ᠭᠠᠵᠠᠷ ᠣᠷᠣᠨ᠎ᠤ ᠪᠡᠨ ᠪᠠᠢᠳᠠᠯ᠎ᠳᠦ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠭᠦᠨ ᠤᠬᠠᠭᠠᠨ᠎ᠤ ᠰᠠᠨᠠᠭ᠎ᠠ ᠠᠬᠤᠢ
2026-07-10 10:02:24
ᠵᠣᠬᠢᠶᠠᠭ᠍ᠴᠢ᠄
ᠬᠤᠸᠠᠩ ᠵᠧᠨ ᠬᠤᠢ ᠵᠣ᠌ ᠬᠤᠸᠠᠩ ᠾᠧ
ᠣᠩᠱᠢᠭ᠍ᠰᠠᠨ ᠣᠳᠠᠭ᠎ᠠ᠄
★★★☆☆

ᠤᠩᠱᠢᠯᠭ᠎ᠠ ᠎ᠶ᠋ᠢᠨ ᠬᠦᠲᠦᠯᠦᠮᠵᠢ

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠣᠯ ᠰᠢᠨ᠎ᠡ᠎ᠶᠢ ᠡᠭᠦᠳᠬᠦ᠎ᠪᠡᠷ ᠭᠣᠣᠯᠯᠠᠬᠴᠢ ᠦᠢᠯᠡᠳᠦᠯ ᠪᠤᠯᠭᠠᠬᠰᠠᠨ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠲᠠᠢ ᠨᠡᠢᠴᠡᠬᠦ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠴᠢᠨᠠᠷ᠎ᠤᠨ ᠪᠠᠢᠳᠠᠯ ᠮᠥᠨ᠂ ᠲᠡᠭᠦᠨ᠎ᠢ ᠬᠥᠭᠵᠢᠭᠦᠯᠬᠦ᠎ᠳᠦ ᠡᠷᠬᠡᠪᠰᠢ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠬᠤ ᠬᠡᠷᠡᠭᠲᠡᠢ᠃ ᠴᠠᠭ ᠦᠶ᠎ᠡ᠎ᠶᠢᠨ ᠤᠷᠤᠰᠬᠠᠯ᠎ᠢ ᠳᠠᠭᠠᠵᠤ᠂ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠎ᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ᠎ᠤᠨ ᠤᠷᠤᠰᠬᠠᠯ ᠳᠤᠮᠳᠠ ᠣᠷᠣᠨ ᠪᠦᠰᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠣᠯᠬᠤ ᠬᠡᠷᠡᠭᠲᠡᠢ᠃ ᠤᠯᠤᠰ᠎ᠤᠨ ᠪᠠᠢᠳᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠡᠬᠢ ᠪᠠᠶᠠᠯᠢᠭ᠋᠎ᠤᠨ ᠲᠥᠷᠥᠯᠬᠢ ᠳᠠᠪᠠᠭᠤᠯᠢᠭ᠋᠂ ᠠᠵᠤ ᠦᠢᠯᠡᠰ᠎ᠦᠨ ᠰᠠᠭᠤᠷᠢ᠎ᠠᠴᠠ ᠡᠭᠦᠰᠴᠦ᠂ ᠲᠥᠷᠥᠯ ᠬᠤᠪᠢᠶᠠᠨ ᠵᠢᠯᠤᠭᠣᠳᠴᠤ᠂ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠱᠠᠭᠠᠷᠳᠠᠨ᠎ᠠ᠃ ᠪᠤᠰᠤᠳᠴᠢ ᠵᠢᠮ᠎ᠡ ᠶᠣᠰᠣ᠌᠎ᠶᠢ ᠬᠦᠨᠳᠦᠳᠬᠡᠵᠦ᠂ ᠴᠢᠳᠠᠮᠠᠭᠠᠢ᠎ᠪᠠᠷ ᠵᠢᠳᠬᠦᠯ ᠴᠢᠷᠮᠠᠢᠯᠭ᠎ᠠ ᠭᠠᠷᠭᠠᠬᠤ᠎ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠮ᠎ᠡ ᠶᠣᠰᠣ᠌᠎ᠶᠢ ᠵᠢᠷᠤᠮᠯᠠᠬᠤ᠎ᠪᠠᠷ ᠪᠠᠷᠠᠬᠤ ᠦᠭᠡᠢ ᠪᠠᠰᠠ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠠᠷᠢᠯᠭᠠᠵᠤ᠂ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠣᠭᠲᠠᠭᠤᠨ᠎ᠢᠶᠠᠷ ᠬᠥᠭᠵᠢᠬᠦ᠎ᠶᠢ ᠠᠬᠢᠭᠤᠯᠬᠤ ᠬᠡᠷᠡᠭᠲᠡᠢ᠃


ᠶᠡᠷᠦᠩᠬᠡᠢ ᠱᠦᠵᠢ ᠰᠢ ᠵᠢᠨ ᠫᠢᠩ᠄ 《ᠦᠢᠯᠡᠳᠪᠦᠷᠢᠯᠡᠯ᠎ᠦᠨ ᠬᠦᠴᠦᠨ ᠪᠣᠯ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠦᠨᠳᠦᠰᠦᠨ ᠬᠥᠳᠡᠯᠭᠡᠬᠦ ᠬᠦᠴᠦᠨ ᠮᠥᠨ᠂ ᠪᠠᠰᠠ ᠴᠤ᠌ ᠠᠯᠢᠪᠠ ᠨᠡᠢᠭᠡᠮ᠎ᠦᠨ ᠬᠤᠪᠢᠷᠠᠯᠲᠠ ᠪᠣᠯᠣᠨ ᠤᠯᠤᠰ ᠲᠥᠷᠥ᠎ᠶᠢᠨ ᠬᠤᠪᠢᠰᠤᠯᠲᠠ᠎ᠶᠢᠨ ᠡᠴᠦᠰ᠎ᠦᠨ ᠰᠢᠯᠲᠠᠭᠠᠨ ᠮᠦᠨ᠃ ᠴᠢᠨᠠᠷ ᠰᠠᠢᠲᠠᠢ ᠬᠥᠭᠵᠢᠯᠲᠡ᠎ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠣᠨᠣᠯ᠎ᠢᠶᠠᠷ ᠵᠢᠯᠣᠭᠣᠳᠤᠯᠭ᠎ᠠ ᠪᠣᠯᠭᠠᠬᠤ᠎ᠶᠢ ᠱᠠᠭᠠᠷᠳᠠᠨ᠎ᠠ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠨᠢ ᠨᠢᠭᠡᠨᠲᠡ ᠦᠢᠯᠡᠳᠦᠯᠭᠡ᠎ᠶᠢᠨ ᠳᠤᠮᠳᠠ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠲᠦᠯᠬᠢᠴᠡ ᠬᠦᠴᠦᠨ᠂ ᠲᠤᠯᠭᠠᠭᠤᠷᠢᠯᠠᠬᠤ ᠬᠦᠴᠦᠨ᠎ᠢ ᠪᠦᠷᠢᠯᠳᠦᠭᠦᠯᠦᠭᠰᠡᠨ ᠪᠥᠭᠡᠳ ᠢᠯᠡᠷᠡᠭᠦᠯᠵᠦ᠂ ᠪᠢᠳᠡ ᠣᠨᠣᠯ᠎ᠤᠨ ᠲᠠᠯ᠎ᠠ᠎ᠪᠠᠷ ᠳ᠋ᠦᠩᠨᠡᠯᠲᠡ ᠬᠢᠵᠦ᠂ ᠬᠤᠷᠢᠶᠠᠩᠭᠤᠢᠯᠠᠵᠤ᠂ ᠰᠢᠨ᠎ᠡ ᠬᠥᠭᠵᠢᠯᠲᠡ᠎ᠶᠢᠨ ᠦᠢᠯᠡᠳᠦᠯᠭᠡ᠎ᠶᠢ ᠵᠢᠯᠣᠭᠣᠳᠤᠭᠤᠯᠬᠤ ᠴᠢᠬᠤᠯᠠᠲᠠᠢ ᠪᠠᠢᠨ᠎ᠠ》 ᠭᠡᠵᠦ ᠵᠢᠭᠠᠵᠤ ᠭᠠᠷᠭᠠᠪᠡ᠃ ᠡᠨᠡᠬᠦ ᠴᠢᠬᠤᠯᠠ ᠥᠭᠦᠯᠡᠯᠲᠡ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠮᠥᠨ ᠴᠢᠨᠠᠷ᠎ᠤᠨ ᠵᠢᠮ᠎ᠡ ᠶᠣᠰᠣ᠌᠂ ᠥᠷᠲᠡᠭ᠎ᠦᠨ ᠬᠠᠨᠳᠤᠰᠢ ᠪᠣᠯᠣᠨ ᠦᠢᠯᠡᠳᠦᠯᠭᠡ᠎ᠶᠢᠨ ᠠᠷᠭ᠎ᠠ ᠵᠠᠮ᠎ᠢ ᠭᠦᠨᠵᠡᠭᠡᠢ ᠲᠣᠳᠣᠷᠬᠠᠢᠯᠠᠭᠰᠠᠨ ᠪᠠᠢᠨ᠎ᠠ᠂ ᠡᠨᠡ ᠨᠢ ᠮᠠᠷᠺᠰ᠎ᠤᠨ ᠦᠵᠡᠯ᠎ᠦᠨ ᠦᠢᠯᠡᠳᠪᠦᠷᠢᠯᠡᠯ᠎ᠦᠨ ᠬᠦᠴᠦᠨ᠎ᠦ ᠣᠨᠣᠯ᠎ᠤᠨ ᠵᠠᠯᠭᠠᠮᠵᠢᠯᠠᠯ ᠪᠠ ᠬᠥᠭᠵᠢᠯᠲᠡ ᠪᠣᠯᠬᠤ ᠪᠥᠭᠡᠳ ᠪᠠᠰᠠ ᠴᠤ᠌ ᠮᠠᠨ᠎ᠤ ᠤᠯᠤᠰ᠎ᠤᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ ᠭᠠᠷᠭᠠᠭᠰᠠᠨ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠪᠠᠢᠵᠤ᠂ ᠲᠡᠭᠦᠨ᠎ᠳᠦ ᠬᠤᠪᠢᠰᠤᠩᠭᠤᠢ ᠪᠣᠳᠠᠰᠴᠢ ᠦᠵᠡᠯ ᠪᠣᠯᠣᠨ ᠲᠡᠦᠬᠡ᠎ᠶᠢᠨ ᠪᠣᠳᠠᠰᠴᠢ ᠦᠵᠡᠯ᠎ᠦᠨ ᠰᠢᠨᠵᠢᠯᠡᠬᠦ ᠤᠬᠠᠭᠠᠨᠴᠢ ᠶᠢᠷᠲᠢᠨᠴᠦ᠎ᠶᠢᠨ ᠦᠵᠡᠯᠲᠡ ᠪᠣᠯᠣᠨ ᠠᠷᠭ᠎ᠠ᠎ᠶᠢᠨ ᠣᠨᠣᠯ ᠠᠬᠤᠭᠤᠯᠤᠭᠳᠠᠵᠤ᠂ ᠭᠦᠨ ᠵᠤᠵᠠᠭᠠᠨ ᠮᠠᠷᠺᠰ᠎ᠤᠨ ᠦᠵᠡᠯ᠎ᠦᠨ ᠭᠦᠨ ᠤᠬᠠᠭᠠᠨ᠎ᠤ ᠠᠭᠤᠯᠤᠭᠳᠠᠬᠤᠨ᠎ᠲᠠᠢ ᠶᠤᠮ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠣᠯ ᠰᠢᠨ᠎ᠡ᠎ᠶᠢ ᠡᠭᠦᠳᠬᠦ᠎ᠪᠡᠷ ᠭᠣᠣᠯᠯᠠᠬᠴᠢ ᠦᠢᠯᠡᠳᠦᠯ ᠪᠤᠯᠭᠠᠬᠰᠠᠨ᠂ ᠤᠯᠠᠮᠵᠢᠯᠠᠯᠲᠤ ᠠᠵᠤ ᠠᠬᠤᠢ᠎ᠶᠢᠨ ᠨᠡᠮᠡᠭᠳᠡᠯ᠎ᠦᠨ ᠠᠷᠭ᠎ᠠ ᠬᠡᠯᠪᠡᠷᠢ᠂ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠠᠷᠭ᠎ᠠ ᠵᠠᠮ᠎ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠥᠨᠳᠥᠷ ᠪᠦᠲᠦᠮᠵᠢᠲᠡᠢ᠂ ᠴᠢᠨᠠᠷ ᠰᠠᠢᠲᠠᠢ ᠣᠨᠴᠠᠯᠢᠭ᠋᠎ᠲᠠᠢ ᠪᠠᠢᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠳᠤ ᠨᠡᠢᠴᠡᠭᠰᠡᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠴᠢᠨᠠᠷ᠎ᠤᠨ ᠪᠠᠢᠳᠠᠯ᠎ᠪᠤᠯᠤᠨ᠎ᠠ᠂ ᠲᠡᠭᠦᠨ᠎ᠢ ᠪᠣᠢᠵᠢᠭᠤᠯᠤᠨ ᠬᠥᠭᠵᠢᠭᠦᠯᠬᠦ᠎ᠳᠡᠭᠡᠨ ᠪᠣᠳᠠᠲᠠᠢ᠎ᠠᠴᠠ ᠰᠠᠯᠤᠩᠭᠢᠷᠠᠵᠤ ᠪᠣᠯᠬᠤ ᠦᠭᠡᠢ᠂ ᠨᠢᠭᠡ ᠯᠡ ᠠᠳᠠᠯᠢ ᠪᠡᠷ ᠬᠢᠵᠦ ᠪᠣᠯᠬᠤ ᠦᠭᠡᠢ᠂ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠵᠦ ᠪᠣᠯᠬᠤ ᠦᠭᠡᠢ᠃ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠭᠦᠨ ᠤᠬᠠᠭᠠᠨ᠎ᠤ ᠤᠳᠬ᠎ᠠ ᠠᠭᠤᠯᠭ᠎ᠠ᠎ᠶᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠬᠤ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠴᠢᠬᠤᠯᠠ ᠤᠨᠤᠯ᠎ᠤᠨ ᠦᠨ᠎ᠡ ᠦᠷᠳᠡᠭ ᠪᠠ ᠪᠣᠳᠠᠲᠤ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃

ᠴᠠᠭ ᠦᠶ᠎ᠡ᠎ᠶᠢᠨ ᠤᠷᠤᠰᠬᠠᠯ᠎ᠢ ᠳᠠᠭᠠᠵᠤ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ ᠬᠡᠷᠡᠭᠳᠡᠢ

ᠮᠠᠷᠺᠰ᠎ᠤᠨ ᠦᠵᠡᠯ᠎ᠦᠨ ᠲᠡᠦᠬᠡ᠎ᠶᠢᠨ ᠪᠣᠳᠠᠰᠴᠢ ᠦᠵᠡᠯᠲᠡ᠎ᠶᠢᠨ ᠦᠵᠡᠬᠦ᠎ᠪᠡᠷ᠂ ᠦᠢᠯᠡᠳᠪᠦᠷᠢᠯᠡᠯ᠎ᠦᠨ ᠬᠦᠴᠦᠨ ᠪᠣᠯ ᠪᠦᠬᠦ ᠨᠡᠢᠭᠡᠮ᠎ᠦᠨ ᠠᠮᠢᠳᠤᠷᠠᠯ᠎ᠤᠨ ᠪᠣᠳᠠᠰ᠎ᠤᠨ ᠤᠷᠢᠲᠠᠯ ᠮᠥᠨ᠂ ᠨᠡᠢᠭᠡᠮ᠎ᠦᠨ ᠲᠠᠪᠰᠢᠯᠳᠠ᠎ᠶᠢ ᠠᠬᠢᠭᠤᠯᠬᠤ ᠬᠠᠮᠤᠭ᠎ᠤᠨ ᠢᠳᠡᠪᠬᠢ᠂ ᠬᠠᠮᠤᠭ᠎ᠤᠨ ᠬᠤᠪᠢᠰᠬᠠᠯᠴᠢ ᠬᠦᠴᠦᠨ ᠵᠦᠢᠯ ᠮᠥᠨ᠂ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ ᠪᠣᠯ ᠨᠡᠢᠭᠡᠮ᠎ᠦᠨ ᠬᠥᠭᠵᠢᠯᠲᠡ᠎ᠶᠢ ᠬᠡᠮᠵᠢᠬᠦ ᠦᠨᠳᠦᠰᠦᠨ ᠴᠢᠨᠠᠷᠲᠠᠢ ᠪᠠᠷᠢᠮᠵᠢᠶ᠎ᠠ ᠮᠥᠨ᠃ ᠣᠳᠣᠬᠠᠨ᠎ᠳᠤ᠂ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠲᠦᠷᠭᠡᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠎ᠳ᠋ᠠᠢᠲ᠋ᠠ ᠪᠡᠷ ᠡᠨᠧᠷᠭᠢ ᠣᠯᠭᠣᠬᠤ᠂ ᠪᠣᠬᠢᠷᠲᠤᠯ ᠦᠭᠡᠢ ᠲᠠᠢᠰᠢ  ᠬᠡᠯᠪᠡᠷᠢ᠎ᠪᠡᠨ ᠬᠤᠪᠢᠷᠠᠭᠤᠯᠬᠤ ᠨᠢ ᠴᠠᠭ ᠦᠶ᠎ᠡ᠎ᠶᠢᠨ ᠭᠣᠣᠯ ᠤᠷᠤᠰᠬᠠᠯ ᠪᠣᠯᠵᠤ᠂ ᠤᠯᠠᠮᠵᠢᠯᠠᠯᠲᠤ ᠬᠥᠭᠵᠢᠯᠲᠡ᠎ᠶᠢᠨ ᠵᠠᠭᠪᠤᠷ᠎ᠤᠨ ᠨᠡᠮᠡᠭᠳᠡᠯ᠎ᠦᠨ ᠣᠷᠣᠨ ᠵᠠᠢ ᠪᠠᠭᠠᠰᠴᠤ᠂ ᠬᠥᠭᠵᠢᠯᠲᠡ᠎ᠶᠢᠨ ᠪᠣᠭᠣᠮᠢ ᠡᠳᠦᠷ ᠢᠷᠡᠬᠦᠶ᠎ᠡ ᠲᠣᠪᠣᠢᠮ᠎ᠠ ᠪᠣᠯᠵᠤ᠂ ᠡᠭᠦᠨ᠎ᠤ ᠤᠯᠠᠮ ᠵᠢᠡᠷ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠤᠢ ᠪᠤᠯᠤᠨ ᠬᠦᠭᠵᠢᠪᠡ᠃

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠣᠯ ᠳᠡᠯᠡᠬᠡᠢ᠎ᠶᠢᠨ ᠵᠠᠭᠤᠨ ᠵᠢᠯ᠎ᠳᠦ ᠪᠠᠢᠭ᠎ᠠ ᠦᠭᠡᠢ ᠶᠡᠬᠡ ᠬᠤᠪᠢᠰᠤᠯᠲᠠ᠎ᠶᠢ ᠠᠷᠭᠠᠴᠠᠭᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠥᠷᠢᠰᠦᠯᠳᠦᠭᠡᠨ ᠪᠣᠯᠣᠨ ᠢᠷᠡᠭᠡᠳᠦᠢ᠎ᠶᠢᠨ ᠬᠥᠭᠵᠢᠯᠲᠡ᠎ᠳᠦ ᠠᠰᠢᠭ᠍ᠲᠠᠢ ᠤᠷᠤᠨ ᠪᠠᠢᠷᠢ᠎ᠶᠢ ᠵᠠᠪᠳᠤᠨ ᠡᠵᠡᠯᠡᠬᠦ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠮᠠᠨ᠎ᠤ ᠤᠯᠤᠰ᠎ᠤᠨ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ᠎ᠢ ᠰᠢᠢᠳᠪᠦᠷᠢᠯᠡᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠭᠠᠭᠴᠠ ᠬᠦ᠌ ᠴᠠᠭ ᠦᠶ᠎ᠡ᠎ᠶᠢᠨ ᠤᠷᠤᠰᠬᠠᠯ᠎ᠢ ᠲᠠᠭᠠᠵᠤ᠂ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠎ᠶᠢᠨ ᠬᠠᠮᠲᠤ ᠣᠷᠣᠨ ᠪᠦᠰᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠬᠥᠭᠵᠢᠯᠲᠡ᠎ᠶᠢᠨ ᠵᠥᠷᠢᠶ᠎ᠡ᠎ᠶᠢ ᠬᠦᠨᠳᠦᠳᠬᠡᠪᠡᠯ ᠰᠠᠶᠢ ᠴᠠᠭ ᠦᠶ᠎ᠡ᠎ᠶᠢᠨ ᠬᠤᠪᠢᠰᠤᠯᠲᠠ ᠳᠤᠮᠳᠠ ᠬᠥᠭᠵᠢᠯᠲᠡ᠎ᠶᠢᠨ ᠣᠷᠣᠨ ᠪᠠᠢᠷᠢ᠎ᠪᠠᠨ ᠣᠨᠣᠪᠴᠢᠲᠠᠢ ᠣᠯᠵᠤ᠂ ᠲᠡᠦᠬᠡ᠎ᠶᠢᠨ ᠠᠵᠠ ᠲᠣᠬᠢᠶᠠᠯ ᠳᠤᠮᠳᠠ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠣᠯᠵᠤ ᠴᠢᠳᠠᠨ᠎ᠠ᠃ ᠲᠡᠦᠬᠡ᠎ᠶᠢᠨ ᠤᠬᠠᠮᠰᠠᠷ᠎ᠢᠶᠠᠨ ᠴᠢᠩᠭᠠᠳᠬᠠᠵᠤ᠂ ᠶᠡᠬᠡ ᠲᠠᠯ᠎ᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠲᠡᠦᠬᠡ᠎ᠶᠢᠨ ᠵᠠᠢᠯᠠᠰᠢ ᠦᠭᠡᠢ ᠴᠢᠨᠠᠷ ᠪᠠ ᠪᠣᠳᠠᠲᠤ ᠣᠨᠴᠠᠭᠠᠢ ᠴᠢᠨᠠᠷ᠎ᠢ ᠭᠦᠨᠵᠡᠭᠡᠢ ᠲᠠᠨᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ᠎ᠤᠨ ᠤᠷᠤᠰᠬᠠᠯ᠎ᠢ ᠰᠠᠨᠠᠭᠠᠴᠢᠯᠠᠭ᠎ᠠ᠎ᠠᠴᠠ᠎ᠪᠠᠨ ᠤᠭᠲᠤᠵᠤ᠂ ᠰᠢᠨ᠎ᠡ᠎ᠶᠢ ᠡᠭᠦᠳᠬᠦ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠬᠤ ᠬᠡᠷᠡᠭᠲᠡᠢ; ᠪᠠᠰᠠ ᠲᠤᠰ ᠪᠡᠶ᠎ᠡ᠎ᠶᠢᠨ ᠡᠬᠢ ᠪᠠᠶᠠᠯᠢᠭ᠋᠎ᠤᠨ ᠲᠦᠷᠦᠯᠬᠢ ᠰᠤᠷᠪᠤᠯᠵᠢ᠂ ᠠᠵᠤ ᠦᠢᠯᠡᠰ᠎ᠦᠨ ᠰᠠᠭᠤᠷᠢ ᠪᠣᠯᠣᠨ ᠬᠥᠭᠵᠢᠯᠲᠡ᠎ᠶᠢᠨ ᠱᠠᠲᠤᠨ᠎ᠳᠤ ᠰᠠᠭᠤᠷᠢᠯᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ ᠭᠠᠷᠳᠠᠴᠠ ᠪᠣᠯᠣᠨ ᠰᠢᠪᠲᠤᠯᠤᠯᠲᠠ᠎ᠶᠢᠨ ᠴᠡᠭ᠎ᠢ ᠣᠨᠣᠪᠴᠢᠲᠠᠢ ᠣᠯᠵᠤ᠂ ᠴᠠᠭ ᠦᠶ᠎ᠡ᠎ᠶᠢᠨ ᠱᠠᠭᠠᠷᠳᠠᠯᠭ᠎ᠠ᠎ᠳᠤ ᠨᠡᠢᠴᠡᠭᠰᠡᠨ᠂ ᠪᠣᠳᠠᠲᠤ ᠪᠠᠢᠳᠠᠯ᠎ᠳᠤ ᠨᠡᠢᠴᠡᠭᠰᠡᠨ ᠬᠥᠭᠵᠢᠯᠲᠡ᠎ᠶᠢᠨ ᠵᠠᠮ᠎ᠢᠶᠠᠷ ᠵᠠᠮᠨᠠᠵᠤ᠂ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠶᠢ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠳᠡᠢ᠃

ᠤᠯᠤᠰ᠎ᠤᠨ ᠪᠠᠢᠳᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠬᠤ ᠬᠡᠷᠡᠭᠳᠡᠢ

ᠮᠠᠷᠺᠰ᠎ᠤᠨ ᠦᠵᠡᠯ᠎ᠦᠨ ᠪᠣᠳᠠᠰᠴᠢ ᠬᠤᠪᠢᠰᠤᠩᠭᠤᠢ ᠠᠷᠭ᠎ᠠ᠎ᠶᠢᠨ ᠦᠵᠡᠬᠦ᠎ᠪᠡᠷ᠂ ᠵᠥᠷᠢᠴᠡᠯ᠎ᠦᠨ ᠲᠦᠭᠡᠮᠡᠯ ᠴᠢᠨᠠᠷ ᠪᠠ ᠣᠨᠴᠠᠭᠠᠢ ᠴᠢᠨᠠᠷ ᠪᠣᠯ ᠬᠤᠪᠢᠰᠤᠩᠭᠤᠢ ᠨᠢᠭᠡᠳᠦᠯ᠎ᠲᠠᠢ ᠪᠠᠢᠳᠠᠭ᠂ ᠲᠦᠭᠡᠮᠡᠯ ᠴᠢᠨᠠᠷ ᠨᠢ ᠣᠨᠴᠠᠭᠠᠢ ᠴᠢᠨᠠᠷ᠎ᠤᠨ ᠳᠣᠲᠣᠷ᠎ᠠ ᠠᠬᠤᠭᠤᠯᠤᠭᠳᠠᠵᠤ ᠪᠠᠢᠳᠠᠭ᠂ ᠣᠨᠴᠠᠭᠠᠢ ᠴᠢᠨᠠᠷ ᠨᠢ ᠲᠦᠭᠡᠮᠡᠯ ᠴᠢᠨᠠᠷ᠎ᠠᠴᠠ ᠰᠠᠯᠵᠤ ᠴᠢᠳᠠᠬᠤ ᠦᠭᠡᠢ ᠶᠤᠮ᠃ ᠠᠯᠢᠪᠠ ᠪᠦᠬᠦᠠ ᠪᠣᠳᠠᠲᠤ ᠪᠠᠢᠳᠠᠯ᠎ᠢ ᠦᠨᠳᠦᠰᠦᠯᠡᠬᠦ᠎ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ᠎ᠢ ᠪᠣᠳᠠᠲᠠᠢ᠎ᠪᠠᠷ ᠵᠠᠳᠠᠯᠬᠤ ᠪᠣᠯ ᠮᠠᠷᠺᠰ᠎ᠤᠨ ᠦᠵᠡᠯ᠎ᠦᠨ ᠠᠮᠢᠨ ᠰᠦᠨᠡᠰᠦ ᠮᠥᠨ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠣᠯ ᠵᠥᠷᠢᠴᠡᠯ᠎ᠦᠨ ᠲᠦᠭᠡᠮᠡᠯ ᠴᠢᠨᠠᠷ ᠪᠣᠯᠣᠨ ᠣᠨᠴᠠᠭᠠᠢ ᠴᠢᠨᠠᠷ᠎ᠤᠨ ᠬᠤᠪᠢᠰᠤᠩᠭᠤᠢ ᠬᠠᠷᠢᠴᠠᠭ᠎ᠠ᠎ᠶᠢ ᠡᠵᠡᠮᠳᠡᠬᠦ᠎ᠶᠢ ᠠᠮᠢᠳᠤᠯᠢᠭ᠋ ᠵᠢᠡᠷ ᠦᠢᠯᠡᠳᠦᠯᠭᠡᠵᠢᠭᠦᠯᠵᠦ᠂ ᠦᠨᠡᠨ᠎ᠡᠴᠡ ᠵᠥᠪ᠎ᠢ ᠡᠷᠢᠬᠦ ᠡᠨᠡ ᠬᠦ᠌ ᠮᠠᠷᠺᠰ᠎ᠤᠨ ᠦᠵᠡᠯ᠎ᠦᠨ ᠭᠣᠣᠯ ᠴᠢᠮᠦᠭᠡ᠎ᠶᠢ ᠢᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ᠄ 《ᠡᠯ᠎ᠡ ᠭᠠᠵᠠᠷ᠎ᠤᠨ ᠬᠢᠨ ᠪᠣᠳᠠᠲᠠᠢ᠎ᠠᠴᠠ ᠡᠭᠦᠰᠬᠦ᠎ᠶᠢ ᠪᠠᠷᠢᠮᠲᠠᠯᠠᠵᠤ᠂ ᠤᠷᠢᠳ᠎ᠢᠶᠠᠷ ᠰᠢᠨ᠎ᠡ ᠵᠢ ᠪᠠᠢᠭᠤᠯᠵᠤ ᠳᠠᠷᠠᠭ᠎ᠠ ᠨᠢ ᠬᠠᠭᠤᠴᠢᠨ ᠵᠢᠡᠨ ᠡᠪᠳᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠣᠳᠴᠤ ᠪᠠᠢᠭᠠᠳ ᠲᠣᠰ ᠭᠠᠵᠠᠷ᠎ᠤᠨ ᠡᠬᠢ ᠪᠠᠶᠠᠯᠢᠭ᠋᠎ᠤᠨ ᠲᠥᠷᠥᠯᠬᠢ ᠪᠠᠢᠳᠠᠯ᠂ ᠠᠵᠤ ᠦᠢᠯᠡᠰ᠎ᠦᠨ ᠰᠠᠭᠤᠷᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠨᠥᠬᠥᠴᠡᠯ ᠵᠡᠷᠭᠡ᠎ᠶᠢ ᠦᠨᠳᠦᠰᠦᠯᠡᠨ᠂ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ᠎ᠶᠢᠨ ᠬᠥᠭᠵᠢᠯᠲᠡ᠎ᠶᠢ ᠰᠣᠩᠭᠣᠯᠲᠠ᠎ᠲᠠᠢ᠎ᠪᠠᠷ ᠠᠬᠢᠭᠤᠯᠵᠤ᠂ ᠰᠢᠨ᠎ᠡ ᠮᠡᠷᠭᠡᠵᠢᠯ᠎ᠢᠶᠡᠷ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠲᠡᠪᠰᠢᠭᠦᠯᠵᠦ᠂ ᠠᠵᠤ ᠦᠢᠯᠡᠰ᠎ᠦᠨ ᠳᠡᠭᠡᠳᠦ ᠲᠠᠰᠵᠢᠯᠠᠯᠲᠠ᠂ ᠣᠶᠤᠨᠴᠢᠯᠠᠯᠲᠠ᠂ ᠪᠣᠬᠢᠷᠲᠤᠯ ᠥᠬᠡᠶ᠋ᠢᠵᠢᠯᠳᠡ᠎ᠶᠢ ᠢᠳᠡᠪᠬᠢᠲᠡᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠵᠤ᠂ ᠡᠯ᠎ᠡ ᠭᠠᠵᠠᠷ᠎ᠤᠨ ᠬᠢᠨ᠎ᠤ ᠰᠢᠨ᠎ᠡ  ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠡᠷᠬᠢᠨ ᠪᠣᠢᠵᠢᠭᠤᠯᠤᠨ ᠬᠥᠭᠵᠢᠭᠦᠯᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃

ᠨᠡᠢᠲᠡᠯᠢᠭ ᠴᠢᠨᠠᠷᠲᠠᠢ ᠵᠢᠮ᠎ᠡ ᠶᠣᠰᠣ᠌᠎ᠠᠴᠠ ᠠᠪᠴᠤ ᠦᠵᠡᠪᠡᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠨᠢᠭᠡᠳᠦᠯᠲᠡᠢ ᠵᠢᠷᠤᠮᠯᠠᠯ᠎ᠲᠠᠢ ᠪᠠᠢᠳᠠᠭ᠂ ᠲᠤᠬᠠᠢᠯᠠᠪᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠭᠣᠣᠯ ᠬᠥᠳᠡᠯᠭᠡᠬᠦ ᠬᠦᠴᠦᠨ ᠪᠣᠯᠭᠠᠵᠤ᠂ ᠪᠦᠬᠦ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ᠎ᠶᠢ ᠶᠡᠬᠡ᠎ᠪᠡᠷ ᠳᠡᠭᠡᠭᠰᠢᠯᠡᠭᠦᠯᠬᠦ᠎ᠪᠡᠷ ᠭᠣᠣᠯ ᠪᠡᠯᠭᠡ ᠲᠡᠮᠳᠡᠭ ᠪᠣᠯᠭᠠᠵᠤ᠂ ᠠᠵᠤ ᠦᠢᠯᠡᠰ᠎ᠦᠨ ᠳᠡᠰ ᠳᠠᠪᠰᠢᠯᠳᠠ᠎ᠪᠠᠷ ᠭᠣᠣᠯ ᠠᠷᠭ᠎ᠠ ᠵᠠᠮ ᠪᠣᠯᠭᠠᠨ᠎ᠠ᠂ ᠡᠨᠡ ᠪᠣᠯ ᠪᠤᠢ ᠪᠦᠬᠦᠢ ᠭᠠᠵᠠᠷ ᠣᠷᠣᠨ᠎ᠤ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ᠎ᠳᠦ ᠡᠷᠬᠡᠪᠰᠢ ᠪᠠᠲᠤ ᠡᠵᠡᠮᠳᠡᠬᠦ ᠬᠡᠷᠡᠭᠲᠡᠢ ᠦᠨᠳᠦᠰᠦᠨ ᠵᠢᠷᠤᠮᠯᠠᠯ ᠪᠣᠯᠣᠨ᠎ᠠ᠃ ᠥᠪᠡᠷᠮᠢᠴᠡ ᠴᠢᠨᠠᠷ᠎ᠤᠨ ᠣᠨᠴᠠᠯᠢᠭ᠋᠎ᠠᠴᠠ ᠠᠪᠴᠤ ᠦᠵᠡᠪᠡᠯ ᠠᠳᠠᠯᠢ ᠪᠤᠰᠤ ᠣᠷᠣᠨ ᠪᠦᠰᠡ᠎ᠶᠢᠨ ᠠᠵᠤ ᠦᠢᠯᠡᠰ᠎ᠦᠨ ᠰᠠᠭᠤᠷᠢ᠂ ᠡᠬᠢ ᠪᠠᠶᠠᠯᠢᠭ᠋᠎ᠤᠨ ᠨᠥᠬᠥᠴᠡᠯ᠂ ᠰᠢᠨ᠎ᠡ᠎ᠶᠢ ᠡᠭᠦᠳᠬᠦ᠎ᠶᠢᠨ ᠬᠤᠷᠠᠮᠳᠤᠯ ᠨᠢ ᠲᠤᠰ ᠲᠤᠰ ᠠᠳᠠᠯᠢ ᠪᠤᠰᠤ ᠪᠠᠢᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ᠎ᠳᠦ 《ᠨᠢᠭᠡ ᠯᠡ ᠠᠳᠠᠯᠢ᠎ᠪᠠᠷ ᠱᠠᠭᠠᠷᠳᠠᠵᠤ》 ᠪᠣᠯᠬᠤ ᠦᠭᠡᠢ᠂ ᠨᠢᠭᠡ ᠯᠡ ᠬᠡᠪ ᠵᠠᠭᠪᠤᠷ᠎ᠢ ᠬᠡᠷᠡᠭᠯᠡᠵᠦ ᠪᠣᠯᠬᠤ ᠦᠭᠡᠢ ᠭᠡᠳᠡᠭ᠎ᠢ ᠲᠣᠭᠲᠠᠭᠠᠵᠠᠢ᠃ ᠦᠢᠯᠡᠳᠦᠯᠭᠡ᠎ᠶᠢᠨ ᠳᠤᠮᠳᠠ᠂ ᠵᠠᠷᠢᠮ ᠣᠷᠣᠨ ᠪᠦᠰᠡ ᠨᠢ ᠬᠣᠰᠢᠭᠤᠷᠠᠯ ᠮᠡᠷᠭᠡᠵᠢᠯ ᠪᠠ ᠢᠷᠡᠭᠡᠳᠦᠢ᠎ᠶᠢᠨ ᠠᠵᠤ ᠦᠢᠯᠡᠰ᠎ᠢ ᠪᠠᠢᠷᠢᠯᠠᠭᠤᠯᠬᠤ᠎ᠳᠤ ᠲᠣᠬᠢᠷᠠᠵᠤ᠂ ᠵᠠᠷᠢᠮ ᠣᠷᠣᠨ ᠪᠦᠰᠡ ᠨᠢ ᠤᠯᠠᠮᠵᠢᠯᠠᠯᠲᠤ ᠠᠵᠤ ᠦᠢᠯᠡᠰ᠎ᠢ ᠲᠣᠭᠠᠴᠢᠯᠠᠭᠰᠠᠨ ᠪᠣᠬᠢᠷᠲᠤᠯ ᠦᠭᠡᠢ ᠪᠣᠯᠭᠠᠨ ᠥᠭᠡᠷᠡᠴᠢᠯᠡᠨ ᠲᠡᠰ ᠳᠡᠪᠰᠢᠭᠦᠯᠬᠦ᠎ᠳᠦ ᠲᠣᠬᠢᠷᠠᠨ᠎ᠠ᠂ ᠵᠠᠷᠢᠮ ᠣᠷᠣᠨ ᠪᠦᠰᠡ ᠨᠢ ᠠᠮᠢ ᠠᠬᠤᠢ᠎ᠶᠢᠨ ᠡᠬᠢ ᠪᠠᠶᠠᠯᠢᠭ᠋᠎ᠲᠤ ᠲᠦᠰᠢᠭᠯᠡᠨ ᠰᠢᠨ᠎ᠡ᠎ᠪᠡᠷ ᠮᠠᠨᠳᠤᠭᠰᠠᠨ ᠡᠵᠡᠩᠨᠡᠯᠲᠡ᠎ᠶᠢᠨ ᠬᠡᠯᠪᠡᠷᠢ᠎ᠶᠢ ᠪᠣᠢᠵᠢᠭᠤᠯᠬᠤ᠎ᠳᠤ ᠲᠣᠬᠢᠷᠠᠨ᠎ᠠ᠂ ᠶᠠᠭᠠᠬᠢᠭ᠍ᠰᠠᠨ ᠴᠤ᠌ ᠬᠠᠭᠤᠴᠢᠨ ᠵᠠᠮ᠎ᠢ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠵᠦ᠂ ᠰᠣᠬᠣᠷ ᠪᠠᠯᠠᠢ᠎ᠪᠠᠷ ᠠᠳᠠᠯᠢᠳᠬᠠᠨ᠂ ᠶᠡᠬᠡ᠎ᠶᠢ ᠬᠥᠭᠡᠭᠡᠴᠡᠯᠳᠦᠵᠦ ᠪᠣᠯᠬᠤ ᠦᠭᠡᠢ᠃ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ᠎ᠳᠦ ᠨᠡᠢᠲᠡᠯᠢᠭ ᠴᠢᠨᠠᠷᠲᠠᠢ ᠵᠢᠮ᠎ᠡ ᠶᠣᠰᠣ᠌᠎ᠶᠢ ᠡᠵᠡᠮᠳᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠂ ᠴᠢᠨᠠᠷ ᠰᠠᠢᠲᠠᠢ ᠬᠥᠭᠵᠢᠯᠲᠡ ᠵᠢᠨ ᠭᠣᠣᠯ ᠰᠢᠵᠢᠮ᠎ᠢ ᠪᠠᠲᠤ ᠰᠠᠬᠢᠬᠤ ᠬᠡᠷᠡᠭᠲᠡᠢ; ᠪᠠᠰᠠ ᠲᠤᠰ ᠪᠡᠶ᠎ᠡ᠎ᠶᠢᠨ ᠣᠨᠴᠠᠯᠢᠭ᠋᠎ᠢᠶᠠᠨ ᠲᠣᠳᠣᠷᠬᠠᠢ ᠲᠠᠨᠢᠵᠤ᠂ ᠲᠦᠷᠦ᠎ᠶᠢᠨ ᠪᠣᠳᠣᠯᠭ᠎ᠠ᠎ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠬᠠᠷᠢᠴᠠᠭᠤᠯᠤᠭᠰᠠᠨ ᠳᠠᠪᠠᠭᠤᠯᠢᠭ᠋᠎ᠲᠠᠭᠠᠨ ᠲᠦᠰᠢᠭᠯᠡᠨ ᠬᠥᠭᠵᠢᠯᠲᠡ᠎ᠶᠢᠨ ᠭᠣᠣᠯᠳᠠᠯᠭ᠎ᠠ᠎ᠪᠠᠨ ᠲᠣᠳᠣᠷᠬᠠᠢᠯᠠᠬᠤ ᠬᠡᠷᠡᠭᠲᠡᠢ᠃ ᠨᠣᠮᠯᠠᠯ᠎ᠤᠨ ᠦᠵᠡᠯ᠂ ᠬᠡᠯᠪᠡᠷᠢᠴᠢ ᠦᠵᠡᠯ᠎ᠢ ᠲᠡᠪᠴᠢᠵᠦ᠂ ᠰᠢᠨ᠎ᠡ᠎ᠶᠢ ᠡᠭᠦᠳᠬᠦ᠎ᠳᠦ ᠲᠣᠬᠢᠷᠠᠮᠵᠢᠲᠠᠢ ᠪᠣᠯ ᠰᠢᠨ᠎ᠡ᠎ᠶᠢ ᠡᠭᠦᠳᠴᠦ᠂ ᠥᠭᠡᠷᠡᠴᠢᠯᠡᠬᠦ᠎ᠳᠦ ᠲᠣᠬᠢᠷᠠᠮᠵᠢᠲᠠᠢ ᠪᠣᠯ ᠥᠭᠡᠷᠡᠴᠢᠯᠡᠵᠦ᠂ ᠨᠣᠭᠣᠭᠠᠷᠠᠭᠤᠯᠬᠤ᠎ᠳᠤ ᠲᠣᠬᠢᠷᠠᠮᠵᠢᠲᠠᠢ ᠪᠣᠯ ᠨᠣᠭᠣᠭᠠᠷᠠᠭᠤᠯᠵᠤ᠂ ᠡᠯ᠎ᠡ ᠭᠠᠵᠠᠷ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠣᠷᠣᠨ ᠪᠦᠰᠡ᠎ᠶᠢᠨ ᠣᠨᠴᠠᠯᠢᠭ᠋᠎ᠢ ᠢᠯᠡᠷᠡᠭᠦᠯᠵᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠮᠵᠢᠯᠴᠠᠨ ᠬᠠᠮᠲᠤ᠎ᠪᠠᠷ ᠤᠷᠤᠭᠰᠢᠯᠠᠬᠤ ᠰᠠᠢᠨ ᠰᠠᠢᠬᠠᠨ ᠬᠥᠭᠵᠢᠯᠲᠡ᠎ᠶᠢᠨ ᠪᠠᠢᠷᠢᠰᠢᠯ᠎ᠢ ᠪᠦᠷᠢᠯᠳᠦᠭᠦᠯᠬᠦ ᠬᠡᠷᠡᠭᠲᠡᠢ᠃

ᠪᠤᠰᠤᠳᠴᠢ ᠵᠢᠮ᠎ᠡ ᠶᠣᠰᠣ᠌᠎ᠶᠢ ᠬᠦᠨᠳᠦᠳᠬᠡᠵᠦ ᠴᠢᠳᠠᠮᠠᠭᠠᠢ᠎ᠪᠠᠷ ᠠᠵᠢᠯᠯᠠᠬᠤ᠎ᠶᠢ ᠴᠢᠩᠭᠠᠳᠬᠠᠬᠤ ᠬᠡᠷᠡᠭᠳᠡᠢ

ᠪᠤᠰᠤᠳᠴᠢ ᠵᠢᠮ᠎ᠡ ᠶᠣᠰᠣ᠌ ᠪᠣᠯ ᠬᠡᠷᠡᠭ ᠪᠣᠳᠠᠰ᠎ᠲᠤ ᠤᠤᠯ᠎ᠠᠴᠠ ᠪᠠᠢᠳᠠᠭ ᠮᠥᠨ ᠴᠢᠨᠠᠷ᠎ᠤᠨ᠂ ᠵᠠᠢᠯᠠᠰᠢ ᠦᠭᠡᠢ ᠬᠠᠷᠢᠴᠠᠭ᠎ᠠ ᠮᠥᠨ᠂ ᠪᠡᠶᠡᠴᠢ ᠴᠢᠳᠠᠮᠠᠭᠠᠢ ᠴᠢᠨᠠᠷ᠎ᠢᠶᠠᠨ ᠪᠠᠳᠠᠷᠠᠭᠤᠯᠬᠤ᠎ᠶᠢᠨ ᠤᠷᠢᠲᠠᠯ ᠮᠥᠨ ᠭᠡᠵᠦ ᠮᠠᠷᠺᠰ᠎ᠤᠨ ᠦᠵᠡᠯ᠎ᠦᠨ ᠲᠠᠨᠢᠯᠲᠠ᠎ᠶᠢᠨ ᠤᠨᠤᠯ ᠦᠵᠡᠳᠡᠭ; ᠪᠡᠶᠡᠴᠢ ᠴᠢᠳᠠᠮᠠᠭᠠᠢ ᠴᠢᠨᠠᠷ ᠪᠣᠯ ᠲᠠᠨᠢᠵᠤ ᠠᠰᠢᠭ᠍ᠯᠠᠬᠤ ᠵᠢᠮ᠎ᠡ ᠶᠣᠰᠣ᠌ ᠪᠠᠢᠵᠤ᠂ ᠬᠥᠭᠵᠢᠯᠲᠡ᠎ᠶᠢ ᠠᠬᠢᠭᠤᠯᠬᠤ᠎ᠶᠢᠨ ᠵᠠᠩᠭᠢᠯᠠᠭ᠎ᠠ ᠮᠥᠨ᠃ 《ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠬᠤ》᠎ᠨᠢ ᠵᠢᠮ᠎ᠡ ᠶᠣᠰᠣ᠌᠎ᠶᠢ ᠵᠢᠷᠤᠮᠯᠠᠬᠤ᠎ᠶᠢ ᠴᠢᠬᠤᠯᠠᠴᠢᠯᠠᠭᠰᠠᠨ ᠮᠥᠷᠲᠡᠭᠡᠨ ᠪᠠᠰᠠ ᠵᠣᠷᠢᠭ᠍ᠲᠠᠢ᠎ᠪᠠᠷ ᠬᠠᠢᠨ ᠰᠦᠪᠡᠭᠴᠢᠯᠡᠬᠦ ᠪᠠ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠪᠠ᠃ ᠶᠡᠷᠦᠩᠬᠡᠢ ᠱᠦᠵᠢ ᠰᠢ ᠵᠢᠨ ᠫᠢᠩ᠄ 《ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠡᠷᠬᠡᠪᠰᠢ ᠥᠭᠡᠷᠡᠴᠢᠯᠡᠯᠲᠡ᠎ᠶᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠡᠭᠦᠨ ᠯᠦ᠍ᠭᠡ ᠵᠣᠬᠢᠴᠠᠭᠰᠠᠨ ᠰᠢᠨ᠎ᠡ ᠬᠡᠯᠪᠡᠷᠢ᠎ᠶᠢᠨ ᠦᠢᠯᠡᠳᠪᠦᠷᠢᠯᠡᠯ᠎ᠦᠨ ᠬᠠᠷᠢᠴᠠᠭ᠎ᠠ᠎ᠵᠢ  ᠪᠦᠷᠢᠯᠳᠦᠭᠦᠯᠬᠦ ᠬᠡᠷᠡᠭᠲᠡᠢ》 ᠭᠡᠵᠦ ᠵᠢᠭᠠᠵᠤ ᠭᠠᠷᠭᠠᠪᠠ᠂ ᠡᠨᠡ ᠨᠢ ᠮᠠᠨ᠎ᠤ ᠨᠠᠮ᠎ᠤᠨ ᠪᠤᠰᠤᠳᠴᠢ ᠵᠢᠮ᠎ᠡ ᠶᠣᠰᠣᠴᠢ ᠴᠢᠨᠠᠷ ᠪᠣᠯᠣᠨ ᠪᠡᠶᠡᠴᠢ ᠴᠢᠳᠠᠮᠠᠭᠠᠢ ᠴᠢᠨᠠᠷ᠎ᠤᠨ ᠬᠤᠪᠢᠰᠤᠩᠭᠤᠢ ᠬᠠᠷᠢᠴᠠᠭ᠎ᠠ᠎ᠶᠢᠨ ᠲᠤᠬᠠᠢ ᠭᠦᠨᠵᠡᠭᠡᠢ ᠡᠵᠡᠮᠳᠡᠯ᠎ᠢ ᠢᠯᠡᠷᠡᠭᠦᠯᠪᠡ᠃ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ᠂ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠤᠯᠠᠷᠢᠨ ᠬᠤᠪᠢᠰᠬᠤ ᠪᠤᠰᠤᠳᠴᠢ ᠵᠢᠮ᠎ᠡ ᠶᠣᠰᠣ᠌᠎ᠶᠢ ᠬᠦᠨᠳᠦᠳᠬᠡᠬᠦ᠎ᠪᠡᠷ ᠪᠠᠷᠠᠬᠤ ᠦᠭᠡᠢ᠂ ᠪᠠᠰᠠ ᠪᠡᠶᠡᠴᠢ ᠴᠢᠳᠠᠮᠠᠭᠠᠢ ᠴᠢᠨᠠᠷ᠎ᠢᠶᠠᠨ ᠭᠦᠢᠴᠡᠳ ᠪᠠᠳᠠᠷᠠᠭᠤᠯᠵᠤ᠂ ᠵᠣᠷᠢᠭ᠍ᠲᠠᠢ᠎ᠪᠠᠷ ᠬᠠᠢᠨ ᠰᠦᠪᠡᠭᠴᠢᠯᠡᠵᠦ᠂ ᠰᠠᠨᠠᠭᠠᠴᠢᠯᠠᠭ᠎ᠠ᠎ᠠᠴᠠ᠎ᠪᠠᠨ ᠠᠰᠠᠭᠤᠳᠠᠯ᠎ᠢ ᠰᠢᠢᠳᠪᠦᠷᠢᠯᠡᠵᠦ᠂ ᠵᠢᠮ᠎ᠡ ᠶᠣᠰᠣ᠌᠎ᠪᠠᠷ ᠠᠵᠢᠯᠯᠠᠬᠤ ᠪᠠ ᠪᠦᠲᠦᠭᠡᠯᠴᠢ᠎ᠪᠡᠷ ᠠᠵᠢᠯᠯᠠᠬᠤ᠎ᠶᠢᠨ ᠣᠷᠭᠠᠨᠢᠭ᠋ ᠨᠢᠭᠡᠳᠦᠯ᠎ᠢ ᠪᠡᠶᠡᠯᠡᠭᠦᠯᠬᠦ ᠬᠡᠷᠡᠭᠲᠡᠢ᠃

ᠣᠳᠣᠬᠠᠨ᠎ᠳᠤ  ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ᠎ᠳᠦ ᠮᠥᠨ ᠬᠦ᠌ ᠴᠥᠭᠡᠨ ᠪᠤᠰᠤ ᠪᠣᠳᠠᠲᠠᠢ ᠲᠦᠭᠵᠢᠷᠡᠯ ᠎ᠤᠨ ᠪᠠᠢᠳᠠᠯ ᠲᠤᠯᠭᠠᠷᠠᠵᠤ ᠪᠠᠢᠨ᠎ᠠ᠃ ᠵᠢᠱ᠌ᠢᠶᠡᠯᠡᠪᠡᠯ᠂ ᠬᠡᠰᠡᠭ ᠬᠦᠷᠢᠶᠡᠨ᠎ᠳᠡᠬᠢ ᠵᠠᠰᠠᠭ ᠵᠠᠬᠢᠷᠭᠠᠨ᠎ᠤ ᠬᠦᠴᠦᠨ ᠎ᠤ ᠤᠷᠤᠨ ᠪᠠᠢᠷᠢ ᠨᠢ ᠬᠡᠯᠪᠡᠢᠵᠤ᠂ ᠦᠢᠯᠡᠴᠢᠯᠡᠭᠡᠨ᠎ᠦ ᠬᠠᠩᠭᠠᠯᠭ᠎ᠠ ᠨᠢ ᠬᠣᠴᠣᠷᠴᠤ᠂ ᠡᠵᠡᠩᠨᠡᠯᠲᠡ᠎ᠶᠢᠨ ᠭᠤᠤᠯ ᠴᠣᠭᠴᠠ᠎ᠶᠢᠨ ᠠᠮᠢᠳᠤᠯᠢᠭ᠋ ᠬᠦᠴᠦᠨ᠎ᠢ ᠭᠦᠢᠴᠡᠳ ᠪᠠᠳᠠᠷᠠᠭᠤᠯᠵᠤ ᠴᠢᠳᠠᠭᠠᠳᠤᠢ ᠪᠠᠢᠨ᠎ᠠ; ᠰᠢᠨ᠎ᠡ᠎ᠶᠢ ᠡᠭᠦᠳᠦᠭᠰᠡᠨ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠲᠣᠭᠲᠠᠴᠠ ᠲᠡᠭᠦᠯᠳᠡᠷᠵᠢᠭᠡᠳᠦᠢ ᠪᠠᠢᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠰᠢᠨ᠎ᠡ᠎ᠶᠢ ᠡᠭᠦᠳᠬᠦ ᠬᠠᠯᠠᠭᠤᠨ ᠰᠡᠳᠬᠢᠯᠭᠡ᠎ᠶᠢ ᠤᠯᠠᠮ ᠬᠥᠭᠵᠢᠭᠡᠬᠦ ᠴᠢᠬᠤᠯᠠᠲᠠᠢ ᠪᠠᠢᠨ᠎ᠠ; ᠦᠢᠯᠡᠳᠪᠦᠷᠢᠯᠡᠬᠦ ᠵᠢᠭᠠᠬᠤ ᠰᠤᠳᠤᠯᠬᠤ᠎ᠶᠢᠨ ᠬᠠᠮᠵᠢᠯᠴᠠᠨ ᠬᠥᠳᠡᠯᠦᠯᠴᠡᠬᠦ ᠨᠢ ᠨᠢᠭ᠍ᠲᠠ ᠪᠤᠰᠤ ᠪᠠᠢᠵᠤ᠂ ᠶᠡᠬᠡ ᠬᠡᠮᠵᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠡᠷ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠳᠤ ᠪᠡᠷᠬᠡ ᠪᠠᠢᠨ᠎ᠠ᠃ ᠡᠳᠡᠭᠡᠷ ᠲᠣᠪᠣᠢᠮ᠎ᠠ ᠵᠥᠷᠢᠴᠡᠯ᠎ᠢ ᠰᠢᠢᠳᠪᠦᠷᠢᠯᠡᠬᠦ᠎ᠳᠦ᠂ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠵᠢᠮ᠎ᠡ ᠶᠣᠰᠣ᠌᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠮ᠎ᠡ ᠶᠣᠰᠣ᠌᠎ᠶᠢ ᠬᠢᠴᠢᠶᠡᠩᠭᠦᠢᠯᠡᠨ ᠵᠢᠷᠤᠮᠯᠠᠵᠤ᠂ ᠬᠥᠭᠵᠢᠯᠲᠡ᠎ᠶᠢᠨ ᠠᠢᠵᠠᠮ᠎ᠢ ᠯᠠᠪᠳᠠᠭᠤᠨ ᠪᠠᠲᠤᠲᠠᠢ ᠡᠵᠡᠮᠳᠡᠵᠦ᠂ ᠠᠮᠵᠢᠯᠲᠠ ᠣᠯᠬᠤ᠎ᠪᠠᠷ ᠶᠠᠭᠠᠷᠠᠬᠤ᠂ ᠰᠣᠬᠣᠷ ᠪᠠᠯᠠᠢ᠎ᠪᠠᠷ ᠤᠷᠤᠭᠰᠢᠯᠠᠬᠤ᠎ᠠᠴᠠ ᠵᠠᠢᠯᠠᠰᠬᠢᠬᠦ ᠬᠡᠷᠡᠭᠲᠡᠢ; ᠪᠠᠰᠠ ᠦᠵᠡᠯ ᠰᠠᠨᠠᠭᠠᠨ᠎ᠤ ᠬᠦᠯᠢᠶᠡᠰᠦᠯᠡᠯ᠎ᠢ ᠡᠪᠳᠡᠵᠦ᠂ ᠥᠭᠡᠷᠡᠴᠢᠯᠡᠯᠲᠡ᠎ᠶᠢᠨ ᠰᠡᠳᠬᠢᠬᠦᠢ᠎ᠪᠡᠷ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠠᠷᠢᠯᠭᠠᠬᠤ ᠬᠡᠷᠡᠭᠲᠡᠢ᠃ ᠬᠥᠭᠵᠢᠯᠲᠡ᠎ᠶᠢᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ᠎ᠤ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠢᠨ᠎ᠡ᠎ᠶᠢ ᠡᠭᠦᠳᠦᠭᠰᠡᠨ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠬᠤ ᠵᠡᠷᠭᠡ ᠳᠦᠷᠢᠮ᠎ᠦᠨ ᠰᠢᠰᠲᠧᠮ᠎ᠢ ᠪᠦᠷᠢᠨᠰᠢᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠂ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠬᠦ ᠬᠡᠷᠡᠭᠲᠡᠢ᠃ ᠡᠭᠦᠨ᠎ᠦ ᠬᠠᠮᠲᠤ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠬᠤ᠂ ᠤᠳᠠᠭᠠᠨ ᠳᠠᠭᠠᠭᠠᠮᠠᠭᠠᠢ᠎ᠪᠠᠷ ᠴᠢᠷᠮᠠᠢᠬᠤ᠎ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠪᠠᠢᠷᠢᠰᠢᠭᠤᠯᠵᠤ᠂ ᠬᠠᠮᠵᠢᠯᠴᠠᠨ ᠬᠣᠯᠪᠤᠭᠠᠯᠠᠨ ᠬᠥᠳᠡᠯᠦᠯᠴᠡᠵᠦ᠂ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠲᠣᠭᠲᠠᠭᠤᠨ᠎ᠢᠶᠠᠷ ᠬᠥᠭᠵᠢᠬᠦ᠂ ᠦᠷᠭᠦᠯᠵᠢᠯᠡᠨ ᠪᠤᠵᠠᠭᠠᠢᠷᠠᠬᠤ᠎ᠶᠢ ᠠᠬᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦ ᠬᠡᠷᠡᠭᠲᠠᠢ᠃

(ᠵᠣᠬᠢᠶᠠᠭ᠍ᠴᠢ ᠵᠢᠨ ᠬᠠᠶᠢᠭ᠄ ᠵᠢᠶᠠᠩᠰᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ)

                          ᠊᠊᠊᠊᠊᠊ 《ᠵᠢᠶᠠᠩᠰᠢ᠎ᠶᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号