7 ᠰᠠᠷ᠎ᠠ᠎ᠶᠢᠨ 9 ᠡᠴᠡ 11 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠣᠷᠳᠣᠰ ᠬᠣᠲᠠ᠂ ᠪᠤᠭᠤᠲᠤ᠌ ᠬᠣᠲᠠ᠂ ᠬᠥᠬᠡᠬᠣᠲᠠ᠎ᠳᠤ ᠬᠦᠷᠴᠦ᠍᠂ ᠣᠲᠣ ᠦᠶ᠎ᠡ᠎ᠶᠢᠨ ᠡᠨᠧᠷᠭᠢ᠎ᠶᠢᠨ ᠠᠵᠤ ᠠᠬᠤᠶ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠪᠠ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ》᠂ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠳᠣᠯᠣᠳᠤᠭᠠᠷ ᠬᠤᠭᠤᠴᠠᠭᠠᠨ ᠤ ᠵᠡᠮᠳᠡᠭᠴᠦᠳ᠎ᠦᠨ ᠲᠠᠮᠢᠷ᠎ᠤᠨ ᠴᠤᠭᠯᠠᠭᠠᠨ》 ᠤ᠋ ᠪᠡᠯᠡᠳᠬᠡᠯ ᠠᠵᠢᠯ ᠵᠡᠷᠭᠡ ᠵᠢᠨ ᠲᠤᠬᠠᠶ ᠪᠠᠶ᠋ᠢᠴᠠᠭᠠᠨ ᠰᠤᠳᠤᠯᠪᠠ᠃ ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠠᠵᠤ ᠠᠬᠤᠢ ᠨᠡᠶ᠋ᠢᠭᠡᠮ ᠦᠨ ᠴᠢᠨᠠᠷ ᠰᠠᠶ᠋ᠢᠲᠠᠢ ᠬᠥᠭᠵᠢᠯᠲᠡ ᠪᠣᠯᠤᠨ ᠠᠶᠤᠯᠭᠦᠢ ᠦᠢᠯᠡᠳᠪᠦᠷᠢᠯᠡᠯ᠂ ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠍᠂ ᠠᠮᠤᠷ ᠲᠦᠪᠰᠢᠨ᠎ᠦ ᠰᠢᠨ᠎ᠡ ᠪᠠᠶ᠋ᠢᠷᠢᠰᠢᠯ᠎ᠢᠶᠠᠷ ᠬᠥᠭᠵᠢᠯᠲᠡ᠎ᠶᠢᠨ ᠰᠢᠨ᠎ᠡ ᠪᠠᠶ᠋ᠢᠷᠢᠰᠢᠯ᠎ᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃

7 ᠰᠠᠷ᠎ᠠ ᠵᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ ᠬᠠᠷᠠᠠᠤᠰᠤ ᠨᠠᠭᠤᠷ ᠤ᠋ᠨ ᠡᠷᠭᠢᠨ ᠲᠤᠭᠤᠷᠢᠨ ᠳ᠋ᠤ ᠬᠦᠷᠴᠤ᠂ ᠦᠶᠡᠷ᠎ᠢ ᠰᠡᠷᠭᠡᠶ᠋ᠢᠯᠡᠬᠦ᠌ ᠤᠰᠤᠨ ᠠᠰᠢᠭᠯᠠᠯᠲᠠ᠎ᠶᠢᠨ ᠲᠤᠨᠤᠭ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠠᠬᠢᠴᠠ᠎ᠶᠢ ᠲᠤᠬᠠᠶ᠎ᠶᠢᠨ ᠭᠠᠵᠠᠷ᠎ᠲᠤᠨᠢ ᠪᠠᠶ᠋ᠢᠴᠠᠭᠠᠨ ᠦᠵᠡᠵᠦ᠍᠂ ᠦᠶᠡᠷ᠎ᠢ ᠰᠡᠷᠭᠡᠶ᠋ᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠠᠰᠠᠭᠤᠪᠠ᠃
ᠲᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ ᠡᠩ ᠲᠡᠷᠢᠭᠦᠨ᠎ᠳᠦ ᠵᠡᠭᠦᠨᠭᠠᠷ ᠬᠣᠰᠢᠭᠤᠨ᠎ᠤ ᠳᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠨᠡᠶ᠋ᠢᠯᠡᠮᠡᠯ ᠲᠤᠰᠤᠨ᠎ᠤ ᠮᠡᠷᠭᠡᠵᠢᠯ ᠤ᠋ᠨ ᠬᠤᠪᠢᠴᠠᠭᠠᠳᠤ ᠬᠢᠵᠠᠭᠠᠷᠳᠤ ᠺᠤᠮᠫᠠᠨᠢ ᠵᠢᠨ ᠥᠪᠥᠷ ᠮᠣᠩᠭᠣᠯ᠎ᠤᠨ ᠬᠢᠵᠠᠭᠠᠷᠲᠤ᠌ ᠺᠣᠮᠫᠠᠨᠢ᠎ᠳᠤ ᠬᠦᠷᠴᠦ᠍᠂ ᠲᠦᠷᠦᠯ ᠵᠦᠢᠯ᠎ᠦᠨ ᠠᠬᠢᠴᠠ ᠪᠣᠯᠤᠨ ᠦᠢᠯᠡᠳᠬᠦᠨ᠎ᠦ ᠦᠵᠡᠭᠦᠯᠭᠡ᠎ᠶᠢ ᠨᠠᠷᠢᠨ ᠬᠢᠨᠠᠮᠠᠭᠠᠢ ᠪᠠᠶ᠋ᠢᠴᠠᠭᠠᠨ ᠦᠵᠡᠵᠦ᠍᠂ ᠵᠠᠬ᠎ᠠ ᠳᠡᠯᠭᠡᠭᠦᠷ᠎ᠦᠨ ᠪᠠᠢᠳᠠᠯ᠂ ᠤᠷ᠎ᠠ ᠮᠡᠷᠭᠡᠰᠢᠯ ᠪᠣᠯᠤᠨ ᠠᠵᠤ ᠠᠬᠤᠶ᠋ᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠪᠠᠶ᠋ᠢᠳᠠᠯ᠎ᠢ ᠨᠠᠷᠢᠨ ᠣᠶ᠋ᠢᠯᠠᠭᠠᠵᠤ᠂ ᠠᠵᠤ ᠠᠬᠤᠶ᠋ᠢᠯᠠᠯ ᠤ᠋ᠨ ᠬᠢᠨ ᠢ᠋ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠡᠷ ᠠᠰᠢᠭᠯᠠᠬᠤ᠎ᠶᠢ ᠴᠢᠩᠭᠠᠳᠬᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠣᠷᠣᠭᠤᠯᠤᠯᠲᠠ ᠶᠢᠨ ᠡᠷᠴᠢᠮ᠎ᠢᠶᠡᠨ ᠴᠢᠩᠭᠠᠷᠠᠭᠤᠯᠵᠤ᠂ ᠤᠳᠤ ᠦᠶ᠎ᠡ᠎ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠳᠡᠭᠡᠳᠦ ᠳᠡᠰᠵᠢᠯᠡᠬᠦ᠂ ᠤᠯᠠᠨ ᠡᠰᠢᠵᠢᠬᠦ᠂ ᠪᠠᠭ᠎ᠠ ᠨᠡᠭᠦᠷᠡᠰᠦᠲᠥᠢ᠍ᠷᠥᠭᠴᠢᠳᠤ ᠲᠡᠢᠰᠢ ᠬᠥᠭᠵᠢᠬᠦ ᠵᠢ ᠠᠬᠢᠭᠤᠯᠵᠤ᠂ ᠦᠢᠯᠡᠳᠬᠦᠨ ᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠭᠤᠯᠤᠭᠳᠡᠴᠡ ᠪᠣᠯᠤᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ᠌ ᠬᠡᠷᠡᠭᠲᠡᠢ ᠭᠡᠵᠦ᠍ ᠵᠣᠷᠢᠭᠵᠢᠭᠤᠯᠪᠠ᠃ ᠲᠡᠷᠡ ᠠᠵᠤ ᠠᠬᠤᠶ᠋ᠢᠯᠠᠯ ᠤ᠋ᠨ ᠬᠢᠨ ᠳ᠋ᠤ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠵᠦᠢᠯ᠎ᠦᠨ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠠᠷᠭ᠎ᠠ ᠬᠡᠮᠵᠢᠶ᠎ᠠ᠎ᠶᠢ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠰᠠᠬᠢᠬᠤ ᠬᠡᠷᠡᠭᠲᠡᠢ ᠭᠡᠵᠦ᠍ ᠵᠠᠬᠢᠪᠠ᠃ ᠤᠯᠤᠰ᠎ᠤᠨ ᠡᠨᠧᠷᠭᠢ᠎ᠶᠢᠨ ᠪᠦᠯᠦᠭᠯᠡᠯ ᠤ᠋ᠨ ᠵᠡᠭᠦᠨᠭᠠᠷ᠎ᠤᠨ ᠡᠨᠧᠷᠭᠢ᠎ᠶᠢᠨ ᠪᠦᠯᠦᠭᠯᠡᠯ᠎ᠦᠨ ᠬᠠᠲᠠᠶ ᠭᠣᠣᠯ ᠤ᠋ᠨ ᠵᠠᠳᠠᠭᠠᠶ ᠨᠡᠭᠦᠷᠡᠰᠦᠨ ᠠᠭᠤᠷᠬᠠᠶ᠎ᠶᠢᠨ ᠤᠶᠤᠨᠲᠤ᠌ ᠠᠭᠤᠷᠬᠠᠶ᠎ᠶᠢᠨ ᠪᠥᠲᠥᠭᠡᠨ ᠪᠠᠶ᠋ᠢᠭᠤᠯᠤᠯᠲᠠ᠎ᠶᠢᠨ ᠵᠢᠯᠣᠭᠣᠳᠬᠤ ᠲᠥᠪ᠎ᠲᠦ᠍ ᠸᠠᠩ ᠸᠧᠶ ᠵᠥᠩ ᠠᠭᠤᠷᠬᠠᠶ᠎ᠶᠢᠨ ᠣᠶᠤᠨᠴᠢᠯᠠᠭᠰᠠᠨ ᠠᠵᠢᠯᠯᠠᠭᠠᠨ᠂ ᠠᠮᠢ ᠠᠬᠤᠶ᠎ᠶᠢ ᠵᠠᠰᠠᠨ ᠰᠡᠷᠭᠦᠭᠡᠬᠦ᠌ ᠪᠠ ᠠᠶᠤᠯᠭᠦᠢ ᠦᠢᠯᠡᠳᠪᠦᠷᠢᠯᠡᠯ ᠦᠨ ᠪᠠᠶ᠋ᠢᠳᠠᠯ ᠤᠨ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠵᠢᠯᠣᠭᠣᠴᠢ ᠥᠬᠡᠶ ᠬᠦᠨᠳᠦ ᠠᠴᠢᠶᠠᠨ ᠤ᠋ ᠮᠠᠰᠢᠨ ᠲᠡᠷᠭᠡ ᠵᠢᠨ ᠠᠵᠢᠯᠯᠠᠭᠠᠨ᠎ᠤ ᠪᠠᠶ᠋ᠢᠳᠠᠯ ᠢ ᠲᠤᠬᠠᠶ ᠵᠢᠨ ᠲᠠᠯᠠᠪᠠᠢ᠎ᠳᠤ ᠪᠠᠶ᠋ᠢᠴᠠᠭᠠᠨ ᠦᠵᠡᠪᠡ᠃ ᠲᠡᠷᠡ᠂ ᠠᠭᠤᠷᠬᠠᠢ᠎ᠶᠢᠨ ᠤᠶᠤᠨᠴᠢᠯᠠᠬᠰᠠᠨ ᠪᠦᠲᠦᠭᠡᠨ ᠪᠠᠶ᠋ᠢᠭᠤᠯᠤᠯᠲᠠ᠎ᠶᠢ ᠶᠡᠬᠡᠪᠡᠷ ᠠᠬᠢᠭᠤᠯᠵᠤ᠂ ᠮᠠᠨ ᠤ ᠣᠷᠣᠨ ᠤ ᠡᠯᠪᠡᠭ ᠪᠠᠶᠠᠯᠢᠭ ᠬᠡᠷᠡᠭᠯᠡᠭᠡᠨ᠎ᠦ ᠪᠠᠶ᠋ᠢᠳᠠᠯ᠎ᠳᠤ ᠲᠦᠰᠢᠭᠯᠡᠨ᠂ ᠵᠢᠯᠣᠭᠣᠴᠢ ᠦᠭᠡᠢ ᠠᠴᠢᠶᠠᠨ ᠤ ᠮᠠᠰᠢᠨ ᠲᠡᠷᠭᠡ ᠵᠡᠷᠭᠡ ᠤᠶᠤᠨᠲᠤ᠌ ᠲᠣᠨᠣᠭᠯᠠᠯ᠎ᠢ ᠰᠤᠳᠤᠯᠤᠨ ᠦᠢᠯᠡᠳᠴᠦ᠍ ᠳᠡᠯᠭᠡᠷᠡᠭᠦᠯᠬᠦ᠌ ᠶᠢ ᠲᠦᠷᠭᠡᠳᠬᠡᠵᠦ᠍᠂ ᠠᠭᠤᠷᠬᠠᠢ᠎ᠶᠢᠨ ᠦᠢᠯᠡᠳᠪᠦᠷᠢᠯᠡᠯ᠎ᠦᠨ ᠦᠷ᠎ᠡ ᠪᠦᠲᠦᠮᠵᠢ ᠪᠣᠯᠤᠨ ᠠᠶᠤᠯᠭᠦᠢ ᠵᠢᠨ ᠲᠦᠪᠰᠢᠨ ᠢ ᠳᠡᠭᠡᠭᠰᠢᠯᠡᠭᠦᠯᠬᠦ᠌ ᠬᠡᠷᠡᠭᠲᠡᠢ᠃ ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠨ ᠵᠠᠰᠠᠬᠤ ᠵᠢ ᠴᠢᠩᠭᠠᠳᠬᠠᠵᠤ᠂ ᠠᠭᠤᠷᠬᠠᠢ᠎ᠶᠢᠨ ᠣᠷᠣᠨ᠎ᠤ ᠡᠷᠭᠢᠯᠳᠡᠳᠤ ᠠᠵᠤ ᠠᠬᠤᠢ᠎ᠶᠢ ᠢᠳᠡᠪᠬᠢᠲᠡᠢ ᠬᠥᠭᠵᠢᠭᠦᠯᠵᠦ᠍᠂ ᠠᠮᠢ ᠠᠬᠤᠢ᠎ᠶᠢᠨ ᠦᠷ᠎ᠡ ᠠᠰᠢᠭ᠂ ᠠᠵᠤ ᠠᠬᠤᠢ᠎ᠶᠢᠨ ᠦᠷ᠎ᠡ ᠠᠰᠢᠭ᠂ ᠨᠡᠶ᠋ᠢᠭᠡᠮ᠎ᠦᠨ ᠦᠷ᠎ᠡ ᠠᠰᠢᠭ᠎ᠤᠨ ᠨᠢᠬᠡᠳᠦᠯᠢ ᠪᠡᠶᠡᠯᠡᠬᠦᠯᠬᠦ ᠬᠡᠷᠡᠭᠲᠡᠢ ᠭᠡᠪᠡ᠃
ᠡᠨᠡ ᠵᠢᠯ᠎ᠦᠨ 8 ᠰᠠᠷ᠎ᠠ᠎ᠳᠤ ᠥᠪᠡᠷᠲᠡᠭᠡᠨ ᠵᠠᠰᠠᠬᠤ ᠣᠷᠣᠨ ᠡᠴᠡ ᠪᠤᠭᠤᠲᠤ᠌ ᠬᠣᠲᠠ᠎ᠳᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ》 ᠪᠠ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠳᠣᠯᠣᠳᠤᠭᠠᠷ ᠬᠤᠭᠤᠴᠠᠭᠠᠨ᠎ᠤ ᠵᠡᠮᠳᠡᠭᠴᠦᠳ᠎ᠦᠨ ᠲᠠᠮᠢᠷ᠎ᠤᠨ ᠴᠤᠭᠯᠠᠭᠠᠨ》 ᠢ᠋ ᠡᠷᠭᠢᠯᠡᠬᠦ᠌᠎ᠪᠡᠷ ᠪᠤᠢ᠃ ᠸᠠᠩ ᠸᠧᠢ ᠵᠦᠩ᠂ ᠪᠦᠦ ᠭᠠᠩ ᠪᠤᠭᠤᠲᠤ᠎ᠶᠢᠨ ᠲᠡᠮᠤᠷ ᠵᠠᠮ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠠᠮᠢᠷᠴᠢᠨ᠎ᠤ ᠲᠣᠰᠬᠣᠨ ᠪᠣᠯᠤᠨ ᠪᠤᠭᠤᠲᠤ᠌ ᠬᠤᠳᠠ᠎ᠶᠢᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠲᠥᠪ᠎ᠲᠦ᠍ ᠬᠦᠷᠴᠦ᠍᠂ ᠲᠤᠨᠤᠭ ᠲᠥᠬᠥᠭᠡᠷᠦᠮᠵᠢ ᠪᠣᠯᠤᠨ ᠪᠠᠲᠤᠯᠠᠭ᠎ᠠ᠎ᠶᠢᠨ ᠪᠠᠶ᠋ᠢᠳᠠᠯ᠎ᠢ ᠲᠤᠬᠠᠢ᠎ᠶᠢᠨ ᠭᠠᠵᠠᠷ᠎ᠲᠤᠨᠢ ᠪᠠᠶ᠋ᠢᠴᠠᠭᠠᠨ ᠦᠵᠡᠪᠡ᠃ ᠳᠠᠷᠠᠭ᠎ᠠ ᠨᠢ ᠸᠠᠩ ᠸᠧᠢ ᠵᠦᠩ ᠶᠠᠷᠢᠯᠴᠠᠬᠤ ᠬᠤᠷᠠᠯ᠎ᠢ ᠡᠷᠬᠢᠯᠡᠵᠦ᠍᠂ ᠤᠷᠤᠯᠳᠤᠭᠠᠨ᠎ᠢ ᠵᠣᠬᠢᠶᠠᠨ ᠪᠠᠶ᠋ᠢᠭᠤᠯᠵᠤ ᠪᠡᠯᠡᠳᠬᠡᠬᠦ᠌ ᠠᠵᠢᠯ᠎ᠤᠨ ᠠᠬᠢᠴᠠ᠎ᠶᠢᠨ ᠪᠠᠶ᠋ᠢᠳᠠᠯ᠎ᠢ ᠰᠣᠨᠣᠰᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠪᠡᠶ᠎ᠡ᠎ᠶᠢᠨ ᠲᠠᠮᠢᠷ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠪᠣᠬᠢᠷᠲᠤᠯ ᠥᠬᠡᠶ᠂ ᠬᠠᠮᠲᠤ᠎ᠪᠠᠷ ᠡᠳ᠋ᠯᠡᠬᠦ᠌᠂ ᠨᠡᠭᠡᠭᠡᠯᠲᠡᠳᠠᠢ᠂ ᠠᠷᠢᠭᠤᠨ ᠴᠢᠬᠡᠴᠢ ᠪᠠᠶ᠋ᠢᠬᠤ》ᠤᠷᠤᠯᠳᠤᠭᠠᠨ ᠡᠷᠭᠢᠯᠡᠬᠦ᠌ ᠣᠶ᠋ᠢᠯᠠᠭᠠᠭᠳᠠᠬᠤᠨ᠎ᠢ ᠪᠠᠷᠢᠮᠲᠠᠯᠠᠵᠤ᠂ 《ᠳᠥᠭᠥᠮ ᠠᠪᠰᠠᠷᠬᠠᠨ᠂ ᠠᠮᠤᠷ ᠲᠦᠪᠰᠢᠨ᠂ ᠭᠣᠶ᠋ᠢᠳᠠ ᠰᠠᠶ᠋ᠢᠬᠠᠨ》ᠤᠷᠤᠯᠳᠤᠭᠠᠨ ᠡᠷᠭᠢᠯᠡᠬᠦ᠌ ᠱᠠᠭᠠᠷᠳᠠᠯᠭ᠎ᠠ᠎ᠶᠢ ᠲᠤᠭᠤᠰᠢᠯᠠᠭᠤᠯᠵᠤ᠂ ᠡᠯ᠎ᠡ ᠵᠦᠢᠯ ᠦᠨ ᠪᠡᠯᠡᠳᠬᠡᠯ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍᠂ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ》 ᠪᠣᠯᠤᠨ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠳᠣᠯᠣᠳᠤᠭᠠᠷ ᠬᠤᠭᠤᠴᠠᠭᠠᠨ ᠤ ᠵᠡᠮᠳᠡᠭᠴᠦᠳ᠎ᠦᠨ ᠲᠠᠮᠢᠷ᠎ᠤᠨ ᠴᠤᠭᠯᠠᠭᠠᠨ》 ᠢ᠋ ᠰᠡᠳᠬᠢᠯᠨᠢᠭᠡᠳᠤᠨ ᠬᠦᠴᠦ᠎ᠪᠡᠨ ᠬᠠᠮᠲᠤᠳᠬᠠᠭᠰᠠᠨ᠂ ᠪᠦᠯᠬᠦᠮᠳᠡᠨ ᠲᠡᠮᠡᠴᠡᠭᠰᠡᠨ᠂ ᠲᠤᠶ᠋ᠢᠯ᠎ᠤᠨ ᠭᠣᠶ᠋ᠢᠳᠠ ᠰᠠᠶ᠋ᠢᠬᠠᠨ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ ᠪᠣᠯᠭᠠᠨ ᠡᠷᠭᠢᠯᠡᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠡᠬᠢᠯᠡᠯᠲᠡ᠎ᠶᠢᠨ ᠶᠣᠰᠣᠯᠠᠯ ᠪᠠ ᠲᠡᠬᠦᠰᠬᠦ ᠶᠤᠰᠤᠯᠠᠯ᠎ᠢ ᠨᠠᠷᠢᠨ ᠨᠢᠮᠪᠠᠶ ᠬᠢᠵᠤ᠂ ᠤᠷᠤᠯᠳᠤᠭᠠᠨ᠎ᠢ ᠨᠠᠷᠢᠨ ᠨᠢᠮᠪᠡᠢ ᠰᠠᠢᠳᠤᠷ ᠵᠣᠬᠢᠶᠠᠨ ᠪᠠᠶ᠋ᠢᠭᠤᠯᠵᠦ᠍᠂ ᠡᠯ᠎ᠡ ᠵᠦᠢᠯ᠎ᠦᠨ ᠦᠢᠯᠡᠴᠢᠯᠡᠭᠡ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠰᠡᠳᠬᠢᠯ ᠳᠡᠯᠪᠢᠨ ᠨᠠᠶ᠋ᠢᠳᠠᠪᠤᠷᠢᠵᠢᠭᠤᠯᠬᠤ ᠬᠡᠷᠡᠭᠲᠡᠶ᠃ ᠤᠷᠤᠯᠳᠤᠭᠠᠨ᠎ᠤ ᠠᠵᠤ ᠠᠬᠤᠶ᠎ᠶᠢ ᠶᠡᠬᠡ ᠪᠡᠷ ᠬᠥᠭᠵᠢᠭᠦᠯᠵᠦ᠍᠂ ᠤᠨᠴᠠᠯᠢᠬᠳᠤ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ᠂ ᠬᠡᠷᠡᠭᠯᠡᠭᠡᠨ᠎ᠦ ᠦᠵᠡᠭᠳᠡᠯ ᠪᠠᠢᠳᠠᠯ ᠪᠣᠯᠤᠨ ᠰᠣᠶᠣᠯ᠎ᠤᠨ ᠪᠦᠳᠦᠭᠡᠯᠴᠢ ᠦᠢᠯᠡᠳᠬᠦᠨ᠎ᠢ ᠤᠬᠠᠭᠠᠯᠠᠨ ᠲᠦᠯᠦᠪᠯᠡᠵᠤ ᠡᠭᠦᠳᠤᠨ᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ᠎ᠤ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭᠲᠡᠶ᠃ ᠤᠬᠠᠭᠤᠯᠭ᠎ᠠ ᠮᠡᠳᠡᠭᠡᠯᠡᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠍᠂ ᠣᠯᠠᠨ ᠲᠦᠮᠡᠨᠴᠢ ᠴᠢᠨᠠᠷᠲᠠᠶ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢ ᠥᠷᠭᠡᠨ ᠳᠡᠯᠭᠡᠷ ᠥᠷᠨᠢᠭᠦᠯᠵᠦ᠍᠂ ᠪᠥᠬᠥ᠌ ᠣᠷᠣᠨ᠎ᠳᠤ ᠪᠥᠬᠥ᠌ ᠠᠷᠠᠳ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠦ ᠥᠷᠨᠢᠯᠲᠡ᠎ᠶᠢ ᠪᠤᠢ ᠪᠤᠯᠭᠠᠬᠤ ᠬᠡᠷᠡᠭᠲᠡᠶ᠃ ᠪᠠᠷᠢᠯᠭ᠎ᠠ ᠵᠢᠨ ᠠᠮᠤᠷ ᠲᠦᠪᠰᠢᠨ᠂ ᠤᠷᠤᠯᠳᠤᠭᠠᠨ ᠢ ᠵᠣᠬᠢᠶᠠᠨ ᠪᠠᠶ᠋ᠢᠭᠤᠯᠬᠤ ᠠᠮᠤᠷ ᠲᠦᠪᠰᠢᠨ ᠪᠠ ᠤᠷᠤᠯᠳᠤᠭᠠᠨ᠎ᠤ ᠰᠤᠷᠲᠠᠯ ᠰᠠᠬᠢᠯᠭ᠎ᠠ ᠪᠠᠲᠤ᠎ᠶᠢ ᠰᠠᠶ᠋ᠢᠲᠤᠷ ᠠᠳᠬᠤᠵᠤ᠂ ᠠᠷᠪᠢᠴᠢ ᠭᠠᠮᠲᠠᠢ ᠠᠷᠢᠭᠤᠨ ᠴᠢᠬᠡᠴᠢ᠎ᠪᠡᠷ ᠤᠷᠤᠯᠳᠤᠭᠠᠨ ᠡᠷᠬᠢᠯᠡᠬᠦ᠌᠎ᠶᠢ ᠪᠠᠷᠢᠮᠲᠠᠯᠠᠬᠤ ᠬᠡᠷᠡᠭᠲᠡᠢ᠃ ᠪᠣᠯᠪᠠᠰᠤᠷᠠᠯ ᠪᠠ ᠪᠡᠯᠡᠳᠬᠡᠯ ᠠᠵᠢᠯ᠎ᠢ ᠵᠢᠯᠣᠭᠣᠳᠤᠨ ᠰᠠᠶ᠋ᠢᠲᠤᠷ ᠬᠢᠵᠦ᠍᠂ ᠴᠢᠳᠠᠪᠤᠷᠢᠲᠠᠨ᠎ᠢ ᠢᠯᠡᠷᠡᠭᠦᠯᠵᠦ᠍᠂ ᠬᠦᠭᠵᠢᠯᠳᠠ ᠵᠢᠨ ᠲᠠᠯᠳᠠ ᠬᠦᠴᠤᠨ ᠲᠠᠢ ᠴᠢᠳᠠᠪᠤᠷᠢᠲᠠᠨ ᠢ᠋ ᠬᠥᠮᠦᠵᠢᠭᠦᠯᠵᠦ᠍᠂ ᠪᠦᠬᠦ᠌ ᠣᠷᠣᠨ᠎ᠤ ᠥᠷᠢᠰᠥᠯᠳᠦᠭᠡᠨ᠎ᠳᠤ ᠪᠡᠶ᠎ᠡ᠎ᠶᠢᠨ ᠲᠠᠮᠢᠷ᠎ᠤᠨ ᠲᠦᠪᠰᠢᠨ᠎ᠦ ᠳᠡᠭᠡᠭᠰᠢᠯᠡᠯᠲᠡ᠎ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠣᠳᠣᠬᠠᠨ᠎ᠳᠤ ᠶᠠᠭ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠦᠶᠡᠷ᠎ᠢ ᠰᠡᠷᠭᠡᠶ᠋ᠢᠯᠡᠵᠦ᠍ ᠦᠶᠡᠷ᠎ᠢ ᠰᠡᠷᠭᠡᠶ᠋ᠢᠯᠡᠬᠦ᠌ ᠪᠡᠯᠡᠳᠬᠡᠯ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠸᠠᠩ ᠸᠧᠶ ᠵᠥᠩ ᠪᠣᠯᠤᠨ ᠪᠦᠦ ᠭᠠᠩ ᠲᠤᠰᠬᠠᠶ᠋ᠢᠯᠠᠨ ᠬᠠᠷᠠᠠᠤᠰᠤ ᠨᠠᠭᠤᠷ᠎ᠤᠨ ᠡᠷᠬᠢᠨ ᠲᠣᠭᠣᠷᠢᠨ᠎ᠳᠤ ᠬᠦᠷᠴᠦ᠍᠂ ᠦᠶᠡᠷ᠎ᠢ ᠰᠡᠷᠭᠡᠶ᠋ᠢᠯᠡᠬᠦ᠌ ᠤᠰᠤᠨ ᠠᠰᠢᠭᠯᠠᠯᠲᠠ᠎ᠶᠢᠨ ᠲᠤᠨᠤᠭ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠠᠬᠢᠴᠠ᠎ᠶᠢ ᠲᠤᠬᠠᠶ᠎ᠶᠢᠨ ᠭᠠᠵᠠᠷ᠎ᠲᠤᠨᠢ ᠪᠠᠶ᠋ᠢᠴᠠᠭᠠᠨ ᠦᠵᠡᠵᠦ᠍᠂ ᠦᠶᠡᠷ᠎ᠢ ᠰᠡᠷᠭᠡᠶ᠋ᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠠᠰᠠᠭᠤᠪᠠ᠃ ᠸᠠᠩ ᠸᠧᠢ ᠵᠦᠩ᠂ ᠤᠢ᠌ᠷ᠎ᠠ᠎ᠶᠢᠨ ᠬᠤᠭᠤᠴᠠᠭᠠᠨ᠎ᠳᠤ ᠡᠯ᠎ᠡ ᠵᠦᠢᠯ᠎ᠦᠨ ᠬᠠᠴᠢᠨ ᠴᠠᠭ ᠠᠭᠤᠷ ᠣᠯᠠᠨᠲᠠ ᠡᠭᠦᠰᠴᠦ᠍ ᠪᠤᠢ᠂ ᠡᠯ᠎ᠡ ᠭᠠᠵᠠᠷ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠦᠶᠡᠷ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ ᠤ᠋ᠨ ᠰᠡᠳᠬᠢᠬᠦᠢ᠎ᠶᠢ ᠪᠠᠲᠤ᠌ ᠪᠤᠢ ᠪᠣᠯᠭᠠᠵᠤ᠂ ᠲᠠᠶ᠋ᠢᠪᠤᠰᠢᠷᠠᠬᠤ ᠪᠤᠳᠤᠯ ᠪᠣᠯᠤᠨ ᠠᠵᠠ ᠬᠠᠷᠠᠬᠤ ᠪᠤᠳᠤᠯ᠎ᠢ ᠡᠷᠡᠰ ᠲᠡᠪᠴᠢᠵᠦ᠍᠂ ᠦᠶᠡᠷ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠵᠤ᠂ ᠦᠶᠡᠷ᠎ᠦᠨ ᠬᠤᠭᠤᠴᠠᠭ᠎ᠠ᠎ᠶᠢ ᠠᠮᠤᠷ ᠲᠦᠪᠰᠢᠨ᠎ᠢᠶᠡᠷ ᠥᠩᠭᠡᠷᠡᠭᠦᠯᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠪᠣᠷᠣᠭᠠᠨ᠎ᠤ ᠪᠠᠶ᠋ᠢᠳᠠᠯ ᠤᠰᠤᠨ᠎ᠤ ᠪᠠᠶ᠋ᠢᠳᠠᠯ᠎ᠤᠨ ᠬᠤᠪᠢᠷᠠᠯᠲᠠ ᠶᠢ ᠨᠢᠭᠲᠠ ᠠᠩᠬᠠᠷᠴᠤ᠌᠂ ᠰᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠤᠷᠢᠳᠴᠢᠯᠠᠨ ᠰᠡᠷᠡᠮᠵᠢᠯᠡᠭᠦᠯᠬᠦ᠌᠎ᠶᠢ ᠴᠢᠩᠭᠠᠳᠬᠠᠨ᠂ ᠦᠨᠳᠦᠰᠦᠨ ᠱᠠᠲᠤᠨ᠎ᠤ ᠬᠠᠷᠢᠭᠤᠴᠠᠯᠭᠠᠲᠠᠨ᠎ᠳᠤ ᠰᠢᠭᠤᠳ ᠬᠥᠷᠬᠥ᠌ ᠭᠠᠮᠰᠢᠭ᠎ᠤᠨ ᠰᠡᠷᠡᠮᠵᠢᠯᠡᠭᠦᠯᠦᠯ᠎ᠦᠨ《ᠳᠠᠭᠤᠳᠠᠬᠤ ᠴᠤᠤᠷᠢᠶᠠᠳᠤᠨ ᠲᠠᠭᠠᠬᠤ》ᠲᠣᠭᠲᠠᠴᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠠᠶᠤᠯ ᠭᠠᠮᠰᠢᠭ ᠡᠬᠦᠰᠬᠦ᠎ᠡᠴᠡ ᠡᠮᠦᠨ᠎ᠡ ᠠᠶᠤᠯ᠎ᠳᠤ ᠬᠣᠯᠪᠣᠭᠳᠠᠭᠰᠠᠨ ᠣᠯᠠᠨ ᠲᠦᠮᠡᠨ᠎ᠢ ᠡᠷᠡᠰ ᠰᠢᠭᠤᠷᠬᠠᠶ᠎ᠪᠠᠷ ᠰᠢᠯᠵᠢᠭᠦᠯᠦᠨ ᠨᠡᠬᠦᠯᠬᠡᠵᠤ᠂ ᠰᠢᠯᠵᠢᠭᠦᠯᠬᠦ᠌ ᠶᠣᠰᠣᠲᠠᠶ᠎ᠶᠢ ᠨᠢ ᠡᠷᠲᠡᠬᠡᠨ ᠰᠢᠯᠵᠢᠭᠦᠯᠬᠦ᠌᠂ ᠰᠢᠯᠵᠢᠭᠦᠯᠬᠦ᠌ ᠶᠣᠰᠣᠲᠠᠶ᠎ᠶᠢ ᠨᠢ ᠪᠦᠬᠦᠨ᠎ᠢ ᠰᠢᠯᠵᠢᠭᠦᠯᠬᠦ᠌᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ ᠪᠠᠶ᠋ᠢᠬᠤ᠎ᠶᠢ ᠪᠡᠶᠡᠯᠡᠭᠦᠯᠬᠦ᠌ ᠬᠡᠷᠡᠭᠲᠡᠶ᠃ ᠭᠣᠣᠯ᠎ᠤᠨ ᠬᠡᠪᠡᠯᠢ ᠬᠠᠰᠢᠯᠭ᠎ᠠ ᠲᠠᠯᠠᠩ᠂ ᠲᠦᠭᠰᠢᠬᠦᠷᠢ ᠵᠢᠨ ᠭᠡᠮ ᠰᠤᠭᠤᠭ ᠤᠷᠤᠰᠢᠵᠤ ᠪᠠᠢᠭ᠎ᠠ ᠠᠶᠤᠯᠳᠠᠢ ᠬᠠᠶᠠᠭᠳᠠᠮᠠᠯ ᠤᠰᠤᠨ ᠴᠥᠭᠥᠷᠥᠮ᠂ ᠠᠭᠤᠯᠠᠨ ᠦᠶᠡᠷ᠎ᠦᠨ ᠭᠤᠤ᠎ᠶᠢᠨ ᠠᠮᠠᠰᠠᠷ᠂ ᠠᠭᠤᠷᠬᠠᠢ᠎ᠶᠢᠨ ᠣᠷᠣᠨ ᠵᠢᠴᠢ ᠬᠤᠳᠠ᠎ᠶᠢᠨ ᠬᠣᠲᠣᠭᠣᠷ ᠭᠠᠵᠠᠷ ᠵᠡᠷᠭᠡ ᠭᠣᠣᠯᠳᠠᠯᠭ᠎ᠠ᠎ᠲᠠᠶ ᠭᠠᠵᠠᠷ᠎ᠢ ᠴᠢᠩᠭ᠎ᠠ ᠠᠩᠬᠠᠷᠴᠤ᠌᠂ ᠠᠶᠤᠯ ᠲᠦᠭᠰᠢᠭᠦᠷᠢ᠎ᠶᠢ ᠴᠠᠭ ᠲᠤᠬᠠᠢᠳᠤᠨᠢ ᠠᠷᠢᠯᠭᠠᠵᠤ᠂ ᠠᠰᠠᠭᠤᠳᠠᠯ᠎ᠢ ᠰᠢᠰᠲ᠋ᠧᠮ᠎ᠲᠡᠶ ᠰᠢ᠌ᠳᠪᠦᠷᠢᠯᠡᠬᠦ᠌ ᠬᠡᠷᠡᠭᠲᠡᠢ᠃ ᠡᠯ᠎ᠡ ᠭᠠᠵᠠᠷ ᠤᠷᠤᠨ ᠡᠯ᠎ᠡ ᠬᠣᠯᠪᠣᠭᠳᠠᠯ ᠪᠦᠬᠦᠢ ᠲᠠᠯ᠎ᠠ᠎ᠶᠢᠨ ᠬᠢᠨ ᠪᠠᠴᠢᠮ ᠪᠠᠶ᠋ᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠎ᠪᠠᠨ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠲᠥᠰᠦᠯ᠎ᠢᠶᠡᠨ ᠲᠡᠭᠦᠯᠳᠡᠷᠵᠢᠭᠦᠯᠵᠦ᠍᠂ ᠠᠪᠤᠷᠠᠨ ᠲᠤᠰᠠᠯᠠᠬᠤ ᠰᠣᠷᠢᠯᠲᠠ᠎ᠪᠠᠨ ᠴᠢᠩᠭᠠᠳᠬᠠᠵᠤ᠂ ᠭᠠᠮᠰᠢᠭ᠎ᠡᠴᠡ ᠠᠪᠤᠷᠠᠬᠤ ᠡᠳ᠋ ᠪᠣᠳᠠᠰ ᠢ ᠨᠥᠭᠡᠴᠡᠯᠡᠬᠦ ᠠᠵᠢᠯ ᠢ᠋ ᠰᠠᠶ᠋ᠢᠲᠤᠷ ᠬᠢᠵᠦ᠍᠂ ᠪᠠᠴᠢᠮ ᠪᠠᠶ᠋ᠢᠳᠠᠯ᠎ᠢ ᠠᠷᠭᠠᠴᠠᠭᠠᠬᠤ ᠠᠶᠤᠯ᠎ᠡᠴᠡ ᠠᠪᠤᠷᠠᠬᠤ ᠠᠪᠤᠷᠠᠨ ᠲᠤᠰᠠᠯᠠᠬᠤ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠬᠦ᠌ ᠬᠡᠷᠡᠭᠲᠡᠢ ᠭᠡᠵᠤ ᠵᠢᠭᠠᠵᠤ ᠭᠠᠷᠭᠠᠪᠠ᠃
ᠪᠦᠦ ᠰᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠢᠦᠢ ᠯᠢ ᠰᠢᠨ᠂ ᠰᠦᠬᠡᠨᠡᠷ ᠲᠤᠰ ᠲᠤᠰ ᠣᠷᠣᠯᠴᠠᠵᠠᠢ᠃