ᠰᠢᠩ ᠾᠧ ᠰᠢᠶᠠᠨ ᠨᠠᠮ᠎ᠤᠨ ᠪᠠᠶ᠋ᠢᠭᠤᠯᠤᠯᠲᠠ᠎ᠪᠠᠷ ᠬᠠᠮᠲᠤᠷᠠᠯ ᠬᠦᠴᠦᠨ ᠢ᠋ ᠨᠢᠭᠲᠠᠷᠠᠭᠤᠯᠵᠤ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ᠎ᠶᠢ ᠪᠢᠴᠢᠭᠯᠡᠵᠤ ᠪᠤᠢ
2026-07-13 15:44:27
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠰᠢᠡᠭ ᠾᠸ ᠰᠢᠶᠠᠨ ᠡᠴᠡ ᠤᠢᠯᠡᠭᠠᠭᠰᠠᠨ ᠵᠢᠡᠷ᠂ ᠰᠢᠩ ᠡᡁᠸ ᠰᠢᠶᠠᠨ ᠨᠠᠮ᠎ᠤᠨ ᠪᠠᠶ᠋ᠢᠭᠤᠯᠤᠯᠲᠠ᠎ᠪᠠᠷ ᠬᠦᠳᠦᠯᠥᠨ ᠳᠠᠭᠠᠭᠤᠯᠬᠤ᠎ᠶᠢ ᠪᠠᠷᠢᠮᠲᠠᠯᠠᠵᠤ᠂ ᠵᠣᠬᠢᠶᠠᠨ ᠪᠠᠶ᠋ᠢᠭᠤᠯᠤᠯᠲᠠ᠎ᠶᠢᠨ ᠬᠡᠯᠬᠢᠶ᠎ᠠ᠎ᠶᠢ ᠪᠠᠶ᠋ᠢᠭᠤᠯᠤᠨ ᠬᠦᠴᠦᠷᠬᠡᠭᠵᠢᠭᠦᠯᠬᠦ᠌᠂ ᠠᠵᠤ ᠦᠢᠯᠡᠰ᠎ᠦᠨ ᠬᠡᠯᠬᠢᠶ᠎ᠠ᠎ᠶᠢ ᠪᠠᠲᠤ᠌ ᠴᠣᠭᠴᠠᠯᠠᠬᠤ᠂ ᠠᠰᠢᠭ ᠲᠤᠰᠠ᠎ᠶᠢᠨ ᠬᠡᠯᠬᠢᠶ᠎ᠠ ᠵᠢ ᠲᠡᠭᠦᠯᠳᠡᠷᠵᠢᠭᠦᠯᠬᠦ ᠭᠤᠷᠪᠠᠨ ᠬᠡᠯᠬᠢᠶ᠎ᠠ᠎ᠶᠢ ᠠᠭᠤᠰᠤᠯᠴᠠᠭᠤᠯᠤᠨ ᠬᠥᠭᠵᠢᠭᠦᠯᠬᠦ᠌ ᠰᠡᠳᠬᠢᠴᠡ ᠵᠢᠨ ᠲᠤᠭᠤᠷᠢᠨ᠎ᠳᠤ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠪᠡᠷ ᠵᠢᠱ᠌ᠢᠢ᠎ᠡ ᠦᠵᠡᠭᠦᠯᠬᠦ᠌ ᠭᠠᠷᠳᠠᠴᠠ ᠪᠣᠯᠭᠠᠵᠤ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠪᠣᠯᠤᠨ ᠤᠨᠴᠠᠯᠢᠬᠳᠤ ᠠᠵᠤ ᠦᠢᠯᠡᠰ᠂ ᠲᠣᠰᠬᠣᠨ᠎ᠢ ᠬᠦᠴᠦᠷᠬᠡᠭᠵᠢᠭᠦᠯᠵᠦ᠍ ᠠᠷᠠᠳ᠎ᠢ ᠪᠠᠶᠠᠵᠢᠭᠤᠯᠬᠤ᠎ᠶᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ ᠪᠤᠢ᠃

ᠰᠢᠩ ᠾᠧ ᠰᠢᠶᠠᠨ᠎ᠤ ᠰᠠᠶ᠋ᠢᠠᠠᠤᠰᠤ ᠪᠠᠯᠭᠠᠰᠤᠨ᠎ᠤ ᠰᠠᠶ᠋ᠢᠠᠠᠤᠰᠤ ᠲᠣᠰᠬᠣᠨ᠎ᠤ ᠬᠠᠮᠲᠤ᠎ᠶᠢᠨ ᠨᠣᠬᠠᠶ᠎ᠶᠢᠨ ᠬᠣᠰᠢᠭᠤ ᠤᠢᠯᠡᠳᠪᠤᠷᠢᠯᠡᠵᠤ ᠡᠳ᠋ᠰᠢᠭᠦᠯᠬᠦ᠌ ᠤᠢᠯᠡᠳᠪᠤᠷᠢ᠎ᠶᠢᠨ ᠲᠠᠰᠤᠭ᠎ᠲᠤ᠌ ᠮᠠᠰᠢᠨ ᠮᠸᠬᠠᠨᠢᠭ ᠬᠦᠷᠴᠢᠭᠢᠨᠡᠵᠦ᠍᠂ ᠪᠣᠭᠣᠳᠠᠯᠯᠠᠬᠤ᠂ ᠡᠳ᠋ᠰᠢᠭᠦᠯᠬᠦ᠌᠂ ᠢᠯᠭᠠᠨ ᠰᠠᠯᠭᠠᠬᠤ ᠪᠥᠬᠥ᠌ ᠱᠤᠭᠤᠮ᠎ᠢᠶᠠᠷ ᠡᠮᠬᠢ ᠲᠢᠭᠯᠢᠮ᠎ᠲᠠᠶ ᠬᠥᠭᠵᠢᠶᠡᠨ ᠲᠠᠢ᠎ᠠᠵᠢᠯᠯᠠᠵᠤ ᠪᠠᠶ᠋ᠢᠯ᠎ᠠ᠃

ᠲᠣᠰ ᠲᠣᠰᠬᠣᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠬᠥᠲᠥᠯᠥᠨ ᠳᠠᠭᠠᠭᠤᠯᠬᠤ ᠤᠢᠯᠡᠳᠤᠯ᠎ᠢ ᠬᠦᠢᠴᠡᠳ ᠪᠠᠳᠠᠷᠠᠭᠤᠯᠵᠤ᠂ ᠲᠣᠰᠬᠣᠨ᠎ᠤ ᠨᠠᠮ᠎ᠤᠨ ᠡᠭᠦᠷ ᠲᠦᠷᠦᠭᠦᠯᠡᠨ᠂ ᠲᠣᠰᠬᠣᠨ᠎ᠤ ᠱᠠᠲᠤᠨ᠎ᠤ ᠬᠠᠮᠲᠤ᠎ᠶᠢᠨ ᠠᠮᠤ ᠲᠣᠰᠣ ᠨᠣᠬᠠᠶ᠎ᠶᠢᠨ ᠬᠣᠰᠢᠭᠤ ᠡᠳ᠋ᠰᠢᠭᠦᠯᠬᠦ᠌ ᠤᠢᠯᠡᠳᠪᠤᠷᠢ᠎ᠶᠢᠨ ᠲᠠᠰᠤᠭ᠎ᠢ ᠡᠵᠡᠩᠨᠡᠵᠦ᠍᠂ ᠨᠠᠮ᠎ᠤᠨ ᠭᠡᠰᠢᠭᠦᠨ ᠤᠢᠯᠡᠳᠪᠤᠷᠢᠯᠡᠯ᠎ᠦᠨ ᠬᠠᠮᠢᠶᠠᠷᠤᠯᠲᠠ᠂ ᠵᠠᠬᠢᠶᠠᠯᠠᠭ᠎ᠠ᠎ᠶᠢ ᠵᠣᠯᠭᠠᠭᠤᠯᠬᠤ᠂ ᠤᠢᠯᠡᠳᠬᠦᠨ᠎ᠢ ᠭᠠᠳᠠᠭᠰᠢ ᠲᠡᠭᠡᠭᠡᠪᠦᠷᠢᠯᠡᠬᠦ᠌᠎ᠶᠢ ᠲᠦᠷᠦᠭᠦᠯᠡᠨ ᠬᠠᠷᠢᠭᠤᠴᠠᠵᠤ᠂ ᠤᠢᠯᠡᠳᠪᠤᠷᠢ᠎ᠶᠢᠨ ᠲᠠᠰᠤᠭ᠎ᠤᠨ ᠡᠵᠡᠩᠨᠡᠯᠲᠡ᠎ᠶᠢ ᠪᠦᠬᠦ ᠶᠠᠪᠤᠴᠠ ᠳ᠋ᠤ ᠡᠵᠡᠮᠳᠡᠵᠦ᠍᠂ ᠲᠣᠰᠬᠣᠨ᠎ᠤ ᠱᠠᠲᠤᠨ᠎ᠤ ᠪᠣᠳᠠᠲᠤ᠌ ᠴᠣᠭᠴᠠᠳᠤ ᠠᠵᠤ ᠤᠢᠯᠡᠰ ᠦᠭᠡᠢ᠂ ᠣᠷᠣᠯᠭ᠎ᠠ ᠲᠣᠭᠲᠠᠭᠤᠨ ᠪᠤᠰᠤ ᠪᠠᠶ᠋ᠢᠳᠠᠯ᠎ᠢ ᠲᠤᠶ᠋ᠢᠯᠪᠤᠷᠢᠲᠠᠶ ᠬᠤᠪᠢᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠲᠣᠰᠬᠣᠨ᠎ᠢ ᠬᠦᠴᠦᠷᠬᠡᠭᠵᠢᠭᠦᠯᠵᠦ᠍ ᠠᠷᠠᠳ ᠢ᠋ ᠪᠠᠶᠠᠵᠢᠭᠤᠯᠬᠤ ᠲᠦᠰᠢᠭ ᠲᠤᠯᠭᠠᠭᠤᠷᠢ ᠪᠣᠯᠭᠠᠪᠠ᠃

ᠰᠢᠩ ᠾᠧ ᠰᠢᠶᠠᠨ᠎ᠤ ᠰᠠᠶ᠋ᠢᠠᠠᠤᠰᠤ ᠪᠠᠯᠭᠠᠰᠤᠨ᠎ᠤ ᠰᠠᠶ᠋ᠢᠠᠠᠤᠰᠤ ᠲᠣᠰᠬᠣᠨ᠎ᠤ ᠬᠠᠮᠲᠤ᠎ᠶᠢᠨ ᠮᠠᠯ ᠤ᠋ᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠦ ᠤᠢᠯᠡᠳᠪᠤᠷᠢᠯᠡᠯ᠎ᠦᠨ ᠲᠠᠰᠤᠭ᠎ᠤᠨ ᠡᠷᠬᠢᠯᠡᠭᠴᠢ ᠴᠢ ᠪᠢ᠄ 《ᠮᠠᠨ᠎ᠤ ᠡᠨᠡ ᠤᠢᠯᠡᠳᠪᠤᠷᠢᠯᠡᠯ᠎ᠦᠨ ᠲᠠᠰᠤᠭ ᠵᠢᠯ᠎ᠦᠨ ᠳᠥᠷᠪᠡᠨ ᠤᠯᠠᠷᠢᠯ᠎ᠳᠤ ᠲᠣᠭᠲᠠᠭᠤᠨ᠎ᠢᠶᠠᠷ ᠤᠢᠯᠡᠳᠪᠤᠷᠢᠯᠡᠵᠤ᠂ ᠵᠢᠯ᠎ᠤᠨ ᠭᠠᠷᠤᠯᠲᠠ ᠪᠠᠷᠤᠭ 6 ᠲᠦᠮᠡ ᠭᠠᠷᠤᠶ ᠲᠣᠨ ᠪᠠᠶ᠋ᠢᠵᠤ᠂ ᠵᠢᠯ ᠪᠦᠷᠢ ᠲᠣᠰᠬᠣᠨ᠎ᠤ ᠬᠠᠮᠲᠤ᠎ᠶᠢᠨ ᠠᠵᠤ ᠠᠬᠤᠶ᠎ᠳᠤ ᠪᠠᠷᠤᠭ 70 ᠲᠦᠮᠡᠨ ᠲᠥᠭᠥᠷᠢᠭ ᠤ᠋ᠨ ᠤᠷᠤᠯᠭ᠎ᠠ ᠡᠭᠦᠳᠴᠤ᠂ ᠲᠣᠰᠬᠣᠨ᠎ᠤ ᠬᠠᠮᠲᠤ᠌ ᠵᠢᠯ ᠪᠦᠷᠢ ᠲᠣᠭᠲᠠᠮᠠᠯ ᠣᠷᠣᠯᠭ᠎ᠠ᠎ᠲᠠᠶ᠎ᠪᠠᠷ ᠪᠠᠷᠠᠬᠤ ᠥᠬᠡᠶ᠂ ᠨᠤᠲᠤᠭ᠎ᠤᠨ ᠠᠬ᠎ᠠ ᠳᠡᠭᠦᠦ᠎ᠨᠡᠷ ᠪᠠᠰᠠ ᠬᠡᠷ᠎ᠦᠨ᠎ᠢᠶᠡᠨ ᠬᠠᠵᠠᠭᠤ᠎ᠳᠤ ᠠᠵᠢᠯᠯᠠᠨ ᠵᠣᠭᠣᠰ ᠣᠯᠵᠤ ᠲᠡᠢᠯᠦᠨ᠎ᠠ︾ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃

ᠡᠶ᠋ᠢᠮᠦ ᠲᠣᠰᠬᠣᠨ᠎ᠤ ᠬᠠᠮᠲᠤ᠎ᠶᠢᠨ ᠤᠢᠯᠡᠳᠪᠤᠷᠢᠯᠡᠯ᠎ᠦᠨ ᠲᠠᠰᠤᠭ ᠰᠠᠶ᠋ᠢᠠᠠᠤᠰᠤ ᠪᠠᠯᠭᠠᠰᠤᠨ᠎ᠳᠤ ᠣᠯᠠᠨ ᠪᠠᠢᠳᠠᠭ᠃ ᠲᠣᠰ ᠪᠠᠯᠭᠠᠰᠤ ᠢᠳᠡᠰᠢᠨ ᠨᠣᠭᠣᠭ᠎ᠠ᠂ ᠡᠯᠳᠡᠪ ᠠᠮᠤ ᠵᠡᠷᠭᠡ ᠭᠤᠤᠯᠯᠠᠬᠤ ᠠᠵᠤ ᠦᠢᠯᠡᠰ᠎ᠦᠨ ᠳᠠᠪᠠᠭᠤᠯᠢᠭ ᠲᠠᠭᠠᠨ ᠲᠦᠰᠢᠭᠯᠡᠨ᠂ ᠰᠤᠯᠠ ᠲᠠᠯᠪᠢᠭᠳᠠᠵᠤ ᠪᠠᠢᠭ᠎ᠠ ᠬᠠᠮᠲᠤ᠎ᠶᠢᠨ ᠬᠦᠷᠢᠶ᠎ᠡ ᠬᠠᠰᠢᠶ᠎ᠠ ᠵᠢ ᠠᠰᠢᠭᠯᠠᠯᠳᠠ ᠳ᠋ᠤ ᠤᠷᠤᠭᠤᠯᠬᠤ᠎ᠪᠠᠷ ᠳᠠᠮᠵᠢᠨ᠂ ᠪᠠᠷᠢᠮᠵᠢᠶᠠᠵᠢᠭᠰᠠᠨ ᠲᠣᠰᠬᠣᠨ᠎ᠤ ᠬᠠᠮᠲᠤ᠎ᠶᠢᠨ ᠤᠢᠯᠡᠳᠪᠤᠷᠢᠯᠡᠯ᠎ᠦᠨ ᠲᠠᠰᠤᠭ᠎ᠢ ᠪᠠᠶ᠋ᠢᠭᠤᠯᠵᠤ᠂ 《ᠲᠠᠷᠢᠵᠤ ᠲᠡᠵᠢᠭᠡᠬᠦ᠌ + ᠡᠳ᠋ᠰᠢᠭᠦᠯᠬᠦ᠌》 ᠵᠢ ᠨᠢᠭᠡ ᠴᠣᠭᠴᠠᠵᠢᠭᠤᠯᠤᠭᠰᠠᠨ ᠣᠷᠣᠯᠭ᠎ᠠ᠎ᠶᠢ ᠨᠡᠮᠡᠭᠳᠡᠭᠦᠯᠬᠦ᠌ ᠵᠠᠭᠪᠤᠷ᠎ᠢ ᠬᠡᠷᠡᠭᠵᠢᠭᠦᠯᠦᠨ᠂ ᠭᠠᠵᠠᠷ ᠰᠢᠷᠣᠶ ᠡᠴᠡ ᠠᠰᠢᠭ ᠬᠤᠪᠢᠶᠠᠷᠢᠯᠠᠬᠤ᠂ ᠬᠦᠯᠦᠰᠤᠨ ᠠᠵᠢᠯ ᠬᠢᠵᠤ ᠴᠠᠯᠢᠩ ᠤᠯᠬᠤ᠂ ᠬᠠᠮᠲᠤ᠎ᠶᠢᠨ ᠤᠢᠯᠡᠳᠪᠤᠷᠢ᠎ᠶᠢᠨ ᠲᠠᠰᠤᠭ ᠡᠴᠡ ᠠᠰᠢᠭ ᠣᠷᠣᠯᠭ᠎ᠠ ᠤᠯᠬᠤ ᠵᠢ ᠪᠠᠶᠠᠯᠡᠭᠦᠯᠵᠠᠢ᠃ ᠲᠣᠰᠬᠣᠨ᠎ᠤ ᠬᠠᠮᠲᠤ᠎ᠠᠴᠠ ᠤᠢᠯᠡᠳᠪᠤᠷᠢ᠎ᠶᠢᠨ ᠲᠠᠰᠤᠭ᠎ᠤᠨ ᠡᠵᠡᠩᠨᠡᠯᠲᠡ᠎ᠶᠢᠨ ᠠᠰᠢᠭ ᠣᠯᠵᠠᠪᠤᠷᠢ᠎ᠶᠢ ᠲᠣᠰᠬᠣᠨ᠎ᠤ ᠳᠣᠲᠣᠷᠠᠬᠢ ᠵᠠᠮ᠎ᠢ ᠬᠠᠲᠠᠭᠤᠷᠠᠭᠤᠯᠬᠤ᠂ ᠣᠷᠣᠰᠢᠨ ᠰᠠᠭᠤᠬᠤ ᠣᠷᠴᠢᠨ ᠨᠦᠬᠦᠴᠡᠯ᠎ᠢ ᠴᠡᠭᠴᠡᠯᠡᠨ ᠵᠠᠰᠠᠬᠤ᠂ ᠨᠡᠶ᠋ᠢᠲᠡ᠎ᠶᠢᠨ ᠠᠰᠠᠷᠠᠮᠵᠢ᠎ᠶᠢᠨ ᠠᠵᠢᠯ᠎ᠤᠨ ᠪᠠᠶ᠋ᠢᠷᠢ ᠭᠠᠷᠭᠠᠬᠤ᠂ ᠬᠦᠴᠢᠷᠳᠡᠯᠲᠡᠶ ᠣᠯᠠᠨ ᠲᠦᠮᠡᠨ᠎ᠢ ᠬᠠᠪᠰᠤᠷᠤᠨ ᠲᠡᠳᠬᠦᠬᠦ᠌ ᠵᠢᠴᠢ ᠠᠵᠤ ᠤᠢᠯᠡᠰ ᠤᠢᠯᠡᠳᠪᠤᠷᠢᠯᠡᠯ ᠤ᠋ᠨ ᠴᠢᠳᠠᠪᠤᠷᠢ ᠵᠢ ᠦᠷᠭᠦᠯᠵᠢᠯᠡᠨ ᠲᠡᠭᠡᠭᠰᠢᠯᠡᠭᠦᠯᠦᠨ ᠦᠷᠭᠡᠳᠭᠡᠬᠦ ᠳ᠋ᠤ ᠬᠡᠷᠡᠭᠯᠡᠵᠤ᠂ ᠠᠵᠤ ᠤᠢᠯᠡᠰ᠎ᠦᠨ ᠠᠰᠢᠭ᠎ᠢ ᠪᠦᠬᠦ᠌ ᠲᠣᠰᠬᠣᠨ᠎ᠤ ᠠᠷᠠᠳ ᠲᠦᠮᠡᠨ᠎ᠳᠦ ᠬᠦᠷᠳᠡᠭᠡᠵᠤ᠂ ᠬᠥᠳᠡᠭᠡ ᠲᠣᠰᠬᠣᠨ᠎ᠤ ᠳᠦᠷᠰᠦ ᠪᠠᠢᠳᠠᠯ ᠦᠷᠭᠦᠯᠵᠢᠯᠡᠨ ᠰᠠᠶ᠋ᠢᠵᠢᠷᠠᠵᠤ᠂ ᠣᠯᠠᠨ ᠲᠦᠮᠡᠨ᠎ᠦ ᠵᠢᠷᠭᠠᠯᠳᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠭᠰᠡᠨ ᠪᠠᠢᠨ᠎ᠠ᠃

ᠰᠢᠩ ᠡᡁᠸ ᠰᠢᠶᠠᠨ᠎ᠤ ᠰᠠᠶ᠋ᠢᠠᠠᠤᠰᠤ ᠪᠠᠯᠭᠠᠰᠤᠨ ᠤ᠋ ᠨᠠᠮ᠎ᠤᠨ ᠬᠣᠷᠢᠶᠠᠨ᠎ᠤ ᠱᠦᠵᠢ ᠵᠤᠤ ᠢ ᠮᠢᠨ᠄ 《ᠪᠢᠳᠡ ᠨᠠᠮ᠎ᠤᠨ ᠪᠠᠶ᠋ᠢᠭᠤᠯᠤᠯᠲᠠ᠎ᠪᠡᠷ ᠠᠵᠤ ᠦᠢᠯᠡᠰ᠎ᠢ ᠬᠦᠴᠦᠷᠬᠡᠭᠵᠢᠭᠦᠯᠵᠤ᠂ ᠪᠠᠯᠭᠠᠰᠤ᠂ ᠲᠣᠰᠬᠣᠨ᠎ᠤ ᠬᠠᠮᠲᠤ᠎ᠶᠢᠨ ᠦᠢᠯᠡᠳᠪᠦᠷᠢᠯᠡᠯ᠎ᠦᠨ ᠲᠠᠰᠤᠭ᠎ᠤᠨ ᠪᠣᠳᠠᠲᠤ᠌ ᠴᠣᠭᠴᠠᠳᠤ ᠲᠦᠷᠦᠯ ᠵᠦᠢᠯ᠎ᠳᠦ ᠲᠦᠰᠢᠭᠯᠡᠨ᠂ ᠰᠤᠯᠠ ᠲᠠᠯᠪᠢᠭᠳᠠᠵᠤ ᠪᠠᠶ᠋ᠢᠭ᠎ᠠ ᠡᠬᠢ ᠪᠠᠶᠠᠯᠢᠭ᠎ᠢ ᠣᠷᠣᠯᠭ᠎ᠠ᠎ᠪᠠᠨ ᠨᠡᠮᠡᠭᠳᠡᠭᠦᠯᠬᠦ᠌ ᠡᠳ᠋ ᠬᠦᠷᠦᠩᠭᠡ ᠪᠣᠯᠭᠠᠨ ᠬᠤᠪᠢᠷᠠᠭᠤᠯᠵᠤ᠂ ᠤᠨᠴᠠᠯᠢᠬᠳᠤ ᠮᠠᠯ ᠤ᠋ᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠢ ᠮᠠᠯᠴᠢᠨ ᠲᠠᠷᠢᠶᠠᠴᠢᠨ ᠢ᠋ ᠪᠠᠶᠠᠵᠢᠭᠤᠯᠬᠤ ᠮᠠᠯ ᠤ᠋ᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ ᠪᠣᠯᠭᠠᠨ ᠬᠤᠪᠢᠷᠠᠭᠤᠯᠵᠤ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠲᠠᠰᠤᠷᠠᠯᠳᠠ ᠦᠭᠡᠢ ᠬᠦᠭᠵᠢᠭᠦᠯᠦᠨ᠂ ᠦᠨᠡᠨ ᠪᠣᠳᠠᠲᠠᠢ ᠠᠵᠤ ᠦᠢᠯᠡᠰ᠎ᠦᠨ ᠦᠷ᠎ᠡ ᠪᠦᠲᠦᠮᠵᠢ᠎ᠪᠡᠷ ᠬᠥᠳᠡᠭᠡ ᠲᠣᠰᠬᠣᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠠ》 ᠬᠡᠵᠤ ᠰᠤᠷᠪᠤᠯᠵᠢᠯᠠᠭᠴᠢ᠎ᠳᠤ ᠶᠠᠷᠢᠯ᠎ᠠ᠃

ᠤᠢ᠌ᠷ᠎ᠠ᠎ᠶᠢᠨ ᠵᠢᠯ᠎ᠡᠴᠡ ᠨᠠᠭᠠᠰᠢ᠂ ᠰᠢᠩ ᠡᡁᠸ ᠰᠢᠶᠠᠨ ᠪᠠᠲᠤ᠌ ᠪᠡᠬᠢᠯᠡᠯᠲᠡ ᠲᠠᠢ ᠨᠠᠮ᠎ᠤᠨ ᠡᠭᠦᠷ᠎ᠢ ᠪᠠᠶ᠋ᠢᠭᠤᠯᠬᠤ᠎ᠪᠠᠷ ᠭᠠᠷᠳᠠᠴᠠ ᠪᠣᠯᠭᠠᠵᠤ᠂ ᠲᠣᠰᠬᠣᠨ᠎ᠤ ᠨᠠᠮ᠎ᠤᠨ ᠡᠭᠦᠷ ᠬᠠᠮᠲᠤ᠎ᠶᠢᠨ ᠠᠵᠤ ᠦᠢᠯᠡᠰ᠎ᠢ ᠳᠠᠭᠠᠭᠤᠯᠤᠨ ᠡᠵᠡᠩᠨᠡᠵᠦ᠍᠂ ᠬᠠᠮᠲᠤ᠎ᠶᠢᠨ ᠠᠵᠤ ᠠᠬᠤᠢ᠎ᠶᠢᠨ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠰᠠᠭᠤᠷᠢ᠎ᠶᠢ ᠤᠯᠠᠮ ᠴᠢᠨᠠᠭᠰᠢᠳᠠ ᠪᠡᠬᠢᠵᠢᠭᠦᠯᠪᠡ᠃ ᠣᠲᠣ ᠪᠣᠯᠲᠠᠯ᠎ᠠ 8 ᠬᠣᠲᠠ᠎ᠶᠢᠨ ᠲᠠᠰ᠎ᠤᠨ ᠮᠠᠯ ᠠᠵᠤ ᠠᠬᠤᠶ ᠲᠠᠷᠢᠶᠠᠯᠠᠡᠭ ᠤ᠋ᠨ ᠬᠥᠲᠥᠴᠢ ᠠᠵᠤ ᠠᠬᠤᠶ᠋ᠢᠯᠠᠯ᠂ 3 ᠠᠵᠤ ᠤᠢᠯᠡᠰᠴᠢᠯᠡᠭᠰᠡᠨ ᠬᠣᠯᠪᠣᠭᠠᠲᠤ᠌ ᠴᠣᠭᠴᠠ ᠵᠢ ᠪᠣᠶ᠋ᠢᠵᠢᠭᠤᠯᠵᠤ᠂ 290 ᠲᠠᠷᠢᠶᠠᠴᠢᠨ᠎ᠤ ᠲᠤᠰᠬᠠᠶ ᠬᠣᠷᠰᠢᠶ᠎ᠠ᠂ 270 ᠬᠡᠷ ᠪᠦᠯᠢ᠎ᠶᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢ ᠵᠢᠷᠤᠮᠵᠢᠭᠤᠯᠤᠨ ᠡᠵᠡᠩᠨᠡᠵᠦ᠍᠂ 《ᠵᠠᠭᠤᠴᠢ + ᠬᠣᠷᠰᠢᠶ᠎ᠠ + ᠲᠣᠰᠬᠣᠨ᠎ᠤ ᠬᠠᠮᠲᠤ᠌ + ᠲᠠᠷᠢᠶᠠᠴᠢᠨ ᠡᠷᠦᠬᠡ》 ᠵᠢᠨ ᠳᠥᠷᠪᠡᠨ ᠱᠠᠲᠤᠨ᠎ᠤ ᠬᠠᠮᠲᠤᠷᠠᠨ ᠬᠥᠳᠡᠯᠦᠯᠴᠡᠬᠦ᠌ ᠪᠠᠶ᠋ᠢᠷᠢᠰᠢᠯ᠎ᠢ ᠪᠣᠶ ᠪᠣᠯᠭᠠᠪᠠ᠃ ᠭᠠᠵᠠᠷ ᠰᠢᠷᠣᠶ᠎ᠪᠠᠷ ᠬᠤᠪᠢ ᠣᠷᠣᠬᠤ᠂ ᠨᠠᠭᠠᠳᠤ ᠵᠠᠬ᠎ᠠ ᠵᠢᠨ ᠪᠠᠲᠤᠯᠠᠭ᠎ᠠ ᠵᠢᠨ ᠲᠦᠷᠢᠶᠡᠰᠦᠨ ᠮᠥᠩᠭᠥ᠂ ᠬᠥᠯᠥᠰᠥᠨ ᠠᠵᠢᠯ ᠬᠢᠭᠰᠡᠨ ᠴᠠᠯᠢᠩ᠂ ᠵᠢᠯ ᠤ᠋ᠨ ᠠᠰᠢᠭ ᠬᠤᠪᠢᠶᠠᠷᠢᠯᠠᠯᠲᠠ ᠵᠡᠷᠭᠡ ᠣᠯᠠᠨ ᠠᠰᠢᠭ ᠣᠷᠣᠯᠭ᠎ᠠ᠎ᠶᠢᠨ ᠵᠠᠭᠪᠤᠷ᠎ᠢ ᠬᠡᠷᠡᠭᠵᠢᠭᠦᠯᠵᠦ᠍᠂ ᠰᠢᠩ ᠾᠧ ᠰᠢᠶᠠᠨ᠎ᠤ ᠮᠠᠯ ᠠᠵᠤ ᠠᠬᠤᠶ ᠲᠠᠷᠢᠶᠠᠯᠠᠡᠭ ᠤ᠋ᠨ ᠠᠵᠤ ᠠᠬᠤᠶ᠋ᠢᠯᠠᠯ᠎ᠤᠨ ᠠᠰᠢᠭ ᠲᠤᠰᠠ ᠵᠢᠨ ᠬᠣᠯᠪᠣᠭ᠎ᠠ ᠪᠠᠢᠭᠤᠯᠤᠭᠰᠠᠨ ᠨᠣᠷᠮ᠎ᠠ 87.9%᠎ᠳ᠋ᠤ ᠬᠦᠷᠴᠦ᠍᠂ ᠨᠡᠶ᠋ᠢᠲᠡ 1.2 ᠲᠦᠮᠡᠨ ᠲᠠᠷᠢᠶᠠᠴᠢᠨ ᠡᠷᠦᠬᠡ᠎ᠶᠢ ᠳᠠᠶ᠋ᠢᠴᠢᠯᠠᠨ᠂ ᠡᠷᠤᠬᠡ ᠪᠦᠷᠢ ᠵᠢᠨ ᠵᠢᠯ᠎ᠦᠨ ᠳᠤᠮᠳᠠᠴᠢ ᠣᠷᠣᠯᠭ᠎ᠠ᠎ᠶᠢ 8600 ᠲᠥᠭᠥᠷᠢᠭ᠎ᠡᠴᠡ ᠳᠡᠭᠡᠭᠰᠢ ᠨᠡᠮᠡᠭᠳᠡᠭᠦᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号