ᠵᠤᠨ ᠪᠤᠯᠬᠤ ᠪᠡᠷ ᠤᠢᠮᠠ ᠨᠤᠭᠤᠭ᠎ᠠ ᠪᠤᠯᠪᠠᠰᠤᠷᠠᠵᠦ᠍᠂ ᠲᠡᠭᠦᠵᠦ᠍ ᠬᠤᠷᠢᠶᠠᠬᠤ ᠬᠤᠭᠤᠴᠠᠭᠠᠨ ᠳ᠋ᠤ ᠤᠷᠤᠯ᠎ᠠ᠃ ᠬᠡᠱᠢᠭ᠌ᠳᠡᠨ ᠬᠤᠱᠢᠭᠤᠨ ᠤ᠋ ᠬᠤᠩ ᠱᠠᠨ ᠽᠢ ᠱᠢᠶᠠᠩ ᠤᠢᠷ᠎ᠠ ᠶ᠋ᠢᠨ ᠵᠢᠯ ᠳ᠋ᠤ ᠤᠷᠤᠨ ᠨᠤᠳᠤᠭ ᠤ᠋ᠨ ᠵᠢᠡᠨ ᠣᠶ ᠬᠦᠪᠴᠢ ᠶ᠋ᠢᠨ ᠡᠬᠢ ᠪᠠᠶᠠᠯᠢᠭ ᠢ᠋ ᠬᠦᠨᠵᠡᠭᠡᠢ ᠠᠭᠤᠳᠠᠯᠵᠤ᠂ ᠬᠡᠭᠡᠷ᠎ᠡ ᠶ᠋ᠢᠨ ᠨᠣᠭᠤᠭ᠎ᠠ ᠶ᠋ᠢᠨ ᠠᠵᠤ ᠦᠢᠯᠡᠰ ᠢ᠋ ᠬᠦᠭᠵᠢᠭᠦᠯᠦᠨ᠂ ᠵᠢᠵᠢᠭᠬᠡᠨ ᠤᠢᠮᠠ ᠨᠤᠭᠤᠭ᠎ᠠ ᠪᠡᠷ 90 ᠲᠦᠮᠡᠨ ᠲᠦᠭᠦᠷᠢᠭ ᠤ᠋ᠨ ᠤᠷᠤᠯᠭ᠎ᠠ ᠡᠭᠦᠳᠦᠭᠰᠡᠨ ᠶᠠᠪᠤᠳᠠᠯ ᠨᠢ ᠬᠤᠯᠠ ᠤᠢᠷ᠎ᠠ ᠶ᠋ᠢᠨ ᠬᠠᠯᠠᠮᠰᠢᠯ ᠮᠡᠳᠡᠭᠡ ᠪᠤᠯᠵᠤ ᠪᠠᠢᠨ᠎ᠠ᠃
ᠬᠤᠩ ᠱᠠᠨ ᠽᠢ ᠱᠢᠶᠠᠩ ᠤ᠋ᠨ ᠤᠢ ᠬᠦᠪᠴᠢ ᠶ᠋ᠢᠨ ᠲᠠᠯᠠᠪᠠᠢ ᠶᠡᠭᠡ᠂ ᠬᠥᠷᠥᠰᠥ᠍ ᠱᠢᠷᠣᠢ ᠶ᠋ᠢᠨ ᠨᠥᠬᠦᠴᠡᠯ ᠰᠠᠢᠨ ᠪᠠᠢᠵᠤ᠂ ᠠᠳᠡᠬᠢ ᠬᠡᠭᠡᠷ᠎ᠡ ᠶ᠋ᠢᠨ ᠤᠢᠮᠠ ᠨᠤᠭᠤᠭ᠎ᠠ ᠨᠢ ᠪᠣᠬᠢᠷᠲᠤᠯ ᠦᠭᠡᠢ᠂ ᠦᠨᠦᠷ ᠠᠮᠲᠠ ᠰᠠᠢᠨ ᠪᠦᠭᠡᠳ ᠴᠢᠨᠠᠷ ᠶ᠋ᠢᠡᠷ ᠴᠤ᠌ ᠰᠠᠢᠨ ᠪᠠᠢᠳᠠᠭ ᠶ᠋ᠢᠡᠷ ᠬᠡᠷᠡᠭ᠌ᠯᠡᠭ᠌ᠴᠢᠳ ᠤ᠋ᠨ ᠬᠦᠷᠢᠶᠡᠯᠡᠯ ᠢ᠋ ᠶᠡᠬᠡᠳᠡ ᠤᠯᠵᠤ ᠪᠤᠢ᠃ ᠬᠠᠩᠭᠠᠢ ᠳᠡᠯᠡᠬᠡᠢ ᠶ᠋ᠢᠨ ᠡᠬᠢ ᠪᠠᠶᠠᠯᠢᠭ ᠢ᠋ ᠠᠮᠢᠯᠠᠭᠤᠯᠵᠤ᠂ ᠤᠯᠠᠨ ᠲᠦᠮᠡᠨ ᠤ᠋ ᠣᠷᠣᠯᠭ᠎ᠠ ᠶ᠋ᠢ ᠨᠡᠮᠡᠭ᠌ᠳᠡᠭᠦᠯᠬᠦ᠌ ᠠᠷᠭ᠎ᠠ ᠵᠠᠮ ᠢ᠋ ᠥᠷᠭᠡᠳᠭᠡᠬᠦ᠌ᠶ᠋ᠢᠨ ᠲᠥᠯᠥᠭᠡ᠂ ᠲᠤᠰ ᠱᠢᠶᠠᠩ ᠲᠠᠷᠢᠶᠠᠯᠠᠬᠤ ᠡᠷᠦᠬᠡ ᠶ᠋ᠢ ᠢᠳᠡᠪᠬᠢᠲᠡᠢ ᠬᠦᠳᠦᠯᠦᠨ ᠵᠢᠯᠤᠭᠤᠳᠴᠤ᠂ ᠲᠠᠷᠢᠶᠠᠯᠠᠩ ᠤ᠋ᠨ ᠰᠡᠯᠡᠭᠦᠤ ᠴᠠᠭ ᠶ᠋ᠢᠡᠷ ᠠᠭᠤᠯᠠᠨ ᠳ᠋ᠤ ᠭᠠᠷᠴᠤ᠌ ᠤᠢᠮᠠ ᠨᠣᠭᠤᠭ᠎ᠠ ᠲᠡᠭᠦᠵᠦ᠍ ᠬᠤᠷᠢᠶᠠᠬᠤ ᠶ᠋ᠢᠨ ᠬᠠᠮᠲᠤ᠌ ᠲᠤᠰᠬᠠᠢ ᠬᠤᠷᠰᠢᠶ᠎ᠠ ᠪᠡᠷ ᠳᠠᠮᠵᠢᠭᠤᠯᠤᠨ ᠪᠣᠷᠣᠯᠠᠭᠤᠯᠭ᠎ᠠ ᠶ᠋ᠢᠨ ᠵᠠᠮ ᠢ᠋ ᠰᠢᠯᠤᠭᠤᠳᠬᠠᠵᠠᠢ᠃
《ᠣᠳᠣ ᠪᠣᠯ ᠶᠠᠭ ᠬᠤᠩ ᠱᠠᠨ ᠽᠢ ᠱᠢᠶᠠᠩ ᠤ᠋ᠨ ᠤᠢᠮᠠ ᠨᠣᠭᠤᠭ᠎ᠠ ᠲᠡᠭᠦᠵᠦ᠍ ᠬᠤᠷᠢᠶᠠᠬᠤ ᠬᠥᠭ᠌ᠵᠢᠶᠡᠨ ᠲᠠᠢ ᠤᠯᠠᠷᠢᠯ᠂ ᠪᠢᠳᠡ ᠡᠳᠦᠷ ᠪᠦᠷᠢ ᠨᠡᠯᠢᠶᠡᠳ ᠢ᠋ ᠬᠤᠷᠢᠶᠠᠵᠤ ᠪᠠᠢᠨ᠎ᠠ᠃ ᠨᠤᠲᠤᠭ ᠤ᠋ᠨ ᠬᠥᠮᠦᠰ ᠤ᠋ᠨ ᠢᠳᠡᠪᠬᠢᠵᠢᠯ ᠤᠨᠴᠠᠭᠠᠢ ᠥᠨᠳᠥᠷ᠂ ᠡᠳᠦᠷ ᠪᠦᠷᠢ ᠠᠭᠤᠯᠠᠨ ᠳ᠋ᠤ ᠭᠠᠷᠴᠦ᠍ ᠤᠢᠮᠠ ᠨᠤᠭᠤᠭ᠎ᠠ ᠲᠡᠭᠦᠳᠡᠭ ᠲᠤᠰᠭᠤᠨ ᠤ᠋ ᠠᠷᠠᠳ ᠪᠠᠷᠤᠭ 100 ᠭᠠᠷᠤᠢ ᠪᠠᠢᠨ᠎ᠠ᠃ ᠮᠠᠨ ᠤ᠋ ᠤᠢᠮᠠ ᠨᠣᠭᠤᠭ᠎ᠠ ᠶ᠋ᠢᠨ ᠪᠣᠷᠣᠯᠠᠭᠤᠯᠭ᠎ᠠ ᠴᠤ᠌ ᠨᠡᠯᠢᠶᠡᠳ ᠵᠦᠭᠡᠷ᠂ ᠡᠷᠬᠢᠨ ᠲᠣᠭᠤᠷᠢᠨ ᠤ᠋ ᠭᠠᠵᠠᠷ ᠣᠷᠣᠨ ᠪᠤᠯᠤᠨ ᠭᠠᠳᠠᠷ ᠣᠷᠣᠨ ᠳ᠋ᠤ ᠴᠥᠮ ᠵᠠᠬ᠎ᠠ ᠳᠡᠯᠭᠡᠭᠦᠷ ᠢ᠋ ᠨᠡᠭᠡᠭᠡᠵᠠᠢ᠃ ᠳᠠᠷᠠᠭᠠᠴᠢ ᠪᠡᠷ ᠬᠡᠳᠦᠨ ᠱᠢᠨ᠎ᠡ ᠦᠢᠯᠡᠳᠪᠦᠷᠢᠯᠡᠯ ᠤ᠋ᠨ ᠱᠤᠭᠤᠮᠢ ᠨᠡᠮᠡᠵᠦ᠍᠂ ᠨᠢᠭᠡ ᠪᠦᠯᠦᠭ ᠱᠢᠨ᠎ᠡ ᠲᠦᠷᠦᠯ ᠵᠦᠢᠯ ᠢ᠋ ᠨᠡᠭᠡᠭᠡᠨ ᠬᠥᠭ᠌ᠵᠢᠭᠦᠯᠵᠦ᠍᠂ ᠬᠡᠪᠴᠢᠶ᠎ᠡ ᠪᠠᠨ ᠨᠡᠩ ᠦᠷᠭᠡᠳᠭᠡᠬᠦ᠌ ᠶ᠋ᠢ ᠪᠤᠳᠤᠵᠤ ᠪᠠᠢᠨ᠎ᠠ》 ᠭᠡᠵᠦ᠍ ᠬᠡᠱᠢᠭ᠌ᠳᠡᠨ ᠬᠤᠱᠢᠭᠤᠨ ᠤ᠋ ᠱᠢᠨ ᠶᠧ ᠲᠠᠷᠢᠶᠠᠴᠢᠳ ᠤ᠋ᠨ ᠲᠤᠰᠭᠠᠢ ᠬᠤᠷᠰᠢᠶ᠎ᠠ ᠶ᠋ᠢᠨ ᠬᠠᠷᠢᠭᠤᠴᠠᠯᠭᠠᠲᠠᠨ ᠮᠢ ᠱᠠᠨ ᠶᠠᠷᠢᠨ᠎ᠠ᠃
ᠬᠡᠭᠡᠷ᠎ᠡ ᠶ᠋ᠢᠨ ᠨᠤᠭᠤᠭ᠎ᠠ ᠲᠡᠭᠦᠬᠦ᠌ ᠬᠤᠭᠤᠴᠠᠭᠠᠨ ᠳ᠋ᠤ᠂ ᠱᠢᠨ ᠶᠧ ᠲᠤᠰᠬᠠᠢ ᠬᠤᠷᠰᠢᠶ᠎ᠠ ᠲᠤᠰᠭᠠᠢ ᠬᠤᠳᠠᠯᠳᠤᠨ ᠠᠪᠬᠤ ᠴᠡᠭ ᠭᠠᠷᠭᠠᠵᠤ᠂ ᠲᠠᠷᠢᠶᠠᠴᠢᠳ ᠤ᠋ᠨ ᠲᠡᠭᠦᠭ᠌ᠰᠡᠨ ᠱᠢᠨ᠎ᠡ ᠰᠣᠷᠭᠤᠭ ᠣᠢᠮ᠎ᠠ ᠨᠣᠭᠤᠭ᠎ᠠ ᠶ᠋ᠢ ᠪᠡᠯᠡᠨ ᠵᠣᠭᠤᠰ ᠶ᠋ᠢᠡᠷ ᠬᠤᠷᠢᠶᠠᠨ ᠠᠪᠳᠠᠭ᠃ 《ᠠᠭᠤᠯᠠᠨ ᠡᠴᠡ ᠲᠡᠭᠦᠭ᠌ᠰᠡᠨ ᠭᠡᠭᠡᠷ᠎ᠡ ᠶ᠋ᠢᠨ ᠨᠤᠭᠤᠭ᠎ᠠ ᠪᠠᠨ ᠲᠠᠷᠤᠢ ᠳ᠋ᠤᠨᠢ ᠪᠡᠯᠡᠨ ᠵᠣᠭᠤᠰ ᠪᠣᠯᠭᠠᠨ ᠬᠤᠪᠢᠷᠠᠭᠤᠯᠵᠤ᠂ ᠭᠡᠷ ᠤ᠋ᠨ ᠶ᠋ᠢᠡᠨ ᠡᠭᠦᠳᠡᠨ ᠳ᠋ᠤ ᠣᠷᠣᠯᠭ᠎ᠠ ᠪᠠᠨ ᠨᠡᠮᠡᠭ᠌ᠳᠡᠭᠦᠯᠵᠦ᠍ ᠴᠢᠳᠠᠭ᠍ᠰᠠᠨ 》 ᠭᠡᠵᠦ ᠲᠤᠰᠬᠤᠨ ᠤ᠋ ᠠᠷᠠᠳ ᠬᠡᠭᠡᠷ᠎ᠡ ᠶ᠋ᠢᠨ ᠨᠤᠭᠤᠭ᠎ᠠ ᠪᠡᠨ ᠶᠠᠭᠠᠬᠢᠵᠤ ᠪᠣᠷᠣᠯᠠᠭᠤᠯᠬᠤ ᠭᠡᠮᠡᠨ ᠵᠤᠪᠠᠬᠤ ᠴᠢᠬᠤᠯᠠ ᠦᠭᠡᠢ ᠪᠤᠯᠬᠤᠷ ᠶᠡᠬᠡ ᠯᠡ ᠪᠠᠶᠠᠷᠳᠠᠢ ᠪᠠᠢᠯ᠎ᠠ᠃
ᠣᠢᠯᠠᠭᠠᠭ᠍ᠰᠠᠨᠢᠶᠠᠷ᠂ ᠱᠢᠨ ᠶᠧ ᠲᠤᠰᠬᠠᠢ ᠬᠤᠷᠰᠢᠶ᠎ᠠ ᠨᠢ ᠲᠠᠷᠢᠶᠠᠴᠢᠳ ᠤ᠋ᠨ ᠲᠡᠭᠦᠭ᠌ᠰᠡᠨ ᠣᠢᠮ᠎ᠠ ᠨᠣᠭᠤᠭ᠎ᠠ ᠶ᠋ᠢ ᠵᠢᠯ ᠪᠦᠷᠢ 50 ᠭᠠᠷᠤᠶ ᠲᠣᠨ ᠬᠤᠳᠠᠯᠳᠤᠨ ᠠᠪᠴᠤ᠌᠂ 90 ᠭᠠᠷᠤᠶ ᠲᠦᠮᠡᠨ ᠲᠥᠭᠦᠷᠢᠭ ᠤ᠋ᠨ ᠣᠷᠣᠯᠭ᠎ᠠ ᠡᠭᠦᠳᠴᠤ᠂ ᠶᠡᠭᠡ ᠬᠡᠮᠵᠢᠶᠠᠨ ᠤ᠋ ᠪᠡᠯᠡ ᠣᠷᠣᠭᠤᠯᠤᠯᠲᠠ ᠬᠢᠬᠦ᠌ ᠴᠢᠬᠤᠯᠠ ᠦᠭᠡᠢ ᠪᠡᠷ ᠬᠠᠩᠭᠠᠢ ᠳᠡᠯᠡᠭᠡᠢᠶ᠋ᠢᠨ ᠡᠬᠢ ᠪᠠᠶᠠᠯᠢᠭ ᠲᠤ᠌ ᠲᠦᠱᠢᠭ᠌ᠯᠡᠨ ᠦᠷᠭᠦᠯᠵᠢᠯᠡᠨ ᠬᠥᠭ᠌ᠵᠢᠬᠦ᠌ ᠶ᠋ᠢ ᠪᠡᠶᠡᠯᠡᠭᠦᠯᠵᠤ᠂ ᠬᠥᠳᠡᠭᠡ ᠲᠣᠰᠭᠤᠨ ᠤ᠋ ᠤᠨᠴᠠᠯᠢᠬ᠍ᠳᠤ ᠠᠵᠤ ᠦᠢᠯᠡᠰ ᠤ᠋ᠨ ᠲᠤᠳᠠᠭᠤᠳᠠᠯ ᠢ᠋ ᠪᠦᠳᠦᠮᠵᠢᠳᠠᠢ ᠨᠥᠬᠦᠪᠦᠷᠢᠯᠡᠵᠠᠢ᠃
《ᠪᠢᠳᠡ ᠱᠢᠨ ᠶᠧ ᠲᠤᠰᠭᠠᠢ ᠬᠤᠷᠰᠢᠶ᠎ᠠ ᠳ᠋ᠤ ᠲᠦᠱᠢᠭ᠌ᠯᠡᠨ ᠲᠠᠷᠢᠶᠠᠴᠢᠳ ᠤ᠋ᠨ ᠲᠡᠭᠦᠭ᠌ᠰᠡᠨ ᠬᠡᠭᠡᠷ᠎ᠡ ᠶ᠋ᠢᠨ ᠤᠢᠮᠠ ᠨᠣᠭᠤᠭ᠎ᠠ ᠶ᠋ᠢ ᠨᠢᠭᠡᠳᠦᠯᠲᠡᠢ ᠬᠤᠳᠠᠯᠳᠤᠨ ᠠᠪᠴᠤ᠌᠂ ᠲᠥᠪᠯᠡᠷᠡᠭᠦᠯᠦᠨ ᠪᠤᠯᠪᠠᠰᠤᠷᠠᠭᠤᠯᠵᠤ᠂ ᠤᠯᠠᠨ ᠲᠦᠮᠡᠨ ᠤ᠋ ᠪᠤᠷᠤᠯᠠᠭᠤᠯᠬᠤ ᠳ᠋ᠤ ᠬᠦᠴᠢᠷᠲᠡᠢ ᠠᠰᠠᠭᠤᠳᠠᠯ ᠢ᠋ ᠱᠢᠢᠳᠪᠦᠷᠢᠯᠡᠭ᠌ᠰᠡᠨ ᠪᠥᠭᠡᠳ ᠬᠥᠳᠡᠭᠡ ᠲᠣᠰᠭᠤᠨ ᠤ᠋ ᠰᠤᠯᠠ ᠪᠠᠢᠭ᠎ᠠ ᠠᠮᠢ ᠠᠬᠤᠢ ᠶ᠋ᠢᠨ ᠡᠬᠢ ᠪᠠᠶᠠᠯᠢᠭ ᠪᠤᠯᠤᠨ ᠦᠯᠡᠭᠦᠦ ᠬᠥᠳᠡᠯᠮᠦᠷᠢ ᠬᠦᠴᠦᠨ ᠢ᠋ ᠪᠦᠳᠤᠮᠵᠢᠳᠠᠢ ᠠᠮᠢᠯᠠᠭᠤᠯᠵᠦ᠍ ᠴᠢᠳᠠᠭ᠍ᠰᠠᠨ ᠪᠠᠢᠨ᠎ᠠ᠃ ᠳᠠᠷᠠᠭᠠᠴᠢ ᠪᠠᠷ᠂ ᠠᠵᠤ ᠦᠢᠯᠡᠰ ᠤ᠋ᠨ ᠬᠡᠯᠬᠢᠶ᠎ᠡ ᠶ᠋ᠢ ᠦᠷᠭᠦᠯᠵᠢᠯᠡᠨ ᠤᠷᠲᠤᠳᠭᠠᠵᠤ᠂ ᠨᠡᠮᠡᠯᠲᠡ ᠦᠷᠳᠡᠭ ᠢ᠋ ᠳᠡᠭᠡᠭ᠌ᠰᠢᠯᠡᠭᠦᠯᠤᠨ᠂ ᠬᠡᠭᠡᠷ᠎ᠡ ᠶ᠋ᠢᠨ ᠨᠣᠭᠤᠭ᠎ᠠ ᠶ᠋ᠢᠨ ᠠᠵᠤ ᠦᠢᠯᠡᠰ ᠢ᠋ ᠦᠨᠡᠨ ᠬᠦ᠌ ᠤᠯᠠᠨ ᠲᠦᠮᠡᠨ ᠢ᠋ ᠲᠠᠢᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ᠂ ᠬᠥᠳᠡᠭᠡ ᠲᠣᠰᠭᠤᠨ ᠤ᠋ ᠬᠥᠭ᠌ᠵᠢᠯ ᠮᠠᠨᠳᠤᠯ ᠢ᠋ ᠠᠬᠢᠭᠤᠯᠬᠤ ᠤᠨᠴᠠᠯᠢᠬ᠍ᠳᠤ ᠲᠤᠯᠭᠠᠭᠤᠷᠢ ᠠᠵᠤ ᠦᠢᠯᠡᠰ ᠪᠣᠯᠭᠠᠨ᠎ᠠ》 ᠭᠡᠵᠦ᠍ ᠬᠡᠱᠢᠭ᠌ᠳᠡᠨ ᠬᠤᠱᠢᠭᠤᠨ ᠤ᠋ ᠬᠤᠩ ᠱᠠᠨ ᠽᠢ ᠱᠢᠶᠠᠩ ᠤ᠋ᠨ ᠨᠠᠮ ᠤ᠋ᠨ ᠬᠤᠷᠢᠶ᠎ᠠ ᠵᠢᠨ ᠤᠬᠠᠭᠤᠯᠬᠤ ᠭᠡᠱᠢᠭᠦᠨ ᠭᠧᠩ ᠶᠠᠨ ᠫᠧᠩ ᠶᠠᠷᠢᠵᠤ ᠪᠠᠢᠯ᠎ᠠ᠃