ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠣᠣᠷᠠᠬᠢ ᠳᠡᠪᠰᠢᠭᠦᠯᠬᠦ᠌ ᠪᠡᠷ ᠪᠠᠢᠭ᠎ᠠ ᠪᠠ ᠤᠯᠠᠮ ᠨᠢᠭᠡ ᠠᠯᠬᠤᠮ ᠬᠡᠷᠡᠭᠯᠡᠬᠦ᠌᠎ᠪᠡᠷ ᠪᠠᠶ᠋ᠢᠭ᠎ᠠ 3 ᠺᠠᠳ᠋ᠷ᠎ᠢ ᠢᠯᠡ ᠨᠡᠶ᠋ᠢᠲᠡᠯᠡᠬᠦ᠌᠎ᠪᠡᠷ ᠲᠣᠭᠲᠠᠪᠠ᠃
ᠨᠢᠭᠡ᠂ ᠵᠠᠷᠯᠠᠨ ᠨᠡᠶ᠋ᠢᠲᠡᠯᠡᠬᠦ᠌ ᠨᠡᠷᠡᠰ
ᠵᠠᠩ ᠱᠧᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ᠎ᠤ 7 ᠰᠠᠷ᠎ᠠ᠎ᠳᠤ ᠲᠦᠷᠦᠵᠠᠢ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠠᠵᠤ ᠠᠬᠤᠢ᠎ᠶᠢᠨ ᠤᠬᠠᠭᠠᠨ᠎ᠤ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠨᠠᠮ᠎ᠤᠨ ᠬᠤᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠪᠠᠶ᠋ᠢᠭᠤᠯᠭ᠎ᠠ᠎ᠶᠢᠨ ᠳᠣᠲᠣᠭᠠᠳᠤ ᠪᠠᠶ᠋ᠢᠭᠤᠯᠤᠮᠵᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;
ᠯᠢ ᠭᠦᠸᠧ ᠬᠣᠩ᠂ ᠡᠮᠡᠭᠲᠡᠶ᠂ ᠬᠢᠲᠠᠳ ᠦᠨᠳᠦᠰᠦᠲᠡᠨ᠂ 1974 ᠣᠨ᠎ᠤ 12 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠲᠠᠷᠢᠶᠠᠯᠠᠩ᠎ᠤᠨ ᠰᠤᠳᠤᠯᠤᠯ᠎ᠤᠨ ᠪᠠᠴᠸᠯᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠦᠨ ᠥᠪᠥᠷ ᠮᠣᠩᠭᠣᠯ᠎ᠤᠨ ᠰᠦᠯᠵᠢᠶᠡᠨ᠎ᠦ ᠬᠢᠵᠠᠭᠠᠷᠲᠤ᠌ ᠺᠣᠮᠫᠠᠨᠢ᠎ᠶᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠶᠡᠷᠦᠩᠬᠡᠶ ᠳᠠᠭᠠᠭᠠᠮᠠᠯ᠂ ᠬᠡᠷᠡᠭ ᠮᠡᠳᠡᠭᠴᠢ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨ᠎ᠦ ᠪᠦᠯᠬᠦᠮ᠎ᠦᠨ ᠪᠠᠶ᠋ᠢᠭᠤᠯᠭ᠎ᠠ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ ᠪᠡᠷ ᠨᠡᠷ᠎ᠡ ᠳᠤᠷᠠᠳᠬᠤ᠎ᠪᠠᠷ ᠪᠣᠶ;
ᠨᠢᠶᠸ ᠶᠦᠩ ᠱᠧᠩ᠂ ᠡᠷᠡᠭᠲᠡᠢ᠂ ᠬᠢᠲᠠᠳ ᠦᠨᠳᠦᠰᠦᠲᠡᠨ᠂ 1973 ᠣᠨ᠎ᠤ 10 ᠰᠠᠷ᠎ᠠ᠎ᠳᠤ ᠲᠦᠷᠦᠵᠠᠢ᠂ ᠠᠵᠢᠯ᠎ᠤᠨ ᠪᠠᠶ᠋ᠢᠷᠢ ᠲᠡᠭᠡᠷ᠎ᠡ ᠪᠡᠨ ᠰᠤᠷᠤᠯᠴᠠᠭᠰᠠᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠨᠠᠮ ᠪᠦᠯᠦᠭ᠎ᠦᠨ ᠪᠤᠰᠤ ᠬᠥᠮᠦᠨ᠂ ᠤᠳᠤ ᠤᠷᠳᠤᠰ ᠬᠤᠳᠠ᠎ᠶᠢᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠨ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠵᠦ᠍ ᠪᠤᠢ᠂ ᠠᠶ᠋ᠢᠮᠠᠭ ᠬᠤᠳᠠ᠎ᠶᠢᠨ ᠵᠠᠰᠠᠭ᠎ᠤᠨ ᠣᠷᠳᠣᠨ (ᠵᠠᠬᠢᠷᠭ᠎ᠠ) ᠤ᠋ ᠳᠡᠳ᠋ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ᠃
ᠬᠣᠶᠠᠷ᠂ ᠢᠯᠡ ᠨᠡᠶ᠋ᠢᠲᠡᠯᠡᠬᠦ᠌ ᠴᠠᠭ
2026 ᠣᠨ᠎ᠤ 7 ᠰᠠᠷ᠎ᠠ᠎ᠶᠢᠨ 10 ᠤ᠋ ᠡᠳᠦᠷ᠎ᠡᠴᠡ 2026 ᠣᠨ᠎ᠤ 7 ᠰᠠᠷ᠎ᠠ᠎ᠶᠢᠨ 16 ᠤ᠋ ᠡᠳᠦᠷ ᠪᠣᠯᠲᠠᠯ᠎ᠠ ᠢᠯᠡ ᠨᠡᠢᠲᠡᠯᠡᠨ᠎ᠡ᠃
ᠭᠤᠷᠪᠠ᠂ ᠬᠦᠯᠢᠶᠡᠨ ᠠᠪᠬᠤ ᠰᠢᠢᠳᠪᠦᠷᠢᠯᠡᠬᠦ ᠬᠡᠯᠪᠡᠷᠢ
ᠨᠢᠭᠡᠴᠢ ᠪᠠ ᠬᠤᠪᠢ ᠬᠥᠮᠦᠨ ᠤᠲᠠᠰᠤ᠂ ᠵᠠᠬᠢᠳᠠᠯ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠳᠡᠭᠡᠷᠡᠬᠢ ᠢᠯᠡ ᠨᠡᠶ᠋ᠢᠲᠡᠯᠡᠭᠰᠡᠨ ᠬᠥᠮᠦᠰ᠎ᠦᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠳᠤ ᠪᠠᠶ᠋ᠢᠴᠠᠭᠠᠯᠲᠠ ᠬᠢᠵᠦ ᠬᠢᠨᠠᠨ ᠲᠤᠲᠤᠯᠠᠬᠤ᠎ᠳᠤ ᠲᠥᠬᠥᠮ ᠪᠤᠯᠭᠠᠬᠤ ᠵᠢᠨ ᠲᠦᠯᠦᠭᠡ᠂ ᠠᠰᠠᠭᠤᠳᠠᠯ᠎ᠢ ᠲᠤᠰᠬᠠᠬᠤ᠎ᠳᠠᠭᠠᠨ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠪᠠᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠍᠂ ᠬᠢᠨᠠᠨ ᠲᠤᠳᠤᠯᠠᠭᠰᠠᠨ ᠪᠠᠶ᠋ᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃
ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ᠎ᠦᠨ ᠦᠳᠡ᠎ᠶᠢᠨ ᠡᠮᠦᠨᠡᠬᠢ 9᠄ 00 —12᠄ 00 ᠦᠳᠡ᠎ᠶᠢᠨ ᠬᠣᠶ᠋ᠢᠨ᠎ᠠ 13᠄ 30 — 17᠄ 00
ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ (0471) 12380
ᠵᠠᠬᠢᠳᠠᠯᠢᠷᠡᠭᠦᠯᠬᠦ ᠬᠠᠶᠢᠭ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ 1 ᠳ᠋ᠤᠭᠡᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠰᠢᠤᠳᠠᠨ ᠨᠣᠮᠧᠷ᠄ 010098)
ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj.gov.cn
ᠡᠭᠦᠨ᠎ᠦ ᠲᠤᠯᠠ ᠣᠨᠴᠠᠭᠠᠶ᠋ᠢᠯᠠᠨ ᠵᠠᠷᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ
2026 ᠣᠨ᠎ᠤ 7 ᠰᠠᠷ᠎ᠠ᠎ᠶᠢᠨ 9 ᠤ᠋ ᠡᠳᠦᠷ