ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠢᠲᠠᠳ ᠮᠤᠩᠭᠤᠯ ᠡᠮ ᠡᠮᠨᠡᠯᠭᠡ ᠶ᠋ᠢᠨ ᠰᠤᠳᠤᠯᠭᠠᠨ ᠤ᠋ ᠬᠦᠷᠢᠶᠡᠯᠡᠩ ᠤ᠋ᠨ ᠭᠦᠧᠧ ᠨᠢᠩ ᠨᠢᠩ ᠤ᠋ᠨ ᠳᠡᠪᠰᠢᠭᠦᠯᠦᠭᠰᠡᠨ 《ᠴᠠᠭᠠᠨ ᠭᠤᠶᠤᠤ ᠲᠠᠢ ᠴᠢᠨᠠᠭᠰᠠᠨ ᠬᠤᠨᠢᠨ ᠮᠢᠬ᠎ᠠ᠂ ᠬᠤᠨᠴᠢᠷ ᠲᠠᠢ ᠴᠢᠨᠠᠭᠰᠠᠨ ᠬᠤᠨᠢᠨ ᠮᠢᠬ᠎ᠠ ᠶ᠋ᠢᠨ ᠰᠢᠷᠢᠰ ᠡᠮᠳᠦ ᠴᠠᠪ ᠤ᠋ᠨ ᠪᠦᠲᠦᠭᠡᠭᠳᠡᠭᠦᠨ ᠤ᠋ ᠰᠤᠳᠤᠯᠭᠠᠨ ᠬᠢᠭᠡᠳ ᠬᠡᠷᠡᠭᠯᠡᠭᠡ 》 ᠨᠢ ᠤᠢᠷ᠎ᠠ ᠳ᠋ᠤ ᠤᠯᠤᠰ ᠤ᠋ᠨ 《2025 ᠤᠨ ᠤ᠋ ᠢᠳᠡᠭᠡᠨ ᠪᠠ ᠡᠮ ᠤ᠋ᠨ ᠬᠤᠤᠰ ᠬᠡᠷᠡᠭᠴᠡᠭᠡᠳᠦ ᠰᠢᠨ᠎ᠠ ᠶ᠋ᠢ ᠡᠭᠦᠳᠦᠭᠰᠡᠨ ᠪᠦᠲᠦᠭᠡᠭᠳᠡᠭᠦᠨ ᠪᠤᠯᠤᠨ ᠬᠡᠷᠡᠭᠯᠡᠭᠡ ᠶ᠋ᠢᠨ ᠨᠡᠢᠳᠡᠯᠢᠭ ᠵᠢᠱ᠌ᠢᠶᠠ 》 ᠪᠡᠷ ᠰᠤᠩᠭᠤᠭᠳᠠᠵᠤ᠂ ᠮᠠᠨ ᠤ᠋ ᠤᠷᠤᠨ ᠤ᠋ ᠴᠠᠭᠠᠨ ᠭᠤᠶᠤᠤ ᠲᠠᠢ ᠴᠢᠨᠠᠭᠰᠠᠨ ᠬᠤᠨᠢᠨ ᠮᠢᠬ᠎ᠠ ᠪᠠ ᠬᠤᠨᠴᠢᠷ ᠲᠠᠢ ᠴᠢᠨᠠᠭᠰᠠᠨ ᠬᠤᠨᠢᠨ ᠮᠢᠬ᠎ᠠ ᠶ᠋ᠢ ᠤᠯᠤᠰ ᠳᠠᠶᠠᠭᠠᠷ ᠲᠦ᠍ ᠨᠡᠷ᠎ᠠ ᠠᠯᠳᠠᠷᠰᠢᠭᠤᠯᠪᠠ᠃
ᠤᠢᠯᠠᠭᠠᠭᠰᠠᠨ ᠶ᠋ᠢᠡᠷ᠂ 《〈ᠡᠷᠡᠭᠦᠯ ᠡᠩᠬᠡ ᠳᠤᠮᠳᠠᠳᠤ ᠤᠯᠤᠰ 2030 〉 ᠲᠦᠯᠦᠪᠵᠢᠭᠦᠯᠭᠡ ᠶ᠋ᠢᠨ ᠬᠦᠲᠦᠯᠪᠤᠷᠢ 》 ᠵᠢᠴᠢ ᠤᠯᠤᠰ ᠤ᠋ᠨ ᠬᠢᠲᠠᠳ ᠡᠮ ᠡᠮᠨᠡᠯᠭᠡ ᠶ᠋ᠢᠨ ᠴᠢᠨᠠᠷ ᠰᠠᠢᠳᠠᠢ ᠬᠦᠭᠵᠢᠯᠳᠡ ᠶ᠋ᠢᠨ ᠪᠠᠢᠯᠳᠤᠬᠤ ᠪᠤᠳᠤᠯᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠡᠭᠦᠳᠦᠯᠳᠡ ᠬᠢᠭᠡᠳ ᠠᠵᠤ ᠦᠢᠯᠡᠰ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠬᠤ ᠶ᠋ᠢᠨ ᠲᠦᠯᠦᠭᠡ᠂ ᠳᠤᠮᠳᠠᠳᠤ ᠤᠯᠤᠰ ᠤ᠋ᠨ ᠬᠢᠲᠠᠳ ᠡᠮ ᠡᠮᠨᠡᠯᠭᠡ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠦᠭᠵᠢᠭᠦᠯᠦᠯᠳᠡ ᠶ᠋ᠢᠨ ᠲᠦᠪ ᠪᠤᠯᠤᠨ ᠤᠯᠤᠰ ᠤ᠋ᠨ ᠬᠢᠲᠠᠳ ᠡᠮ ᠡᠮᠨᠡᠯᠭᠡ ᠶ᠋ᠢᠨ ᠬᠠᠮᠢᠶᠠᠷᠤᠯᠳᠠ ᠶ᠋ᠢᠨ ᠲᠤᠪᠴᠢᠶ᠎ᠠ 2025 ᠤᠨ ᠤ᠋ 3 ᠰᠠᠷ᠎ᠠ ᠡᠴᠡ 《2025 ᠤᠨ ᠤ᠋ ᠢᠳᠡᠭᠡᠨ ᠪᠠ ᠡᠮ ᠤ᠋ᠨ ᠬᠤᠤᠰ ᠬᠡᠷᠡᠭᠴᠡᠭᠡᠳᠦ ᠰᠢᠨ᠎ᠠ ᠶ᠋ᠢ ᠡᠭᠦᠳᠦᠭᠰᠡᠨ ᠪᠦᠲᠦᠭᠡᠭᠳᠡᠭᠦᠨ ᠪᠤᠯᠤᠨ ᠬᠡᠷᠡᠭᠯᠡᠭᠡ ᠶ᠋ᠢᠨ ᠨᠡᠢᠳᠡᠯᠢᠭ ᠵᠢᠱ᠌ᠢᠶᠠ 》 ᠶ᠋ᠢ ᠡᠯᠰᠡᠨ ᠰᠢᠯᠭᠠᠷᠠᠭᠤᠯᠬᠤ ᠠᠵᠢᠯᠯᠠᠭ᠎ᠠ ᠶ᠋ᠢ ᠡᠬᠢᠯᠡᠭᠦᠯᠵᠠᠢ᠃ ᠡᠯ᠎ᠠ ᠪᠠᠢᠭᠤᠯᠭ᠎ᠠ ᠨᠢᠭᠡᠴᠢ ᠰᠠᠢᠨ ᠳᠤᠷ᠎ᠠ ᠡᠴᠡ ᠪᠡᠨ ᠳᠡᠪᠰᠢᠭᠦᠯᠬᠦ᠂ ᠬᠡᠯᠪᠡᠷᠢ ᠪᠠᠢᠳᠠᠯ ᠤ᠋ᠨ ᠬᠢᠨᠠᠨ ᠪᠠᠢᠴᠠᠭᠠᠯᠳᠠ ᠬᠢᠬᠦ᠂ ᠲᠤᠰᠬᠠᠢ ᠮᠡᠷᠭᠡᠵᠢᠯᠳᠡᠨ ᠡᠴᠡ ᠠᠩᠬᠠᠨ ᠤ᠋ ᠬᠢᠨᠠᠯᠳᠠ ᠬᠢᠬᠦ ᠵᠢᠴᠢ ᠡᠴᠤᠰ ᠤ᠋ᠨ ᠬᠢᠨᠠᠯᠳᠠ ᠬᠢᠬᠦ᠂ ᠲᠤᠰᠬᠠᠢ ᠮᠡᠷᠭᠡᠵᠢᠯᠳᠡᠨ ᠡᠴᠡ ᠬᠢᠨᠡᠨ ᠳᠤᠭᠳᠠᠭᠠᠬᠤ ᠵᠡᠷᠭᠡ ᠭᠤᠭᠴᠤᠭ᠎ᠠ ᠶ᠋ᠢ ᠦᠩᠭᠡᠷᠡᠭᠦᠯᠦᠭᠡᠳ ᠮᠠᠨ ᠤ᠋ ᠤᠷᠤᠨ ᠡᠴᠡ ᠭᠠᠭᠴᠠ ᠭᠦᠧᠧ ᠨᠢᠩ ᠨᠢᠩ ᠤ᠋ᠨ ᠪᠦᠲᠦᠭᠡᠯ ᠴᠤᠯᠭᠤᠷᠠᠨ ᠰᠤᠩᠭᠤᠭᠳᠠᠭᠰᠠᠨ ᠪᠠᠢᠨ᠎ᠠ᠃
ᠭᠦᠧᠧ ᠨᠢᠩ ᠨᠢᠩ ᠤ᠋ᠨ ᠳᠡᠪᠰᠢᠭᠦᠯᠦᠭᠰᠡᠨ ᠴᠠᠭᠠᠨ ᠭᠤᠶᠤᠤ ᠲᠠᠢ ᠴᠢᠨᠠᠭᠰᠠᠨ ᠬᠤᠨᠢᠨ ᠮᠢᠬ᠎ᠠ᠂ ᠬᠤᠨᠴᠢᠷ ᠲᠠᠢ ᠴᠢᠨᠠᠭᠰᠠᠨ ᠬᠤᠨᠢᠨ ᠮᠢᠬ᠎ᠠ ᠶ᠋ᠢᠨ ᠰᠢᠷᠢᠰ ᠡᠮᠳᠦ ᠴᠠᠪ ᠤ᠋ᠨ ᠪᠦᠲᠦᠭᠡᠭᠳᠡᠭᠦᠨ ᠨᠢ ᠤᠯᠠᠮᠵᠢᠯᠠᠯᠳᠦ ᠬᠢᠲᠠᠳ ᠮᠤᠩᠭᠤᠯ ᠡᠮ ᠤ᠋ᠨ ᠮᠠᠲᠧᠷᠢᠶᠠᠯ ᠤ᠋ᠨ ᠤᠬᠢ ᠱᠦᠯᠳᠦ ᠶ᠋ᠢ ᠪᠠᠷᠢᠮᠳᠠᠯᠠᠬᠤ ᠶ᠋ᠢᠨ ᠬᠠᠮᠳᠤ ᠤᠳᠤ ᠦᠶ᠎ᠠ ᠶ᠋ᠢᠨ ᠬᠦᠮᠦᠰ ᠤ᠋ᠨ ᠡᠷᠡᠭᠦᠯ ᠮᠡᠨᠳᠦ ᠢᠳᠡᠭᠡᠨ ᠤᠮᠳᠠᠭᠠᠨ ᠤ᠋ ᠲᠤᠬᠠᠢ ᠬᠡᠷᠡᠭᠴᠡᠭᠡ ᠱᠠᠭᠠᠷᠳᠠᠯᠭ᠎ᠠ ᠳ᠋ᠤ ᠨᠡᠢᠴᠡᠵᠦ᠂ ᠤᠬᠢ ᠰᠠᠢᠨ ᠢᠳᠡᠭᠡᠨ ᠤ᠋ ᠮᠠᠲᠧᠷᠢᠶᠠᠯ ᠬᠢᠭᠡᠳ ᠴᠢᠨᠠᠷ ᠰᠠᠢᠳᠠᠢ ᠡᠮ ᠤ᠋ᠨ ᠮᠠᠲᠧᠷᠢᠶᠠᠯ ᠤ᠋ᠨ ᠭᠦᠨᠵᠡᠭᠡᠢ ᠠᠭᠤᠰᠤᠯᠴᠠᠯ ᠢ᠋ ᠪᠡᠶᠡᠯᠡᠭᠦᠯᠦᠨ᠂ ᠮᠤᠩᠭᠤᠯ ᠡᠮ ᠡᠮᠨᠡᠯᠭᠡ ᠶ᠋ᠢᠨ ᠢᠳᠡᠭᠡᠨ ᠶ᠋ᠢᠡᠷ ᠡᠷᠡᠭᠦᠯᠵᠢᠭᠦ ᠰᠤᠶᠤᠯ ᠤ᠋ᠨ ᠰᠢᠨ᠎ᠠ ᠶ᠋ᠢ ᠡᠭᠦᠳᠦᠭᠰᠡᠨ ᠢᠯᠡᠷᠬᠡᠢᠯᠡᠯᠳᠠ ᠪᠤᠯᠵᠠᠢ᠃
ᠲᠤᠰ ᠪᠦᠲᠦᠭᠡᠯ ᠨᠢ ᠦᠪᠦᠷ ᠮᠤᠩᠭᠤᠯ ᠤ᠋ᠨ 《ᠲᠠᠯ᠎ᠠ ᠨᠤᠳᠤᠭ ᠤ᠋ᠨ ᠬᠤᠨᠢ 》 ᠬᠢᠭᠡᠳ 《 ᠴᠢᠨᠠᠷ ᠰᠠᠢᠳᠠᠢ ᠡᠮ ᠤ᠋ᠨ ᠮᠠᠲᠧᠷᠢᠶᠠᠯ 》 ᠤ᠋ᠨ ᠬᠤᠶᠠᠷ ᠭᠤᠤᠯᠯᠠᠬᠤ ᠡᠬᠢ ᠪᠠᠶᠠᠯᠢᠭ ᠢ᠋ ᠭᠦᠨᠵᠡᠭᠡᠢ ᠨᠡᠢᠳᠭᠡᠨ᠂ ᠮᠡᠷᠭᠡᠵᠢᠯ ᠤ᠋ᠨ ᠰᠢᠨ᠎ᠠ ᠡᠭᠦᠳᠦᠯᠳᠡ ᠪᠡᠷ ᠦᠪᠦᠷ ᠮᠤᠩᠭᠤᠯ ᠤ᠋ᠨ ᠬᠤᠨᠴᠢᠷ ᠤ᠋ᠨ ᠲᠠᠷᠢᠶᠠᠯᠠᠭ᠎ᠠ ᠬᠢᠭᠡᠳ ᠴᠠᠭᠠᠨ ᠭᠤᠶᠤᠤ ᠶ᠋ᠢᠨ ᠠᠵᠤ ᠦᠢᠯᠡᠰᠵᠢᠭᠰᠡᠨ ᠬᠦᠭᠵᠢᠯᠳᠡ ᠶ᠋ᠢ ᠠᠬᠢᠭᠤᠯᠵᠤ᠂ ᠤᠷᠤᠨ ᠨᠤᠳᠤᠭ ᠤ᠋ᠨ ᠮᠠᠯ ᠠᠵᠤ ᠠᠬᠤᠢ ᠲᠠᠷᠢᠶᠠᠯᠠᠩ ᠤ᠋ᠨ ᠦᠷᠳᠡᠭ ᠤ᠋ᠨ ᠬᠡᠯᠬᠢᠶ᠎ᠠ ᠶ᠋ᠢᠨ ᠳᠡᠰ ᠳᠡᠪᠰᠢᠯᠳᠡ ᠶ᠋ᠢ ᠠᠬᠢᠭᠤᠯᠤᠨ ᠂ ᠤᠨᠴᠠᠯᠢᠭᠳᠤ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠰᠢᠨ᠎ᠠ ᠬᠦᠳᠡᠯᠭᠡᠬᠦ ᠡᠨᠧᠷᠬᠢ ᠨᠡᠮᠡᠷᠢᠯᠡᠬᠦ ᠨᠢ ᠳᠠᠮᠵᠢᠭ ᠦᠭᠡᠢ᠃