ᠦᠪᠦᠷ ᠮᠤᠩᠭᠤᠯ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠬᠦᠭᠵᠢᠬᠦᠯᠦᠭᠰᠡᠨ 10 ᠨᠡᠢᠲᠡᠯᠢᠭ ᠵᠢᠱ᠌ᠢᠶ᠎ᠡ ᠵᠢ ᠨᠡᠢᠲᠡᠯᠡᠪᠡ
2026-07-11 10:52:52
ᠵᠣᠬᠢᠶᠠᠭ᠍ᠴᠢ᠄
ᠬᠦᠭᠵᠢᠯᠳᠦ ᠶᠢᠰᠦᠨ᠎ᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 10᠎ᠤ᠋ ᠡᠳᠦᠷ᠂ ᠤᠷᠳᠤᠰ ᠬᠤᠳᠠ᠎ᠳᠦ ᠬᠤᠷᠠᠯᠳᠤᠭᠤᠯᠤᠭᠰᠠᠨ 2026 ᠤᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠢᠭᠤᠯᠴᠢᠯᠠᠯ ᠤ᠋ᠨ ᠬᠥᠭᠵᠢᠬᠦᠯᠦᠯᠲᠡ ᠶ᠋ᠢᠨ ᠶᠡᠬᠡ ᠬᠤᠷᠠᠯ᠎ᠳᠦ᠂ ᠪᠦᠬᠦ ᠣᠷᠣᠨ ᠤ᠋ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠬᠥᠭᠵᠢᠭᠦᠯᠦᠭᠰᠡᠨ 10 ᠨᠡᠢᠲᠡᠯᠢᠭ ᠵᠢᠱ᠌ᠢᠶ᠎ᠡ ᠵᠢ ᠨᠡᠢᠲᠡᠯᠡᠵᠦ᠂ ᠦᠪᠦᠷ ᠮᠤᠨᠭᠭᠤᠯ᠎ᠤᠨ ᠰᠤᠶᠤᠯ ᠵᠢᠭᠤᠯᠴᠢᠯᠠᠯ᠎ᠤᠨ ᠠᠮᠵᠢᠯᠳᠠ ᠲᠠᠢ ᠦᠢᠯᠡᠳᠦᠯᠬᠡ᠎ᠵᠢ ᠳᠠᠨᠢᠯᠴᠠᠭᠤᠯᠵᠠᠢ᠃

ᠰᠤᠶᠤᠯ ᠪᠠ ᠵᠢᠭᠤᠯᠴᠢᠯᠠᠯ ᠤ᠋ᠨ ᠠᠭᠤᠰᠤᠯᠴᠠᠯ ᠳ᠋ᠦ ᠬᠥᠯᠥᠨ ᠪᠤᠢᠷ ᠤ᠋ᠨ 《ᠠᠭᠤᠰᠤᠯᠴᠠᠯ ᠤ᠋ᠨ ᠵᠠᠮ》 ᠰᠤᠩᠭᠤᠭᠳᠠᠵᠦ᠂ ᠦᠨᠳᠦᠰᠦᠲᠡᠨ ᠤ᠋ ᠪᠦᠯᠬᠦᠮᠳᠡᠯ ᠤ᠋ᠨ ᠰᠢᠨ᠎ᠡ ᠬᠠᠭᠤᠳᠠᠰᠤ ᠵᠢ ᠵᠢᠷᠤᠭᠯᠠᠨ᠎ᠠ; ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠠᠭᠤᠰᠤᠯᠴᠠᠯ ᠳ᠋ᠦ᠂ 《ᠰᠦᠯᠵᠢᠶᠡᠨ ᠵᠢᠭᠤᠯᠴᠢᠯᠠᠯ ᠤ᠋ᠨ ᠣᠷᠳᠣᠰ》 ᠰᠤᠩᠭᠤᠭᠳᠠᠵᠦ᠂ ᠲᠤᠭᠠᠴᠢᠯᠠᠯᠳᠠ ᠨᠢ ᠰᠣᠶᠣᠯ ᠵᠢᠭᠤᠯᠴᠢᠯᠠᠯ ᠬᠤᠳᠠᠯᠳᠤᠭ᠎ᠠ ᠳ᠋ᠦ ᠰᠢᠨ᠎ᠠ ᠬᠥᠳᠡᠯᠭᠡᠬᠦ ᠬᠦᠴᠦ ᠨᠡᠮᠡᠷᠢᠯᠡᠵᠡᠢ; ᠪᠡᠶ᠎ᠠ ᠵᠢᠨ ᠳᠠᠮᠢᠷ ᠤ᠋ᠨ ᠠᠭᠤᠰᠤᠯᠴᠠᠯ ᠳ᠋ᠦ᠂ ᠥᠪᠥᠷ ᠮᠣᠩᠭᠣᠯ ᠤ᠋ᠨ ᠬᠣᠯᠪᠣᠭᠠᠲᠤ ᠤᠷᠤᠯᠳᠤᠭᠠᠨ ᠤ᠋ ᠲᠦᠷᠦᠯ ᠲᠡᠮᠳᠡᠭ ᠤ᠋ᠨ ᠵᠢᠭᠰᠠᠭᠠᠯ ᠰᠤᠩᠭᠤᠭᠳᠠᠵᠦ᠂ ᠤᠷᠤᠯᠳᠤᠭᠠᠨ ᠤ᠋ ᠠᠵᠤ ᠠᠬᠤᠢ᠎ᠪᠠᠷ ᠰᠣᠶᠣᠯ ᠲᠠᠮᠢᠷ ᠵᠢᠭᠤᠯᠴᠢᠯᠠᠯ ᠢ᠋ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠢᠳᠠᠯ ᠢ᠋ ᠬᠦᠭᠵᠢᠬᠡᠨ᠎ᠠ︔ᠵᠠᠮ ᠬᠠᠷᠢᠯᠴᠠᠭᠠᠨ ᠤ᠋ ᠠᠭᠤᠰᠤᠯᠴᠠᠯ ᠳ᠋ᠦ᠂ ᠳᠠᠭᠤᠤ ᠬᠥᠭᠵᠢᠮᠳᠦ ᠵᠠᠰᠠᠮᠠᠯ ᠵᠠᠮ ᠰᠤᠩᠭᠤᠭᠳᠠᠵᠦ᠂︽ᠠᠶᠠᠯᠭᠤᠳᠤ ᠵᠢᠭᠤᠯᠴᠢᠯᠠᠯ ᠥᠪᠥᠷ ᠮᠣᠩᠭᠣᠯ︾ᠲᠦᠷᠦᠯ ᠲᠡᠮᠳᠡᠭ ᠢ᠋ ᠠᠯᠳᠠᠷᠰᠢᠭᠤᠯᠵᠠᠢ︔ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠠᠭᠤᠰᠤᠯᠴᠠᠯ ᠳ᠋ᠦ᠂ 《ᠨᠠᠭᠠᠳᠤᠮ ᠤ᠋ᠨ ᠬᠤᠷᠠᠯ》 ᠰᠤᠩᠭᠤᠭᠳᠠᠵᠦ᠂ ᠪᠣᠳᠠᠰ ᠤ᠋ᠨ ᠪᠤᠰᠤ ᠰᠣᠶᠣᠯ ᠤ᠋ᠨ ᠥᠪ ᠠᠷᠠᠳ ᠤ᠋ᠨ ᠵᠠᠩ ᠦᠢᠯᠡ ᠵᠢ ᠵᠢᠭᠤᠯᠴᠢᠯᠠᠯ ᠳ᠋ᠦ ᠠᠭᠤᠰᠬᠠᠨ ᠬᠥᠭᠵᠢᠶᠡᠨ᠎ᠲᠡᠢ ᠪᠣᠯᠭᠠᠨ᠎ᠠ︔ ᠰᠤᠶᠤᠯ ᠤ᠋ᠨ ᠦᠵᠡᠰᠬᠦᠯᠡᠩ ᠤ᠋ᠨ ᠠᠭᠤᠰᠤᠯᠴᠠᠯ ᠳ᠋ᠦ᠂ ᠥᠪᠥᠷ ᠮᠣᠩᠭᠣᠯ ᠤ᠋ᠨ ᠮᠦᠽᠧᠢ ᠰᠤᠩᠭᠤᠭᠳᠠᠵᠦ᠂ ᠰᠤᠶᠤᠯ ᠤ᠋ᠨ ᠦᠵᠡᠰᠬᠦᠯᠡᠩ ᠤ᠋ᠨ ᠬᠠᠯᠠᠮᠰᠢᠯ ᠢ᠋ᠶ᠋ᠡᠷ ᠵᠢᠭᠤᠯᠴᠢᠯᠠᠯ ᠤ᠋ᠨ ᠬᠠᠯᠠᠮᠰᠢᠯ ᠢ᠋ ᠳᠠᠢᠴᠢᠯᠠᠨ᠎ᠠ︔ ᠡᠷᠡᠬᠦᠯᠵᠢᠯ ᠰᠤᠪᠢᠯᠠᠯᠳᠠ ᠠᠮᠠᠷᠠᠯᠳᠠ᠎ᠶᠢᠨ ᠠᠭᠤᠰᠤᠯᠴᠠᠯ ᠳ᠋ᠦ᠂ ᠷᠠᠰᠢᠶᠠᠨ ᠤ᠋ ᠡᠷᠡᠬᠦᠯᠵᠢᠯ ᠰᠤᠪᠢᠯᠠᠯᠲᠠ ᠵᠢᠨ ᠦᠵᠡᠮᠵᠢ ᠵᠢᠨ ᠤᠷᠤᠨ᠎ᠰᠤᠩᠭᠤᠭᠳᠠᠵᠦ᠂ ᠪᠦᠬᠦ ᠤᠷᠤᠨ ᠪᠦᠰᠡ ᠪᠦᠬᠦ ᠤᠯᠠᠷᠢᠯ᠎ᠳ᠋ᠤ᠌ ᠠᠮᠢ ᠠᠬᠤᠢ ᠶ᠋ᠢᠨ ᠰᠣᠶᠣᠯ ᠤ᠋ᠨ ᠵᠢᠭᠤᠯᠴᠢᠯᠠᠯ ᠤ᠋ᠨ ᠰᠢᠨ᠎ᠡ ᠦᠵᠡᠮᠵᠢ ᠵᠢ ᠵᠢᠷᠤᠭᠯᠠᠨ᠎ᠠ︔ᠪᠢᠯᠧᠲ᠎ᠤᠨ ᠤᠷᠤᠯᠭ᠎ᠠ ᠵᠢᠨ ᠠᠵᠤ ᠠᠬᠤᠢ᠎ᠶᠢᠨ ᠠᠭᠤᠰᠤᠯᠴᠠᠯ ᠳ᠋ᠦ᠂ ᠬᠥᠬᠡᠬᠣᠲᠠ ᠶ᠋ᠢᠨ ᠤᠷᠠᠨ ᠰᠠᠢᠬᠠᠨ ᠤ᠋ ᠲᠣᠭᠯᠠᠯᠲᠠ ᠶ᠋ᠢᠨ ᠦᠨᠳᠦᠰᠦᠨ ᠪᠢᠯᠧᠲ ᠤ᠋ᠨ ᠠᠵᠤ ᠠᠬᠤᠢ᠎ᠰᠤᠩᠭᠤᠭᠳᠠᠵᠦ᠂ 《ᠨᠢᠭᠡ ᠳᠠᠯᠠᠪᠠᠢ ᠲᠤᠭᠯᠠᠯᠳᠠ ᠦᠵᠡᠬᠦᠯᠬᠡ》 ᠪᠡᠷ ᠨᠢᠭᠡ ᠬᠣᠲᠠ ᠶ᠋ᠢ ᠬᠦᠭᠵᠢᠬᠡᠨ᠎ᠠ; ᠲᠡᠥᠬᠡ᠎ᠶᠢᠨ ᠬᠠᠢᠯᠳᠠ᠎ᠶᠢᠨ ᠠᠭᠤᠰᠤᠯᠴᠠᠯ ᠳ᠋ᠦ᠂ 《ᠮᠤᠨᠢ ᠠᠭᠤᠯᠠ ᠵᠢ ᠳᠠᠪᠠᠬᠤ》 ᠬᠤᠪᠢ ᠵᠢᠨ ᠮᠠᠰᠢᠨ ᠲᠡᠷᠭᠡ ᠵᠢᠯᠤᠭᠤᠳᠴᠤ ᠵᠢᠭᠤᠯᠴᠢᠯᠠᠬᠤ IP ᠰᠤᠩᠭᠤᠭᠳᠠᠵᠦ᠂ ᠰᠣᠶᠣᠯ ᠤ᠋ᠨ ᠬᠠᠢᠯᠳᠠ᠎ᠪᠠᠷ ᠰᠤᠶᠤᠯ ᠵᠢᠭᠤᠯᠴᠢᠯᠠᠯ ᠤ᠋ᠨ ᠰᠢᠨ᠎ᠡ ᠠᠮᠢ ᠠᠬᠤᠢ ᠵᠢ ᠪᠦᠳᠦᠭᠡᠨ᠎ᠠ; ᠠᠵᠤ ᠦᠢᠯᠡᠳᠪᠦᠷᠢ ᠶ᠋ᠢᠨ ᠠᠭᠤᠰᠤᠯᠴᠠᠯ ᠳ᠋ᠦ᠂ ᠠᠵᠤ ᠦᠢᠯᠡᠳᠪᠦᠷᠢ ᠶ᠋ᠢᠨ ᠦᠯᠡᠳᠡᠭᠳᠡᠯ ᠰᠤᠩᠭᠤᠭᠳᠠᠵᠦ᠂《ᠪᠢᠴᠢᠯ ᠰᠢᠨᠡᠴᠢᠯᠡᠯᠲᠡ》 ᠪᠡᠷ ᠬᠣᠲᠠ ᠶ᠋ᠢᠨ ᠰᠣᠶᠣᠯ ᠵᠢᠭᠤᠯᠴᠢᠯᠠᠯ ᠤ᠋ᠨ ᠰᠢᠨ᠎ᠡ ᠣᠷᠣᠨ ᠵᠠᠢ ᠵᠢ ᠴᠤᠭᠴᠠᠯᠠᠨ᠎ᠠ᠃

ᠡᠯ᠎ᠡ ᠵᠢᠱ᠌ᠢᠶ᠎ᠡ ᠨᠢ ᠣᠨᠴᠠᠯᠢᠭ ᠲᠣᠳᠣ᠂ ᠵᠢᠱ᠌ᠢᠶ᠎ᠡ ᠦᠵᠡᠭᠦᠯᠬᠦ ᠦᠷ᠎ᠠ ᠪᠦᠳᠦᠮᠵᠢ ᠳᠣᠪᠣᠢᠮ᠎ᠠ᠂ ᠨᠠᠷᠢᠨ ᠪᠣᠳᠠᠲᠠᠢ ᠡᠵᠡᠩᠨᠡᠯᠲᠡ ᠶ᠋ᠢᠨ ᠲᠣᠭ᠎ᠠ ᠪᠠᠷᠢᠮᠲᠠ ᠨᠢ ᠠᠵᠤ ᠦᠢᠯᠡᠰ ᠤ᠋ᠨ ᠪᠣᠳᠠᠲᠤ ᠦᠷ᠎ᠡ ᠠᠰᠢᠭ ᠢ᠋ ᠲᠥᠬᠥᠷᠵᠢᠭᠦᠯᠵᠦ᠂ ᠯᠠᠪᠯᠠᠯᠳᠠ ᠪᠤᠯᠭᠠᠵᠦ ᠪᠣᠯᠬᠤ᠂ ᠳᠡᠯᠭᠡᠷᠡᠭᠦᠯᠵᠦ ᠪᠣᠯᠬᠤ ᠬᠥᠭᠵᠢᠯᠲᠡ ᠶ᠋ᠢᠨ ᠠᠷᠭ᠎ᠠ ᠵᠠᠮ ᠢ᠋ ᠪᠣᠢ ᠪᠣᠯᠭᠠᠵᠠᠢ᠃

ᠡᠨᠡ ᠬᠦ᠌ 10 ᠨᠡᠢᠲᠡᠯᠢᠭ ᠵᠢᠱ᠌ᠢᠶ᠎ᠡ ᠵᠢ ᠬᠡᠳᠦᠨ ᠵᠠᠭᠤᠨ ᠵᠦᠢᠯ ᠤ᠋ᠨ ᠦᠢᠯᠡᠳᠦᠯᠭᠡ ᠶ᠋ᠢᠨ ᠦᠷ᠎ᠡ ᠪᠦᠲᠦᠭᠡᠯ᠎ᠡᠴᠡ ᠰᠢᠯᠢᠳᠡᠭ ᠢ᠋ ᠨᠢ ᠰᠣᠩᠭᠣᠵᠤ᠂ ᠰᠣᠶᠣᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠪᠡᠶ᠎ᠡ ᠶ᠋ᠢᠨ ᠲᠠᠮᠢᠷ᠂ ᠵᠠᠮ ᠬᠠᠷᠢᠯᠴᠠᠭ᠎ᠠ᠂ ᠪᠣᠳᠠᠰ ᠤ᠋ᠨ ᠪᠤᠰᠤ ᠰᠣᠶᠣᠯ ᠤ᠋ᠨ ᠥᠪ᠂ ᠰᠣᠶᠣᠯ ᠤ᠋ᠨ ᠦᠵᠡᠰᠬᠦᠯᠡᠩ᠂ ᠡᠷᠡᠭᠦᠯᠵᠢᠯ ᠰᠤᠪᠢᠯᠠᠯᠲᠠ᠂ ᠤᠷᠠᠨ ᠰᠠᠢᠬᠠᠨ ᠤ᠋ ᠲᠣᠭᠯᠠᠯᠲᠠ᠂ ᠲᠡᠦᠬᠡ᠂ ᠠᠵᠤ ᠦᠢᠯᠡᠳᠪᠦᠷᠢ ᠵᠡᠷᠭᠡ ᠠᠷᠪᠠᠨ ᠶᠡᠬᠡ ᠬᠦᠷᠢᠶ᠎ᠠ ᠴᠠᠷᠠᠭ᠎ᠠ᠎ᠵᠢ ᠬᠠᠮᠤᠷᠴᠤ᠂ ᠦᠪᠦᠷ ᠮᠤᠨᠭᠭᠤᠯ ᠤ᠋ᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠬᠢᠯᠢ ᠠᠯᠤᠰᠯᠠᠨ ᠰᠢᠨ᠎ᠡ ᠵᠢ ᠡᠭᠦᠳᠬᠦ᠂ ᠪᠦᠬᠦ ᠣᠷᠣᠨ ᠪᠦᠰᠡ ᠳ᠋ᠦ ᠬᠠᠮᠲᠤ ᠪᠠᠷ ᠣᠷᠣᠰᠢᠨ ᠲᠣᠭᠲᠠᠨᠢᠬᠤ ᠴᠣ ᠰᠢᠨ᠎ᠡ ᠲᠦᠷᠢ ᠪᠠᠢᠳᠠᠯ ᠢ᠋ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃

ᠮᠠᠨ ᠤ᠋ ᠣᠷᠣᠨ 10 ᠨᠡᠢᠲᠡᠯᠢᠭ ᠵᠢᠱ᠌ᠢᠶ᠎ᠡ ᠶ᠋ᠢᠨ ᠪᠣᠯᠪᠠᠰᠤᠷᠠᠩᠭᠤᠢ ᠲᠤᠷᠰᠢᠯᠭ᠎ᠠ ᠵᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠰᠣᠶᠣᠯ ᠵᠢᠭᠤᠯᠴᠢᠯᠠᠯ ᠠᠭᠤᠰᠤᠯᠴᠠᠭᠰᠠᠨ ᠰᠢᠨ᠎ᠡ ᠠᠵᠤ ᠦᠢᠯᠡᠰ ᠢ᠋ ᠦᠷᠭᠦᠯᠵᠢᠯᠡᠨ ᠪᠣᠢᠵᠢᠭᠤᠯᠵᠤ᠂ ᠲᠦᠷᠪᠡᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠪᠦᠲᠦᠭᠡᠭᠳᠡᠬᠦᠨ ᠤ᠋ ᠬᠠᠩᠭᠠᠯᠭ᠎ᠠ ᠵᠢ ᠪᠠᠶᠠᠯᠢᠭᠵᠢᠭᠤᠯᠵᠤ᠂ ᠥᠩᠭᠡ ᠦᠵᠡᠮᠵᠢ᠂ ᠰᠣᠶᠣᠯ ᠢᠷᠭᠡᠨᠰᠢᠯ᠂ ᠬᠣᠲᠠ ᠶ᠋ᠢᠨ ᠠᠮᠢᠳᠤᠷᠠᠯ ᠤ᠋ᠨ ᠠᠭᠤᠰᠤᠯᠴᠠᠯ ᠢ᠋ ᠪᠡᠶᠡᠯᠡᠭᠦᠯᠵᠦ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠪᠡᠷ ᠬᠦᠴᠦᠯᠡᠨ ᠠᠵᠢᠯᠯᠠᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号