ᠰᠢ ᠵᠢᠨ ᠫᠢᠩ ᠪᠣᠯᠤᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ ᠲᠦᠷᠦ᠎ᠶᠢᠨ ᠶᠠᠪᠤᠳᠠᠯ ᠎ᠤᠨ ᠬᠣᠷᠢᠶ᠎ᠠ ᠎ᠶᠢᠨ ᠬᠤᠷᠢᠶᠠᠨ ᠳᠠᠷᠤᠭ᠎ᠠ᠎ᠶᠢᠨ ᠵᠧᠩ ᠡᠸᠨ 《ᠳᠤᠮᠳᠠᠳᠤ ᠰᠣᠯᠣᠩᠭᠣᠰ᠎ᠤᠨ ᠨᠥᠬᠥᠷᠰᠡᠭ᠎ᠢᠶᠡᠷ ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠲᠣᠭᠲᠠᠭᠰᠠᠨ 65 ᠵᠢᠯ᠎ᠦᠨ ᠤᠢ᠎ᠳᠤ ᠵᠣᠷᠢᠭᠤᠯᠤᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
2026-07-12 08:03:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 11 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ ᠎ᠤᠨ ᠲᠡᠷᠢᠭᠦᠯᠡᠭᠴᠢ ᠰᠢ ᠵᠢᠨ ᠫᠢᠩ ᠪᠣᠯᠤᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠶ ᠱᠦᠵᠢ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠷᠢᠶᠠᠨ ᠳᠠᠷᠤᠭ᠎ᠠ᠎ᠶᠢᠨ ᠵᠧᠩ ᠡᠸᠨ 《ᠳᠤᠮᠳᠠᠳᠤ ᠰᠣᠯᠣᠩᠭᠣᠰ᠎ᠤᠨ ᠨᠥᠬᠥᠷᠰᠡᠭ᠎ᠢᠶᠡᠷ ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠲᠣᠭᠲᠠᠭᠰᠠᠨ 65 ᠵᠢᠯ᠎ᠦᠨ ᠣᠶ᠎ᠳ᠋ᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃

ᠰᠢ ᠵᠢᠨ ᠫᠢᠩ᠂ 1961 ᠣᠨ᠎ᠳᠤ ᠳᠤᠮᠳᠠᠳᠤ ᠰᠣᠯᠣᠩᠭᠣᠰ ᠬᠣᠶᠠᠷ ᠤᠯᠤᠰ᠎ᠤᠨ ᠠᠬᠠᠮᠠᠳ ᠨᠢᠭᠡ ᠦᠶ᠎ᠡ᠎ᠶᠢᠨ ᠤᠳᠤᠷᠢᠳᠬᠤ ᠬᠥᠮᠦᠰ《ᠳᠤᠮᠳᠠᠳᠤ ᠰᠣᠯᠣᠩᠭᠣᠰ᠎ᠤᠨ ᠨᠥᠬᠥᠷᠰᠡᠭ᠎ᠢᠶᠡᠷ ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠳ᠋ᠤ ᠭᠠᠷ᠎ᠤᠨ ᠦᠰᠦᠭ ᠵᠢᠷᠤᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠷᠢᠭᠤᠨ ᠴᠢᠰᠤ᠎ᠪᠠᠷ᠎ᠢᠶᠠᠨ ᠪᠠᠷᠢᠯᠳᠤᠭᠰᠠᠨ ᠲᠠᠢ᠌ᠴᠢᠨ ᠨᠥᠬᠥᠷᠯᠡᠯ᠎ᠢ ᠪᠡᠬᠢᠵᠢᠭᠦᠯᠬᠦ᠌᠎ᠳᠦ ᠴᠢᠬᠤᠯᠠ ᠤᠯᠤᠰ ᠲᠦᠷᠦ᠍ ᠬᠠᠤᠯᠢ ᠴᠠᠭᠠᠵᠠ᠎ᠶᠢᠨ ᠰᠠᠭᠤᠷᠢ ᠵᠢ ᠲᠠᠯᠪᠢᠵᠤ᠂ ᠳᠤᠮᠳᠠᠳᠤ ᠰᠣᠯᠣᠩᠭᠣᠰ᠎ᠤᠨ ᠨᠥᠬᠥᠷᠯᠡᠯ᠎ᠢ ᠤᠯᠠᠮᠵᠢᠯᠠᠨ ᠪᠠᠳᠠᠷᠠᠭᠤᠯᠬᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ᠎ᠶᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭᠠᠯᠠᠬᠤ᠎ᠳᠤ ᠴᠢᠬᠤᠯᠠ ᠦᠢᠯᠡᠳᠦᠯ ᠦᠵᠡᠭᠦᠯᠪᠡ᠃ 65 ᠵᠢᠯ᠎ᠦᠨ ᠲᠤᠷᠰᠢ᠂ ᠬᠣᠶᠠᠷ ᠲᠠᠯ᠎ᠠ᠎ᠪᠠᠷ᠎ᠢᠶᠠᠨ ᠭᠡᠷ᠎ᠡ᠎ᠶᠢᠨ ᠵᠣᠷᠢᠭ ᠰᠠᠨᠠᠭ᠎ᠠ᠎ᠶᠢ ᠪᠠᠷᠢᠮᠲᠠᠯᠠᠵᠤ᠂ ᠬᠠᠷᠢᠯᠴᠠᠨ ᠲᠡᠮᠵᠢᠵᠥ᠍᠂ ᠪᠦᠯᠬᠦᠮᠳᠡᠨ ᠬᠠᠮᠵᠢᠯᠴᠠᠵᠤ᠂ ᠮᠥᠷᠥ᠍ ᠵᠡᠷᠭᠡᠴᠡᠨ ᠲᠡᠮᠡᠴᠡᠵᠦ᠍᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶᠢᠨ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠶ᠋ᠢᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ᠂ ᠰᠠᠬᠢᠨ ᠪᠠᠷᠠᠯᠠᠵᠥ᠍ ᠬᠠᠷᠢᠯᠴᠠᠨ ᠬᠠᠪᠰᠤᠷᠤᠯᠴᠠᠬᠤ ᠢᠯᠡ ᠲᠣᠳᠣ ᠣᠨᠴᠠᠯᠢᠭ᠎ᠢ ᠠᠮᠢᠳᠤᠯᠢᠭ᠎ᠢᠶᠠᠷ ᠲᠠᠶ᠋ᠢᠯᠪᠤᠷᠢᠯᠠᠪᠠ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠡᠨᠡ ᠵᠢᠯ᠎ᠦᠨ 6 ᠰᠠᠷ᠎ᠠ᠎ᠳᠤ᠂ ᠪᠢ ᠰᠣᠯᠣᠩᠭᠣᠰ᠎ᠲᠤ᠌ ᠠᠮᠵᠢᠯᠲᠠ᠎ᠲᠠᠶ᠎ᠪᠠᠷ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠵᠦ᠍᠂ ᠶᠡᠷᠦᠩᠬᠡᠢ ᠱᠦᠵᠢ ᠨᠥᠬᠥᠷ᠎ᠲᠡᠶ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ᠌ ᠨᠥᠬᠥᠷᠯᠡᠯ᠎ᠢ ᠪᠡᠬᠢᠵᠢᠭᠦᠯᠦᠨ ᠤᠯᠠᠮᠵᠢᠯᠠᠬᠤ᠎ᠶᠢᠨ ᠬᠠᠮᠲᠤ᠌ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ ᠨᠡᠮᠡᠷᠢᠯᠡᠬᠦ᠌ ᠲᠤᠬᠠᠢ ᠴᠢᠬᠤᠯᠠ ᠬᠠᠮᠲᠤ᠎ᠶᠢᠨ ᠲᠠᠨᠢᠯᠲᠠ᠎ᠲᠠᠶ ᠪᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠬᠥᠭᠵᠢᠯᠲᠡ᠎ᠳᠦ ᠪᠠᠶ᠋ᠢᠯᠳᠤᠬᠤ ᠪᠤᠳᠤᠯᠭ᠎ᠠ᠎ᠶᠢᠨ ᠵᠢᠯᠤᠭᠤᠳᠤᠯᠭ᠎ᠠ ᠬᠢᠵᠦ᠍᠂ ᠰᠢᠨ᠎ᠡ ᠠᠦᠭ᠎ᠠ ᠲᠥᠰᠦᠪ᠎ᠢ ᠵᠢᠷᠤᠭᠯᠠᠪᠠ᠃ ᠲᠦᠷᠭᠡᠰᠦᠨ ᠤᠯᠠᠷᠢᠵᠤ ᠪᠠᠢᠭ᠎ᠠ ᠳᠡᠯᠡᠬᠡᠢ᠎ᠶᠢᠨ ᠵᠠᠭᠤᠨ ᠵᠢᠯ ᠳ᠋ᠤ ᠳᠤᠬᠢᠶᠠᠯᠳᠤᠭ᠎ᠠ ᠦᠭᠡᠢ ᠬᠤᠪᠢᠰᠤᠯᠲᠠ᠎ᠶᠢᠨ ᠡᠮᠦᠨ᠎ᠡ᠂ ᠪᠢ ᠳᠤᠷᠠᠲᠠᠶ᠎ᠠ ᠶᠡᠷᠦᠩᠬᠡᠢ ᠱᠦᠵᠢ ᠨᠥᠬᠥᠷ᠎ᠯᠦᠭᠡ ᠪᠠᠶ᠋ᠢᠯᠳᠤᠬᠤ ᠪᠤᠳᠤᠯᠭ᠎ᠠ᠎ᠶᠢᠨ ᠤᠯᠤᠯᠴᠠᠭ᠎ᠠ᠎ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ᠎ᠶᠢᠨ ᠴᠢᠭᠯᠡᠯ᠎ᠢ ᠪᠠᠲᠤ᠌ ᠡᠵᠡᠮᠳᠡᠵᠦ᠍᠂ ᠬᠣᠶᠠᠷ ᠲᠠᠯ᠎ᠠ᠎ᠶᠢᠨ ᠨᠥᠬᠥᠷᠰᠡᠭ ᠬᠠᠮᠲᠤᠷᠠᠯᠴᠠᠭ᠎ᠠ᠎ᠶᠢ ᠬᠦᠳᠦᠯᠥᠨ ᠳᠠᠭᠠᠭᠤᠯᠵᠤ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠴᠦ᠍᠂ ᠭᠠᠵᠠᠷ ᠣᠷᠣᠨ᠎ᠤ ᠡᠩᠬᠡ ᠲᠠᠶ᠋ᠢᠪᠤᠩ ᠪᠣᠯᠤᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ᠍ ᠴᠢᠬᠤᠯᠠᠴᠢᠯᠠᠪᠠ᠃

ᠰᠢ᠎ᠶᠢᠨ ᠫᠢᠩ᠂ ᠳᠡᠯᠡᠬᠡᠢ᠎ᠶᠢᠨ ᠪᠠᠢᠳᠠᠯ ᠶᠠᠭᠠᠬᠢᠵᠤ ᠬᠤᠪᠢᠷᠠᠭᠰᠠᠨ ᠴᠤ᠌ ᠳᠤᠮᠳᠠᠳᠤ ᠤᠯᠤᠰ᠎ᠤᠨ ᠨᠠᠮ ᠪᠣᠯᠣᠨ ᠵᠠᠰᠠᠭ᠎ᠤᠨ ᠣᠷᠳᠣᠨ᠎ᠡᠴᠡ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠡᠷᠡᠰ ᠪᠠᠲᠤ ᠵᠣᠭᠰᠣᠯᠲᠠ ᠬᠤᠪᠢᠷᠠᠬᠤ ᠦᠭᠡᠢ᠂ ᠵᠢᠨ ᠵᠧᠩ ᠡᠸᠨ ᠶᠡᠷᠦᠩᠬᠡᠢ ᠱᠦᠵᠢ ᠨᠥᠬᠥᠷ᠎ᠦᠨ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠢ ᠤᠳᠤᠷᠢᠳᠬᠤ ᠳ᠋ᠤ ᠦᠵᠡᠭᠦᠯᠬᠦ ᠡᠷᠡᠰ ᠪᠠᠲᠤ ᠳᠡᠮᠵᠢᠯᠭᠡ ᠬᠤᠪᠢᠷᠠᠬᠤ ᠦᠭᠡᠢ᠂ ᠳᠤᠮᠳᠠᠳᠤ ᠰᠣᠯᠣᠩᠭᠣᠰ ᠬᠣᠶᠠᠷ ᠲᠠᠯ᠎ᠠ᠎ᠶᠢᠨ ᠬᠠᠮᠲᠤ᠎ᠶᠢᠨ ᠠᠰᠢᠭ᠋ ᠲᠤᠰᠠ ᠪᠣᠯᠣᠨ ᠰᠠᠢᠨ ᠰᠠᠢᠬᠠᠨ ᠪᠠᠢᠯᠳᠤᠬᠤ ᠪᠣᠳᠣᠯᠭ᠎ᠠ᠎ᠶᠢᠨ ᠣᠷᠴᠢᠨ ᠨᠥᠬᠥᠴᠡᠯ᠎ᠢ ᠬᠠᠮᠠᠭᠠᠯᠠᠬᠤ ᠡᠷᠡᠰ ᠪᠠᠲᠤ ᠵᠣᠷᠢᠭ᠋ ᠬᠤᠪᠢᠷᠠᠬᠤ ᠦᠭᠡᠢ ᠭᠡᠵᠤ ᠪᠢ ᠳᠤᠷᠠᠲᠠᠶ᠎ᠠ ᠲᠠᠪᠲᠠᠨ ᠢᠯᠡᠷᠬᠡᠢᠯᠡᠵᠤ ᠪᠠᠢᠨ᠎ᠠ᠃ ᠶᠡᠷᠦᠩᠬᠡᠢ ᠱᠦᠵᠢ ᠨᠥᠬᠥᠷ᠎ᠢᠶᠡᠷ ᠲᠦᠷᠦᠭᠦᠯᠡᠭᠦᠯᠦᠭᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠤᠳᠤᠷᠢᠳᠤᠯᠭ᠎ᠠ ᠳᠣᠣᠷ᠎ᠠ᠂ ᠰᠣᠯᠣᠩᠭᠣᠰ᠎ᠤᠨ ᠠᠷᠠᠳ ᠲᠦᠮᠡᠨ ᠯᠠᠪᠲᠠᠢ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠶᠡᠬᠡ ᠬᠤᠷᠠᠯ᠎ᠤᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ ᠵᠢᠷᠤᠮ ᠤ᠋ᠨ ᠪᠦᠲᠦᠭᠡᠨ ᠪᠠᠢᠭᠤᠯᠤᠯᠲᠠ᠎ᠶᠢᠨ ᠦᠢᠯᠡᠰ ᠳᠤᠮᠳᠠ ᠲᠠᠰᠤᠷᠠᠯᠳᠠ ᠦᠭᠡᠢ ᠨᠡᠩ ᠶᠡᠬᠡ ᠰᠢᠨ᠎ᠡ ᠠᠮᠵᠢᠯᠲᠠ ᠣᠯᠬᠤ᠎ᠶᠢ ᠢᠲᠡᠭᠡᠵᠦ ᠪᠠᠢᠨ᠎ᠠ ᠭᠡᠵᠦ ᠵᠢᠭᠠᠵᠤ ᠭᠠᠷᠭᠠᠪᠠ᠃

ᠵᠢᠨ ᠵᠧᠩ ᠡᠸᠨ᠂ 65 ᠵᠢᠯ᠎ᠦᠨ ᠡᠮᠦᠨ᠎ᠡ᠂ ᠬᠣᠶᠠᠷ ᠲᠠᠯ᠎ᠠ᠎ᠪᠠᠷ᠎ᠢᠶᠠᠨ 《ᠰᠣᠯᠣᠩᠭᠣᠰ ᠳᠤᠮᠳᠠᠳᠤ᠎ᠶᠢᠨ ᠨᠥᠬᠥᠷᠰᠡᠭ᠎ᠢᠶᠡᠷ  ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》ᠵᠢ ᠲᠣᠭᠲᠠᠵᠤ᠂ ᠡᠵᠡᠷᠬᠡᠭ ᠲᠦᠷᠢᠮᠡᠬᠡᠢᠲᠡᠨ᠎ᠢ ᠡᠰᠡᠷᠭᠦᠴᠡᠵᠤ ᠪᠡᠶ᠎ᠡ᠎ᠪᠡᠨ ᠳᠠᠭᠠᠭᠠᠬᠤ᠂ ᠡᠩᠬᠡ ᠲᠠᠢᠪᠤᠩ ᠪᠣᠯᠣᠨ ᠨᠡᠢᠭᠡᠮ ᠵᠢᠷᠤᠮ᠎ᠤᠨ ᠠᠭᠤᠤ ᠦᠢᠯᠡᠰ᠎ᠢ ᠪᠡᠶᠡᠯᠡᠭᠦᠯᠬᠦ ᠴᠢᠰᠤᠲᠤ ᠳᠠᠢ᠍ᠢᠨ᠎ᠦ ᠶᠠᠪᠤᠴᠠ᠎ᠳᠤ ᠪᠠᠷᠢᠯᠳᠤᠬᠰᠠᠨ ᠰᠣᠯᠣᠩᠭᠣᠰ ᠳᠤᠮᠳᠠᠳᠤ᠎ᠶᠢᠨ ᠳᠠᠢ᠍ᠢᠴᠢᠨ ᠨᠥᠬᠥᠷᠯᠡᠯ ᠪᠣᠯᠣᠨ ᠪᠦᠯᠬᠦᠮᠳᠡᠨ ᠬᠠᠪᠰᠤᠷᠤᠯᠴᠠᠵᠤ ᠬᠠᠮᠲᠤᠷᠠᠯᠴᠠᠬᠤ ᠬᠠᠷᠢᠯᠴᠠᠭ᠎ᠠ᠎ᠶᠢᠨ ᠥᠨᠢᠳᠡ᠎ᠶᠢᠨ ᠬᠥᠭᠵᠢᠯᠲᠡ᠎ᠳᠦ ᠪᠠᠲᠤ ᠪᠡᠬᠢ ᠬᠠᠤᠯᠢ ᠴᠠᠭᠠᠵᠠ᠎ᠶᠢᠨ ᠰᠠᠭᠤᠷᠢ᠎ᠶᠢ ᠲᠠᠯᠪᠢᠵᠤ ᠦᠭᠪᠡ᠃ ᠥᠩᠭᠡᠷᠡᠭᠰᠡᠨ ᠨᠢᠭᠡ ᠬᠤᠭᠤᠴᠠᠭᠠᠨ᠎ᠳᠤ᠂ ᠰᠣᠯᠣᠩᠭᠣᠰ ᠳᠤᠮᠳᠠᠳᠤ ᠬᠣᠶᠠᠷ ᠤᠯᠤᠰ ᠲᠡᠦᠬᠡ᠎ᠶᠢᠨ ᠰᠠᠯᠬᠢ ᠪᠣᠷᠣᠭᠠᠨ᠎ᠢ ᠲᠤᠭᠤᠯᠵᠥ᠂ ᠢᠮᠠᠭᠲᠠ ᠬᠠᠷᠢᠯᠴᠠᠨ ᠡᠷᠡᠰ ᠲᠡᠮᠵᠢᠵᠥ᠂ ᠨᠢᠭ᠍ᠲᠠ ᠬᠠᠮᠲᠤᠷᠠᠯᠴᠠᠨ᠂ ᠤᠯᠠᠮᠵᠢᠯᠠᠯᠲᠤ ᠨᠥᠬᠥᠷᠯᠡᠯ᠎ᠡᠴᠡ ᠪᠣᠯᠵᠤ ᠣᠨᠴᠠᠭᠠᠢ᠂ ᠬᠠᠮᠲᠤ᠎ᠶᠢᠨ ᠨᠡᠢᠭᠡᠮ ᠵᠢᠷᠤᠮ᠎ᠤᠨ ᠠᠭᠤᠤ ᠦᠢᠯᠡᠰ᠎ᠡᠴᠡ ᠪᠣᠯᠵᠤ ᠣᠨᠴᠠᠭᠠᠢ᠂ ᠡᠷᠡᠰ ᠭᠤᠢᠪᠢᠰᠢ ᠦᠭᠡᠢ ᠤᠯᠠᠮᠵᠢᠯᠠᠯ᠎ᠡᠴᠡ ᠪᠣᠯᠵᠤ ᠣᠨᠴᠠᠭᠠᠢ ᠪᠠᠢᠳᠠᠭ ᠰᠣᠯᠣᠩᠭᠣᠰ ᠳᠤᠮᠳᠠᠳᠤ᠎ᠶᠢᠨ ᠨᠥᠬᠥᠷᠰᠡᠭ ᠬᠠᠷᠢᠯᠴᠠᠭ᠎ᠠ᠎ᠶᠢᠨ ᠥᠨᠢᠳᠡ ᠬᠤᠪᠢᠷᠠᠰᠢ ᠦᠭᠡᠢ ᠪᠦᠭᠡᠳ ᠡᠭᠦᠷᠢᠳᠡ ᠡᠪᠳᠡᠷᠡᠰᠢ ᠦᠭᠡᠢ ᠭᠡᠳᠡᠭ ᠢ᠋ ᠪᠦᠬᠦ ᠳᠡᠯᠡᠬᠡᠢ᠎ᠳᠦ ᠭᠦᠢᠴᠡᠳ ᠬᠠᠷᠠᠭᠤᠯᠵᠠᠢ ᠭᠡᠵᠤ ᠢᠯᠡᠳᠬᠡᠪᠡ᠃

ᠵᠢᠨ ᠵᠧᠩ ᠡᠸᠨ᠂ ᠰᠣᠯᠣᠩᠭᠣᠰ ᠳᠤᠮᠳᠠᠳᠤ᠎ᠶᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ ᠨᠢ ᠬᠣᠶᠠᠷ ᠨᠠᠮ ᠪᠣᠯᠣᠨ ᠬᠣᠶᠠᠷ ᠤᠯᠤᠰ᠎ᠤᠨ ᠠᠷᠠᠳ ᠲᠦᠮᠡᠨ᠎ᠦ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠣᠩᠭᠣᠯᠲᠠ ᠪᠠ ᠬᠠᠮᠲᠤ᠎ᠶᠢᠨ ᠡᠷᠬᠢᠮ ᠨᠠᠨᠳᠢᠨ ᠥᠪ ᠬᠥᠷᠥᠩᠭᠡ ᠪᠣᠯᠤᠭᠰᠠᠨ᠎ᠤ ᠬᠤᠪᠢ᠎ᠳᠤ᠂ ᠤᠳᠤ ᠶᠠᠭ ᠰᠢᠨ᠎ᠡ ᠪᠠᠢᠯᠳᠤᠬᠤ ᠪᠣᠳᠣᠯᠭ᠎ᠠ᠎ᠶᠢᠨ ᠥᠨᠳᠥᠷᠴᠡ ᠳ᠋ᠤ᠌ ᠬᠥᠭᠵᠢᠨ ᠮᠠᠨᠳᠤᠵᠤ ᠪᠠᠢᠬᠤ ᠪᠥᠭᠡᠳ ᠡᠭᠡᠳᠡᠷᠡᠭᠡᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ᠎ᠶᠢᠨ ᠪᠠᠢᠳᠠᠯ ᠳᠤᠮᠳᠠ ᠬᠣᠶᠠᠷ ᠤᠯᠤᠰ᠎ᠤᠨ ᠡᠷᠬᠡ ᠮᠡᠳᠡᠯ᠂ ᠠᠮᠤᠷ ᠲᠦᠪᠰᠢᠨ ᠪᠣᠯᠣᠨ ᠬᠥᠭᠵᠢᠯᠲᠡ᠎ᠶᠢᠨ ᠠᠰᠢᠭ᠋ ᠲᠤᠰᠠ᠎ᠶᠢ ᠬᠠᠮᠠᠭᠠᠯᠠᠬᠤ᠂ ᠭᠠᠵᠠᠷ ᠣᠷᠣᠨ ᠴᠢᠨᠠᠭᠰᠢᠯᠠᠭᠠᠳ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ᠎ᠢ ᠬᠠᠮᠠᠭᠠᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠦ ᠪᠠᠢᠨ᠎ᠠ᠃ ᠨᠡᠢᠭᠡᠮ ᠵᠢᠷᠤᠮ᠎ᠢᠶᠠᠷ ᠭᠣᠣᠯ ᠪᠣᠯᠭᠠᠭᠰᠠᠨ ᠰᠣᠯᠣᠩᠭᠣᠰ ᠳᠤᠮᠳᠠᠳᠤ᠎ᠶᠢᠨ ᠤᠯᠠᠮᠵᠢᠯᠠᠯᠲᠤ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠶᠢ ᠴᠠᠭ ᠦᠶ᠎ᠡ᠎ᠶᠢᠨ ᠬᠤᠪᠢᠷᠠᠯᠲᠠ ᠪᠣᠯᠣᠨ ᠬᠣᠶᠠᠷ ᠤᠯᠤᠰ᠎ᠤᠨ ᠠᠷᠠᠳ ᠲᠦᠮᠡᠨ᠎ᠦ ᠬᠦᠰᠡᠯ ᠰᠠᠨᠠᠭ᠎ᠠ᠎ᠳᠤ ᠨᠡᠢᠴᠡᠭᠦᠯᠬᠦ᠎ᠶᠢᠨ ᠬᠠᠮᠲᠤ ᠡᠯ᠎ᠡ ᠬᠦᠷᠢᠶᠡᠨ᠎ᠳᠦ ᠨᠡᠩ ᠬᠥᠭᠵᠢᠶᠡᠨᠲᠡᠢ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠬᠤ ᠪᠣᠯ ᠰᠣᠯᠣᠩᠭᠣᠰ᠎ᠤᠨ ᠨᠠᠮ ᠪᠣᠯᠣᠨ ᠵᠠᠰᠠᠭ᠎ᠤᠨ ᠣᠷᠳᠣᠨ᠎ᠤ ᠭᠤᠢᠪᠢᠰᠢ ᠦᠭᠡᠢ ᠵᠣᠭᠰᠣᠯᠲᠠ ᠮᠦᠨ᠃ ᠪᠢ ᠳᠤᠷᠠᠲᠠᠶ᠎ᠠ ᠶᠡᠷᠦᠩᠬᠡᠢ ᠱᠦᠵᠢ ᠨᠥᠬᠥᠷ᠎ᠲᠠᠢ ᠬᠠᠮᠲᠤ ᠪᠠᠷ᠂ ᠥᠨᠢ ᠤᠳᠠᠭᠠᠨ ᠲᠡᠦᠬᠡ ᠪᠣᠯᠣᠨ ᠰᠢᠯᠢᠳᠡᠭ ᠤᠯᠠᠮᠵᠢᠯᠠᠯ᠎ᠢᠶᠠᠷ ᠰᠠᠭᠤᠷᠢ ᠪᠣᠯᠭᠠᠭᠰᠠᠨ ᠰᠣᠯᠣᠩᠭᠣᠰ ᠳᠤᠮᠳᠠᠳᠤ᠎ᠶᠢᠨ ᠨᠥᠬᠥᠷᠯᠡᠯ᠎ᠢ ᠰᠢᠨ᠎ᠡ ᠥᠨᠳᠥᠷᠴᠡ ᠲᠡᠢᠰᠢ ᠤᠷᠤᠭᠰᠢᠯᠠᠭᠤᠯᠬᠤ ᠪᠡᠷ ᠬᠦᠲᠦᠯᠦᠨ ᠳᠠᠭᠠᠭᠤᠯᠵᠤ᠂ ᠬᠠᠮᠤᠭ᠎ᠤᠨ ᠬᠦᠴᠦᠲᠡᠢ᠂ ᠬᠠᠮᠤᠭ᠎ᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠨᠡᠢᠭᠡᠮ ᠵᠢᠷᠤᠮᠲᠤ ᠤᠯᠤᠰ᠎ᠤᠨ ᠬᠣᠭᠣᠷᠣᠨᠳᠣᠬᠢ ᠬᠠᠷᠢᠯᠴᠠᠭᠠᠨ᠎ᠤ ᠬᠡᠪ ᠳᠠᠭᠤᠷᠢᠶᠠᠯ ᠪᠣᠯᠭᠠᠨ ᠬᠥᠭᠵᠢᠭᠦᠯᠦᠨ᠎ᠡ ᠭᠡᠵᠤ ᠢᠯᠡᠳᠬᠡᠵᠡᠢ᠃

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 11 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号