》 ᠲᠥᠷᠥᠯ ᠬᠤᠪᠢᠶᠠᠨ ᠵᠢᠯᠤᠭᠣᠳᠴᠤ᠂ ᠠᠢᠮᠠᠭ ᠬᠣᠲᠠ᠂ ᠬᠣᠰᠢᠭᠤ ᠰᠢᠶᠠᠨ᠎ᠤ ᠨᠠᠮ᠎ᠤᠨ ᠬᠣᠷᠢᠶ᠎ᠠ᠎ᠶᠢᠨ ᠭᠤᠤᠯ ᠡᠭᠦᠷᠭᠡ ᠳ᠋ᠦ ᠠᠩᠬᠠᠷᠤᠯ ᠵᠢᠨᠨ ᠲᠦᠪᠯᠡᠷᠡᠭᠦᠯᠦᠨ ᠪᠡᠶᠡᠴᠢ ᠴᠤᠭᠴᠠ ᠵᠢᠨ ᠬᠠᠷᠢᠭᠤᠴᠠᠯᠭ᠎ᠠ ᠡᠭᠦᠷᠭᠡᠯᠡᠵᠦ᠂ ᠡᠮᠦᠨ᠎ᠡ ᠹᠷᠣᠨᠲ ᠲᠤ᠌ ᠪᠣᠭᠣᠮᠲᠠ ᠰᠢᠪᠲᠤᠯᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠬᠦ᠎ᠶᠢ ᠠᠬᠢᠭᠤᠯᠬᠤ ᠬᠡᠷᠡᠭᠲᠡᠢ᠃ ᠭᠣᠣᠯᠳᠠᠯᠭ᠎ᠠ᠎ᠲᠠᠢ ᠴᠡᠭᠴᠡᠯᠡᠨ ᠵᠠᠰᠠᠬᠤ ᠲᠥᠷᠥᠯ ᠵᠦᠢᠯ ᠲᠠᠢ ᠤᠶᠠᠯᠳᠤᠭᠤᠯᠤᠨ ᠦᠷᠭᠦᠯᠵᠢᠯᠡᠨ ᠬᠦᠴᠦᠯᠡᠨ ᠪᠤᠭᠤᠮᠳᠠ ᠰᠢᠪᠲᠤᠯᠵᠤ᠂ ᠪᠣᠳᠠᠲᠤ ᠦᠷ᠎ᠡ ᠪᠦᠲᠦᠮᠵᠢ᠎ᠶᠢ ᠲᠣᠪᠤᠢᠯᠭᠠᠨ ᠠᠷᠠᠳ ᠎ᠤᠨ ᠠᠮᠢᠳᠤᠷᠠᠯ ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ ᠎ᠤᠨ ᠠᠰᠠᠭᠤᠳᠠᠯ ᠎ᠢ ᠲᠥᠪᠯᠡᠷᠡᠭᠦᠯᠦᠨ ᠵᠠᠰᠠᠬᠤ᠎ᠶᠢ ᠰᠠᠢᠲᠤᠷ ᠠᠳᠬᠤᠵᠤ᠂ ᠤᠨᠤᠴᠠᠳᠠᠢ ᠬᠦᠴᠦᠯᠡᠵᠦ᠂ ᠬᠠᠷᠠᠯᠳᠠ ᠲᠠᠢ ᠪᠡᠷ ᠴᠡᠭ᠎ᠦᠨ ᠲᠠᠯ᠎ᠠ᠎ᠪᠠᠷ ᠬᠢ ᠠᠰᠠᠭᠤᠳᠠᠯ᠎ᠢ ᠴᠡᠭᠴᠡᠯᠡᠨ ᠵᠠᠰᠠᠬᠤ ᠮᠥᠷᠲᠡᠭᠡᠨ ᠨᠠᠩ ᠴᠤ᠌ ᠴᠡᠭ᠎ᠢᠶᠡᠷ ᠨᠡᠢᠳᠡᠮ᠎ᠢ ᠳᠠᠶ᠋ᠢᠴᠢᠯᠠᠵᠤ᠂ ᠰᠢᠰᠲᠧᠮ᠎ᠲᠠᠢ ᠠᠷᠭ᠎ᠠ ᠪᠣᠳᠣᠯᠭ᠎ᠠ ᠬᠡᠷᠡᠭᠵᠢᠭᠦᠯᠵᠦ ᠠᠳᠠᠯᠢ ᠲᠥᠷᠥᠯ ᠎ᠦᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠬᠡᠷᠡᠭᠲᠡᠢ᠃ ᠬᠡᠷᠡᠭ ᠎ᠢ ᠪᠠᠢᠴᠠᠭᠠᠨ ᠰᠢᠢᠳᠪᠦᠷᠢᠯᠡᠬᠦ ᠎ᠶᠢ ᠴᠢᠩᠭ᠎ᠠ ᠠᠳᠬᠤᠵᠤ᠂ ᠤᠯᠠᠨ ᠲᠦᠮᠡᠨ᠎ᠦ ᠠᠰᠢᠭ᠋ ᠲᠤᠰᠠ ᠎ᠶᠢ ᠬᠣᠬᠢᠷᠠᠭᠤᠯᠤᠭᠰᠠᠨ ᠠᠰᠠᠭᠤᠳᠠᠯ ᠎ᠤᠨ ᠰᠦᠪᠡᠭᠴᠢ᠎ᠶᠢ ᠭᠦᠨᠵᠡᠭᠡᠢ ᠠᠭᠤᠳᠠᠯᠤᠨ ᠨᠠᠷᠢᠯᠢᠭ᠋ ᠪᠠᠢᠴᠠᠭᠠᠵᠤ᠂ ᠨᠡᠢᠲᠡᠯᠢᠭ ᠬᠡᠷᠡᠭ ᠎ᠦᠨ ᠵᠢᠱ᠌ᠢᠶ᠎ᠡ᠎ᠶᠢ ᠵᠠᠷᠯᠠᠨ ᠮᠡᠳᠡᠭᠳᠡᠬᠦ᠎ᠶᠢ ᠴᠢᠩᠭᠠᠳᠬᠠᠵᠤ᠂ ᠬᠡᠷᠡᠭ ᠰᠢᠢᠳᠪᠦᠷᠢᠯᠡᠬᠦ᠎ᠶᠢᠨ ᠨᠡᠪᠳᠡᠯᠬᠦ ᠬᠦᠴᠦᠨ᠂ ᠰᠦᠷᠳᠡᠭᠦᠯᠬᠦ ᠬᠦᠴᠦᠨ᠎ᠢ ᠬᠦᠴᠦᠯᠡᠨ ᠴᠢᠩᠭᠠᠳᠬᠠᠬᠤ ᠬᠡᠷᠡᠭᠲᠡᠢ᠃ ᠦᠩᠬᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠎ᠶᠢ ᠭᠦᠨᠵᠡᠭᠡᠢᠷᠡᠭᠦᠯᠵᠦ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠢᠰᠲᠧᠮ᠎ᠢ ᠪᠦᠷᠢᠨᠰᠢᠭᠦᠯᠵᠦ᠂ ᠳᠦᠷᠢᠮ᠎ᠦᠨ ᠬᠠᠩᠭᠠᠯᠭ᠎ᠠ᠎ᠶᠢᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠵᠤᠷᠪᠤᠰ ᠱᠤᠭᠤᠮ᠎ᠢᠶᠡᠷ ᠬᠣᠯᠪᠤᠭᠠᠯᠠᠨ ᠬᠥᠳᠡᠯᠦᠯᠴᠡᠬᠦ᠎ᠶᠢ ᠠᠬᠢᠭᠤᠯᠵᠤ᠂ ᠬᠦᠷᠢᠶ᠎ᠡ ᠴᠠᠷᠠᠭ᠎ᠠ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ᠂ ᠰᠢᠰᠲᠧᠮ ᠠᠯᠤᠰᠯᠠᠭᠰᠠᠨ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠭᠤᠷᠪᠠᠳᠤᠭᠠᠷ ᠡᠭᠡᠯᠵᠢ᠎ᠶᠢᠨ ᠲᠥᠪ᠎ᠦᠨ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠠᠵᠢᠯ᠎ᠤᠨ ᠠᠬᠢᠴᠠ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠤᠯᠤᠰ ᠲᠥᠷᠥ᠎ᠶᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠭᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶᠢ ᠪᠠᠲᠤ ᠡᠭᠦᠷᠭᠡᠯᠡᠨ᠂ ᠲᠠᠷᠠᠭᠠᠴᠢ᠎ᠶᠢᠨ ᠱᠠᠲᠤᠨ᠎ᠤ ᠴᠡᠭᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠡᠯ᠎ᠡ ᠲᠥᠷᠥᠯ᠎ᠦᠨ ᠠᠰᠠᠭᠤᠳᠠᠯ᠎ᠢ ᠪᠣᠳᠠᠲᠠᠢ ᠴᠡᠭᠴᠡᠯᠡᠨ ᠰᠠᠢᠵᠢᠷᠠᠭᠤᠯᠬᠤ᠂ ᠲᠤᠢᠯᠪᠤᠷᠢᠲᠠᠢ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠡ ᠪᠠᠰᠠ ᠪᠤᠰᠤᠳ ᠵᠦᠢᠯᠡᠰ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号