ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ《ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠢ ᠪᠦᠬᠦ᠌ ᠬᠦᠴᠦ᠎ᠪᠡᠷ᠎ᠢᠶᠡᠨ ᠰᠠᠶ᠋ᠢᠲᠤᠷ ᠬᠢᠬᠦ᠌ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠪᠠ
2026-07-11 10:20:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠢ ᠪᠥᠬᠥ᠌ ᠬᠦᠴᠦ ᠪᠡᠷ᠎ᠢᠶᠡᠨ ᠰᠠᠶ᠋ᠢᠲᠤᠷ ᠬᠢᠬᠦ᠌ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ᠍ ᠳᠦᠭᠦᠮᠴᠢᠯᠡᠨ᠎ᠠ) ᠢ᠋ ᠳᠠᠷᠤᠮᠠᠯᠯᠠᠨ ᠲᠠᠷᠬᠠᠭᠠᠵᠤ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌᠂ ᠠᠶᠤᠯ ᠭᠠᠮᠰᠢᠭ᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠪᠥᠬᠥ᠌ ᠬᠦᠴᠦ ᠪᠡᠷ᠎ᠢᠶᠡᠨ ᠰᠠᠶ᠋ᠢᠲᠤᠷ ᠬᠢᠬᠦ᠌ ᠲᠤᠬᠠᠶ ᠪᠠᠶ᠋ᠢᠷᠢᠯᠠᠭᠤᠯᠤᠯᠲᠠ ᠬᠢᠪᠠ᠃

《ᠮᠡᠳᠡᠭᠳᠡᠯ》 ᠳ᠋ᠤ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠶᠢᠨ ᠬᠢᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠦᠶᠡᠷ ᠤᠰᠤᠲᠤᠯ ᠭᠠᠩ ᠬᠠᠭᠰᠠᠷᠠᠭᠠᠨ᠎ᠤ ᠭᠠᠮᠰᠢᠭ᠎ᠤᠨ ᠬᠡᠲᠦᠷᠡᠮᠡᠬᠡᠢ ᠴᠢᠨᠠᠷ ᠪᠣᠯᠤᠨ ᠨᠠᠷᠢᠨ ᠪᠤᠳᠤᠯᠢᠶᠠᠨᠲᠤ᠌ ᠴᠢᠨᠠᠷ᠎ᠢ ᠭᠦᠨᠵᠡᠭᠡᠢ ᠲᠠᠨᠢᠵᠤ᠂ ᠶᠡᠬᠡ ᠦᠶᠡᠷ᠎ᠢ ᠰᠡᠷᠭᠡᠶ᠋ᠢᠯᠡᠬᠦ᠌᠂ ᠶᠡᠬᠡ ᠭᠠᠩ ᠬᠠᠭᠰᠠᠷᠠᠭᠠᠨ᠎ᠲᠠᠶ ᠲᠡᠮᠡᠴᠡᠬᠦ᠌᠂ ᠴᠢᠩᠭ᠎ᠠ ᠲᠠᠢ᠌ᠹᠸᠩ ᠰᠠᠯᠬᠢ᠎ᠶᠢ ᠰᠡᠷᠭᠡᠶ᠋ᠢᠯᠡᠬᠦ᠌᠎ᠳᠦ ᠰᠠᠭᠤᠷᠢᠯᠠᠵᠤ᠂ ᠬᠣᠷᠢᠭ᠎ᠠ ᠱᠤᠭᠤᠮ᠎ᠤᠨ ᠰᠡᠳᠬᠢᠬᠦᠢ᠂ ᠲᠤᠶ᠋ᠢᠯᠰᠢᠷᠠᠯ᠎ᠤᠨ ᠰᠡᠳᠬᠢᠬᠦᠢ᠎ᠶᠢ ᠪᠠᠲᠤ᠌ ᠪᠤᠢ ᠪᠣᠯᠭᠠᠵᠤ᠂ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠦᠬᠦ᠌ ᠲᠠᠯ᠎ᠠ᠎ᠪᠠᠷ ᠪᠣᠳᠠᠲᠠᠶ᠋ᠢᠵᠢᠭᠤᠯᠬᠤ ᠬᠡᠷᠡᠭᠲᠡᠢ᠃ ᠲᠠᠶ᠋ᠢᠪᠤᠰᠢᠷᠠᠬᠤ ᠦᠵᠡᠯ ᠰᠠᠨᠠᠭ᠎ᠠ ᠪᠠ ᠠᠵᠠ ᠬᠠᠷᠠᠬᠤ ᠪᠣᠳᠣᠯ᠎ᠢ ᠡᠷᠡᠰ ᠲᠡᠪᠴᠢᠵᠦ᠍᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠭᠤᠤᠯ ᠴᠣᠭᠴᠠ᠎ᠶᠢᠨ ᠬᠠᠷᠢᠭᠤᠴᠠᠯᠭ᠎ᠠ᠂ ᠠᠵᠢᠯ ᠲᠥᠷᠥᠯ᠎ᠦᠨ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠪᠤᠳᠠᠳᠠᠢᠵᠢᠭᠤᠯᠵᠦ᠂ ᠬᠣᠯᠪᠣᠭᠳᠠᠯ ᠪᠥᠬᠥᠶ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠎ᠶᠢᠨ ᠭᠤᠤᠯ ᠬᠠᠷᠢᠭᠤᠴᠠᠯᠭᠠᠲᠠᠨ᠎ᠤ ᠦᠶᠡᠷ᠎ᠢ ᠰᠡᠷᠭᠡᠶ᠋ᠢᠯᠡᠵᠦ᠍ ᠠᠮᠤᠷ ᠲᠦᠪᠰᠢᠨ᠎ᠢ ᠪᠠᠲᠤᠯᠠᠬᠤ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠬᠤ ᠬᠡᠷᠡᠭᠳᠠᠢ᠃ ᠡᠯ᠎ᠡ ᠱᠠᠲᠤᠨ᠎ᠤ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠶᠢᠨ᠎ᠬᠢᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠣᠳᠤᠨ ᠲᠣᠬᠢᠷᠠᠭᠤᠯᠬᠤ᠎ᠪᠠᠨ ᠴᠢᠩᠭᠠᠳᠬᠠᠵᠤ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠨᠢᠭᠡᠴᠢ᠎ᠶᠢᠨ᠎ᠬᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠥᠨᠳᠥᠷ ᠪᠦᠲᠦᠮᠵᠢᠲᠡᠶ ᠬᠠᠮᠵᠢᠯᠴᠠᠬᠤ ᠬᠡᠷᠡᠭᠲᠡᠶ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠳᠠᠶ᠋ᠢᠴᠢᠨ ᠪᠡᠬᠢᠯᠡᠯᠲᠡ᠎ᠶᠢᠨ ᠦᠢᠯᠡᠳᠦᠯ ᠪᠣᠯᠤᠨ ᠬᠣᠰᠢᠭᠤᠴᠢ ᠵᠢᠱ᠌ᠢᠶᠡᠴᠢ ᠵᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌᠂ ᠠᠶᠤᠯ ᠭᠠᠮᠰᠢᠭ᠎ᠡᠴᠡ ᠠᠪᠤᠷᠠᠬᠤ ᠡᠮᠦᠨ᠎ᠡ ᠹᠷᠣᠨᠲ᠎ᠲᠤ᠌ ᠬᠦᠨᠳᠦ ᠡᠭᠦᠷᠭᠡ᠎ᠶᠢ ᠵᠣᠷᠢᠭᠲᠠᠶ ᠡᠭᠦᠷᠭᠡᠯᠡᠵᠦ᠍᠂ ᠡᠮᠦᠨ᠎ᠡ᠎ᠨᠢ ᠭᠠᠪᠰᠢᠭᠠᠶ᠋ᠢᠯᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠣᠯᠤᠨ ᠨᠡᠶ᠋ᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠬᠦᠴᠦᠲᠡᠶ ᠬᠠᠮᠠᠭᠠᠯᠠᠬᠤ ᠬᠡᠷᠡᠭᠲᠡᠶ ᠭᠡᠵᠦ᠍ ᠱᠠᠭᠠᠷᠳᠠᠪᠠ᠃

《ᠮᠡᠳᠡᠭᠳᠡᠯ》 ᠳ᠋ᠤ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶᠢ ᠳᠡᠭᠡᠳᠦᠯᠡᠬᠦ᠌ ᠵᠢ ᠪᠠᠷᠢᠮᠳᠠᠯᠠᠵᠤ᠂ ᠬᠤᠷᠢᠭ᠎ᠠ ᠪᠤᠭᠤᠮᠳᠠ ᠪᠡᠨ ᠡᠮᠦᠨᠡᠰᠢ ᠰᠢᠯᠵᠢᠬᠦᠯᠵᠦ᠂ ᠤᠷᠢᠳᠴᠢᠯᠠᠨ ᠰᠡᠷᠭᠡᠶ᠋ᠢᠯᠡᠬᠦ᠌᠎ᠶᠢ ᠲᠡᠷᠢᠭᠦᠨ ᠳ᠋ᠤ ᠲᠠᠯᠪᠢᠬᠤ ᠬᠡᠷᠡᠭᠲᠡᠢ᠃ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠣᠨᠣᠪᠴᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠵᠦ᠍᠂ ᠠᠭᠤᠯᠠᠷᠬᠠᠭ ᠣᠷᠣᠨ ᠵᠢᠵᠢᠭ ᠰᠠᠪᠠ ᠭᠠᠵᠠᠷ ᠵᠡᠷᠭᠡ ᠭᠤᠤᠯᠳᠠᠯᠭ᠎ᠠ᠎ᠲᠠᠶ ᠣᠷᠣᠨ ᠪᠦᠰᠡ ᠪᠣᠯᠤᠨ ᠰᠥᠨᠢ ᠤᠷᠤᠢ᠂ ᠰᠢᠷᠦᠭᠦᠨ ᠪᠣᠷᠣᠭᠠᠨ ᠤᠷᠤᠬᠤ ᠵᠡᠷᠭᠡ ᠭᠤᠤᠯᠳᠠᠯᠭ᠎ᠠ᠎ᠲᠠᠶ ᠴᠠᠭ ᠬᠤᠭᠤᠴᠠᠭᠠᠨ᠎ᠤ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠳᠠᠢ᠃ ᠰᠡᠷᠡᠮᠵᠢᠯᠡᠭᠦᠯᠬᠦ᠌᠎ᠶᠢ ᠴᠤᠤᠷᠢᠶᠠᠳᠤᠵᠤ ᠬᠠᠮᠲᠤᠷᠠᠨ ᠬᠥᠳᠡᠯᠦᠯᠴᠡᠬᠦ᠌᠎ᠶᠢ ᠴᠢᠩᠭᠠᠷᠠᠭᠤᠯᠤᠨ᠂ ᠭᠠᠮᠰᠢᠭ ᠤ᠋ᠨ ᠰᠡᠷᠡᠮᠵᠢ ᠳ᠋ᠤ 《ᠬᠠᠷᠢᠭᠤ ᠦᠭᠬᠦ》 ᠪᠠ ᠮᠥᠷᠳᠡᠨ ᠬᠠᠷᠢᠭᠤ ᠲᠤᠰᠬᠠᠬᠤ ᠲᠣᠭᠲᠡᠴᠡ᠎ᠶᠢ ᠨᠠᠶ᠋ᠢᠳᠠᠪᠤᠷᠢᠵᠢᠭᠤᠯᠵᠤ᠂ ᠰᠡᠷᠡᠮᠵᠢᠯᠡᠭᠦᠯᠬᠦ᠌ ᠮᠡᠳᠡᠭᠡ ᠵᠠᠩᠭᠢ᠎ᠶᠢ ᠦᠨᠳᠦᠰᠦᠨ ᠱᠠᠲᠤᠨ᠎ᠤ ᠬᠠᠷᠢᠭᠤᠴᠠᠯᠭᠠᠲᠠᠨ ᠪᠠ ᠰᠦᠷᠳᠡᠭᠦᠯᠦᠯ᠎ᠳᠦ ᠤᠴᠠᠷᠠᠭᠰᠠᠨ ᠣᠯᠠᠨ ᠲᠦᠮᠡᠨ᠎ᠳᠦ ᠲᠡᠷᠡ ᠳᠠᠷᠤᠶ᠎ᠳᠤᠨᠢ ᠰᠢᠭᠤᠳ ᠬᠦᠷᠭᠡᠬᠦ᠎ᠶᠢ ᠪᠠᠲᠤᠯᠠᠬᠤ ᠬᠡᠷᠡᠭᠲᠡᠶ᠃ ᠠᠭᠤᠯᠠᠨ ᠭᠤᠤ᠎ᠶᠢᠨ ᠠᠮᠠᠰᠠᠷ᠂ ᠢᠪᠴᠤᠦ ᠭᠤᠤᠯ᠎ᠤᠨ ᠵᠠᠮ᠂ ᠪᠡᠯ ᠭᠠᠵᠠᠷ ᠠᠭᠤᠯᠠ ᠬᠠᠳᠠ ᠵᠡᠷᠭᠡ ᠲᠦᠭᠰᠢᠭᠦᠷᠢ ᠶᠡᠬᠡᠲᠡᠶ ᠣᠷᠣᠨ ᠪᠦᠰᠡ᠂ ᠪᠠᠷᠢᠯᠭ᠎ᠠ᠎ᠶᠢᠨ ᠭᠠᠵᠠᠷ᠂ ᠠᠷᠠᠳ᠎ᠤᠨ ᠰᠠᠭᠤᠴᠠ ᠵᠢᠨ ᠪᠠᠭᠤᠳᠠᠯ᠂ ᠵᠢᠭᠤᠯᠴᠢᠯᠠᠯ᠎ᠤᠨ ᠣᠷᠣᠨ ᠵᠡᠷᠭᠡ ᠨᠡᠭᠦᠳᠡᠯ ᠬᠥᠮᠦᠰ ᠣᠯᠠᠨ ᠪᠠᠶ᠋ᠢᠭ᠎ᠠ ᠭᠠᠵᠠᠷ ᠵᠢᠴᠢ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠂ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ ᠵᠡᠷᠭᠡ ᠭᠤᠤᠯᠳᠠᠯᠭ᠎ᠠ᠎ᠲᠠᠶ ᠣᠷᠣᠨ ᠪᠠᠶ᠋ᠢᠷᠢ᠎ᠳᠤ ᠴᠢᠭᠯᠡᠭᠦᠯᠦᠨ᠂ 《ᠨᠢᠭᠡ ᠭᠠᠵᠠᠷ ᠲᠤ᠌ ᠨᠢᠭᠡ ᠲᠥᠷᠥ᠎ᠶᠢᠨ ᠪᠣᠳᠣᠯᠭ᠎ᠠ》 ᠬᠡᠷᠡᠭᠵᠢᠭᠦᠯᠦᠨ ᠰᠢᠯᠵᠢᠭᠦᠯᠦᠨ ᠨᠡᠭᠦᠯᠭᠡᠬᠦ ᠲᠠᠯᠠᠪᠤᠷ ᠭᠠᠵᠠᠷ ᠪᠠ ᠠᠷᠭ᠎ᠠ ᠬᠡᠮᠵᠢᠶ᠎ᠠ ᠵᠢ ᠨᠠᠶ᠋ᠢᠳᠠᠪᠤᠷᠢᠵᠢᠭᠤᠯᠵᠤ᠂ ᠢᠯᠠᠩᠭᠤᠶ᠎ᠠ ᠨᠠᠰᠤᠲᠠᠶ ᠪᠠᠭᠤᠷᠠᠶ ᠡᠪᠡᠳᠴᠢᠨ᠎ᠲᠡᠶ ᠵᠡᠮᠳᠡᠭ ᠵᠢᠷᠮᠦᠰᠦᠨ ᠬᠦᠮᠦᠨ ᠵᠡᠷᠭᠡ ᠭᠤᠤᠯᠳᠠᠯᠭ᠎ᠠ᠎ᠲᠠᠶ ᠬᠥᠮᠦᠰ᠎ᠲᠦ᠍ ᠤᠷᠢᠳᠴᠢᠯᠠᠨ ᠡᠷᠡᠰ ᠰᠢᠭᠤᠷᠬᠠᠶ᠎ᠪᠠᠷ ᠠᠶᠤᠯ᠎ᠡᠴᠡ ᠵᠠᠶ᠋ᠢᠯᠠᠭᠤᠯᠬᠤ ᠠᠷᠭ᠎ᠠ ᠬᠡᠮᠵᠢᠶ᠎ᠡ ᠠᠪᠴᠤ᠌᠂ ᠰᠢᠯᠵᠢᠭᠦᠯᠬᠦ ᠶᠤᠰᠤᠳᠠᠢ ᠵᠢ ᠨᠢ ᠵᠠᠪᠠᠯ ᠰᠢᠯᠵᠢᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃

《ᠮᠡᠳᠡᠭᠳᠡᠯ》 ᠳ᠋ᠤ᠂ ᠰᠢᠰᠲ᠋ᠧᠮᠳᠤ ᠦᠵᠡᠯᠲᠡ᠎ᠶᠢ ᠪᠠᠷᠢᠮᠲᠠᠯᠠᠵᠤ᠂ ᠰᠠᠪᠠ ᠭᠠᠵᠠᠷ᠎ᠤᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠤᠯ ᠤᠷᠤᠰᠬᠠᠯ ᠪᠠ ᠰᠠᠯᠪᠤᠷᠢ ᠤᠷᠤᠰᠬᠠᠯ᠎ᠢ ᠨᠢᠭᠡᠳᠦᠯᠲᠡᠶ ᠲᠥᠯᠥᠪᠵᠢᠭᠦᠯᠵᠦ᠍᠂ ᠣᠷᠣᠨ ᠪᠦᠰᠡ ᠠᠯᠤᠰᠯᠠᠨ ᠬᠣᠯᠪᠣᠭᠠᠯᠠᠨ ᠬᠥᠳᠡᠯᠦᠯᠴᠡᠵᠦ᠍᠂ ᠦᠶᠡᠷ᠎ᠢ ᠰᠡᠷᠭᠡᠶ᠋ᠢᠯᠡᠬᠦ᠌ ᠭᠤᠤᠯᠯᠠᠭᠴᠢ ᠢᠨᠵᠧᠨᠧᠷᠢᠩ᠎ᠢ ᠰᠢᠨᠵᠢᠯᠡᠬᠦ᠌ ᠤᠬᠠᠭᠠᠨᠴᠢ᠎ᠪᠠᠷ ᠣᠨᠣᠴᠠᠲᠠᠶ ᠲᠣᠬᠢᠷᠠᠭᠤᠯᠵᠤ᠂ ᠦᠶᠡᠷ᠎ᠢ ᠰᠡᠷᠭᠡᠶ᠋ᠢᠯᠡᠬᠦ᠌ ᠪᠠᠷᠢᠯᠭ᠎ᠠ᠎ᠶᠢᠨ ᠰᠢᠰᠲ᠋ᠧᠮ᠎ᠦᠨ ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠠᠪᠠ ᠭᠠᠵᠠᠷ᠎ᠤᠨ ᠪᠦᠬᠦᠯᠢ ᠴᠣᠭᠴᠠ᠎ᠶᠢᠨ ᠦᠶᠡᠷ᠎ᠦᠨ ᠠᠶᠤᠯ ᠲᠦᠭᠰᠢᠭᠦᠷᠢ᠎ᠶᠢ ᠪᠠᠭᠤᠷᠠᠭᠤᠯᠵᠤ᠂ ᠭᠤᠤᠯ ᠮᠥᠷᠡᠨ᠎ᠦ ᠦᠶᠡᠷ᠎ᠢ ᠰᠡᠷᠭᠡᠶ᠋ᠢᠯᠡᠨ ᠠᠷᠭᠠᠴᠠᠭᠠᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠬᠢᠬᠦ᠌ ᠬᠡᠷᠡᠭᠲᠡᠶ᠃ ᠬᠠᠰᠢᠯᠭ᠎ᠠ ᠲᠠᠢ ᠤᠢᠷᠠᠳᠤᠭᠰᠠᠨ ᠪᠠᠷᠢᠯᠭ᠎ᠠ᠂ ᠠᠶᠤᠯᠲᠠᠶ ᠪᠠᠷᠢᠯᠭ᠎ᠠ᠎ᠶᠢᠨ ᠬᠡᠰᠡᠭ᠂ ᠦᠩᠭᠡᠷᠡᠭᠰᠡᠨ ᠳ᠋ᠤ ᠠᠶᠤᠯ ᠲᠦᠭᠰᠢᠭᠦᠷᠢ ᠭᠠᠷᠤᠭᠰᠠᠨ ᠭᠠᠵᠠᠷ᠂ ᠤᠰᠤᠨ ᠴᠥᠭᠥᠷᠥᠮ᠎ᠦᠨ ᠲᠣᠮᠣ ᠬᠠᠰᠢᠯᠭ᠎ᠠ᠂ ᠦᠶᠡᠷ ᠤ᠋ᠨ ᠵᠠᠮ ᠵᠡᠷᠭᠡ ᠭᠤᠤᠯᠳᠠᠯᠭ᠎ᠠ᠎ᠲᠠᠶ ᠬᠡᠰᠡᠭ᠎ᠲᠦ᠍ ᠲᠣᠭᠣᠷᠢᠨ ᠪᠠᠶ᠋ᠢᠴᠠᠭᠠᠬᠤ᠎ᠶᠢ ᠴᠢᠩᠭᠠᠳᠬᠠᠵᠤ᠂ ᠲᠤᠭᠤᠷᠢᠨ ᠪᠠᠶ᠋ᠢᠴᠠᠭᠠᠵᠤ ᠰᠡᠷᠭᠡᠶ᠋ᠢᠯᠡᠨ ᠬᠠᠮᠠᠭᠠᠯᠠᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠢᠯᠡᠷᠡᠬᠦᠯᠦᠭᠰᠡᠨ ᠠᠰᠠᠭᠤᠳᠠᠯ᠎ᠤᠨ ᠬᠡᠮ ᠰᠤᠭᠤᠭ᠎ᠢ ᠴᠠᠭ ᠲᠤᠬᠠᠶ᠎ᠳᠤᠨᠢ ᠰᠢᠢᠳᠪᠦᠷᠢᠯᠡᠬᠦ᠌ ᠬᠡᠷᠡᠭᠲᠡᠶ᠃ ᠭᠣᠣᠯ ᠮᠥᠷᠡᠨ ᠨᠠᠭᠤᠷ ᠴᠥᠭᠥᠷᠥᠮ᠎ᠦᠨ ᠦᠶᠡᠷ ᠢ᠋ ᠤᠷᠤᠰᠬᠠᠨ ᠦᠶᠡᠷ ᠢ᠋ ᠲᠤᠭᠳᠠᠭᠠᠬᠤ ᠣᠷᠣᠨ ᠵᠠᠢ᠎ᠶᠢᠨ ᠬᠠᠮᠢᠶᠠᠷᠤᠯᠲᠠ ᠡᠵᠡᠮᠳᠡᠯ᠎ᠢ ᠴᠢᠩᠭᠠᠳᠬᠠᠵᠤ᠂ ᠦᠶᠡᠷ ᠢ᠋ ᠲᠤᠭᠳᠠᠭᠠᠬᠤ ᠣᠷᠣᠨ᠎ᠢ ᠬᠡᠷᠡᠭᠯᠡᠬᠦ᠌ ᠪᠡᠯᠡᠳᠬᠡᠯ᠎ᠢ ᠰᠠᠶ᠋ᠢᠲᠤᠷ ᠬᠢᠬᠦ ᠬᠡᠷᠡᠭᠳᠠᠢ᠃ ᠦᠶᠡᠷ᠎ᠢ ᠰᠡᠷᠭᠡᠶ᠋ᠢᠯᠡᠵᠦ᠍ ᠤᠰᠤᠲᠤᠯ᠎ᠢ ᠵᠠᠯᠠᠬᠤ ᠪᠠᠷᠢᠯᠭ᠎ᠠ ᠲᠥᠬᠥᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶᠢᠨ ᠬᠤᠭᠤᠴᠠᠭᠠᠨ᠎ᠳᠠᠬᠢ ᠰᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠰᠢᠭ᠎ᠢ ᠰᠡᠷᠭᠡᠶ᠋ᠢᠯᠡᠨ ᠠᠷᠭᠠᠴᠠᠭᠠᠬᠤ ᠠᠵᠢᠯ᠎ᠢ ᠰᠠᠶ᠋ᠢᠲᠤᠷ ᠬᠢᠬᠦ ᠬᠡᠷᠡᠭᠳᠠᠢ ᠭᠡᠵᠤ ᠱᠠᠭᠠᠷᠳᠠᠵᠠᠢ᠃

《ᠮᠡᠳᠡᠭᠳᠡᠯ》 ᠳ᠋ᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠰᠠᠭᠤᠷᠢ ᠲᠥᠬᠥᠭᠡᠷᠦᠮᠵᠢ᠎ᠶᠢᠨ ᠠᠶᠤᠯ ᠲᠦᠭᠰᠢᠭᠦᠷᠢ ᠬᠡᠮ ᠰᠤᠭᠤᠭ᠎ᠢ ᠬᠥᠳᠡᠯᠦᠩᠭᠦᠶ᠎ᠪᠡᠷ ᠵᠢᠭᠰᠠᠭᠠᠨ ᠪᠠᠶ᠋ᠢᠴᠠᠭᠠᠬᠤ ᠵᠢ ᠴᠢᠩᠭᠠᠳᠬᠠᠵᠤ᠂ ᠵᠠᠮ ᠬᠠᠷᠢᠯᠴᠠᠭᠠᠨ᠎ᠤ ᠲᠥᠬᠥᠭᠡᠷᠦᠮᠵᠢ᠎ᠶᠢᠨ ᠥᠨᠳᠥᠷ ᠨᠠᠯᠠᠤ ᠬᠥᠲᠥᠯ᠂ ᠰᠢᠷᠤᠢ ᠴᠢᠯᠠᠭᠤ ᠪᠡᠷ ᠪᠤᠰᠬᠠᠭᠰᠠᠨ ᠦᠨᠳᠦᠷ ᠭᠠᠵᠠᠷ᠂ ᠮᠤᠷᠤᠢ ᠵᠠᠮ ᠡᠭᠴᠡ ᠬᠥᠲᠥᠯ᠂ ᠤᠰᠤᠨ ᠬᠥᠪᠡᠭᠡ ᠭᠤᠤᠯ ᠳᠠᠭᠠᠤ ᠵᠡᠷᠭᠡ ᠭᠤᠤᠯᠳᠠᠯᠭ᠎ᠠ᠎ᠲᠠᠶ ᠭᠠᠵᠠᠷ ᠵᠢᠴᠢ ᠬᠣᠲᠠ᠎ᠶᠢᠨ ᠠᠮᠢ ᠨᠠᠰᠤᠨ᠎ᠤ ᠱᠤᠭᠤᠮ᠎ᠤᠨ ᠲᠥᠬᠥᠭᠡᠷᠦᠮᠵᠢ᠎ᠶᠢᠨ ᠬᠤᠳᠤᠭᠤᠷ ᠲᠠᠯᠠᠪᠤᠷ ᠭᠠᠵᠠᠷ᠂ ᠭᠠᠵᠠᠷ ᠳᠤᠤᠷᠠᠬᠢ ᠬᠣᠭᠣᠯᠠᠶ ᠲᠤᠤᠷ᠂ ᠬᠠᠭᠤᠴᠢᠨ ᠬᠣᠭᠣᠯᠠᠶ ᠱᠤᠭᠤᠮ ᠵᠡᠷᠭᠡ ᠪᠠᠭᠤᠷᠠᠶ ᠭᠣᠭᠴᠣᠭ᠎ᠠ᠎ᠶᠢ ᠳᠣᠪᠣᠶ᠋ᠢᠯᠭᠠᠨ ᠵᠢᠭᠰᠠᠭᠠᠨ ᠪᠠᠶ᠋ᠢᠴᠠᠭᠠᠬᠤ ᠬᠡᠷᠡᠭᠲᠡᠶ᠃ ᠰᠠᠭᠤᠷᠢ ᠲᠥᠬᠥᠭᠡᠷᠦᠮᠵᠢ᠎ᠶᠢᠨ ᠠᠵᠢᠯᠯᠠᠭᠠᠨ᠎ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌᠎ᠶᠢ ᠴᠢᠩᠭᠠᠷᠠᠭᠤᠯᠤᠨ᠂ ᠵᠠᠩᠭᠢᠯᠠᠭ᠎ᠠ᠎ᠶᠢᠨ ᠴᠠᠭ ᠬᠤᠭᠤᠴᠠᠭᠠᠨ ᠳ᠋ᠦ ᠲᠣᠭᠣᠷᠢᠨ ᠪᠠᠶ᠋ᠢᠴᠠᠭᠠᠬᠤ ᠳᠠᠪᠲᠠᠮᠵᠢ ᠤᠳᠠᠭ᠎ᠠ᠎ᠵᠢ ᠨᠡᠮᠡᠭᠳᠡᠭᠦᠯᠵᠤ᠂ ᠲᠦᠭᠰᠢᠭᠦᠷᠢᠲᠦ᠍ ᠪᠠᠶ᠋ᠢᠳᠠᠯ᠎ᠢ᠋ ᠴᠠᠭ ᠲᠤᠬᠠᠶ᠎ᠳᠤᠨᠢ ᠣᠯᠵᠤ ᠮᠡᠳᠡᠬᠦ᠌᠎ᠶᠢᠨ ᠬᠠᠮᠲᠤ᠌ ᠰᠡᠷᠡᠮᠵᠢᠯᠡᠭᠦᠯᠬᠦ᠌ ᠬᠡᠷᠡᠭᠲᠡᠶ᠃ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ᠂ ᠪᠠᠷᠠᠭᠤᠨ ᠣᠷᠣᠨ᠎ᠤ ᠰᠢᠳᠠᠮᠠᠬᠠᠢ ᠬᠡᠢ᠎ᠶᠢ ᠵᠡᠭᠦᠨᠰᠢ ᠳᠠᠮᠵᠢᠭᠤᠯᠬᠤ ᠵᠡᠷᠭᠡ ᠴᠢᠬᠤᠯᠠ ᠶᠡᠬᠡ ᠰᠠᠭᠤᠷᠢ ᠲᠥᠬᠥᠭᠡᠷᠦᠮᠵᠢ᠎ᠶᠢᠨ ᠪᠠᠷᠢᠯᠭ᠎ᠠ᠎ᠶᠢᠨ ᠦᠶᠡᠷ᠎ᠢ ᠰᠡᠷᠭᠡᠶ᠋ᠢᠯᠡᠬᠦ᠌ ᠠᠮᠤᠷ ᠲᠦᠪᠰᠢᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠴᠢᠬᠤᠯᠠ ᠶᠡᠬᠡ ᠰᠠᠭᠤᠷᠢ ᠲᠥᠬᠥᠭᠡᠷᠦᠮᠵᠢ ᠪᠠ ᠪᠠᠶ᠋ᠢᠭᠤᠯᠵᠤ ᠪᠠᠶ᠋ᠢᠭ᠎ᠠ ᠪᠠᠷᠢᠯᠭ᠎ᠠ᠎ᠶᠢᠨ ᠠᠮᠤᠷ ᠲᠦᠪᠰᠢᠨ ᠢ᠋ ᠪᠠᠲᠤᠯᠠᠬᠤ ᠬᠡᠷᠡᠭᠳᠠᠢ ᠭᠡᠵᠤ ᠱᠠᠭᠠᠷᠳᠠᠵᠠᠢ᠃

《ᠮᠡᠳᠡᠭᠳᠡᠯ》 ᠳ᠋ᠤ᠂ ᠠᠶᠤᠯ ᠭᠠᠮᠰᠢᠬ᠎ᠡᠴᠡ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠡᠷ ᠠᠪᠤᠷᠠᠨ ᠲᠤᠰᠠᠯᠠᠬᠤ ᠬᠡᠷᠡᠭᠲᠡᠶ᠃ ᠠᠶᠤᠯ᠎ᠡᠴᠡ ᠠᠪᠤᠷᠠᠨ ᠲᠤᠰᠠᠯᠠᠬᠤ ᠬᠦᠴᠦᠨ ᠪᠣᠯᠤᠨ ᠲᠣᠨᠣᠭᠯᠠᠯ ᠡᠳ᠋ ᠪᠣᠳᠠᠰ᠎ᠤᠨ ᠪᠡᠯᠡᠳᠬᠡᠯ᠎ᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠪᠠᠶ᠋ᠢᠷᠢᠯᠠᠭᠤᠯᠬᠤ ᠪᠠ ᠤᠷᠢᠳᠴᠢᠯᠠᠨ ᠰᠡᠷᠭᠡᠶ᠋ᠢᠯᠡᠬᠦ᠌᠎ᠶᠢ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠡᠭᠠᠬᠤ ᠡᠳ᠋ ᠪᠣᠳᠠᠰ᠎ᠢ ᠲᠤᠬᠢᠷᠠᠭᠤᠯᠤᠨ ᠵᠦᠭᠡᠭᠡᠪᠦᠷᠢᠯᠡᠬᠦ ᠲᠣᠭᠲᠡᠴᠡ᠎ᠶᠢ ᠪᠦᠷᠢᠨᠰᠢᠬᠦᠯᠵᠤ᠂ ᠲᠦᠷᠭᠡᠨ ᠬᠦᠷᠭᠡᠬᠦ᠌ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠳᠠᠢ᠃ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠴᠢᠯᠥᠭᠡᠯᠡᠬᠦ᠌ ᠴᠡᠷᠢᠭ ᠪᠣᠯᠤᠨ ᠵᠡᠪᠰᠡᠭᠲᠦ᠍ ᠴᠠᠭᠳᠠᠭ᠎ᠠ᠎ᠶᠢᠨ ᠴᠡᠷᠢᠭ ᠠᠩᠭᠢ᠂ ᠲᠥᠪ᠎ᠦᠨ ᠠᠵᠤ ᠠᠬᠤᠶ᠋ᠢᠯᠠᠯ᠎ᠤᠨ ᠲᠤᠰᠬᠠᠶ ᠬᠦᠴᠦᠨ ᠵᠡᠷᠭᠡ ᠡᠯ᠎ᠡ ᠲᠥᠷᠥᠯ᠎ᠦᠨ ᠬᠦᠴᠦᠨ᠎ᠦ ᠦᠢᠯᠡᠳᠦᠯ᠎ᠢ ᠰᠠᠶ᠋ᠢᠲᠤᠷ ᠪᠠᠳᠠᠷᠠᠭᠤᠯᠵᠤ᠂ ᠣᠷᠣᠨ ᠪᠦᠰᠡ᠎ᠶᠢᠨ ᠪᠠᠴᠢᠮ ᠪᠠᠶ᠋ᠢᠳᠠᠯ᠎ᠢ ᠠᠷᠭᠠᠴᠡᠭᠠᠵᠤ ᠠᠪᠤᠷᠠᠨ ᠲᠤᠰᠠᠯᠠᠬᠤ ᠲᠥᠪ᠎ᠦᠨ ᠵᠢᠩᠭᠢᠨᠢ ᠪᠠᠶ᠋ᠢᠯᠳᠤᠭᠠᠨ᠎ᠤ ᠴᠢᠳᠠᠪᠤᠷᠢ᠎ᠶᠢ ᠳᠡᠭᠡᠭᠰᠢᠯᠡᠭᠦᠯᠵᠦ᠍᠂ ᠴᠠᠭ ᠲᠤᠬᠠᠶ᠎ᠳᠤᠨᠢ ᠰᠢᠨᠵᠢᠯᠡᠬᠦ᠌ ᠤᠬᠠᠭᠠᠨᠴᠢ᠎ᠪᠠᠷ ᠠᠶᠤᠯ᠎ᠡᠴᠡ ᠠᠪᠤᠷᠠᠬᠤ ᠬᠡᠷᠡᠭᠲᠡᠶ᠃ ᠴᠢᠮᠡᠭᠡ ᠬᠣᠯᠪᠣᠭ᠎ᠠ᠎ᠶᠢᠨ ᠦᠨᠳᠦᠰᠦᠨ ᠵᠦᠢᠯ ᠢ᠋ ᠪᠠᠲᠤᠯᠠᠬᠤ ᠲᠣᠨᠣᠭ ᠲᠥᠬᠥᠭᠡᠷᠦᠮᠵᠢ᠎ᠶᠢ ᠤᠷᠢᠳᠴᠢᠯᠠᠨ ᠲᠣᠬᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠵᠠᠮ ᠲᠠᠰᠤᠷᠠᠬᠤ᠂ ᠰᠦᠯᠵᠢᠶ᠎ᠠ ᠲᠠᠰᠤᠷᠠᠬᠤ᠂ ᠴᠠᠬᠢᠯᠭᠠᠨ ᠲᠠᠰᠤᠷᠠᠬᠤ᠎ᠶᠢ ᠠᠷᠭᠠᠴᠠᠭᠠᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠳᠠᠢ᠃ ᠭᠠᠮᠰᠢᠭ᠎ᠡᠴᠡ ᠠᠪᠤᠷᠠᠨ ᠲᠤᠰᠠᠯᠠᠬᠤ ᠠᠵᠢᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ ᠲᠠᠢ ᠪᠡᠷ ᠰᠠᠶ᠋ᠢᠲᠤᠷ ᠬᠢᠵᠦ᠍᠂ ᠭᠠᠮᠰᠢᠭ᠎ᠡᠴᠡ ᠠᠪᠤᠷᠠᠬᠤ ᠪᠠᠯᠠ ᠮᠥᠩᠭᠥ᠎ᠶᠢ ᠴᠠᠭ ᠲᠤᠬᠠᠶ᠎ᠳᠤᠨᠢ ᠤᠷᠢᠳᠴᠢᠯᠠᠨ ᠪᠠᠭᠤᠯᠭᠠᠵᠤ᠂ ᠭᠠᠮᠰᠢᠭ᠎ᠤᠨ ᠳᠠᠭᠠᠳᠬᠠᠯ᠎ᠤᠨ ᠤᠷᠢᠳᠴᠢᠯᠠᠨ ᠳᠥᠯᠥᠵᠦ᠍ ᠲᠦᠷᠭᠡᠨ ᠳᠥᠯᠥᠬᠦ᠌᠎ᠶᠢ ᠵᠣᠬᠢᠴᠠᠭᠤᠯᠤᠨ᠂ ᠭᠠᠮᠰᠢᠭᠳᠠᠭᠰᠠᠨ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃

《ᠮᠡᠳᠡᠭᠳᠡᠯ》 ᠳ᠋ᠤ᠂ ᠡᠬᠢ ᠪᠠᠶᠠᠯᠢᠭ᠎ᠢ ᠦᠨᠳᠦᠰᠦᠨ ᠱᠠᠲᠤ᠌ ᠳᠠᠢᠰᠢ ᠬᠡᠯᠪᠡᠶ᠋ᠢᠯᠭᠡᠬᠦ᠌᠂ ᠬᠦᠴᠦᠨ᠎ᠢ ᠡᠮᠦᠨ᠎ᠠ ᠹᠷᠣᠨᠲ᠎ᠲᠤ᠌ ᠪᠠᠭᠤᠯᠭᠠᠬᠤ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠤ ᠭᠠᠮᠰᠢᠭ᠎ᠤᠨ ᠠᠶᠤᠯ ᠲᠦᠭᠰᠢᠭᠦᠷᠢ᠎ᠶᠢ ᠢᠯᠭᠠᠨ ᠲᠠᠨᠢᠬᠤ᠂ ᠳᠠᠯᠳᠠ ᠬᠡᠮ᠎ᠢ ᠵᠢᠭᠰᠠᠭᠠᠨ ᠪᠠᠶ᠋ᠢᠴᠠᠭᠠᠬᠤ ᠂ ᠪᠡᠯᠡᠳᠬᠡᠯ ᠲᠥᠰᠦᠯ᠎ᠦᠨ ᠰᠣᠷᠢᠯᠲᠠ ᠬᠢᠬᠦ᠌ ᠵᠡᠷᠭᠡ ᠲᠤᠰᠬᠠᠶ ᠮᠡᠷᠭᠡᠵᠢᠯ᠎ᠦᠨ ᠵᠢᠯᠣᠭᠣᠳᠣᠯᠭ᠎ᠠ ᠦᠢᠯᠡᠴᠢᠯᠡᠭᠡ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠦᠶᠡᠷ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠵᠤ ᠭᠠᠮᠰᠢᠭ᠎ᠡᠴᠡ ᠠᠪᠤᠷᠠᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠬᠦ᠌ ᠬᠡᠷᠡᠭᠲᠡᠶ᠃ ᠦᠨᠳᠦᠰᠦᠨ ᠱᠠᠲᠤᠨ᠎ᠤ ᠺᠠᠳ᠋ᠷ ᠢᠯᠠᠩᠭᠤᠶ᠎ᠠ ᠰᠢᠨ᠎ᠡ᠎ᠪᠡᠷ ᠲᠤᠰᠢᠶᠠᠯ ᠳ᠋ᠤ ᠭᠠᠷᠤᠭᠰᠠᠨ ᠺᠠᠳ᠋ᠷ ᠤ᠋ᠨ ᠲᠤᠰᠬᠠᠶ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠢ ᠰᠠᠶ᠋ᠢᠲᠤᠷ ᠬᠢᠵᠦ᠍᠂ ᠦᠨᠳᠦᠰᠦᠨ ᠱᠠᠲᠤ᠎ᠶᠢ ᠵᠢᠯᠣᠭᠣᠳᠤᠨ ᠲᠤᠰ ᠭᠠᠵᠠᠷ᠎ᠤᠨ ᠬᠢᠨᠢ ᠭᠠᠮᠰᠢᠭ᠎ᠤᠨ ᠣᠨᠴᠠᠯᠢᠭ᠎ᠲᠤ᠌ ᠴᠢᠭᠯᠡᠭᠦᠯᠦᠭᠰᠡᠨ ᠬᠡᠷᠡᠭᠴᠡᠭᠡ ᠲᠠᠢ ᠲᠤᠰᠠᠲᠠᠶ ᠪᠠᠴᠢᠮ ᠪᠠᠶ᠋ᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠬᠦ᠌ ᠬᠡᠷᠡᠭᠲᠡᠶ᠃ ᠣᠯᠠᠨ᠎ᠢᠶᠠᠷ᠎ᠢᠶᠠᠨ ᠰᠡᠷᠭᠡᠶ᠋ᠢᠯᠡᠵᠦ᠍ ᠣᠯᠠᠨ᠎ᠢᠶᠠᠷ᠎ᠢᠶᠠᠨ ᠵᠠᠰᠠᠬᠤ ᠬᠦᠴᠦᠨ᠎ᠢ ᠭᠦᠢᠴᠡᠳ ᠳᠠᠶ᠋ᠢᠴᠢᠯᠠᠵᠤ᠂ ᠣᠯᠠᠨ ᠲᠦᠮᠡᠨ ᠤ᠋ ᠳᠡᠷᠭᠡᠳᠡᠬᠢ ᠠᠶᠤᠯ ᠲᠦᠭᠰᠢᠭᠦᠷᠢ ᠵᠢᠨ ᠬᠡᠮ ᠰᠤᠭᠤᠭ᠎ᠢ ᠴᠠᠭ ᠲᠤᠬᠠᠶ᠎ᠳᠤᠨᠢ ᠢᠯᠡᠷᠡᠭᠦᠯᠵᠤ ᠮᠡᠳᠡᠭᠦᠯᠬᠦ᠌ ᠵᠢ ᠵᠤᠷᠢᠭᠵᠢᠭᠤᠯᠬᠤ ᠬᠡᠷᠡᠭᠳᠠᠢ᠃ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠂ ᠪᠠᠴᠢᠮ ᠪᠠᠶ᠋ᠢᠳᠠᠯ᠎ᠢ ᠠᠷᠭᠠᠴᠠᠭᠠᠵᠤ ᠲᠠᠷᠬᠠᠭᠠᠬᠤ ᠰᠣᠷᠢᠯᠲᠠ᠎ᠶᠢ ᠭᠦᠨᠵᠡᠭᠡᠶ ᠥᠷᠨᠢᠭᠦᠯᠵᠦ᠍᠂ ᠣᠯᠠᠨ ᠲᠦᠮᠡᠨ᠎ᠦ ᠭᠠᠮᠰᠢᠭ᠎ᠢ ᠰᠡᠷᠭᠡᠶ᠋ᠢᠯᠡᠨ ᠠᠶᠤᠯ᠎ᠡᠴᠡ ᠵᠠᠶ᠋ᠢᠯᠠᠬᠤ ᠦᠵᠡᠯ ᠤᠬᠠᠮᠰᠠᠷ ᠪᠣᠯᠤᠨ ᠴᠢᠳᠠᠪᠤᠷᠢ᠎ᠶᠢ ᠳᠡᠭᠡᠭᠰᠢᠯᠡᠭᠦᠯᠬᠦ᠌ ᠬᠡᠷᠡᠭᠲᠡᠶ ᠭᠡᠵᠤ ᠱᠠᠭᠠᠷᠳᠠᠵᠠᠢ᠃

《ᠮᠡᠳᠡᠭᠳᠡᠯ》 ᠳ᠋ᠤ ᠪᠠᠰᠠ᠂ ᠭᠠᠩ ᠬᠠᠭᠰᠠᠷᠠᠭᠠᠨ ᠤᠰᠤᠲᠤᠯ᠎ᠲᠦᠷᠭᠡᠨ ᠬᠤᠪᠢᠷᠠᠬᠤ ᠠᠶᠤᠯ ᠲᠦᠭᠰᠢᠭᠦᠷᠢ᠎ᠶᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠦᠶᠡᠷ᠎ᠢ ᠰᠡᠷᠭᠡᠶ᠋ᠢᠯᠡᠬᠦ ᠪᠠ ᠭᠠᠩ ᠬᠠᠭᠰᠠᠷᠠᠭᠠᠨ᠎ᠲᠠᠶ ᠲᠡᠮᠡᠴᠡᠬᠦ᠌ ᠬᠣᠶᠠᠷ ᠲᠠᠯ᠎ᠠ᠎ᠶᠢ ᠠᠳᠬᠤᠬᠤ᠎ᠶᠢ ᠪᠠᠷᠢᠮᠲᠠᠯᠠᠵᠤ᠂ ᠭᠠᠩ ᠬᠠᠭᠰᠠᠷᠠᠭᠠᠨ᠎ᠲᠠᠶ ᠲᠡᠮᠡᠴᠡᠬᠦ᠌ ᠲᠥᠰᠦᠯ ᠪᠣᠯᠤᠨ ᠪᠠᠴᠢᠮ ᠪᠠᠶ᠋ᠢᠳᠠᠯ᠎ᠢ ᠠᠷᠭᠠᠴᠡᠭᠠᠵᠤ ᠤᠰᠤ ᠬᠠᠩᠭᠠᠬᠤ ᠲᠥᠰᠦᠯ᠎ᠢ ᠲᠡᠭᠦᠯᠳᠡᠷᠵᠢᠭᠦᠯᠵᠦ᠍᠂ ᠪᠠᠴᠢᠮ ᠪᠠᠶ᠋ᠢᠳᠠᠯ᠎ᠢ ᠠᠷᠭᠠᠴᠡᠭᠠᠬᠤ ᠠᠷᠭ᠎ᠠ ᠬᠡᠮᠵᠢᠶ᠎ᠠ᠎ᠶᠢ ᠨᠠᠷᠢᠯᠢᠬᠵᠢᠭᠤᠯᠵᠤ᠂ ᠤᠯᠠᠨ ᠠᠷᠭ᠎ᠠ ᠬᠡᠮᠵᠢᠶ᠎ᠠ᠎ᠶᠢ ᠵᠡᠷᠭᠡ᠎ᠪᠡᠷ ᠬᠡᠷᠡᠭᠵᠢᠭᠦᠯᠵᠦ᠍ ᠭᠠᠩ ᠬᠠᠭᠰᠠᠷᠠᠭᠠᠨ᠎ᠲᠠᠶ ᠲᠡᠮᠡᠴᠡᠵᠦ᠍ ᠭᠠᠮᠰᠢᠭ᠎ᠢ ᠪᠠᠭᠠᠰᠬᠠᠬᠤ ᠠᠵᠢᠯ᠎ᠢ ᠪᠣᠳᠠᠲᠠᠢ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

《ᠮᠡᠳᠡᠭᠳᠡᠯ》 ᠳ᠋ᠤ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠶᠢᠨ ᠬᠢᠨ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠤᠨ ᠰᠠᠬᠢᠯᠭ᠎ᠠ ᠪᠠᠲᠤ᠎ᠶᠢ ᠴᠢᠩᠳᠠᠯᠠᠵᠤ᠂ ᠦᠶᠡᠷ᠎ᠦᠨ ᠬᠤᠭᠤᠴᠠᠭᠠᠨ᠎ᠳᠤ ᠵᠢᠵᠢᠭᠦᠷᠯᠡᠨ ᠰᠠᠬᠢᠬᠤ ᠲᠣᠭᠲᠠᠭᠠᠯ᠎ᠢ ᠴᠢᠩᠭ᠎ᠠ ᠬᠡᠷᠡᠭᠵᠢᠭᠦᠯᠵᠦ᠍᠂ 24 ᠴᠠᠭ᠎ᠢᠶᠠᠷ ᠲᠤᠰᠬᠠᠢ ᠬᠥᠮᠦᠨ ᠵᠢᠵᠢᠭᠦᠷᠯᠡᠬᠦ᠌᠎ᠶᠢ ᠨᠠᠶ᠋ᠢᠳᠠᠪᠤᠷᠢᠵᠢᠭᠤᠯᠵᠤ᠂ ᠵᠠᠩᠭᠢᠯᠠᠭ᠎ᠠ᠎ᠶᠢᠨ ᠠᠵᠢᠯ᠎ᠤᠨ ᠪᠠᠶ᠋ᠢᠷᠢ᠎ᠶᠢᠨ ᠵᠢᠵᠢᠭᠦᠷᠯᠡᠬᠦ᠌ ᠬᠦᠴᠦᠨ᠎ᠢ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠡᠭᠠᠬᠤ ᠬᠤᠭᠤᠴᠠᠭᠠᠨ᠎ᠳᠤ ᠪᠠᠶ᠋ᠢᠳᠠᠯ᠎ᠢ ᠦᠨᠳᠦᠰᠦᠯᠡᠨ ᠤᠯᠠᠨ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠬᠠᠮᠲᠤᠷᠠᠨ ᠵᠢᠵᠢᠭᠦᠷᠯᠡᠨ ᠰᠠᠬᠢᠵᠤ᠂ ᠲᠦᠭᠰᠢᠭᠦᠷᠢᠲᠦ᠍ ᠪᠠᠶ᠋ᠢᠳᠠᠯ ᠭᠠᠮᠰᠢᠭ᠎ᠤᠨ ᠪᠠᠶ᠋ᠢᠳᠠᠯ᠎ᠢ ᠴᠠᠭ ᠲᠤᠬᠠᠢ᠎ᠳᠤᠨᠢ ᠥᠨᠳᠥᠷ ᠪᠦᠲᠦᠮᠵᠢᠲᠡᠢ ᠰᠢ᠌ᠳᠪᠦᠷᠢᠯᠡᠬᠦ᠌᠎ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠵᠢᠵᠢᠭᠦᠷᠯᠡᠨ ᠰᠠᠬᠢᠬᠤ ᠪᠠ ᠡᠮᠦᠨ᠎ᠠ ᠹᠷᠤᠨᠲ ᠲᠤ᠌ ᠵᠢᠯᠣᠭᠣᠳᠬᠤ᠎ᠪᠠᠨ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ᠌ ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠶ᠋ᠢᠵᠢᠭᠤᠯᠵᠤ᠂ ᠬᠦᠨᠳᠦ ᠶᠡᠬᠡ ᠬᠥᠮᠦᠨ ᠬᠠᠷ᠎ᠠ ᠥᠭᠦᠵᠦ᠍ ᠰᠢᠷᠬᠠᠲᠤᠭᠰᠠᠨ᠂ ᠲᠦᠭᠰᠢᠭᠦᠷᠢᠲᠦ᠍ ᠪᠠᠶ᠋ᠢᠳᠠᠯ ᠭᠠᠮᠰᠢᠭ᠎ᠤᠨ ᠪᠠᠶ᠋ᠢᠳᠠᠯ ᠪᠠ ᠴᠢᠬᠤᠯᠠ ᠠᠵᠢᠯ᠎ᠤᠨ ᠮᠡᠳᠡᠭᠡ ᠵᠠᠩᠭᠢ᠎ᠶᠢ ᠲᠡᠷᠡ ᠳᠠᠷᠤᠶ᠎ᠳᠤᠨᠢ ᠳᠡᠭᠡᠭᠰᠢ ᠮᠡᠳᠡᠭᠦᠯᠵᠦ᠍᠂ ᠬᠤᠢᠰᠢᠯᠠᠭᠤᠯᠤᠨ ᠮᠡᠳᠡᠭᠦᠯᠬᠦ᠌᠂ ᠣᠷᠬᠢᠭᠳᠠᠭᠤᠯᠬᠤ᠂ ᠮᠡᠳᠡᠭᠦᠯᠬᠦ᠌ ᠥᠬᠡᠶ ᠪᠠᠢᠬᠤ ᠵᠢ ᠡᠷᠡᠰ ᠬᠣᠷᠢᠭᠯᠠᠬᠤ ᠬᠡᠷᠡᠭᠲᠡᠶ ᠭᠡᠵᠤ ᠴᠢᠬᠤᠯᠠᠴᠢᠯᠠᠪᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 9 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号