《ᠵᠠᠬᠢᠶᠠᠯᠠᠭ᠎ᠠ ᠶ᠋ᠢᠨ ᠭᠡᠷ᠎ᠠ ᠳᠤᠭᠳᠠᠭᠰᠠᠨ ᠲᠤᠯᠠ ᠲᠠᠷᠢᠶ᠎ᠠ ᠪᠡᠨ ᠨᠡᠩ ᠰᠠᠨᠠᠭ᠎ᠠ ᠠᠮᠤᠷ ᠲᠠᠷᠢᠬᠤ ᠪᠤᠯᠵᠠᠢ ᠂ ᠪᠢᠳᠡᠡ ᠤ᠋ ᠲᠥᠮᠥᠰᠥ ᠨᠡᠯᠢᠶᠡᠳ ᠦᠨᠳᠤᠷ ᠦᠨ᠎ᠡ ᠳ᠋ᠤ ᠬᠦᠷᠴᠤ ᠪᠤᠢ᠂ ᠵᠠᠬ᠎ᠠ ᠳᠡᠯᠭᠡᠭᠦᠷ ᠤ᠋ᠨ ᠦᠨ᠎ᠠ ᠬᠠᠩᠰᠢ ᠬᠤᠪᠢᠷᠠᠯᠳᠠ ᠶᠡᠬᠡᠳᠠᠢ ᠴᠤ᠌ ᠪᠢᠳᠡ ᠪᠡᠯᠡ ᠪᠠᠨ ᠪᠠᠲᠤᠯᠠᠵᠤ ᠴᠢᠳᠠᠨ᠎ᠠ ᠁︾ ᠬᠡᠵᠤ ᠤᠯᠠᠭᠠᠨᠴᠠᠪ ᠬᠤᠳᠠ ᠶ᠋ᠢᠨ ᠱᠠᠩᠳᠤ ᠰᠢᠶᠠᠨ ᠤ᠋ ᠰᠠᠨ ᠳ᠋ᠠ ᠴᠢᠩ ᠰᠢᠶᠠᠩ ᠤ᠋ᠨ ᠰᠠᠨ ᠬᠤ᠌ ᠳ᠋ᠢ ᠲᠣᠰᠬᠣᠨ ᠤ᠋ ᠸᠠᠩ ᠵᠢᠶᠠᠨ ᠸᠧᠢ ᠲᠠᠷᠢᠮᠠᠯ ᠤ᠋ᠨ ᠦᠢᠯᠡᠰ ᠤ᠋ᠨ ᠲᠤᠰᠬᠠᠢ ᠬᠤᠷᠰᠢᠶ᠎ᠠ ᠶ᠋ᠢᠨ ᠬᠡᠰᠢᠬᠦᠨ ᠭᠤᠤ ᠮᠢᠡᠭ ᠵᠠᠬᠢᠶᠠᠯᠠᠭ᠎ᠠ ᠵᠢᠨ ᠲᠠᠷᠢᠶᠠᠯᠠᠡᠭ ᠤ᠋ᠨ ᠰᠠᠢ᠌ᠨ ᠲᠠᠯ᠎ᠠ ᠵᠢᠨ ᠲᠤᠬᠠᠢ ᠶᠠᠷᠢᠬᠤ ᠪᠡᠷ ᠵᠢᠭᠠᠬᠠᠨ ᠰᠡᠳᠬᠢᠯ ᠳᠤᠭᠳᠤᠯᠵᠤ ᠪᠠᠢᠯ᠎ᠠ᠃

ᠱᠠᠩᠳᠤ ᠰᠢᠶᠠᠨ ᠳ᠋ᠤ᠂ ᠭᠤᠤ ᠮᠢᠩ ᠠᠳᠠᠯᠢ ᠲᠥᠮᠥᠰᠥ ᠡᠴᠡ ᠠᠰᠢᠭ ᠬᠦᠷᠲᠡᠵᠤ ᠪᠠᠢᠭ᠎ᠠ ᠲᠠᠷᠢᠶᠠᠴᠢᠨ 5.7 ᠲᠦᠮᠡ ᠪᠠᠢᠵᠤ ᠂ ᠲᠥᠮᠥᠰᠥᠨ ᠤ᠋ ᠠᠵᠤ ᠤᠢᠯᠡᠰ ᠢ᠋ ᠳᠡᠳᠬᠦᠨ ᠬᠦᠭᠵᠢᠭᠦᠯᠬᠦ ᠪᠤᠯ ᠲᠤᠰ ᠰᠢᠶᠠᠨ ᠤ᠋ ᠠᠷᠠᠳ ᠤ᠋ᠨ ᠰᠡᠳᠬᠢᠯ ᠢ᠋ ᠬᠠᠮᠤᠭ ᠡᠴᠡ ᠢᠯᠡᠭᠦᠦ ᠣᠯᠤᠭᠰᠠᠨ ᠠᠷᠠᠳ ᠲᠤ᠌ ᠠᠰᠢᠭ ᠬᠦᠷᠲᠡᠭᠡᠬᠦ᠌ ᠢᠨᠵᠧᠨᠧᠷᠢᠩ ᠪᠤᠯᠤᠨ᠎ᠠ᠃
ᠵᠤᠨ ᠤ᠋ ᠤᠯᠠᠷᠢᠯ ᠤ᠋ᠨ ᠱᠠᠩᠳᠤ ᠨᠤᠳᠤᠭ ᠲᠤ᠌ ᠂ ᠡᠪᠡᠰᠤ ᠮᠤᠳᠤ ᠬᠦᠬᠡᠷᠡᠨ ᠨᠤᠭᠤᠭᠠᠷᠠᠵᠤ ᠂ ᠦᠡᠭᠭᠡ ᠵᠢᠨ ᠴᠡᠴᠡᠭ ᠲᠡᠯᠭᠡᠷᠡᠨ ᠠᠮᠢ ᠠᠮᠢᠵᠢᠷᠠᠯ ᠶ᠋ᠢᠡᠷ ᠪᠢᠯᠬᠠᠨ᠎ᠠ ᠃ ᠰᠤᠷᠪᠤᠯᠵᠢᠯᠠᠭᠴᠢ ᠤᠢᠷ᠎ᠠ ᠳ᠋ᠤ ᠱᠠᠩᠳᠤ ᠰᠢᠶᠠᠨ ᠤ᠋ ᠰᠠᠨ ᠳ᠋ᠠ ᠴᠢᠩ ᠰᠢᠶᠠᠩ ᠤ᠋ᠨ ᠰᠠᠨ ᠬᠤ᠌ ᠳ᠋ᠢ ᠲᠣᠰᠬᠣᠨ ᠤ᠋ ᠸᠠᠩ ᠵᠢᠶᠠᠨ ᠸᠧᠢ ᠲᠠᠷᠢᠮᠠᠯ ᠤ᠋ᠨ ᠦᠢᠯᠡᠰ ᠤ᠋ᠨ ᠲᠤᠰᠬᠠᠢ ᠬᠤᠷᠰᠢᠶ᠎ᠠ ᠵᠢᠨ ᠲᠥᠮᠥᠰᠥ᠍ ᠲᠠᠷᠢᠬᠤ ᠰᠠᠭᠤᠷᠢᠨ ᠳ᠋ᠤ ᠬᠦᠷᠬᠦ ᠳ᠋ᠤ ᠂ ᠲᠠᠷᠢᠶᠠᠨ ᠵᠤᠷᠬ᠎ᠠ ᠠᠯᠤᠰ ᠬᠤᠯᠠ ᠵᠦᠭ ᠦᠵᠦᠭᠦᠷ ᠬᠢᠵᠠᠭᠠᠷ ᠨᠢ ᠬᠠᠷᠠᠬᠳᠠᠬᠤ ᠦᠭᠡᠢ ᠰᠤᠨᠵᠢᠷᠠᠨ ᠦᠷᠭᠦᠯᠵᠢᠯᠡᠵᠦ ᠂ ᠲᠠᠷᠢᠶᠠᠨ ᠲᠠᠯᠠᠡᠭ ᠵᠢᠡᠷ ᠪᠤᠳᠠ ᠪᠤᠳᠠ ᠲᠥᠮᠥᠰᠥ ᠨᠠᠪᠴᠢ ᠨᠠᠮᠠᠭ᠎ᠠ ᠨᠢ ᠰᠠᠬᠤᠯᠢᠭ ᠢᠳᠡᠷᠡᠬᠦᠨ ᠤᠷᠭᠤᠵᠤ ᠂ ᠲᠠᠷᠢᠶᠠᠨ ᠲᠤᠳᠤᠷ᠎ᠠ ᠳᠤᠮᠳᠠ ᠶ᠋ᠢᠨ ᠪᠡᠶ᠎ᠡ ᠲᠡᠶ ᠂ ᠨᠠᠷᠠ ᠰᠠᠯᠬᠢᠨ ᠳ᠋ᠤ ᠬᠠᠷᠠᠯᠠᠵᠤ ᠪᠤᠷᠤᠯᠠᠭᠰᠠᠨ ᠴᠢᠷᠠᠶ ᠲᠠᠢ ᠳᠤᠷᠠᠩᠬᠠᠢᠪᠳᠤᠷ ᠨᠢᠭᠡᠨ ᠬᠥᠮᠦᠨ ᠲᠥᠮᠥᠰᠥᠨ ᠤ᠋ ᠤᠷᠭᠤᠯᠲᠠᠶᠢ ᠪᠠᠢᠴᠠᠭᠠᠨ ᠦᠵᠡᠵᠦ ᠪᠠᠢᠯ᠎ᠠ ᠃ ᠡᠨᠡ ᠬᠦᠮᠦᠨ ᠪᠤᠯ ᠳᠠᠷᠤᠢ ᠭᠤᠤ ᠮᠢᠡᠭ ᠪᠠᠢᠵᠤ᠂ ᠤᠢᠷ᠎ᠠ ᠵᠢᠨ ᠡᠳᠦᠷ ᠤ᠋ᠳ ᠲᠤ᠌ ᠲᠡᠷᠡ ᠪᠡᠷ ᠲᠥᠮᠥᠰᠥᠨ ᠤ᠋ ᠲᠠᠷᠢᠶ᠎ᠠ ᠶ᠋ᠢᠨ ᠬᠠᠮᠢᠶᠠᠷᠤᠯᠲᠠ ᠵᠢᠨ ᠠᠵᠢᠯ ᠳ᠋ᠤ ᠡᠷᠳᠡᠯᠡᠵᠦ ᠤᠷᠤᠢᠯᠠᠨ ᠮᠤᠡᠭᠭᠠᠨᠢᠵᠤ ᠪᠠᠢᠨ᠎ᠠ᠃
《 ᠲᠠ ᠦᠵᠡ ᠡ ᠂ ᠡᠨᠡ ᠲᠥᠮᠥᠰᠥ᠍ ᠬᠡᠳᠦᠢ ᠰᠠᠶ᠋ᠢᠬᠠᠨ ᠣᠷᠭᠣᠭᠰᠠᠨ ᠪᠤᠢ᠂ ᠡᠨᠡ ᠵᠢᠯ ᠪᠠᠶ᠋ᠢᠭᠠᠯᠢ ᠶ᠋ᠢᠨ ᠭᠠᠮᠰᠢᠭ ᠦᠭᠡᠢ ᠪᠣᠯ ᠯᠠᠪ ᠡᠯᠪᠡᠭ ᠬᠤᠷᠢᠶᠠᠯᠲᠠ ᠤᠯᠵᠤ ᠠᠰᠢᠭ ᠤᠷᠤᠯᠭ᠎ᠠ ᠨᠡᠮᠡᠭᠳᠡᠨ᠎ᠠ ᠳ᠋ᠠ!》 ᠭᠡᠵᠦ᠍ ᠭᠤᠤ ᠮᠢᠡᠭ ᠢᠳᠡᠭᠡᠯ ᠲᠡᠭᠦᠯᠳᠡᠷ ᠶᠠᠷᠢᠪᠠ᠃
ᠭᠤᠤ ᠮᠢᠩ ᠦ᠋ᠨ ᠡᠢᠨ ᠬᠦ᠌ ᠢᠲᠡᠭᠡᠯ ᠨᠢ ᠭᠣᠣᠯᠳᠠᠭᠤ ᠳᠡᠳᠡᠨ ᠤ᠋ ᠬᠢᠨ ᠥᠪᠥᠷ ᠮᠣᠩᠭᠣᠯ ᠤ᠋ᠨ ᠹᠦ᠋ ᠵᠢᠩ ᠲᠠᠩ ᠲᠥᠮᠥᠰᠥ ᠵᠢᠨ ᠠᠵᠤ ᠦᠢᠯᠡᠰ ᠦ᠋ᠨ ᠪᠦᠯᠦᠭᠯᠡᠯ ᠺᠣᠮᠫᠠᠨᠢ ᠲᠠᠶ ᠵᠠᠬᠢᠶᠠᠯᠠᠭ᠎ᠠ ᠪᠡᠷ ᠲᠦᠮᠦᠰᠦ ᠲᠠᠷᠢᠬᠤ ᠭᠡᠷ᠎ᠡ ᠳᠤᠭᠳᠠᠭᠰᠠᠨ ᠡᠴᠡ ᠪᠤᠯᠤᠭᠰᠠᠨ ᠠᠵᠢ᠃
《ᠮᠠᠨ ᠤ᠋ ᠲᠤᠰᠬᠠᠢ ᠬᠣᠷᠰᠢᠶ᠎ᠠ 2011 ᠣᠨ ᠳ᠋ᠤ ᠪᠠᠶ᠋ᠢᠭᠤᠯᠤᠭᠳᠠᠵᠤ᠂ 7 ᠭᠡᠰᠢᠭᠦᠨ ᠲᠡᠶ᠂ ᠨᠡᠶ᠋ᠢᠲᠡ 1830 ᠮᠥ᠍ ᠲᠠᠷᠢᠶᠠᠨ ᠭᠠᠵᠠᠷ ᠲᠠᠢ᠂ ᠭᠤᠤᠯᠳᠠᠭᠤ ᠲᠥᠮᠥᠰᠥ᠍᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠶ᠋ᠢ ᠳᠠᠷᠢᠵᠤ ᠪᠠᠶ᠋ᠢᠨ᠎ᠠ᠃ ᠪᠢᠳᠡ 2023 ᠣᠨ ᠡᠴᠡ ᠡᠬᠢᠯᠡᠨ ᠥᠪᠥᠷ ᠮᠣᠩᠭᠣᠯ ᠤ᠋ᠨ ᠹᠦ᠋ ᠵᠢᠩ ᠲᠠᠩ ᠲᠥᠮᠥᠰᠤ ᠵᠢᠨ ᠠᠵᠤ ᠦᠢᠯᠡᠰ ᠦ᠋ᠨ ᠪᠦᠯᠦᠭᠯᠡᠯ ᠺᠣᠮᠫᠠᠨᠢ ᠲᠠᠢ ᠵᠠᠬᠢᠶᠠᠯᠠᠭ᠎ᠠ ᠪᠡᠷ ᠲᠦᠮᠦᠰᠦ ᠲᠠᠷᠢᠬᠤ ᠭᠡᠷ᠎ᠡ ᠲᠣᠭᠳᠠᠵᠠᠢ᠃ ᠲᠤᠬᠠᠶ ᠶ᠋ᠢᠨ ᠵᠢᠯ ᠳ᠋ᠤ ᠪᠢ 100 ᠮᠦ᠍ ᠲᠥᠮᠥᠰᠥ᠍ ᠲᠠᠷᠢᠵᠤ᠂ 61 ᠲᠦᠮᠡᠨ ᠲᠥᠭᠥᠷᠢᠭ ᠤ᠋ᠨ ᠤᠷᠤᠯᠭ᠎ᠠ ᠤᠯᠤᠭᠰᠠᠨ ᠶᠤᠮ᠃ ᠠᠵᠤ ᠠᠬᠤᠢᠯᠠᠯ ᠲᠠᠢ ᠭᠡᠷ᠎ᠡ ᠲᠣᠭᠲᠠᠭᠰᠠᠨ ᠶ᠋ᠢᠡᠷ ᠳᠡᠳᠡ ᠪᠢᠳᠡᠨ ᠢ᠋ ᠬᠠᠪᠰᠤᠷᠤᠨ ᠰᠢᠯᠢᠳᠡᠭ ᠰᠠᠢᠨ ᠡᠭᠦᠯᠳᠡᠷ ᠢ᠋ ᠰᠣᠩᠭᠣᠵᠤ ᠦᠭᠭᠦᠭᠡᠳ᠂ ᠳᠠᠬᠢᠨ ᠥᠨᠳᠥᠷ ᠦᠨ᠎ᠡ ᠪᠡᠷ ᠲᠥᠮᠥᠰᠥ ᠶ᠋ᠢ ᠬᠤᠳᠠᠯᠳᠤᠨ ᠠᠪᠳᠠᠭ᠃ 2024 ᠤᠨ ᠪᠠ 2025 ᠤᠨ ᠳ᠋ᠤ᠂ ᠮᠠᠨ ᠤ᠋ ᠡᠨᠳᠡ ᠬᠣᠶᠠᠷ ᠵᠢᠯ ᠳᠠᠷᠠᠭᠠᠯᠠᠨ ᠦᠷᠭᠦᠯᠵᠢᠯᠡᠭᠰᠡᠨ ᠪᠣᠷᠣᠭᠠᠨ ᠲᠠᠶ ᠴᠠᠭ ᠠᠭᠤᠷ ᠢᠯᠡᠷᠡᠭᠰᠡᠨ ᠡᠴᠡ ᠲᠥᠮᠥᠰᠥ᠍ ᠶ᠋ᠢᠨ ᠲᠠᠷᠢᠶ᠎ᠠ ᠤᠰᠤᠳᠤᠵᠤ᠂ ᠤᠨᠠᠯᠲᠠ ᠬᠠᠰᠤᠭᠳᠠᠵᠠᠢ᠃ ᠭᠡᠪᠡᠴᠤ ᠠᠵᠤ ᠠᠬᠤᠢᠯᠠᠯ ᠵᠠᠬᠢᠶᠠᠯᠠᠭ᠎ᠠ ᠵᠢᠨ ᠬᠡᠷ᠎ᠠ ᠶᠤᠰᠤ ᠪᠡᠷ ᠲᠦᠮᠦᠰᠤ ᠵᠢ ᠥᠨᠳᠥᠷ ᠦᠨ᠎ᠡ ᠪᠡᠷ ᠬᠤᠳᠠᠯᠳᠤᠨ ᠠᠪᠤᠭᠰᠠᠨ ᠲᠤᠯᠠ ᠪᠢᠳᠡ ᠪᠡᠯᠡ ᠪᠡᠨ ᠪᠠᠲᠤᠯᠠᠵᠤ ᠴᠢᠳᠠᠯ᠎ᠠ ᠃ ᠡᠨᠡ ᠵᠢᠯ ᠮᠠᠨ ᠤ᠋ ᠲᠤᠰᠬᠠᠢ ᠬᠣᠷᠰᠢᠶ᠎ᠠ ᠪᠠᠰᠠ ᠥᠪᠥᠷ ᠮᠣᠩᠭᠣᠯ ᠤ᠋ᠨ ᠹᠦ᠋ ᠵᠢᠩ ᠲᠠᠩ ᠲᠥᠮᠥᠰᠥ ᠵᠢᠨ ᠠᠵᠤ ᠤᠢᠯᠡᠰ ᠦ᠋ᠨ ᠪᠦᠯᠦᠭᠯᠡᠯ ᠺᠣᠮᠫᠠᠨᠢ ᠲᠠᠶ 800 ᠮᠥ᠍ ᠶ᠋ᠢᠨ ᠲᠥᠮᠥᠰᠥ᠍ ᠶ᠋ᠢ ᠵᠠᠬᠢᠶᠠᠯᠠᠭ᠎ᠠ ᠪᠡᠷ ᠳᠠᠷᠢᠬᠤ ᠭᠡᠷ᠎ᠠ ᠲᠣᠭᠲᠠᠵᠠᠢ 》 ᠬᠡᠵᠤ ᠭᠤᠤ ᠮᠢᠩ ᠲᠠᠨᠢᠯᠴᠠᠭᠤᠯᠤᠨ᠎ᠠ᠃
ᠱᠠᠩᠳᠤ ᠰᠢᠶᠠᠨ ᠤ᠋ ᠪᠤᠷᠤ ᠬᠤᠵᠢᠷ ᠰᠢᠶᠠᠩ ᠤ᠋ᠨ ᠪᠤᠷᠤ ᠬᠤᠵᠢᠷ ᠲᠣᠰᠬᠣᠨ ᠤ᠋ ᠼᠦᠢ ᡁᠢ ᠭᠠᠩ ᠪᠠᠰᠠ ᠵᠠᠬᠢᠶᠠᠯᠠᠭ᠎ᠠ ᠶ᠋ᠢᠨ ᠲᠠᠷᠢᠶᠠᠯᠠᠡᠭ ᠤ᠋ᠨ ᠠᠰᠢᠭ ᠬᠦᠷᠲᠡᠭᠴᠢ ᠪᠣᠯᠤᠨ᠎ᠠ ᠃ 《 ᠮᠠᠨ ᠤ᠋ ᠬᠢ 2020 ᠣᠨ ᠡᠴᠡ ᠲᠦᠮᠦᠰᠦ ᠶ᠋ᠢ ᠬᠡᠪᠴᠢᠶᠠᠵᠢᠭᠦᠯᠦᠨ ᠲᠠᠷᠢᠵᠤ ᠡᠬᠢᠯᠡᠵᠦ᠂ 2023 ᠣᠨ ᠳ᠋ᠤ ᠥᠪᠥᠷ ᠮᠣᠩᠭᠣᠯ ᠤ᠋ᠨ ᠹᠦ᠋ ᠵᠢᠩ ᠲᠠᠩ ᠲᠥᠮᠥᠰᠥ ᠶ᠋ᠢᠨ ᠠᠵᠤ ᠤᠢᠯᠡᠰ ᠦ᠋ᠨ ᠪᠦᠯᠦᠭᠯᠡᠯ ᠺᠣᠮᠫᠠᠨᠢ ᠲᠠᠶ ᠵᠠᠬᠢᠶᠠᠯᠠᠭ᠎ᠠ ᠶ᠋ᠢᠨ ᠭᠡᠷ᠎ᠡ ᠲᠣᠭᠲᠠᠵᠠᠢ᠃ ᠵᠠᠬᠢᠶᠠᠯᠠᠭ᠎ᠠ ᠶ᠋ᠢᠨ ᠲᠦᠮᠦᠰᠦ ᠶ᠋ᠢᠨ ᠪᠣᠷᠣᠯᠠᠭᠤᠯᠭ᠎ᠠ ᠵᠢᠨ ᠦᠨ᠎ᠡ ᠨᠢ ᠬᠠᠷᠢᠴᠠᠩᠭᠤᠢ ᠥᠨᠳᠥᠷ ᠪᠦᠭᠡᠳ ᠠᠨᠠᠢ ᠤᠷᠭᠤᠭᠰᠠᠨ ᠵᠢᠵᠢᠭᠬᠡᠨ ᠲᠥᠮᠥᠰᠥ ᠶ᠋ᠢ ᠴᠤ᠌ ᠦᠨᠳᠤᠷ ᠦᠨ᠎ᠡ ᠪᠡᠷ ᠠᠪᠴᠤ᠂ ᠠᠰᠢᠭ ᠣᠯᠵᠠᠪᠤᠷᠢ ᠦᠨᠳᠦᠷ ᠪᠠᠢᠳᠠᠭ᠃ 2025 ᠣᠨ ᠳ᠋ᠤ ᠮᠠᠨ ᠤ᠋ ᠵᠠᠬᠢᠶᠠᠯᠠᠭ᠎ᠠ ᠪᠡᠷ ᠲᠠᠷᠢᠭᠰᠠᠨ ᠲᠥᠮᠥᠰᠥ ᠶ᠋ᠢᠨ ᠮᠥ᠍ ᠨᠢᠭᠡᠴᠢ ᠶ᠋ᠢᠨ ᠣᠷᠣᠯᠭ᠎ᠠ 4000 ᠭᠠᠷᠤᠶ ᠲᠥᠭᠥᠷᠢᠭ ᠲᠦ᠍ ᠬᠦᠷᠴᠦ᠍᠂ ᠡᠨᠡ ᠵᠢᠯ ᠮᠠᠨ ᠤ᠋ ᠬᠢ ᠪᠠᠰᠠ 600 ᠮᠥ᠍ ᠤᠷᠴᠢᠮ ᠲᠥᠮᠥᠰᠥ᠍ ᠶ᠋ᠢ ᠵᠠᠬᠢᠶᠠᠯᠠᠭ᠎ᠠ ᠪᠡᠷ ᠳᠠᠷᠢᠵᠠᠢ 》 ᠬᠡᠵᠤ ᠲᠡᠷᠡ ᠪᠡᠷ ᠶᠠᠷᠢᠪᠠ᠃
ᠶᠠᠮᠠᠷ ᠨᠢᠭᠡᠨ ᠠᠵᠤ ᠦᠢᠯᠡᠰ ᠢ᠋ ᠰᠠᠶ᠋ᠢᠲᠤᠷ ᠬᠦᠭᠵᠢᠭᠦᠯᠬᠦ ᠳ᠋ᠤ ᠳᠠᠭᠠᠭᠤᠯᠤᠭᠴᠢ ᠠᠵᠤ ᠠᠬᠤᠶ᠋ᠢᠯᠠᠯ ᠴᠢᠬᠤᠯᠠ ᠦᠢᠯᠡᠳᠤᠯ ᠦᠵᠡᠭᠦᠯᠳᠡᠭ᠃ 2022 ᠣᠨ ᠳ᠋ᠤ᠂ ᠱᠠᠩᠳᠤ ᠰᠢᠶᠠᠨ ᠱᠠᠩᠬᠠᠢ ᠶ᠋ᠢᠨ ᠹᠦ᠋ ᠵᠢᠩ ᠲᠠᠩ ᠲᠠᠷᠢᠶᠠᠯᠠᠩ ᠤ᠋ᠨ ᠦᠢᠯᠡᠰ ᠤ᠋ᠨ ᠪᠦᠯᠦᠭᠯᠡᠯ ᠺᠣᠮᠫᠠᠨᠢ ᠶ᠋ᠢ ᠣᠷᠣᠭᠤᠯᠤᠨ ᠠᠪᠴᠢᠷᠠᠵᠤ᠂ ᠥᠪᠥᠷ ᠮᠣᠩᠭᠣᠯ ᠤ᠋ᠨ ᠹᠦ᠋ ᠵᠢᠩ ᠲᠠᠩ ᠲᠥᠮᠥᠰᠥ ᠶ᠋ᠢᠨ ᠠᠵᠤ ᠦᠢᠯᠡᠰ ᠦ᠋ᠨ ᠪᠦᠯᠦᠭᠯᠡᠯ ᠺᠣᠮᠫᠠᠨᠢᠶᠢ ᠪᠠᠶ᠋ᠢᠭᠤᠯᠪᠠ᠃
《 ᠪᠢᠳᠡ 2023 ᠣᠨ ᠡᠴᠡ ᠵᠠᠬᠢᠶᠠᠯᠠᠭ᠎ᠠ ᠵᠢᠨ ᠲᠠᠷᠢᠶᠠᠯᠠᠡᠭ ᠤ᠋ᠨ ᠵᠠᠭᠪᠤᠷ ᠢ᠋ ᠬᠡᠷᠡᠭᠵᠢᠭᠦᠯᠵᠦ᠍ ᠡᠬᠢᠯᠡᠨ᠂ ᠲᠤᠬᠠᠶ ᠶ᠋ᠢᠨ ᠵᠢᠯ ᠳ᠋ᠤ ᠣᠶ᠋ᠢᠷ᠎ᠠ ᠬᠠᠪᠢ ᠶ᠋ᠢᠨ ᠬᠣᠰᠢᠭᠤ ᠰᠢᠶᠠᠨ ᠤ᠋ ᠲᠠᠷᠢᠶᠠᠯᠠᠬᠤ ᠡᠷᠦᠬᠡ ᠲᠡᠶ 17 ᠲᠦᠮᠡᠨ ᠮᠥ᠍ ᠶ᠋ᠢᠨ ᠲᠦᠮᠦᠰᠦ ᠲᠠᠷᠢᠬᠤ ᠵᠠᠬᠢᠶᠠᠯᠠᠭ᠎ᠠ ᠶ᠋ᠢᠨ ᠭᠡᠷ᠎ᠡ ᠲᠣᠭᠲᠠᠵᠤ᠂ ᠡᠭᠦᠨ ᠳ᠋ᠤ ᠱᠠᠩᠳᠤ ᠰᠢᠶᠠᠨ ᠲᠠᠢ 10 ᠲᠦᠮᠡᠨ ᠮᠥ᠍ ᠵᠢᠨ ᠭᠡᠷ᠎ᠡ ᠲᠣᠭᠲᠠᠪᠠ᠃ ᠵᠠᠬ᠎ᠠ ᠲᠡᠯᠭᠡᠭᠦᠷ ᠤ᠋ᠨ ᠬᠠᠮᠤᠭ ᠤ᠋ᠨ ᠦᠨᠳᠤᠷ ᠦᠨ᠎ᠠ ᠪᠡᠷ ᠪᠠᠷᠢᠮᠵᠢᠶ᠎ᠠ ᠪᠤᠯᠭᠠᠨ ᠬᠠᠮᠠᠭᠠᠯᠠᠯᠲᠠ ᠶ᠋ᠢᠨ ᠦᠨ᠎ᠡ ᠲᠣᠭᠲᠠᠭᠠᠨ᠂ ᠭᠡᠷ᠎ᠡ ᠲᠣᠭᠲᠠᠭᠰᠠᠨ ᠪᠤᠶ ᠪᠦᠬᠦᠢ ᠲᠠᠷᠢᠮᠠᠯ ᠤ᠋ᠨ ᠡᠷᠦᠬᠡ ᠶ᠋ᠢᠨ ᠲᠥᠮᠥᠰᠥ ᠶ᠋ᠢ ᠴᠥᠮ ᠵᠠᠬ᠎ᠠ ᠳᠡᠯᠭᠡᠭᠦᠷ ᠦ᠋ᠨ ᠬᠠᠮᠠᠭᠠᠯᠠᠯᠲᠠ ᠶ᠋ᠢᠨ ᠦᠨ᠎ᠡ ᠪᠡᠷ ᠬᠤᠳᠠᠯᠳᠤᠨ ᠠᠪᠴᠤ᠌᠂ ᠲᠠᠷᠢᠶᠠᠯᠠᠬᠤ ᠡᠷᠦᠬᠡ ᠲᠥᠮᠥᠰᠥ ᠪᠡᠨ ᠦᠨᠳᠤᠷ ᠦᠨ᠎ᠡ ᠪᠡᠷ ᠬᠤᠳᠠᠯᠳᠤᠬᠤ ᠳ᠋ᠤ ᠪᠠᠳᠤᠯᠠᠭ᠎ᠠ ᠬᠠᠡᠭᠭᠠᠵᠠᠢ ᠃ ᠮᠠᠨ ᠤ᠋ ᠺᠣᠮᠫᠠᠨᠢ ᠤᠳᠤᠬᠠᠨ ᠳ᠋ᠤ ᠵᠢᠯ ᠦ᠋ᠨ 10 ᠲᠦᠮᠡᠨ ᠲᠣᠨ ᠣᠷᠴᠢᠮ ᠴᠠᠷᠳᠠᠭᠤᠯ ᠤᠢᠯᠡᠳᠪᠤᠷᠢᠯᠡᠬᠦ ᠴᠢᠳᠠᠪᠤᠷᠢ ᠲᠠᠢ ᠪᠠᠢᠵᠤ᠂ 3 ᠵᠤᠷᠪᠤᠰ ᠤᠢᠯᠡᠳᠪᠤᠷᠢᠯᠡᠯ ᠦ᠋ᠨ ᠱᠤᠭᠤᠮ ᠴᠠᠭ ᠪᠦᠷᠢ 240 ᠲᠣᠨ ᠲᠦᠮᠦᠰᠦ ᠶ᠋ᠢ ᠪᠤᠯᠪᠠᠰᠤᠷᠠᠭᠤᠯᠵᠤ ᠳᠡᠢᠯᠵᠦ᠂ ᠵᠢᠯ ᠤ᠋ᠨ 80 ᠲᠦᠮᠡᠨ ᠳᠤᠨ ᠡᠴᠡ 120 ᠲᠦᠮᠡᠨ ᠲᠣᠨ ᠲᠦᠮᠦᠰᠦ ᠱᠠᠭᠠᠷᠳᠠᠨ᠎ᠠ ᠃ ᠡᠨᠡ ᠵᠢᠯ ᠪᠢᠳᠡ 5000 ᠭᠠᠷᠤᠢ ᠲᠠᠷᠢᠶᠠᠯᠠᠬᠤ ᠡᠷᠤᠬᠡ ᠳ᠋ᠤ ᠬᠤᠯᠪᠤᠭᠳᠠᠬᠤ 5 ᠲᠦᠮᠡᠨ ᠮᠥ᠍ ᠶ᠋ᠢᠨ ᠲᠥᠮᠥᠰᠥ᠍ ᠳᠠᠷᠢᠬᠤ ᠵᠠᠬᠢᠶᠠᠯᠠᠭ᠎ᠠ ᠶ᠋ᠢᠨ ᠭᠡᠷ᠎ᠠ ᠲᠣᠭᠲᠠᠵᠠᠢ 》 ᠬᠡᠵᠤ ᠹᠦ᠋ ᠵᠢᠩ ᠲᠠᠩ ᠺᠤᠮᠫᠠᠨᠢ ᠶ᠋ᠢᠨ ᠱᠠᠩᠳᠤ ᠰᠢᠶᠠᠨ ᠳ᠋ᠡᠬᠢ ᠤᠢᠯᠡᠳᠪᠤᠷᠢ ᠶ᠋ᠢᠨ ᠳᠠᠷᠤᠭ᠎ᠠ ᠰᠤ᠌ ᠴᠢᠶᠠᠩ ᠲᠠᠨᠢᠯᠴᠠᠭᠤᠯᠤᠨ᠎ᠠ᠃
ᠣᠶ᠋ᠢᠯᠠᠭᠠᠭᠰᠠᠨ ᠶ᠋ᠢᠡᠷ᠂ ᠱᠠᠩᠳᠤ ᠰᠢᠶᠠᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ᠂ ᠲᠥᠮᠥᠰᠥ ᠶ᠋ᠢᠨ ᠠᠵᠤ ᠤᠢᠯᠡᠰ ᠢ᠋ ᠠᠷᠠᠳ ᠢ᠋ ᠪᠠᠶᠠᠵᠢᠭᠤᠯᠤᠨ ᠰᠢᠶᠠᠨ ᠵᠢᠡᠨ ᠬᠦᠴᠦᠷᠬᠡᠭᠵᠢᠭᠦᠯᠬᠦ᠌ ᠭᠤᠤᠯᠯᠠᠬᠤ ᠠᠵᠤ ᠤᠢᠯᠡᠰ ᠪᠣᠯᠭᠠᠵᠤ᠂ ᠡᠭᠦᠯᠳᠡᠷ ᠪᠣᠶ᠋ᠢᠵᠢᠭᠤᠯᠬᠤ᠂ ᠳᠠᠷᠢᠬᠤ᠂ ᠡᠳ᠋ᠰᠢᠭᠦᠯᠦᠨ ᠪᠣᠯᠪᠠᠰᠤᠷᠠᠭᠤᠯᠬᠤ᠂ ᠬᠠᠳᠠᠭᠠᠯᠠᠵᠤ ᠪᠣᠷᠣᠯᠠᠭᠤᠯᠬᠤ᠂ ᠤᠢᠯᠡᠴᠢᠯᠡᠭᠡ ᠬᠠᠩᠭᠠᠬᠤ ᠲᠠᠪᠤᠶᠢ ᠨᠢᠭᠡ ᠴᠣᠭᠴᠠᠵᠢᠭᠤᠯᠤᠭᠰᠠᠨ ᠪᠥᠬᠥ᠌ ᠠᠵᠤ ᠤᠢᠯᠡᠰ ᠦ᠋ᠨ ᠬᠡᠯᠬᠢᠶ᠎ᠡ ᠶ᠋ᠢᠨ ᠰᠢᠰᠲ᠋ᠧᠮ ᠢ᠋ ᠪᠠᠶ᠋ᠢᠭᠤᠯᠬᠤ ᠪᠠᠷ ᠳᠠᠮᠵᠢᠭᠤᠯᠤᠨ᠂ ᠪᠥᠬᠥ᠌ ᠰᠢᠶᠠᠨ ᠤ᠋ 36% ᠡᠴᠡ ᠲᠡᠭᠡᠭᠰᠢᠬᠢ ᠠᠵᠢᠯ ᠤ᠋ᠨ ᠪᠠᠶ᠋ᠢᠷᠢ ᠶ᠋ᠢ ᠡᠭᠦᠳᠴᠦ᠍᠂ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠨᠡᠮᠡᠭᠳᠡᠭᠦᠯᠬᠦ᠌ ᠴᠢᠬᠤᠯᠠ ᠬᠥᠳᠡᠯᠭᠡᠭᠦᠷ ᠢ᠋ ᠴᠤᠭᠴᠠᠯᠠᠵᠠᠢ᠃ ᠬᠡᠪᠴᠢᠶᠡᠵᠢᠭᠦᠯᠦᠨ ᠳᠠᠷᠢᠬᠤ ᠲᠠᠯ᠎ᠠ ᠪᠡᠷ᠂ ᠤᠳᠤ ᠪᠦᠬᠦ ᠰᠢᠶᠠᠨ ᠤ᠋ ᠲᠥᠮᠥᠰᠥ᠍ ᠳᠠᠷᠢᠬᠤ ᠲᠠᠯᠠᠪᠠᠶ ᠨᠢ 20.5 ᠲᠦᠮᠡᠨ ᠮᠤ᠌ ᠳ᠋ᠤ ᠬᠦᠷᠴᠤ᠂ 15 ᠲᠦᠮᠡᠨ ᠮᠥ᠍ ᠶ᠋ᠢᠨ ᠪᠣᠬᠢᠷᠲᠤᠯ ᠥᠬᠡᠶ ᠥᠨᠳᠥᠷ ᠤᠨᠠᠯᠲᠠᠳᠤ ᠥᠨᠳᠥᠷ ᠦᠷ᠎ᠡ ᠠᠰᠢᠭᠲᠤ᠌ ᠵᠢᠱ᠌ᠢᠶ᠎ᠡ ᠦᠵᠡᠭᠦᠯᠬᠦ᠌ ᠲᠠᠷᠢᠶ᠎ᠠ ᠶ᠋ᠢ ᠪᠥᠲᠥᠭᠡᠨ ᠪᠠᠶ᠋ᠢᠭᠤᠯᠪᠠ᠃ ᠲᠤᠰ ᠰᠢᠶᠠᠨ 《ᠰᠠᠭᠤᠷᠢᠨ ᠭᠠᠵᠠᠷ ᠢ᠋ ᠬᠠᠮᠲᠤ ᠪᠠᠷ ᠪᠠᠶ᠋ᠢᠭᠤᠯᠬᠤ + ᠵᠠᠬᠢᠶᠠᠯᠠᠭ᠎ᠠ ᠶ᠋ᠢᠨ ᠲᠠᠷᠢᠶᠠᠯᠠᠩ 》 ᠤ᠋ᠨ ᠵᠠᠭᠪᠤᠷ ᠢ᠋ ᠰᠢᠨ᠎ᠡ ᠶ᠋ᠢ ᠡᠭᠦᠳᠬᠦ ᠴᠢᠨᠠᠷᠳᠠᠢ ᠪᠠᠢᠭᠤᠯᠵᠤ᠂ 《ᠲᠠᠷᠢᠶᠠᠯᠠᠬᠤ ᠡᠷᠦᠬᠡ + ᠲᠤᠰᠬᠠᠢ ᠬᠣᠷᠰᠢᠶ᠎ᠠ + ᠳᠠᠭᠠᠭᠤᠯᠤᠭᠴᠢ ᠠᠵᠤ ᠠᠬᠤᠶ᠋ᠢᠯᠠᠯ 》 ᠤ᠋ᠨ ᠬᠣᠯᠪᠣᠭᠠᠯᠠᠨ ᠬᠥᠳᠡᠯᠦᠯᠴᠡᠬᠦ᠌ ᠲᠣᠭᠲᠠᠴᠠ ᠪᠠᠷ ᠳᠠᠮᠵᠢᠭᠤᠯᠤᠨ᠂ ᠵᠢᠯ ᠪᠦᠷᠢ ᠲᠣᠰᠬᠣᠨ ᠤ᠋ ᠬᠠᠮᠲᠤ ᠶ᠋ᠢᠨ ᠠᠵᠤ ᠠᠬᠤᠶ ᠶ᠋ᠢᠨ ᠣᠷᠣᠯᠭ᠎ᠠ ᠶ᠋ᠢ 297 ᠲᠦᠮᠡᠨ ᠲᠥᠭᠥᠷᠢᠭ ᠲᠣᠭᠲᠠᠭᠤᠨ ᠶ᠋ᠢᠡᠷ ᠨᠡᠮᠡᠭᠳᠡᠭᠦᠯᠵᠦ᠍ ᠂ 5.7 ᠲᠦᠮᠡᠨ ᠲᠠᠷᠢᠶᠠᠴᠢᠨ ᠢ᠋ ᠳᠠᠶ᠋ᠢᠴᠢᠯᠠᠨ ᠣᠷᠣᠯᠭ᠎ᠠ ᠶ᠋ᠢ ᠨᠢ ᠨᠡᠮᠡᠭᠳᠡᠭᠦᠯᠤᠨ᠂ ᠦᠷᠭᠦᠯᠵᠢᠯᠡᠬᠦ ᠬᠦᠭᠵᠢᠯᠳᠡ ᠶ᠋ᠢᠨ ᠣᠷᠳᠣ ᠬᠤᠭᠤᠴᠠᠭᠠᠨ ᠤ᠋ ᠪᠦᠲᠦᠮᠵᠢᠲᠡᠶ ᠳᠤᠭᠳᠠᠴᠠ ᠶ᠋ᠢ ᠪᠦᠷᠢᠯᠳᠦᠭᠦᠯᠦᠭᠰᠡᠨ ᠪᠠᠢᠨ᠎ᠠ᠃ ᠡᠳ᠋ᠰᠢᠭᠦᠯᠤᠨ ᠪᠣᠯᠪᠠᠰᠤᠷᠠᠭᠤᠯᠵᠤ ᠤᠨᠳᠤᠤᠰᠢᠭᠤᠯᠬᠤ ᠶ᠋ᠢ ᠭᠦᠨᠵᠡᠭᠡᠶ᠋ᠢᠷᠡᠭᠦᠯᠬᠦ ᠪᠡᠷ ᠳᠠᠮᠵᠢᠨ᠂ ᠪᠦᠬᠦ᠌ ᠰᠢᠶᠠᠨ ᠳ᠋ᠤ ᠤᠳᠤ ᠵᠢᠯ ᠤ᠋ᠨ 5 ᠲᠦᠮᠡᠨ ᠲᠣᠨ ᠹᠷᠠᠨᠼᠢ ᠮᠠᠶᠢᠭ ᠤ᠋ᠨ ᠲᠥᠮᠥᠰᠥ ᠶ᠋ᠢᠨ ᠵᠦᠰᠦᠮᠡᠭ ᠂ 2 ᠲᠦᠮᠡᠨ ᠲᠣᠨ ᠲᠦᠮᠦᠰᠦ ᠶ᠋ᠢᠨ ᠲᠠᠯᠬ᠎ᠠ᠂ 20 ᠲᠦᠮᠡᠨ ᠲᠣᠨ ᠨᠠᠷᠢᠯᠢᠭ ᠴᠠᠷᠳᠠᠭᠤᠯ ᠢ᠋ ᠦᠢᠯᠡᠳᠪᠤᠷᠢᠯᠡᠵᠦ ᠪᠣᠯᠪᠠᠰᠤᠷᠠᠭᠤᠯᠬᠤ ᠴᠢᠳᠠᠪᠤᠷᠢ ᠶ᠋ᠢ ᠪᠦᠷᠢᠯᠳᠦᠭᠦᠯᠵᠦ᠍᠂ ᠵᠢᠯ ᠤ᠋ᠨ 200 ᠲᠦᠮᠡᠨ ᠲᠣᠨ ᠲᠥᠮᠥᠰᠥ᠍ ᠶ᠋ᠢ ᠡᠳ᠋ᠰᠢᠭᠦᠯᠦᠨ ᠪᠣᠯᠪᠠᠰᠤᠷᠠᠭᠤᠯᠵᠤ᠂ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠨᠢ 80% ᠳ᠋ᠤ ᠬᠦᠷᠴᠤ ᠪᠤᠢ᠃ ᠡᠳ᠋ ᠪᠠᠷᠠᠭᠠᠨ ᠤ᠋ ᠭᠦᠢᠯᠭᠡᠭᠡ ᠶ᠋ᠢᠨ ᠰᠢᠰᠲ᠋ᠧᠮ ᠢ᠋ ᠲᠡᠭᠦᠯᠳᠡᠷᠵᠢᠭᠦᠯᠬᠦ ᠲᠠᠯ᠎ᠠ ᠪᠡᠷ᠂ ᠪᠦᠬᠦ ᠰᠢᠶᠠᠨ ᠳ᠋ᠤ ᠶᠡᠷᠦᠩᠬᠡᠶ ᠪᠠᠭᠲᠠᠭᠠᠮᠵᠢ ᠨᠢ 45 ᠲᠦᠮᠡᠨ ᠲᠣᠨ ᠳ᠋ᠤ ᠬᠦᠷᠬᠦ ᠣᠳᠣᠬᠢᠴᠢᠯᠠᠭᠰᠠᠨ ᠰᠠᠩ ᠬᠦᠮᠦᠷᠭᠡ ᠶ᠋ᠢ ᠪᠠᠶ᠋ᠢᠭᠤᠯᠵᠤ᠂ 10 ᠡᠵᠡᠩᠨᠡᠨ ᠪᠣᠷᠣᠯᠠᠭᠤᠯᠬᠤ ᠨᠡᠶ᠋ᠢᠭᠡᠮᠯᠢᠭ ᠢ᠋ ᠪᠣᠶ᠋ᠢᠵᠢᠭᠤᠯᠤᠨ᠂ ᠡᠯᠧᠺᠲ᠋ᠷᠣᠨ ᠬᠤᠳᠠᠯᠳᠤᠭᠠᠨ ᠤ᠋ ᠰᠢᠭᠤᠳ ᠨᠡᠪᠲᠡᠷᠡᠭᠦᠯᠭᠡ ᠵᠢᠨ ᠰᠠᠭᠤᠷᠢᠨ ᠢ᠋ ᠪᠠᠶ᠋ᠢᠭᠤᠯᠤᠭᠰᠠᠨ ᠪᠠᠢᠨ᠎ᠠ᠃