ᠯᠢ ᠴᠢᠶᠠᠩ ᠴᠣᠬᠣᠯᠠᠪᠤᠷᠢ ᠥᠭᠴᠡᠢ
7 ᠰᠠᠷ᠎ᠠ ᠶᠢᠨ 9 ᠤ᠋ ᠡᠳᠦᠷ ᠦᠨ 12 ᠴᠠᠭᠤᠨ ᠦᠶᠡᠪᠡᠷ ᠹᠦᠵᠢᠶᠠᠨᠤ ᠴᠢᠤᠧᠠᠨᠵᠧᠦ ᠶᠢᠨ ᠵᠢᠨᠵᠢᠶᠠᠩ ᠬᠤᠲᠠᠶᠢᠨ ᠨᠢᠭᠡᠨ ᠱᠠᠬᠠᠢ ᠶᠢᠨ ᠦᠢᠯᠡᠳᠪᠦᠷᠢᠳᠦ ᠭᠠᠯᠤᠨ ᠭᠠᠮᠰᠢᠭ ᠭᠠᠷᠴᠤ ᠬᠥᠮᠥᠨ ᠬᠠᠷ᠎ᠠ ᠬᠦᠨᠳᠦ ᠨᠤᠴᠢᠳᠠᠢ ᠦᠭᠦᠵᠦ ᠰᠢᠷᠬᠠᠲᠤᠪᠠ᠃
ᠡᠨᠳᠡᠯ ᠭᠠᠷᠤᠭᠰᠠᠨᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠳᠤ ᠨᠠᠮᠤᠨ ᠲᠥᠪ ᠬᠤᠷᠢᠶ᠎ᠠᠶᠢᠨ ᠶᠡᠷᠦᠩᠬᠡᠢ ᠱᠦᠵᠢ᠂ ᠣᠯᠣᠰ ᠤᠨ ᠲᠡᠷᠢᠭᠦᠯᠡᠭᠴᠢ᠂ ᠲᠥᠪ ᠦᠨ ᠴᠡᠷᠢᠭ ᠦᠨ ᠶᠠᠪᠤᠳᠠᠯᠤᠨ ᠬᠤᠷᠢᠶ᠎ᠠᠶᠢᠨ ᠲᠡᠷᠢᠭᠦᠯᠡᠭᠴᠢ ᠰᠢ ᠵᠢᠨ ᠫᠢᠩ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠭᠰᠡᠨ ᠪᠥᠭᠡᠳ ᠴᠢᠬᠤᠯᠠ ᠵᠢᠭᠠᠪᠤᠷᠢ ᠦᠭᠴᠦ᠂ ᠹᠦᠵᠢᠶᠠᠨᠤ ᠴᠢᠤᠸᠠᠨᠵᠸᠤᠶᠢᠨ ᠵᠢᠨᠵᠢᠶᠠᠩ ᠬᠣᠲᠠ ᠶᠢᠨ ᠨᠢᠭᠡᠨ ᠱᠠᠬᠠᠢ ᠶᠢᠨ ᠦᠢᠯᠡᠳᠪᠦᠷᠢ ᠳᠦ ᠭᠠᠯᠤᠨ ᠭᠠᠮᠰᠢᠭ ᠭᠠᠷᠴᠤ᠂ ᠬᠥᠮᠥᠨ ᠬᠠᠷ᠎ᠠ ᠬᠦᠨᠳᠦ ᠨᠤᠴᠢᠳᠠᠢ ᠦᠭᠦᠵᠦ ᠰᠢᠷᠬᠠᠲᠤᠪᠠ᠃ ᠬᠥᠮᠥᠨ ᠬᠠᠷ᠎ᠠ ᠵᠢ ᠡᠷᠢᠵᠦ ᠠᠪᠤᠷᠠᠬᠤ᠂ ᠬᠣᠢᠳᠤᠬᠢ ᠶᠠᠪᠤᠳᠠᠯ ᠢ ᠳᠤᠬᠤᠨᠢᠭᠤᠯᠬᠤ ᠵᠡᠷᠭᠡ ᠠᠵᠢᠯ ᠢ ᠪᠦᠬᠦ ᠬᠦᠴᠦᠨᠢᠶᠡᠷᠢᠶᠡᠨ ᠰᠠᠢᠲᠤᠷ ᠬᠢᠵᠦ᠂ ᠡᠨᠳᠡᠯ ᠦᠨ ᠰᠢᠯᠲᠠᠭᠠᠨ ᠢ ᠳᠠᠷᠤᠢ ᠲᠦᠷᠭᠡᠨ ᠪᠠᠢᠴᠠᠭᠠᠨ ᠲᠣᠳᠣᠯᠠᠬᠤᠶᠢᠨ ᠬᠠᠮᠲᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠡᠨᠡ ᠵᠢᠯ ᠡᠴᠡ ᠨᠠᠭᠠᠰᠢ᠂ ᠤᠯᠤᠰᠤᠨ ᠳᠣᠲᠣᠭᠠᠳᠤᠳᠤ ᠦᠢᠯᠡᠳᠪᠦᠷᠢᠯᠡᠯᠦᠨ ᠠᠮᠤᠷ ᠲᠦᠪᠰᠢᠨ ᠦ ᠬᠦᠨᠳᠦ ᠶᠡᠬᠡ ᠡᠨᠳᠡᠯ ᠤᠯᠠᠨ ᠭᠠᠷᠴᠠᠢ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷᠦᠨ ᠬᠢᠨ ᠭᠦᠨᠵᠡᠭᠡᠢ ᠰᠤᠷᠭᠠᠮᠵᠢ ᠠᠪᠴᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯᠦᠨ ᠡᠨᠡ ᠬᠦ᠌ ᠬᠦᠪᠴᠢ ᠵᠢ ᠴᠠᠭ ᠢᠮᠠᠭᠲᠠ ᠴᠢᠩᠭᠠᠯᠠᠵᠤ᠂ ᠡᠯ᠎ᠡ ᠲᠦᠷᠦᠯᠦᠨ ᠠᠶᠤᠯ ᠲᠦᠭᠰᠢᠭᠦᠷᠢ ᠭᠡᠮ ᠰᠣᠭᠣᠭ ᠢ ᠭᠦᠨᠵᠡᠭᠡᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠦᠨ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤᠶᠢ ᠪᠣᠳᠠᠲᠠᠢ ᠨᠠᠷᠢᠯᠢᠭ᠋ ᠠᠳᠬᠤᠵᠤ᠂ ᠬᠦᠨᠳᠦ ᠣᠨᠴᠠ ᠶᠡᠬᠡ ᠡᠨᠳᠡᠯ ᠭᠠᠷᠬᠤ ᠶᠢ ᠡᠷᠡᠰ ᠰᠡᠷᠭᠡᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡᠶᠢᠨ ᠠᠮᠤᠷ ᠲᠦᠪᠰᠢᠨᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦᠶᠢᠨ ᠲᠣᠪᠴᠢᠶᠠᠨ ᠤ ᠪᠠᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠᠶᠢᠨ ᠶᠡᠷᠦᠩᠬᠡᠢ ᠰᠠᠢᠳ ᠯᠢ ᠴᠢᠶᠠᠩ ᠴᠣᠬᠣᠯᠠᠪᠤᠷᠢ ᠦᠭᠴᠦ᠂ ᠡᠷᠢᠵᠦ ᠠᠪᠤᠷᠠᠬᠤ ᠠᠵᠢᠯᠢ ᠪᠦᠬᠦ ᠬᠦᠴᠦᠨ ᠵᠢᠨᠷᠢᠶᠡᠨ ᠵᠣᠬᠢᠶᠠᠨ ᠪᠠᠢᠭᠤᠯᠵᠤ᠂ ᠬᠣᠢᠳᠤᠬᠢ ᠶᠠᠪᠤᠳᠠᠯᠢ ᠰᠠᠢᠲᠤᠷ ᠰᠢᠢᠳᠪᠦᠷᠢᠯᠡᠵᠦ᠂ ᠡᠬᠦᠰᠦᠮᠡᠯ ᠡᠨᠳᠡᠯ ᠭᠠᠷᠬᠤᠶᠢ ᠰᠡᠷᠭᠡᠢᠯᠡᠬᠦ ᠬᠡᠷᠡᠭᠲᠡᠢ᠂ ᠡᠭᠦᠨᠦ ᠵᠡᠷᠭᠡᠳᠦ ᠰᠢᠯᠲᠠᠭᠠᠨ ᠢ ᠲᠦᠷᠭᠡᠨ ᠪᠠᠢᠴᠠᠭᠠᠨ ᠲᠣᠳᠣᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠥᠷᠥ ᠶᠢᠨ ᠶᠠᠪᠤᠳᠠᠯᠤᠨ ᠬᠤᠷᠢᠶ᠎ᠠᠶᠢᠨ ᠠᠶᠤᠯᠭᠦᠢ ᠦᠢᠯᠡᠳᠪᠦᠷᠢᠯᠡᠯ ᠦᠨ ᠵᠥᠪᠯᠡᠯᠦᠨ ᠠᠯᠪᠠᠨ ᠭᠡᠷ ᠡᠴᠡ ᠡᠯ᠎ᠡ ᠭᠠᠵᠠᠷᠤᠨ ᠬᠢᠨᠦ ᠬᠣᠷᠢᠭ᠎ᠠ ᠱᠤᠭᠤᠮᠤᠨ ᠰᠡᠳᠬᠢᠬᠦᠢ᠂ ᠲᠤᠢᠯᠰᠢᠷᠠᠯ ᠤᠨ ᠰᠡᠳᠬᠢᠬᠦᠢᠶᠢ ᠪᠠᠲᠤ ᠪᠣᠶ ᠪᠣᠯᠭᠠᠬᠤᠶᠢ ᠤᠯᠠᠮ ᠨᠢᠭᠡ ᠠᠯᠬᠤᠮ ᠵᠢᠯᠣᠭᠣᠳᠤᠨ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯᠦᠨ ᠠᠶᠤᠯ ᠲᠦᠭᠰᠢᠭᠦᠷᠢ ᠬᠡᠮ ᠰᠤᠭᠤᠭ ᠢ ᠪᠥᠬᠥ ᠲᠠᠯᠠᠪᠠᠷ ᠵᠢᠭ᠍ᠰᠠᠭᠠᠨ ᠪᠠᠢᠴᠠᠭᠠᠵᠤ᠂ ᠬᠠᠷᠢᠭᠤᠴᠠᠯᠭ᠎ᠠ ᠠᠷᠭ᠎ᠠ ᠬᠡᠮᠵᠢᠶᠡᠶᠢᠨ ᠨᠠᠢᠳᠠᠪᠤᠷᠢᠵᠢᠭᠤᠯᠤᠯᠲᠠᠶᠢ ᠴᠢᠩᠭ᠎ᠠ ᠠᠳᠬᠤᠵᠤ᠂ ᠬᠦᠨᠳᠦ ᠣᠨᠴᠠ ᠶᠡᠬᠡ ᠡᠨᠳᠡᠯ ᠭᠠᠷᠬᠤᠶᠢ ᠴᠢᠩᠭ᠎ᠠ ᠰᠡᠷᠭᠡᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ ᠦᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠᠶᠢ ᠦᠨᠳᠦᠰᠦᠯᠡᠨ᠂ ᠪᠠᠴᠢᠮ ᠪᠠᠢᠳᠠᠯ ᠢ ᠠᠷᠭᠠᠴᠠᠭᠠᠬᠤ ᠬᠠᠮᠢᠶᠠᠷᠤᠯᠲᠠᠶᠢᠨ ᠶᠠᠮᠤᠨ ᠨᠢᠭᠡᠨᠲᠡ ᠠᠵᠢᠯᠯᠠᠬᠤ ᠳᠤᠭᠤᠢᠯᠠᠩ ᠲᠣᠮᠢᠯᠠᠨ ᠲᠤᠬᠠᠢᠶᠢᠨ ᠲᠠᠯᠠᠪᠠᠢᠳᠤ ᠣᠴᠢᠭᠤᠯᠵᠤ ᠵᠢᠭᠠᠨ ᠵᠢᠯᠣᠭᠣᠳᠴᠠᠢ᠃ ᠹᠦᠵᠢᠶᠠᠨ ᠮᠤᠵᠢ ᠨᠢᠭᠡᠨᠲᠡ ᠬᠦᠴᠦᠨ ᠢᠶᠡᠨ ᠵᠣᠬᠢᠶᠠᠨ ᠪᠠᠢᠭᠤᠯᠵᠤ ᠰᠢᠷᠬᠠᠲᠤᠭᠰᠠᠳ ᠢ ᠠᠪᠤᠷᠠᠨ ᠵᠠᠰᠠᠬᠤ ᠪᠠ ᠲᠤᠬᠠᠢᠶᠢᠨ ᠲᠠᠯᠠᠪᠤᠷ ᠢ ᠰᠢᠢᠳᠪᠦᠷᠢᠯᠡᠬᠦ ᠵᠡᠷᠭᠡ ᠠᠵᠢᠯᠢ ᠪᠥᠬᠥ ᠬᠦᠴᠦᠨᠢᠶᠡᠷᠢᠶᠡᠨ ᠰᠠᠢᠲᠤᠷ ᠬᠢᠪᠡ᠃ ᠣᠳᠣᠬᠠᠨᠳᠤ ᠡᠯ᠎ᠡ ᠵᠦᠢᠯᠦᠨ ᠠᠵᠢᠯ ᠶᠠᠭ ᠶᠠᠪᠤᠭᠳᠠᠵᠤ ᠪᠠᠢᠨ᠎ᠠ᠃
(ᠰᠢᠨᠬᠤᠸᠠ ᠬᠣᠷᠢᠶᠠᠶᠢᠨ ᠪᠡᠭᠡᠵᠢᠩ ᠦᠨ 7 ᠰᠠᠷᠠᠶᠢᠨ 9 ᠤ᠋ ᠴᠠᠬᠢᠯᠭᠠᠨ ᠮᠡᠳᠡᠭᠡ)