ᠶᠡᠷᠦᠩᠬᠡᠢ ᠱᠦᠵᠢ ᠰᠢ᠎ᠶᠢᠨ ᠫᠢᠩ ᠤᠨ ᠠᠶᠤᠯᠭᠦᠢ ᠦᠢᠯᠡᠳᠪᠦᠷᠢᠯᠡᠯ ᠦᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠢᠨ ᠲᠥᠯᠥᠭᠡ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ᠎ᠦᠨ ᠸᠢᠳᠢᠤ᠋ ᠬᠤᠷᠠᠯ ᠤᠨ ᠪᠠᠢᠷᠢᠯᠠᠭᠤᠯᠤᠯᠲᠠ ᠶᠣᠰᠣᠭᠠᠷ᠂ 7 ᠰᠠᠷ᠎ᠠ᠎ᠶᠢᠨ 8᠎ᠡᠴᠡ 7 ᠰᠠᠷ᠎ᠠ᠎ᠶᠢᠨ 23 ᠤ᠋ ᠡᠳᠦᠷ ᠪᠣᠯᠲᠠᠯ᠎ᠠ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠬᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠨ ᠲᠠᠪᠤᠳᠤᠭᠠᠷ ᠳᠤᠭᠤᠢᠯᠠᠩ ᠡᠴᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠳᠤ ᠭᠤᠷᠪᠠᠳᠤᠭᠠᠷ ᠤᠯᠠᠷᠢᠯ᠎ᠤᠨ ᠠᠶᠤᠯᠭᠦᠢ ᠦᠢᠯᠡᠳᠪᠦᠷᠢᠯᠡᠯ᠎ᠤᠨ ᠢᠯᠡ ᠪᠡᠷ ᠪᠠᠢᠴᠠᠭᠠᠵᠤ ᠲᠠᠯᠳᠠᠭᠤᠷ ᠰᠤᠷᠪᠤᠯᠵᠢᠯᠠᠬᠤ ᠠᠵᠢᠯ ᠦᠷᠨᠢᠭᠦᠯᠦᠨ᠎ᠡ᠃ 7 ᠰᠠᠷ᠎ᠠ᠎ᠶᠢᠨ 9 ᠤ᠋ ᠡᠳᠦᠷ᠂ ᠬᠢᠨᠠᠨ ᠰᠢᠯᠭᠠᠬᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠣᠷᠣᠵᠤ ᠰᠠᠭᠤᠬᠤ ᠠᠭᠤᠯᠵᠠᠯᠲᠠ᠎ᠶᠢᠨ ᠬᠤᠷᠠᠯ ᠬᠥᠬᠡᠬᠣᠲᠠ᠎ᠳᠤ ᠬᠤᠷᠠᠯᠳᠤᠵᠤ᠂ ᠬᠢᠨᠠᠨ ᠰᠢᠯᠭᠠᠬᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠰᠦᠩ ᠶᠤᠸᠠᠨ ᠮᠢᠩ ᠢᠯᠡ᠎ᠪᠡᠷ ᠪᠠᠢᠴᠠᠭᠠᠵᠤ ᠲᠠᠯᠳᠠᠭᠤᠷ ᠰᠤᠷᠪᠤᠯᠵᠢᠯᠠᠬᠤ ᠠᠵᠢᠯ ᠢ ᠰᠠᠢᠲᠤᠷ ᠬᠢᠬᠦ ᠲᠤᠬᠠᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠣᠪᠣᠷ᠎ᠢᠶᠠᠨ ᠢᠯᠡᠳᠬᠡᠬᠦ ᠦᠭᠡ ᠬᠡᠯᠡᠪᠡ᠃
ᠰᠦᠩ ᠶᠤᠸᠠᠨ ᠮᠢᠩ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠶᠡᠷᠦᠩᠬᠡᠢ ᠱᠦᠵᠢ ᠰᠢ᠎ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭᠪᠡ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ ᠲᠡᠢ ᠦᠨᠡᠨ ᠬᠦ᠌ ᠨᠢᠭᠡᠳᠬᠡᠵᠦ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠳᠠ ᠶᠤᠰᠤᠭᠠᠷ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠲᠠᠢ ᠤᠶᠠᠯᠳᠤᠭᠤᠯᠵᠤ᠂ ᠣᠳᠣᠬᠠᠨ᠎ᠤ ᠠᠶᠤᠯᠭᠦᠢ ᠦᠢᠯᠡᠳᠪᠦᠷᠢᠯᠡᠯ᠎ᠦᠨ ᠬᠦᠨᠳᠦ ᠨᠣᠴᠢᠲᠠᠢ ᠪᠠᠢᠳᠠᠯ᠎ᠢ ᠰᠡᠷᠭᠡᠭ᠎ᠢᠶᠡᠷ ᠲᠠᠨᠢᠵᠤ᠂ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠠᠢᠲᠤᠷ ᠬᠢᠬᠦ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠣᠯᠣᠨ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠪᠦᠬᠦ ᠲᠠᠯ᠎ᠠ᠎ᠶᠢᠨ ᠥᠨᠳᠥᠷᠴᠡ ᠡᠴᠡ ᠴᠢᠨᠠᠭᠰᠢᠳᠠ ᠴᠢᠩᠭᠠᠳᠬᠠᠵᠤ᠂ ᠬᠦᠨᠳᠦ ᠶᠡᠬᠡ ᠡᠨᠳᠡᠯ᠎ᠢ ᠰᠡᠷᠭᠡᠢᠯᠡᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ᠂ ᠲᠤᠯᠭᠠᠮ ᠰᠡᠳᠬᠢᠯᠬᠡ ᠪᠡᠨ ᠦᠨᠡᠨ ᠬᠦ᠌ ᠴᠢᠩᠭᠠᠳᠬᠠᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠤᠯᠤᠰ ᠲᠦᠷᠦ᠎ᠶᠢᠨ ᠬᠠᠷᠢᠭᠤᠴᠠᠯᠭ᠎ᠠ ᠪᠡᠨ ᠡᠷᠡᠰ ᠡᠭᠦᠷᠭᠡᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃
ᠰᠦᠩ ᠶᠤᠸᠠᠨ ᠮᠢᠩ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠬᠤ ᠲᠣᠭᠣᠷᠢᠨ ᠪᠠᠢᠴᠠᠭᠠᠬᠤ ᠠᠵᠢᠯ᠎ᠤᠨ ᠣᠨᠴᠠᠭᠠᠶ ᠴᠢᠬᠤᠯᠠ ᠴᠢᠨᠠᠷ᠎ᠢ ᠭᠦᠢᠴᠡᠳ ᠲᠠᠨᠢᠵᠤ᠂ ᠢᠯᠡ᠎ᠪᠡᠷ ᠪᠠᠢᠴᠠᠭᠠᠵᠤ ᠲᠠᠯᠳᠠᠭᠤᠷ ᠰᠤᠷᠪᠤᠯᠵᠢᠯᠠᠬᠤ ᠠᠵᠢᠯ᠎ᠢ ᠢᠳᠡᠪᠬᠢᠲᠡᠢ ᠳᠡᠮᠵᠢᠨ ᠬᠠᠮᠵᠢᠯᠴᠠᠵᠤ᠂ ᠲᠤᠰ ᠤᠳᠠᠭ᠎ᠠ ᠵᠢᠨ ᠢᠯᠡ᠎ᠪᠡᠷ ᠪᠠᠢᠴᠠᠭᠠᠵᠤ ᠲᠠᠯᠳᠠᠭᠤᠷ ᠰᠤᠷᠪᠤᠯᠵᠢᠯᠠᠬᠤ ᠠᠵᠢᠯ᠎ᠤᠨ ᠡᠭᠦᠷᠭᠡ ᠪᠡᠷ ᠨᠠᠷᠢᠨ ᠬᠢᠨᠠᠮᠠᠭᠠᠢ ᠪᠠᠷᠢᠮᠵᠢᠶ᠎ᠡ ᠪᠤᠯᠭᠠᠵᠤ᠂ ᠥᠪᠡᠷ᠎ᠢᠶᠡᠨ ᠪᠠᠢᠴᠠᠭᠠᠵᠤ ᠥᠪᠡᠷ᠎ᠢᠶᠡᠨ ᠰᠠᠢᠵᠢᠷᠠᠭᠤᠯᠬᠤ ᠠᠵᠢᠯ᠎ᠢ ᠬᠠᠨᠳᠤᠯᠭᠠᠳᠤ ᠴᠢᠨᠠᠷᠲᠠᠢ ᠥᠷᠨᠢᠭᠦᠯᠵᠦ᠂ ᠠᠵᠢᠯ᠎ᠤᠨ ᠬᠦᠷᠦᠯᠴᠡᠬᠦ ᠦᠭᠡᠢ ᠲᠠᠯ᠎ᠠ᠎ᠪᠠᠨ ᠨᠢᠭᠤᠨ ᠳᠠᠯᠳᠠᠯᠠᠬᠤ ᠦᠭᠡᠢ᠂ ᠵᠥᠷᠢᠴᠡᠯ ᠠᠰᠠᠭᠤᠳᠠᠯ᠎ᠡᠴᠡ ᠵᠠᠢᠯᠠᠬᠤ ᠦᠭᠡᠢ᠂ ᠠᠶᠤᠯᠭᠦᠢ ᠦᠢᠯᠡᠳᠪᠦᠷᠢᠯᠡᠯ᠎ᠢ ᠦᠨᠳᠦᠰᠦ᠎ᠡᠴᠡ ᠨᠢ ᠵᠠᠰᠠᠬᠤ ᠪᠤᠭᠤᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠯᠠᠪᠳᠠᠭᠤᠨ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶᠡᠨ᠎ᠦ 《ᠨᠢᠭᠡ ᠶᠠᠪᠤᠳᠠᠯ》 ᠤ᠋ᠨ ᠪᠦᠬᠦ ᠬᠡᠯᠬᠢᠶ᠎ᠡ᠎ᠶᠢᠨ ᠠᠮᠤᠷ ᠲᠦᠪᠰᠢᠨ᠎ᠦ ᠴᠡᠭᠴᠡᠯᠡᠨ ᠵᠠᠰᠠᠯᠲᠠ᠎ᠶᠢ ᠭᠦᠨᠵᠡᠭᠡᠢ ᠥᠷᠨᠢᠭᠦᠯᠵᠦ᠂ ᠡᠯ᠎ᠡ ᠬᠦᠷᠢᠶᠡᠨ᠎ᠦ 《ᠬᠠᠤᠯᠢ ᠪᠤᠰᠤ ᠠᠵᠢᠯᠯᠠᠭ᠎ᠠ ᠳ᠋ᠦ ᠴᠤᠬᠢᠯᠳᠠ ᠦᠭᠴᠦ ᠵᠠᠰᠠᠬᠤ》 ᠶ᠋ᠢ ᠬᠦᠴᠦᠲᠡᠢ ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦᠳᠦᠬᠠᠭᠤᠮᠠᠭᠠᠢ ᠬᠠᠨᠳᠤᠬᠤ》 ᠠᠰᠠᠭᠤᠳᠠᠯ᠎ᠢ ᠴᠢᠩᠭ᠎ᠠ ᠪᠠᠢᠴᠠᠭᠠᠵᠤ᠂ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠨ᠂ 《ᠬᠣᠶᠠᠷ ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ᠎ᠢᠶᠡᠷ᠂ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠳᠡᠢ ᠭᠡᠵᠤ ᠴᠢᠬᠤᠯᠠᠴᠢᠯᠠᠪᠠ᠃
ᠪᠤᠤ ᠭᠠᠩ᠂ ᠥᠪᠥᠷ ᠮᠣᠩᠭᠣᠯ ᠶᠡᠷᠦᠩᠬᠡᠢ ᠱᠦᠵᠢ ᠰᠢ᠎ᠶᠢᠨ ᠫᠢᠩ᠎ᠤᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠳᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠵᠤ᠂ ᠰᠢᠯᠭᠠᠨ ᠬᠢᠨᠠᠵᠤ ᠲᠣᠭᠣᠷᠢᠨ ᠪᠠᠢᠴᠠᠭᠠᠬᠤ ᠠᠵᠢᠯ᠎ᠳᠤ ᠪᠦᠬᠦ ᠬᠦᠴᠦᠨ᠎ᠢᠶᠡᠷ᠎ᠢᠶᠡᠨ ᠬᠠᠮᠵᠢᠯᠴᠠᠵᠤ᠂ ᠮᠠᠲᠧᠷᠢᠶᠠᠯ ᠢ ᠦᠨᠡᠨ ᠪᠣᠳᠠᠲᠠᠢ᠎ᠪᠠᠷ ᠬᠠᠩᠭᠠᠵᠤ᠂ ᠪᠠᠢᠳᠠᠯ᠎ᠢ ᠪᠤᠰᠤᠳᠴᠢ᠎ᠪᠠᠷ ᠲᠤᠰᠬᠠᠵᠤ᠂ ᠰᠢᠯᠭᠠᠨ ᠬᠢᠨᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠵᠢᠭᠠᠵᠤ ᠭᠠᠷᠭᠠᠭᠰᠠᠨ ᠠᠰᠠᠭᠤᠳᠠᠯ᠂ ᠰᠢᠯᠵᠢᠭᠦᠯᠦᠨ ᠲᠤᠰᠢᠶᠠᠭᠰᠠᠨ ᠳᠠᠯᠳᠠ ᠭᠡᠮ᠎ᠦᠨ ᠰᠦᠪᠡᠭᠴᠢ᠂ ᠳᠤᠷᠠᠳᠤᠭᠰᠠᠨ ᠰᠠᠨᠠᠯ ᠰᠠᠨᠠᠭᠤᠯᠭ᠎ᠠ᠎ᠶᠢ ᠪᠦᠬᠦᠨ᠎ᠢ ᠬᠦᠯᠢᠶᠡᠨ ᠠᠪᠴᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠨᠢᠭᠡ᠎ᠡᠴᠡ ᠨᠦᠭᠦᠭᠡ ᠵᠢ ᠵᠦᠢᠴᠢᠯᠡᠨ ᠮᠡᠳᠡᠵᠦ᠂ ᠬᠢᠮᠢ᠎ᠶᠢᠨ ᠠᠵᠤ ᠦᠢᠯᠡᠳᠪᠦᠷᠢ᠂ ᠠᠭᠤᠷᠬᠠᠢ᠂ ᠠᠵᠤ ᠦᠢᠯᠡᠳᠪᠦᠷᠢ ᠠᠷᠠᠯᠵᠢᠶ᠎ᠠ᠂ ᠵᠠᠮ ᠲᠡᠭᠡᠭᠡᠪᠦᠷᠢ᠂ ᠬᠤᠸᠠᠷ ᠫᠤᠤᠵᠢᠩ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠭᠡᠮ ᠰᠣᠭᠣᠭ᠎ᠢ ᠲᠤᠢᠯᠪᠤᠷᠢᠳᠠᠢ ᠴᠡᠭᠴᠡᠯᠡᠨ ᠵᠠᠰᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠣᠯᠣᠨ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠪᠦᠬᠦ ᠬᠦᠴᠦᠨ᠎ᠢᠶᠡᠷ᠎ᠢᠶᠡᠨ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠦᠨ᠎ᠠ ᠭᠡᠵᠦ ᠢᠯᠡᠳᠭᠡᠪᠡ᠃
ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠠᠶᠤᠯᠭᠦᠢ ᠦᠢᠯᠡᠳᠪᠦᠷᠢᠯᠡᠯ ᠦᠨ ᠵᠥᠪᠯᠡᠯ᠎ᠦᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠢᠯᠡ᠎ᠪᠡᠷ ᠪᠠᠢᠴᠠᠭᠠᠵᠤ ᠲᠠᠯᠳᠠᠭᠤᠷ ᠰᠤᠷᠪᠤᠯᠵᠢᠯᠠᠬᠤ᠎ᠳᠤ《ᠤᠯᠠᠨᠲᠠ ᠵᠠᠷᠯᠠᠯ ᠨᠡᠢᠳᠡᠯᠡᠵᠦ᠂ ᠱᠠᠯᠠᠪᠳᠠᠭᠤᠯᠬᠤ ᠵᠠᠬᠢᠳᠠᠯ᠎ᠢ ᠢᠯᠡᠭᠦᠬᠡᠨ ᠶᠠᠪᠤᠭᠤᠯᠵᠤ᠂ ᠤᠯᠠᠨᠲᠠ ᠲᠠᠯᠳᠠᠭᠤᠷ ᠰᠤᠷᠪᠤᠯᠵᠢᠯᠠᠵᠤ᠂ ᠭᠡᠮ ᠰᠣᠭᠣᠭ᠎ᠤᠨ ᠠᠬᠤᠢ ᠪᠠᠢᠳᠠᠯ᠎ᠢ ᠢᠯᠡᠭᠦᠬᠡᠨ ᠰᠡᠭᠦᠳᠡᠷᠯᠡᠵᠦ᠂ 〈ᠬᠠᠭᠤᠮᠠᠭᠠᠢ ᠬᠠᠨᠳᠤᠬᠤ〉 ᠬᠥᠮᠥᠨ᠎ᠢ ᠢᠯᠡᠭᠦᠤ ᠢᠯᠡᠷᠡᠭᠦᠯᠬᠦ》 ᠶ᠋ᠢ ᠪᠠᠷᠢᠮᠲᠠᠯᠠᠵᠤ᠂ ᠭᠤᠤᠯᠳᠠᠭᠤ ᠲᠦᠷᠪᠡᠨ ᠲᠠᠯ᠎ᠠ ᠳᠤ ᠠᠩᠬᠠᠷᠤᠯ᠎ᠢᠶᠡᠨ ᠲᠥᠪᠯᠡᠷᠡᠭᠦᠯᠦᠨ᠎ᠡ᠄ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭᠠᠳᠦ ᠠᠨᠭᠬᠠᠷᠤᠯ ᠵᠢᠡᠨ ᠲᠦᠪᠯᠡᠷᠡᠭᠦᠯᠵᠦ᠂ ᠡᠯ᠎ᠡ ᠲᠠᠯ᠎ᠠ᠎ᠶᠢᠨ ᠬᠢᠨ᠎ᠦ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢ ᠱᠠᠲᠤ ᠱᠠᠲᠤ᠎ᠪᠠᠷ ᠦᠨᠳᠦᠰᠦᠨ ᠱᠠᠲᠤᠨ᠎ᠤ ᠦᠨᠴᠦᠭ ᠪᠤᠯᠤᠩ ᠬᠦᠷᠳᠡᠯ᠎ᠡ ᠳᠠᠮᠵᠢᠭᠤᠯᠤᠭᠰᠠᠨ ᠡᠰᠡᠬᠦ᠎ᠶᠢ ᠪᠠᠢᠴᠠᠭᠠᠨ᠎ᠠ; ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ᠎ᠳᠦ᠂ 《ᠬᠠᠭᠤᠮᠠᠭᠠᠢ ᠬᠠᠨᠳᠤᠬᠤ》 ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ᠎ᠪᠠᠨ ᠠᠯᠳᠠᠵᠤ ᠲᠤᠰᠢᠶᠠᠯ᠎ᠢᠶᠠᠨ ᠭᠤᠲᠤᠭᠠᠭᠰᠠᠨ ᠠᠵᠢᠯᠯᠠᠭ᠎ᠠ ᠪᠣᠯᠣᠨ ᠠᠷᠤ᠎ᠳᠠᠬᠢ ᠠᠰᠢᠭ᠋ ᠲᠤᠰᠠ᠎ᠶᠢᠨ ᠬᠡᠯᠬᠢᠶ᠎ᠡ᠎ᠶᠢ ᠭᠦᠨᠵᠡᠭᠡᠢ ᠪᠠᠢᠴᠠᠭᠠᠨ᠎ᠠ; ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶ᠎ᠡ ᠪᠠ ᠤᠯᠠᠨ ᠲᠦᠮᠡᠨ᠎ᠦ ᠳᠡᠷᠭᠡᠳᠡᠬᠢ ᠬᠦᠨᠳᠦ ᠶᠡᠬᠡ ᠡ᠊ᠨᠳᠡᠯ᠎ᠦᠨ ᠲᠠᠯᠳᠠ ᠭᠡᠮ᠎ᠢ ᠰᠤᠭᠤᠴᠢᠨ ᠪᠠᠢᠴᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠷᠣᠨ ᠨᠤᠲᠤᠭ᠎ᠲᠤ ᠰᠢᠯᠵᠢᠭᠦᠯᠦᠨ ᠲᠤᠰᠢᠶᠠᠵᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ; ᠠᠰᠠᠭᠤᠳᠠᠯ᠎ᠤᠨ ᠳᠠᠯᠳᠠ ᠭᠡᠮ᠎ᠦᠨ ᠰᠦᠪᠡᠭᠴᠢ᠎ᠶᠢ ᠬᠦᠯᠢᠶᠡᠨ ᠠᠪᠴᠤ ᠰᠢᠢᠳᠪᠦᠷᠢᠯᠡᠬᠦ ᠪᠠ ᠵᠠᠭᠤᠴᠢᠯᠠᠭᠤᠷ᠎ᠤᠨ ᠰᠡᠷᠡᠮᠵᠢᠯᠡᠭᠦᠯᠦᠨ ᠢᠯᠡᠴᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠯᠭᠠᠨ ᠬᠢᠨᠠᠵᠤ ᠲᠣᠭᠣᠷᠢᠨ ᠪᠠᠢᠴᠠᠭᠠᠬᠤ᠎ᠶᠢᠨ ᠰᠦᠷᠳᠡᠭᠦᠯᠬᠦ ᠬᠦᠴᠦᠨ᠎ᠢ ᠴᠢᠩᠭᠠᠳᠬᠨ᠎ᠠ᠃
ᠲᠥᠪ ᠦᠨ ᠠᠶᠤᠯᠭᠦᠢ ᠦᠢᠯᠡᠳᠪᠦᠷᠢᠯᠡᠯ᠎ᠦᠨ ᠰᠢᠯᠭᠠᠨ ᠬᠢᠨᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠨ ᠲᠠᠪᠤᠳᠤᠭᠠᠷ ᠳᠤᠭᠤᠢᠯᠠᠩ᠎ᠤᠨ ᠬᠣᠯᠪᠣᠭᠳᠠᠯ ᠪᠦᠬᠦᠢ ᠪᠦᠷᠢᠯᠳᠦᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠬᠣᠯᠪᠣᠭᠳᠠᠯ ᠪᠦᠬᠦᠢ ᠪᠦᠷᠢᠯᠳᠦᠭᠦᠨ ᠨᠢᠭᠡᠴᠢ᠎ᠶᠢᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃