ᠳᠡᠯᠭᠡᠷ ᠵᠤᠨ᠎ᠤ ᠤᠯᠠᠷᠢᠯ᠎ᠳᠤ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠬᠡᠦᠬᠡᠨ ᠠᠭᠤᠯᠠᠠ᠎ᠳᠤ ᠰᠡᠷᠢᠭᠦᠨ ᠰᠠᠯᠬᠢ ᠰᠡᠪᠢᠯᠵᠡᠨ᠂ ᠡᠪᠡᠰᠦ ᠮᠣᠳᠣ᠌ ᠢᠭ᠍ᠴᠤ ᠰᠠᠬᠤᠯᠢᠭ᠋ ᠤᠷᠭᠤᠵᠤ᠂ ᠠᠮᠢᠵᠢᠷᠠᠯ᠎ᠤᠨ ᠬᠦᠴᠦᠨ᠎ᠵᠢᠡᠷ ᠪᠢᠯᠬᠠᠮ᠎ᠠ ᠪᠠᠢᠯ᠎ᠠ᠃ ᠪᠠᠲᠤᠬᠠᠭᠠᠯᠭ᠎ᠠ᠎ᠶᠢᠨ ᠶᠠᠫᠤᠨ᠎ᠢ ᠡᠰᠡᠷᠭᠦᠴᠡᠬᠦ ᠵᠡᠪᠰᠡᠭᠲᠦ ᠪᠣᠰᠣᠯᠭ᠎ᠠ᠎ᠶᠢᠨ ᠳᠤᠷᠠᠰᠬᠠᠯ᠎ᠤᠨ ᠬᠥᠰᠢᠶ᠎ᠡ ᠬᠥᠬᠡ ᠣᠭᠲᠠᠷᠭᠤᠢ ᠵᠢᠨᠳᠤᠤᠷᠠ ᠲᠥᠪ ᠬᠢᠴᠢᠶᠡᠩᠭᠦᠢ ᠰᠡᠬᠦᠢᠨ ᠰᠦᠨᠳᠡᠷᠯᠡᠵᠦ᠂ ᠦᠷᠡᠭᠳᠡᠭᠰᠡᠨ ᠪᠠᠭᠠᠲᠤᠷᠴᠤᠳ᠎ᠤᠨ ᠱᠤᠭᠤᠮᠠᠯ᠎ᠤᠳ ᠠᠭᠤᠯᠠᠨ ᠤᠷᠬᠢᠯ᠎ᠳᠤ ᠰᠦᠨᠳᠡᠷᠯᠡᠵᠦ᠂ ᠬᠤᠪᠢᠰᠬᠠᠯ᠎ᠤᠨ ᠬᠠᠯᠠᠭᠤᠨ ᠬᠥᠷᠥᠰᠥ᠎ᠶᠢ ᠰᠠᠬᠢᠨ ᠬᠠᠮᠠᠭᠠᠯᠠᠨ᠎ᠠ᠃
ᠠᠭᠤᠯᠠᠨ ᠳᠣᠣᠷᠠᠬᠢ ᠪᠠᠲᠤᠬᠠᠭᠠᠯᠭ᠎ᠠ᠎ᠶᠢᠨ ᠶᠠᠫᠤᠨ᠎ᠢ ᠡᠰᠡᠷᠭᠦᠴᠡᠬᠦ ᠵᠡᠪᠰᠡᠭᠲᠦ ᠪᠣᠰᠣᠯᠭ᠎ᠠ᠎ᠶᠢᠨ ᠳᠤᠷᠠᠰᠬᠠᠯ᠎ᠤᠨ ᠣᠷᠳᠣᠨ᠎ᠳᠤ ᠵᠢᠭᠤᠯᠴᠢᠯᠠᠭᠰᠠᠳ ᠡᠷᠬᠢᠮ ᠨᠠᠨᠳᠢᠨ ᠬᠤᠪᠢᠰᠬᠠᠯ᠎ᠤᠨ ᠪᠣᠳᠠᠰ ᠪᠠ ᠰᠢᠷᠠᠯᠠᠵᠤ ᠬᠠᠭᠤᠴᠢᠷᠠᠭᠰᠠᠨ ᠬᠡᠷᠡᠯ ᠵᠢᠷᠤᠭ᠎ᠤᠳ᠎ᠢᠶᠠᠨ ᠰᠢᠷᠳᠡᠨ ᠵᠣᠭᠰᠣᠵᠤ᠂ ᠲᠠᠢᠯᠪᠤᠷᠢᠯᠠᠭ᠍ᠴᠢ᠎ᠶᠢᠨ ᠳᠠᠭᠠᠭᠤᠯᠭ᠎ᠠ ᠪᠠᠷ ᠰᠡᠳᠬᠢᠯ ᠵᠢᠷᠦᠬᠡ᠎ᠶᠢ ᠳᠣᠩᠰᠣᠯᠭᠠᠮ᠎ᠠ ᠬᠤᠪᠢᠰᠬᠠᠯ᠎ᠤᠨ ᠥᠩᠭᠡᠷᠡᠯᠲᠡ᠎ᠵᠢ ᠲᠠᠬᠢᠨ ᠡᠷᠭᠢᠴᠡᠭᠦᠯᠵᠦ ᠪᠠᠢᠯ᠎ᠠ᠃
1936 ᠣᠨ᠎ᠤ 2 ᠰᠠᠷ᠎ᠠ᠎ᠶᠢᠨ 21᠎ᠤ᠋ ᠰᠥᠨᠢ᠂ ᠲᠤᠬᠠᠢ᠎ᠶᠢᠨ ᠦᠶ᠎ᠡ᠎ᠳᠦ ᠮᠣᠩᠭᠣᠯ᠎ᠤᠨ ᠤᠷᠤᠨ ᠨᠤᠳᠤᠬ᠎ᠤᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠬᠣᠷᠢᠶᠠᠨ᠎ᠤ ᠨᠠᠷᠢᠨ ᠪᠢᠴᠢᠭ᠎ᠦᠨ ᠳᠠᠷᠤᠭ᠎ᠠ ᠪᠠᠢᠭᠰᠠᠨ ᠳᠡᠮᠴᠤᠭᠳᠤᠩᠷᠤᠪ ᠶᠠᠫᠤᠨ ᠳᠡᠭᠡᠷᠡᠮ᠎ᠳᠦ ᠪᠠᠭ᠎ᠤᠨ ᠥᠭᠴᠦ᠂ ᠡᠬᠡ ᠤᠯᠤᠰ᠎ᠢ ᠬᠠᠭᠠᠴᠡᠭᠤᠯᠬᠤ ᠵᠢᠭᠰᠢᠭᠦᠷᠢᠲᠦ ᠠᠵᠢᠯᠯᠠᠭ᠎ᠠ᠎ᠶᠢᠨ ᠡᠮᠦᠨ᠎ᠡ ᠮᠣᠩᠭᠣᠯ ᠵᠠᠰᠠᠭ᠎ᠤᠨ ᠬᠤᠷᠠᠯ᠎ᠤᠨ ᠠᠮᠤᠷ᠎ᠢ ᠬᠠᠮᠠᠭᠠᠯᠠᠬᠤ ᠠᠩᠭᠢ᠎ᠶᠢᠨ ᠮᠢᠩᠭ᠎ᠠ ᠭᠠᠷᠤᠢ ᠡᠬᠡ ᠣᠷᠣᠨᠴᠢ ᠳᠠᠷᠤᠭ᠎ᠠ ᠪᠠᠢᠯᠳᠤᠭ᠍ᠴᠢᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠮᠣᠩᠭᠣᠯ᠎ᠤᠨ ᠠᠵᠢᠯ᠎ᠤᠨ ᠬᠣᠷᠢᠶᠠᠨ᠎ᠤ ᠵᠢᠭᠠᠪᠤᠷᠢ᠎ᠪᠠᠷ ᠶᠠᠫᠤᠨ᠎ᠢ ᠡᠰᠡᠷᠭᠦᠴᠡᠬᠦ ᠪᠣᠰᠣᠯᠭ᠎ᠠ᠎ᠶᠢᠨ ᠲᠤᠭ᠎ᠢ ᠡᠷᠡᠰ ᠡᠷᠭᠦᠪᠡ᠃ ᠪᠣᠰᠣᠯᠭ᠎ᠠ ᠵᠢᠩᠬᠢᠨᠢ᠎ᠪᠡᠷ ᠡᠬᠢᠯᠡᠵᠦ᠂ ᠲᠡᠳᠡ ᠤᠯᠠᠨ ᠵᠠᠮ ᠬᠤᠪᠢᠶᠠᠨ᠂ ᠬᠢᠲᠠᠳ᠎ᠤᠨ ᠵᠠᠯᠢᠬᠠᠢ᠎ᠶᠢ ᠴᠠᠪᠴᠢᠵᠤ᠂ ᠴᠡᠷᠢᠭ᠎ᠦᠨ ᠵᠠᠷ ᠵᠡᠪᠰᠡᠭ᠎ᠢ ᠪᠤᠯᠢᠶᠠᠨ ᠠᠪᠴᠤ᠂ ᠳᠠᠢᠰᠤᠨ᠎ᠤ ᠴᠢᠮᠡᠭᠡ᠎ᠶᠢ ᠲᠠᠰᠤᠯᠵᠤ᠂ ᠬᠠᠯᠠᠭᠤᠨ ᠴᠢᠰᠤ᠎ᠪᠠᠷ᠎ᠢᠶᠠᠨ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠠᠷᠠᠳ ᠲᠦᠮᠡᠨ᠎ᠦ ᠵᠡᠪᠰᠡᠭᠲᠦ ᠬᠦᠴᠦᠨ᠎ᠢᠶᠡᠷ ᠶᠠᠫᠤᠨ᠎ᠢ ᠡᠰᠡᠷᠭᠦᠴᠡᠵᠦ ᠬᠠᠭᠠᠴᠡᠯᠢ ᠡᠰᠡᠷᠭᠦᠴᠡᠬᠦ 《ᠠᠩᠬᠠᠨ᠎ᠤ ᠫᠤᠤ》 ᠶ᠋ᠢ ᠳᠤᠤᠭᠠᠷᠭᠠᠪᠠ᠃ ᠡᠨᠡ ᠬᠦ᠌ ᠠᠯᠤᠰ ᠬᠡᠳᠦ᠎ᠶᠢᠨ ᠠᠴᠢ ᠬᠣᠯᠪᠣᠭᠳᠠᠯ᠎ᠲᠠᠢ ᠵᠡᠪᠰᠡᠭᠲᠦ ᠪᠣᠰᠣᠯᠭ᠎ᠠ ᠨᠢ ᠶᠠᠫᠤᠨ ᠴᠡᠷᠢᠭ᠎ᠦᠨ ᠬᠢᠲᠠᠳ᠎ᠤᠨ ᠵᠠᠯᠢᠬᠠᠢᠴᠤᠳᠢ ᠠᠰᠢᠭ᠍ᠯᠠᠨ ᠪᠠᠷᠠᠭᠤᠨᠰᠢ ᠲᠦᠷᠢᠬᠦ ᠪᠠᠢᠷᠢᠯᠠᠭᠤᠯᠤᠯᠲᠠ᠎ᠶᠢ ᠰᠠᠮᠠᠭᠤᠷᠠᠭᠤᠯᠵᠤ᠂ ᠲᠠᠮᠴᠤᠭᠳᠤᠩᠷᠤᠪ ᠵᠡᠷᠭᠡ ᠳᠠᠢᠰᠤᠨ᠎ᠳᠤ ᠪᠠᠭ᠎ᠤᠨ ᠥᠭᠴᠦ ᠤᠯᠤᠰ᠎ᠢᠶᠠᠨ ᠬᠤᠳᠠᠯᠳᠤᠭ᠍ᠴᠢᠳᠲᠤ ᠬᠦᠨᠳᠦ ᠴᠣᠬᠢᠯᠲᠠ ᠥᠭᠭᠦᠭᠰᠡᠨ᠎ᠢᠶᠡᠷ ᠪᠠᠷᠠᠬᠤ ᠦᠭᠡᠢ ᠨᠡᠩ ᠴᠤ᠌ ᠥᠪᠥᠷ ᠮᠣᠩᠭᠣᠯ᠎ᠤᠨ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠶᠠᠫᠤᠨ᠎ᠤ ᠡᠵᠡᠷᠬᠡᠭ ᠲᠦᠷᠢᠮᠡᠬᠡᠢᠲᠡᠨᠦ ᠲᠦᠷᠢᠮᠡᠬᠡᠢᠯᠡᠯ᠎ᠢ ᠡᠷᠡᠰ ᠡᠰᠡᠷᠭᠦᠴᠡᠬᠦ᠂ ᠲᠠᠮᠴᠤᠭᠳᠤᠩᠷᠤᠪᠤᠨ ᠤᠯᠤᠰ᠎ᠢᠶᠠᠨ ᠬᠤᠳᠠᠯᠳᠤᠵᠤ ᠪᠠᠭᠤᠵᠤ ᠥᠭᠬᠦ᠎ᠶᠢ ᠡᠰᠡᠷᠭᠦᠴᠡᠬᠦ ᠲᠡᠮᠡᠴᠡᠯ᠎ᠦᠨ ᠵᠣᠷᠢᠭ᠋᠎ᠢ ᠨᠢ ᠬᠥᠪᠴᠢᠯᠡᠵᠦ᠂ ᠪᠦᠬᠦ ᠤᠯᠤᠰ᠎ᠤᠨ ᠠᠷᠠᠳ ᠤᠯᠠᠨ᠎ᠤ ᠶᠠᠫᠤᠨ᠎ᠢ ᠡᠰᠡᠷᠭᠦᠴᠡᠵᠦ ᠮᠥᠬᠥᠯ᠎ᠡᠴᠡ ᠠᠪᠤᠷᠠᠬᠤ ᠡᠷᠴᠢ ᠵᠣᠷᠢᠭ᠋᠎ᠢ ᠨᠢ ᠬᠥᠪᠴᠢᠯᠡᠭᠰᠡᠨ ᠪᠠᠢᠨ᠎ᠠ᠃
ᠣᠨ ᠵᠢᠯ᠎ᠤᠨ ᠡᠷᠬᠢᠯᠲᠡ᠎ᠳᠤ ᠵᠣᠷᠢᠭ᠋ ᠰᠠᠨᠠᠭ᠎ᠠ ᠡᠭᠦᠷᠢᠳᠡ ᠤᠯᠠᠮᠵᠢᠯᠠᠭᠳᠠᠨ᠎ᠠ᠃ ᠬᠡᠳᠦᠨ ᠠᠷᠪᠠᠨ ᠵᠢᠯ᠎ᠦᠨ ᠲᠤᠷᠰᠢᠬᠢ ᠴᠠᠭ ᠦᠶ᠎ᠡ᠎ᠶᠢᠨ ᠬᠤᠪᠢᠷᠠᠯᠲᠠ᠂ ᠪᠠᠲᠤᠬᠠᠭᠠᠯᠭ᠎ᠠ᠎ᠶᠢᠨ ᠶᠠᠫᠤᠨ᠎ᠢ ᠡᠰᠡᠷᠭᠦᠴᠡᠬᠦ ᠵᠡᠪᠰᠡᠭᠲᠦ ᠪᠣᠰᠣᠯᠭ᠎ᠠ᠎ᠡᠴᠡ ᠬᠦᠪᠦᠷᠡᠭᠰᠡᠨ ᠤᠯᠤᠰ᠎ᠢᠶᠠᠨ ᠬᠠᠢᠷᠠᠯᠠᠬᠤ ᠦᠨᠡᠨᠴᠢ ᠰᠡᠳᠬᠢᠯ᠂ ᠶᠠᠫᠤᠨ᠎ᠢ ᠡᠰᠡᠷᠭᠦᠴᠡᠬᠦ ᠵᠣᠷᠢᠭ᠋ ᠰᠠᠨᠠᠭ᠎ᠠ ᠨᠢ ᠠᠯᠢ ᠡᠷᠲᠡ ᠳᠠᠷᠬᠠᠨ ᠮᠤᠤᠮᠢᠩᠭᠠᠨᠤ ᠲᠠᠯ᠎ᠠ ᠨᠤᠲᠤᠭ᠎ᠢ ᠤᠮᠳᠠᠯᠠᠵᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠮᠢᠬ᠎ᠠ ᠴᠢᠰᠤᠨ᠎ᠳᠤ ᠠᠭᠤᠰᠤᠨ ᠰᠢᠩᠭᠡᠵᠡᠢ᠃ 《ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠵᠢ ᠪᠦᠲᠦᠭᠡᠨ ᠪᠠᠢᠭᠤᠯᠤᠭᠰᠠᠨ》᠂ ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ᠂ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ᠂ ᠬᠢᠯᠢ ᠬᠢᠵᠠᠭᠠᠷ᠎ᠢ ᠰᠠᠬᠢᠭ᠍ᠰᠠᠨ ᠮᠠᠯᠴᠢᠨ ᠠᠳᠢᠶ᠎ᠠ᠂ ᠰᠠᠨᠰᠠᠷ᠎ᠤᠨ ᠠᠶᠠᠯᠠᠯ᠎ᠤᠨ ᠪᠠᠭᠠᠲᠤᠷ ᠦ᠋ ᠹᠧᠢ ᠁ ᠡᠨᠡ ᠬᠦ᠌ ᠬᠤᠪᠢᠰᠬᠠᠯ᠎ᠤᠨ ᠳᠠᠪᠲᠠᠯᠲᠠ᠎ᠶᠢ ᠥᠩᠭᠡᠷᠡᠭᠦᠯᠦᠭᠰᠡᠨ ᠬᠤᠪᠢᠰᠬᠠᠯ᠎ᠤᠨ ᠬᠠᠯᠠᠭᠤᠨ ᠬᠥᠷᠥᠰᠥ ᠨᠢ ᠪᠦᠯᠬᠦᠮᠳᠡᠨ ᠲᠡᠮᠡᠴᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠪᠡ᠃
ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ ᠥᠪᠡᠷᠮᠢᠴᠡ ᠣᠨᠴᠠᠯᠢᠭ᠋᠎ᠲᠠᠢ ᠬᠤᠪᠢᠰᠬᠠᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠪᠥᠬᠥ ᠣᠷᠣᠨ ᠪᠦᠰᠡ᠎ᠶᠢᠨ ᠬᠤᠪᠢᠰᠬᠠᠯ᠎ᠤᠨ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠋᠎ᠢ ᠰᠢᠰᠲᠧᠮ᠎ᠲᠠᠢ ᠡᠮᠬᠢᠯᠡᠨ ᠨᠡᠢᠯᠡᠭᠦᠯᠵᠦ᠂ ᠪᠥᠬᠥ ᠣᠷᠣᠨ ᠪᠦᠰᠡ᠎ᠶᠢᠨ ᠬᠤᠪᠢᠰᠬᠠᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠢᠰᠲᠧᠮ᠎ᠢ ᠪᠠᠢᠭᠤᠯᠪᠠ᠃ ᠡᠳᠦᠭᠡ ᠪᠠᠲᠤᠬᠠᠭᠠᠯᠭ᠎ᠠ᠎ᠶᠢᠨ ᠶᠠᠫᠤᠨ᠎ᠢ ᠡᠰᠡᠷᠭᠦᠴᠡᠬᠦ ᠵᠡᠪᠰᠡᠭᠲᠦ ᠪᠣᠰᠣᠯᠭ᠎ᠠ᠎ᠶᠢᠨ ᠳᠤᠷᠠᠰᠬᠠᠯ᠎ᠤᠨ ᠣᠷᠳᠣᠨ᠂ ᠪᠤᠭᠤᠲᠤ ᠬᠤᠳᠠ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠪᠡᠶᠡᠴᠢᠯᠡᠨ ᠣᠢᠯᠠᠭᠠᠬᠤ ᠣᠷᠳᠣᠨ᠂ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠦᠨ ᠰᠠᠭᠤᠷᠢᠨ᠂ 《ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠵᠢ ᠪᠦᠲᠦᠭᠡᠨ ᠪᠠᠶ᠋ᠢᠭᠤᠯᠤᠭᠰᠠᠨ》 ᠦᠵᠡᠭᠦᠯᠭᠡ᠎ᠶᠢᠨ ᠲᠢᠩᠬᠢᠮ ᠵᠡᠷᠭᠡ ᠲᠠᠯᠠᠪᠠᠢ ᠣᠷᠳᠣᠨ ᠤᠯᠠᠨ ᠲᠠᠯ᠎ᠠ᠎ᠪᠠᠷ ᠬᠣᠯᠪᠤᠭᠠᠯᠠᠨ ᠬᠥᠳᠡᠯᠦᠯᠴᠡᠵᠦ᠂ ᠬᠠᠷᠢᠯᠴᠠᠨ ᠲᠤᠯᠭᠠᠭᠤᠷᠢᠯᠠᠵᠤ᠂ ᠬᠤᠪᠢᠰᠬᠠᠯ᠎ᠤᠨ ᠬᠥᠮᠦᠵᠢᠯ᠎ᠦᠨ ᠡᠩᠨᠡᠭᠡ᠎ᠶᠢ ᠪᠦᠷᠢᠯᠳᠦᠭᠦᠯᠪᠡ᠃
《ᠬᠣᠰᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ 〈ᠨᠠᠮ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠂ ᠨᠠᠮ᠎ᠤᠨ ᠲᠥᠯᠥᠭᠡ ᠠᠷᠭ᠎ᠠ ᠪᠣᠳᠣᠯᠭ᠎ᠠ ᠭᠠᠷᠭᠠᠬᠤ〉 ᠭᠣᠣᠯ ᠡᠭᠦᠷᠭᠡ ᠴᠢᠳᠠᠪᠬᠢ᠎ᠶᠢᠨ ᠲᠣᠭᠣᠷᠢᠨ᠎ᠳᠤ᠂ ᠪᠥᠬᠥ ᠬᠣᠰᠢᠭᠤᠨ᠎ᠤ ᠬᠤᠪᠢᠰᠬᠠᠯ᠎ᠤᠨ ᠵᠢᠭ᠍ᠰᠠᠭᠠᠯ᠎ᠤᠨ ᠭᠠᠵᠠᠷ᠎ᠢ ᠭᠦᠨᠵᠡᠭᠡᠢ ᠡᠮᠬᠢᠯᠡᠨ ᠨᠡᠢᠯᠡᠭᠦᠯᠵᠦ᠂ ᠣᠷᠣᠨ ᠨᠤᠲᠤᠭ᠎ᠤᠨ ᠣᠨᠴᠠᠯᠢᠭ᠋ ᠪᠦᠬᠦᠢ ᠬᠤᠪᠢᠰᠬᠠᠯ᠎ᠤᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠵᠦ᠂ ᠪᠣᠳᠠᠲᠤ ᠦᠵᠡᠭᠳᠡᠯᠲᠦ ᠬᠤᠪᠢᠰᠬᠠᠯᠲᠤ ᠰᠤᠳᠤᠯᠤᠨ ᠰᠤᠷᠤᠯᠴᠠᠬᠤ ᠰᠣᠳᠣᠨ ᠵᠠᠮ ᠱᠤᠭᠤᠮ᠎ᠢ ᠪᠣᠶ ᠪᠣᠯᠭᠠᠵᠤ᠂ ᠣᠨᠣᠯ᠎ᠤᠨ ᠲᠠᠢᠯᠤᠮᠵᠢ ᠪᠠ ᠪᠣᠳᠠᠲᠠᠢ ᠭᠠᠵᠠᠷ ᠲᠤᠨᠢ ᠲᠣᠭᠣᠷᠢᠨ ᠦᠵᠡᠬᠦ᠎ᠶᠢ ᠭᠦᠨᠵᠡᠭᠡᠢ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠪᠠ᠃ ᠰᠤᠳᠤᠯᠤᠨ ᠰᠤᠷᠤᠯᠴᠠᠬᠤ ᠵᠠᠮ ᠱᠤᠭᠤᠮ᠎ᠢ ᠲᠠᠰ ᠳᠠᠪᠬᠤᠷᠭ᠎ᠠ ᠬᠤᠪᠢᠶᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠠᠮᠤᠷ ᠲᠦᠪᠰᠢᠨ ᠵᠡᠷᠭᠡ ᠲᠤᠰᠬᠠᠢᠯᠠᠭᠰᠠᠨ ᠵᠢᠭᠠᠨ ᠰᠤᠷᠭᠠᠯᠲᠠ᠎ᠶᠢᠨ ᠲᠥᠰᠥᠯ ᠲᠣᠭᠲᠠᠭᠠᠵᠤ᠂ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢ᠎ᠳᠤ ᠬᠠᠨᠳᠤᠭᠤᠯᠤᠨ ᠬᠡᠷᠡᠭᠴᠡᠭᠡ᠎ᠶᠢ ᠦᠨᠳᠦᠰᠦᠯᠡᠨ ᠬᠢᠴᠢᠶᠡᠯ ᠪᠠ ᠠᠶᠠᠯᠠᠯ᠎ᠢ ᠰᠢᠯᠢᠳᠡᠭᠵᠢᠭᠦᠯᠪᠡ᠃ ᠣᠢᠷ᠎ᠠ᠎ᠶᠢᠨ 3 ᠵᠢᠯ᠎ᠳᠦ ᠰᠤᠳᠤᠯᠤᠨ ᠰᠤᠷᠤᠯᠴᠠᠬᠤ ᠵᠠᠮ ᠱᠤᠭᠤᠮ᠎ᠳᠤ ᠲᠦᠰᠢᠭᠯᠡᠨ ᠬᠤᠪᠢᠰᠬᠠᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠢ 37 ᠬᠤᠭᠤᠴᠠᠭ᠎ᠠ ᠳᠠᠭᠠᠭᠠᠴᠢᠯᠠᠨ ᠡᠷᠭᠢᠯᠡᠵᠦ᠂ ᠨᠡᠢᠲᠡ 3000 ᠭᠠᠷᠤᠢ ᠨᠠᠮ᠎ᠤᠨ ᠭᠡᠰᠢᠭᠦᠨ ᠺᠠᠳ᠋ᠷ᠂ ᠦᠨᠳᠦᠰᠦᠲᠡᠨ᠎ᠨᠦᠭᠦᠳ᠎ᠦᠨ ᠪᠠᠭ᠍ᠰᠢ ᠰᠣᠷᠣᠭ᠍ᠴᠢ᠎ᠵᠢ ᠵᠣᠬᠢᠶᠠᠨ ᠪᠠᠢᠭᠤᠯᠵᠤ ᠪᠣᠯᠪᠠᠰᠤᠷᠠᠯ᠎ᠳᠤ ᠣᠷᠣᠯᠴᠠᠭᠤᠯᠵᠡᠢ》ᠭᠡᠵᠦ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠳᠡᠳ᠋ ᠵᠠᠬᠢᠷᠤᠯ ᠮᠥᠩᠭᠦᠨᠲᠤᠶᠠᠭ᠎ᠠ ᠲᠠᠨᠢᠯᠴᠠᠭᠤᠯᠪᠠ᠃
ᠡᠭᠦᠨ᠎ᠦ ᠵᠡᠷᠭᠡ᠎ᠪᠡᠷ ᠤᠯᠠᠮ᠎ᠡᠴᠡ ᠤᠯᠠᠨ ᠵᠢᠭᠤᠴᠢᠯᠠᠭᠰᠠᠳ ᠬᠦᠷᠦᠯᠴᠡᠨ ᠢᠷᠡᠵᠦ᠂ ᠬᠤᠪᠢᠰᠬᠠᠯ᠎ᠤᠨ ᠤᠯᠠ ᠮᠥᠷ᠎ᠢ ᠬᠠᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠣᠢᠯᠠᠭᠠᠵᠤ᠂ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ ᠬᠦᠷᠲᠡᠨ᠎ᠡ᠃ ᠬᠤᠪᠢᠰᠬᠠᠯ᠎ᠤᠨ ᠡᠬᠢ ᠪᠠᠶᠠᠯᠢᠭ᠋᠎ᠢ ᠦᠨᠡᠨ ᠬᠦ᠌ 《ᠲᠤᠭᠲᠠᠮᠠᠯ ᠪᠠᠢᠳᠠᠯ᠎ᠤᠨ ᠦᠵᠡᠭᠦᠯᠭᠡ》 ᠪᠠᠢᠭᠰᠠᠨ᠎ᠡᠴᠡ 《ᠬᠥᠳᠡᠯᠦᠩᠭᠦᠢ ᠬᠢᠴᠢᠶᠡᠯ᠎ᠦᠨ ᠲᠠᠩᠬᠢᠮ》 ᠪᠣᠯᠭᠠᠨ ᠬᠤᠪᠢᠷᠠᠭᠤᠯᠵᠤ᠂ 《ᠲᠡᠦᠬᠡ᠎ᠶᠢᠨ ᠳᠤᠷᠠᠰᠤᠮᠵᠢ》 ᠪᠠᠢᠭᠰᠠᠨ᠎ᠢ 《ᠬᠥᠭᠵᠢᠯᠲᠡ᠎ᠶᠢᠨ ᠬᠥᠳᠡᠯᠭᠡᠬᠦ ᠡᠨᠧᠷᠭᠢ》 ᠪᠣᠯᠭᠠᠨ ᠬᠤᠪᠢᠷᠠᠭᠤᠯᠪᠠ᠃
ᠬᠤᠪᠢᠰᠬᠠᠯ᠎ᠤᠨ ᠠᠭᠤᠯᠤᠭᠳᠠᠬᠤᠨ᠎ᠢᠶᠠᠷ ᠬᠥᠭᠵᠢᠯᠲᠡ᠎ᠶᠢᠨ ᠰᠢᠮᠡᠯᠢᠭ ᠬᠥᠷᠥᠰᠥ᠎ᠶᠢ ᠰᠢᠮᠡᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠨ᠎ᠡ᠃ ᠲᠤᠤ ᠮᠠ ᠭᠧᠦ ᠲᠣᠰᠬᠣᠨ ᠪᠣᠯ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠬᠤᠪᠢᠰᠬᠠᠯ᠎ᠤᠨ ᠰᠤᠳᠤᠯᠤᠨ ᠰᠤᠷᠤᠯᠴᠠᠬᠤ ᠵᠠᠮ ᠱᠤᠭᠤᠮ᠎ᠤᠨ ᠴᠢᠬᠤᠯᠠ ᠤᠷᠲᠤᠳᠬᠠᠯ᠎ᠤᠨ ᠭᠣᠭᠴᠣᠭ᠎ᠠ ᠪᠣᠯᠣᠨ᠎ᠠ᠂ ᠪᠠᠰᠠ ᠴᠤ᠌ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠦᠯᠢᠭᠡᠷ ᠳᠠᠭᠤᠷᠢᠶᠠᠯ ᠪᠣᠯᠣᠨ᠎ᠠ᠃ 2016 ᠣᠨ᠎ᠳᠤ᠂ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ ᠰᠢᠪᠠᠷᠬᠦ᠋ᠷᠢᠶ᠎ᠡ ᠲᠡᠮᠦᠷ᠎ᠦᠨ ᠠᠭᠤᠷᠬᠠᠢ᠎ᠶᠢᠨ ᠪᠦᠯᠦᠭᠯᠡᠯ᠎ᠲᠠᠢ ᠬᠠᠮᠲᠤᠷᠠᠨ 《ᠺᠣᠮᠫᠠᠨᠢ + ᠬᠣᠷᠰᠢᠶ᠎ᠠ + ᠰᠠᠭᠤᠷᠢᠨ + ᠲᠠᠷᠢᠶᠠᠴᠢᠨ ᠡᠷᠦᠬᠡ》 ᠵᠢᠨ ᠬᠥᠭᠵᠢᠯᠲᠡ᠎ᠶᠢᠨ ᠵᠠᠭᠪᠤᠷ᠎ᠢ ᠰᠦᠪᠡᠭᠴᠢᠯᠡᠵᠦ᠂ ᠥᠪᠥᠷ ᠮᠣᠩᠭᠣᠯ᠎ᠤᠨ ᠹᠧᠩ ᠢᠦᠢ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢ ᠬᠠᠮᠲᠤᠷᠠᠨ ᠪᠠᠢᠭᠤᠯᠵᠤ᠂ ᠲᠤᠤ ᠮᠠ ᠭᠧᠦ ᠲᠣᠰᠬᠣᠨ᠎ᠢ ᠪᠦᠬᠦᠯᠢ ᠴᠣᠭᠴᠠ᠎ᠪᠠᠷ ᠨᠢ ᠲᠥᠯᠥᠪᠵᠢᠭᠦᠯᠬᠦ ᠪᠠ ᠣᠨᠳᠣᠣ ᠭᠠᠵᠠᠷ᠎ᠲᠤ ᠨᠡᠭᠦᠯᠭᠡᠵᠦ᠂ ᠬᠠᠭᠤᠴᠢᠨ ᠪᠠᠭᠤᠷᠢ ᠳᠡᠭᠡᠷ᠎ᠡ ᠠᠮᠤ ᠪᠤᠳᠠᠭᠠᠨ᠎ᠤ ᠳᠠᠷᠢᠮᠠᠯ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠂ ᠵᠢᠭᠤᠯᠴᠢᠯᠠᠯ᠎ᠢ ᠨᠢᠭᠡ ᠴᠣᠭᠴᠠᠵᠢᠭᠤᠯᠤᠭᠰᠠᠨ ᠬᠥᠳᠡᠭᠡ ᠨᠤᠲᠤᠭ᠎ᠤᠨ ᠶᠡᠷᠦᠩᠬᠡᠢᠯᠡᠭᠰᠡᠨ ᠴᠣᠭᠴᠠ᠎ᠶᠢ ᠪᠠᠢᠭᠤᠯᠪᠠ᠃ ᠥᠩᠭᠡᠷᠡᠭᠰᠡᠨ᠎ᠳᠦ ᠪᠤᠢ᠍ᠢᠳᠠ ᠪᠥᠭᠯᠡᠭᠦᠦ ᠬᠣᠴᠣᠷᠤᠩᠭᠤᠢ᠂ ᠬᠥᠭᠵᠢᠯᠲᠡ᠎ᠪᠡᠷ ᠪᠠᠭᠤᠷᠠᠢ ᠪᠠᠢᠭᠰᠠᠨ ᠲᠤᠤ ᠮᠠ ᠭᠧᠦ ᠲᠣᠰᠬᠣᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠰᠣᠶᠣᠯ ᠵᠢᠭᠤᠯᠴᠢᠯᠠᠯ ᠠᠭᠤᠰᠤᠯᠴᠠᠨ ᠬᠥᠭᠵᠢᠭᠰᠡᠨ ᠳᠤᠷᠤᠨ᠎ᠠ᠎ᠶᠢᠨ ᠰᠠᠯᠬᠢᠨ᠎ᠢ ᠠᠰᠢᠭ᠍ᠯᠠᠵᠤ᠂ ᠶᠠᠳᠠᠭᠤ ᠬᠦᠴᠢᠷᠳᠡᠯᠲᠡᠢ ᠲᠣᠰᠬᠣᠨ᠎ᠡᠴᠡ ᠰᠦᠯᠵᠢᠶᠡᠨ ᠬᠠᠯᠠᠮᠰᠢᠯ ᠬᠥᠳᠡᠭᠡ ᠨᠤᠲᠤᠭ᠎ᠤᠨ ᠶᠡᠷᠦᠩᠬᠡᠢᠯᠡᠭᠰᠡᠨ ᠴᠣᠭᠴᠠᠪᠤᠯᠤᠭᠰᠠᠨ ᠦᠵᠡᠰᠬᠦᠯᠡᠩᠲᠦ ᠰᠠᠢᠬᠠᠨ ᠬᠤᠪᠢᠷᠠᠯᠲᠠ᠎ᠶᠢ ᠪᠡᠶᠡᠯᠡᠭᠦᠯᠪᠡ᠃
《ᠲᠤᠤ ᠮᠠ ᠭᠧᠦ ᠲᠣᠰᠬᠣᠨ ᠤᠳᠤ ᠡᠳᠦᠷ ᠪᠦᠷᠢ ᠳᠤᠮᠳᠠᠴᠢ᠎ᠪᠠᠷ 3000 ᠵᠢᠭᠤᠯᠴᠢᠯᠠᠭᠰᠠᠳ ᠢᠳᠡᠵᠦ ᠤᠤᠭᠤᠵᠤ᠂ 1000 ᠵᠢᠭᠤᠯᠴᠢᠯᠠᠭᠰᠠᠳ ᠬᠤᠨᠤᠵᠤ ᠬᠡᠪᠲᠡᠵᠦ ᠳᠡᠢᠯᠬᠦ ᠬᠡᠪᠴᠢᠶ᠎ᠡ᠎ᠶᠢ ᠪᠦᠷᠢᠯᠳᠦᠭᠦᠯᠦᠭᠰᠡᠨ ᠬᠠᠯᠠᠮᠰᠢᠯ ᠭᠠᠵᠠᠷ ᠪᠣᠯᠵᠤ᠂ ᠦᠵᠡᠮᠵᠢ᠎ᠶᠢᠨ ᠣᠷᠣᠨ᠎ᠤ ᠵᠢᠯ᠎ᠦᠨ ᠡᠵᠡᠩᠨᠡᠯᠲᠡ᠎ᠶᠢᠨ ᠣᠷᠣᠯᠭ᠎ᠠ 1000 ᠲᠦᠮᠡᠨ ᠲᠥᠭᠥᠷᠢᠭ᠎ᠢ ᠳᠠᠪᠠᠵᠠᠢ》 ᠭᠡᠵᠦ ᠥᠪᠥᠷ ᠮᠣᠩᠭᠣᠯ᠎ᠤᠨ ᠹᠧᠩ ᠢᠦᠢ ᠮᠠᠯ ᠠᠵᠤ ᠠᠬᠤᠢ᠎ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠳᠠᠭᠠᠭᠠᠮᠠᠯ ᠵᠣᠣ ᠬᠤᠤ ᠷᠠᠨ ᠲᠠᠨᠢᠯᠴᠠᠭᠤᠯᠪᠠ᠃
ᠥᠨᠥᠳᠥᠷ᠎ᠦᠨ ᠲᠤᠤ ᠮᠠ ᠭᠧᠦ ᠲᠤᠰᠬᠤᠨ᠂ ᠲᠠᠷᠢᠶᠠᠨ ᠭᠠᠵᠠᠷ᠎ᠢ ᠦᠵᠡᠮᠵᠢ᠎ᠶᠢᠨ ᠣᠷᠣᠨ ᠪᠣᠯᠭᠠᠨ ᠬᠤᠪᠢᠷᠠᠭᠤᠯᠵᠤ᠂ ᠲᠠᠷᠢᠶᠠᠴᠢᠨ᠎ᠤ ᠭᠡᠷ ᠪᠠᠢᠰᠢᠩ᠎ᠢ ᠵᠣᠴᠢᠨ᠎ᠤ ᠦᠷᠦᠭᠡ ᠪᠣᠯᠭᠠᠨ ᠬᠤᠪᠢᠷᠠᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠯᠠᠮᠰᠢᠯ ᠪᠣᠷᠤᠯᠠᠭᠤᠯᠭ᠎ᠠ᠎ᠵᠢᠨ ᠪᠦᠲᠦᠭᠡᠭᠳᠡᠭᠦᠨ ᠪᠣᠯᠭᠠᠨ ᠬᠤᠪᠢᠷᠠᠭᠤᠯᠵᠤ᠂ ᠲᠦᠷᠪᠡᠨ ᠤᠯᠠᠷᠢᠯ᠎ᠳᠤ ᠦᠵᠡᠮᠵᠢ᠎ᠲᠠᠢ᠂ ᠲᠦᠷᠪᠡᠨ ᠤᠯᠠᠷᠢᠯ᠎ᠳᠤ ᠵᠢᠭᠤᠯᠴᠢᠯᠠᠵᠤ ᠪᠣᠯᠬᠤ ᠭᠠᠵᠠᠷ ᠪᠤᠯᠵᠦ᠂ ᠬᠤᠪᠢᠰᠬᠠᠯ᠎ᠤᠨ ᠰᠤᠳᠤᠯᠤᠨ ᠰᠤᠷᠤᠯᠴᠠᠬᠤ᠂ ᠬᠥᠳᠡᠯᠮᠦᠷᠢ ᠦᠢᠯᠡᠳᠦᠯᠭᠡ᠎ᠶᠢᠨ ᠬᠥᠮᠦᠵᠢᠯ᠂ ᠬᠥᠳᠡᠭᠡ ᠲᠣᠰᠬᠣᠨ᠎ᠤ ᠰᠡᠯᠡᠭᠦᠴᠡᠯ ᠵᠡᠷᠭᠡ ᠠᠵᠢᠯᠯᠠᠭ᠎ᠠ᠎ᠶᠢ ᠪᠠᠢᠩᠭᠤ ᠵᠤᠯᠭᠠᠭᠤᠯᠵᠤ ᠪᠠᠢᠨ᠎ᠠ᠃ ᠵᠢᠭᠤᠯᠴᠢᠯᠠᠭᠰᠠᠳ ᠡᠨᠳᠡ ᠬᠥᠳᠡᠭᠡ ᠨᠤᠲᠤᠭ᠎ᠤᠨ ᠥᠩᠭᠡ ᠦᠵᠡᠮᠵᠢ᠎ᠶᠢ ᠰᠣᠨᠢᠷᠬᠠᠵᠤ᠂ ᠲᠠᠷᠢᠶᠠᠯᠠᠬᠤ ᠬᠠᠪᠤ ᠴᠡᠩᠭᠡᠯ᠎ᠢ ᠪᠡᠶᠡᠴᠢᠯᠡᠨ ᠣᠢᠯᠠᠭᠠᠬᠤ᠎ᠪᠠᠷ ᠪᠠᠷᠠᠬᠤ ᠦᠭᠡᠢ ᠪᠠᠰᠠ ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠣᠢᠯᠠᠭᠠᠵᠤ᠂ ᠤᠷᠤᠭᠰᠢᠯᠠᠨ ᠳᠠᠪᠰᠢᠬᠤ ᠬᠦᠴᠦᠨ᠎ᠢ ᠰᠢᠩᠭᠡᠬᠡᠨ ᠠᠪᠴᠤ ᠪᠠᠢᠨ᠎ᠠ᠃
ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠡᠯᠪᠡᠭ ᠪᠠᠶᠠᠯᠢᠭ᠋ ᠬᠤᠪᠢᠰᠬᠠᠯ᠎ᠤᠨ ᠡᠬᠢ ᠪᠠᠶᠠᠯᠢᠭ᠋ ᠨᠢ ᠲᠣᠭᠣᠰᠣᠨ᠎ᠳᠤ ᠳᠠᠷᠤᠭᠳᠠᠭᠰᠠᠨ ᠲᠡᠦᠬᠡ᠎ᠶᠢᠨ ᠳᠤᠷᠠᠰᠤᠮᠵᠢ ᠪᠢᠰᠢ᠂ ᠬᠠᠷᠢᠨ ᠮᠡᠳᠡᠷᠡᠭᠦᠰᠢᠲᠡᠢ᠂ ᠰᠤᠷᠤᠯᠴᠠᠵᠤ ᠪᠣᠯᠬᠤ᠂ ᠵᠢᠭᠤᠯᠴᠢᠯᠠᠵᠤ ᠪᠣᠯᠬᠤ᠂ ᠬᠥᠭᠵᠢᠵᠦ ᠪᠣᠯᠬᠤ ᠡᠳ᠋ ᠪᠠᠶᠠᠯᠢᠭ᠋ ᠪᠣᠯᠣᠨ᠎ᠠ᠃ ᠬᠡᠤᠬᠡᠨ ᠠᠭᠤᠯᠠ᠎ᠶᠢᠨ ᠬᠤᠪᠢᠰᠬᠠᠯ᠎ᠤᠨ ᠬᠥᠰᠢᠶ᠎ᠡ᠎ᠡᠴᠡ ᠲᠤᠤ ᠮᠠ ᠭᠧᠦ ᠬᠦᠳᠡᠭᠡ ᠨᠤᠲᠤᠭ᠎ᠤᠨ ᠰᠢᠨ᠎ᠡ ᠲᠣᠰᠬᠣᠨ ᠬᠦᠷᠲᠡᠯ᠎ᠡ᠂ ᠬᠤᠪᠢᠰᠬᠠᠯ᠎ᠤᠨ ᠦᠨᠳᠦᠰᠦ ᠪᠠ ᠬᠥᠳᠡᠭᠡ ᠲᠣᠰᠬᠣᠨ᠎ᠤ ᠰᠢᠮᠡᠯᠢᠭ ᠬᠥᠷᠥᠰᠥ ᠡᠨᠳᠡ ᠠᠭᠤᠰᠤᠯᠴᠠᠨ ᠬᠠᠮᠲᠤ ᠣᠷᠣᠰᠢᠵᠤ᠂ ᠲᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠬᠤᠪᠢᠰᠬᠠᠯ᠎ᠤᠨ ᠰᠦᠭ ᠰᠦᠨᠡᠰᠦ᠎ᠵᠢ ᠱᠤᠭᠤᠬᠤ᠂ ᠠᠵᠤ ᠦᠢᠯᠡᠰ᠎ᠢᠶᠡᠷ ᠠᠷᠠᠳ᠎ᠢ ᠪᠠᠶᠠᠵᠢᠭᠤᠯᠬᠤ ᠠᠮᠢᠳᠤᠯᠢᠭ᠋ ᠵᠢᠷᠤᠭ᠎ᠢ ᠵᠢᠷᠤᠭᠯᠠᠪᠠ᠃
ᠢᠷᠡᠭᠰᠡᠨ ᠮᠦᠷ ᠵᠢᠡᠨ ᠡᠷᠬᠢᠨ ᠬᠠᠷᠠᠬᠤ ᠨᠢ ᠨᠡᠩ ᠰᠠᠢᠨ ᠠᠶᠠᠨ᠎ᠳᠤ ᠮᠣᠷᠳᠠᠬᠤ᠎ᠶᠢᠨ ᠲᠥᠯᠥᠭᠡ ᠶᠤᠮ᠃ ᠲᠡᠦᠬᠡ᠎ᠶᠢᠨ ᠳᠠᠷᠢ᠎ᠶᠢᠨ ᠤᠳᠤᠭ᠎ᠠ ᠰᠠᠷᠨᠢᠬᠤ ᠦᠶ᠎ᠡ᠎ᠳᠦ ᠦᠯᠡᠳᠡᠵᠤ ᠬᠠᠳᠠᠭᠠᠯᠠᠭᠳᠠᠵᠦ ᠪᠠᠢᠭ᠎ᠠ ᠨᠢ ᠳᠤᠷᠠᠰᠬᠠᠯ᠎ᠤᠨ ᠬᠥᠰᠢᠶ᠎ᠡ ᠳᠡᠭᠡᠷᠡᠬᠢ ᠨᠡᠷ᠎ᠡ ᠪᠣᠯᠣᠨ ᠦᠵᠡᠭᠦᠯᠭᠡ᠎ᠶᠢᠨ ᠲᠢᠩᠬᠢᠮ᠎ᠦᠨ ᠲᠡᠦᠬᠡ᠎ᠶᠢᠨ ᠳᠤᠷᠠᠰᠬᠠᠯᠲᠤ ᠵᠦᠢᠯᠡᠰ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠴᠢᠰᠤ ᠮᠢᠬᠠᠨ᠎ᠳᠤ ᠠᠭᠤᠰᠤᠭᠰᠠᠨ ᠤᠶᠤᠨ ᠰᠠᠨᠠᠭᠠᠨ᠎ᠤ ᠬᠦᠴᠦᠨ ᠴᠢᠳᠠᠯ ᠪᠣᠯᠬᠤ ᠶᠤᠮ᠃ ᠡᠨᠡ ᠬᠦ᠌ ᠬᠦᠴᠦᠨ ᠨᠢ ᠳᠠᠷᠬᠠᠨ ᠮᠤᠤᠮᠢᠩᠭᠠᠨᠤ ᠲᠠᠯ᠎ᠠ ᠨᠤᠲᠤᠭ᠎ᠢ ᠰᠢᠨ᠎ᠡ ᠴᠠᠭ ᠦᠶ᠎ᠡ᠎ᠶᠢᠨ ᠠᠶᠠᠨ᠎ᠳᠤ ᠢᠳᠡᠷᠡᠭᠦᠨ ᠠᠯᠬᠤᠭ᠎ᠠ᠎ᠪᠠᠷ ᠯᠠᠪᠳᠠᠭᠤᠨ᠎ᠢᠶᠠᠷ ᠤᠷᠤᠭᠰᠢᠯᠠᠭᠤᠯᠤᠨ᠎ᠠ᠃ ᠬᠤᠪᠢᠰᠬᠠᠯᠲᠤ ᠰᠤᠳᠤᠯᠤᠨ ᠰᠤᠷᠤᠯᠴᠠᠬᠤ ᠰᠢᠰᠲᠧᠮ᠎ᠦᠨ ᠦᠷᠭᠦᠯᠵᠢᠯᠡᠨ ᠲᠡᠭᠦᠯᠳᠡᠷᠵᠢᠬᠦ ᠪᠠ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠠᠰᠤᠷᠠᠯᠲᠠ ᠦᠭᠡᠢ ᠭᠦᠨᠵᠡᠭᠡᠢᠷᠡᠬᠦ᠎ᠶᠢ ᠳᠠᠭᠠᠯᠳᠤᠨ᠂ ᠡᠨᠡ ᠬᠦ᠌ ᠪᠠᠭᠠᠲᠤᠷ᠎ᠤᠨ ᠢᠷᠠᠭᠤ ᠠᠯᠳᠠᠷ᠎ᠢ ᠰᠡᠢᠯᠦᠭᠰᠡᠨ ᠬᠠᠯᠠᠭᠤᠨ ᠬᠥᠷᠥᠰᠥ ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠴᠢᠨᠠᠷ ᠰᠠᠢᠲᠠᠢ ᠬᠥᠭᠵᠢᠯᠲᠡ᠎ᠶᠢᠨ ᠵᠠᠮ ᠳᠡᠭᠡᠷ᠎ᠡ ᠨᠡᠩ ᠭᠣᠢᠳᠠ ᠰᠠᠢᠬᠠᠨ ᠬᠠᠭᠤᠳᠠᠰᠤ᠎ᠶᠢ ᠪᠢᠴᠢᠭᠯᠡᠬᠦ ᠨᠢ ᠯᠠᠪᠲᠠᠢ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
ᠪᠠᠲᠤᠬᠠᠭᠠᠯᠭ᠎ᠠ᠎ᠶᠢᠨ ᠶᠠᠫᠤᠨ᠎ᠢ ᠡᠰᠡᠷᠭᠦᠴᠡᠬᠦ ᠵᠡᠪᠰᠡᠭᠲᠦ ᠪᠣᠰᠣᠯᠭ᠎ᠠ᠎ᠶᠢᠨ ᠳᠤᠷᠠᠰᠬᠠᠯ᠎ᠤᠨ ᠣᠷᠳᠣᠨ᠎ᠡᠴᠡ ᠭᠠᠷᠴᠤ ᠬᠠᠷᠠᠭ᠎ᠠ ᠲᠠᠯᠪᠢᠨ ᠪᠠᠷᠠᠯᠠᠬᠤ᠎ᠳᠤ᠂ ᠥᠷᠭᠡᠨ ᠳᠠᠷᠳᠠᠩ ᠴᠠᠷᠳᠠᠮᠠᠯ ᠵᠠᠮ ᠬᠥᠨᠳᠡᠯᠡᠨ ᠭᠤᠯᠳᠤ ᠰᠦᠯᠵᠢᠯᠳᠦᠨ᠂ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠨ᠎ᠡ᠃ ᠴᠡᠪᠡᠷ ᠴᠡᠮᠴᠡᠭᠡᠷ ᠵᠡᠭᠡᠯᠢ ᠭᠤᠳᠤᠮᠵᠢ᠂ ᠬᠥᠭᠵᠢᠨ ᠪᠠᠳᠠᠷᠠᠭᠰᠠᠨ ᠡᠵᠡᠩᠨᠡᠯᠲᠡ᠎ᠶᠢᠨ ᠬᠡᠯᠪᠡᠷᠢ᠂ ᠡᠶ᠎ᠡ ᠨᠠᠶ᠋ᠢᠷᠠᠮᠳᠠᠭᠤ ᠠᠮᠢᠳᠤᠷᠠᠯ᠎ᠤᠨ ᠪᠠᠢᠳᠠᠯ ᠨᠢ ᠬᠠᠮᠲᠤ᠎ᠪᠠᠷ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤᠨ ᠬᠠᠭᠤᠳᠠᠰᠤ᠎ᠶᠢ ᠵᠢᠷᠤᠭᠯᠠᠪᠠ᠃
1936 ᠣᠨ᠎ᠤ ᠲᠡᠷᠡ ᠬᠦ᠌ ᠰᠡᠳᠬᠢᠯ ᠵᠢᠷᠦᠬᠡ᠎ᠶᠢ ᠳᠣᠩᠰᠣᠯᠭᠠᠮ᠎ᠠ ᠦᠳᠡᠰᠢ᠂ ᠬᠤᠪᠢᠰᠬᠠᠯ᠎ᠤᠨ ᠤᠷᠢᠳᠤᠰ ᠰᠠᠯᠬᠢ ᠪᠣᠷᠣᠭᠠᠨ᠎ᠤ ᠳᠤᠮᠳᠠ ᠴᠡᠭᠡᠵᠢ ᠲᠦᠷᠢᠨ ᠭᠠᠷᠴᠤ᠂ ᠲᠤᠭ ᠡᠷᠭᠦᠨ ᠲᠡᠮᠡᠴᠡᠪᠡ᠃ ᠲᠡᠳᠡ ᠥᠨᠥᠳᠥᠷ᠎ᠦᠨ ᠬᠥᠭᠵᠢᠯ ᠪᠠᠳᠠᠷᠠᠯ᠎ᠢ ᠨᠢᠳᠦ᠎ᠪᠡᠷ᠎ᠢᠶᠡᠨ ᠦᠵᠡᠭᠰᠡᠨ ᠦᠭᠡᠢ ᠪᠤᠯᠪᠠᠴᠤ ᠨᠢᠭᠡ ᠨᠠᠰᠤᠨ᠎ᠤ ᠲᠡᠮᠡᠴᠡᠯ᠎ᠢᠶᠡᠷ ᠪᠢᠳᠡᠨ᠎ᠳᠦ ᠭᠡᠭᠡᠨ ᠰᠠᠷᠠᠭᠤᠯ ᠵᠠᠮ᠎ᠢ ᠳᠡᠪᠢᠰᠴᠦ ᠥᠭᠪᠡ᠃
ᠬᠡᠤᠬᠡᠨ ᠠᠭᠤᠯᠠᠨ᠎ᠳᠤ ᠵᠣᠭᠰᠣᠨ ᠠᠯᠤᠰ᠎ᠢ ᠪᠠᠷᠠᠯᠠᠬᠤ᠎ᠳᠤ᠂ ᠳᠤᠷᠠᠰᠬᠠᠯ᠎ᠤᠨ ᠬᠥᠰᠢᠶ᠎ᠡ ᠰᠡᠬᠦᠢᠨ ᠰᠦᠨᠳᠡᠷᠯᠡᠵᠦ᠂ ᠠᠭᠤᠯᠠᠨ ᠬᠣᠷᠮᠣᠢ᠎ᠳᠤ ᠲᠡᠷᠭᠡ ᠤᠨᠤᠭ᠎ᠠ ᠰᠦᠯᠵᠢᠯᠳᠦᠨ᠂ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ ᠲᠡᠦᠬᠡ ᠪᠠ ᠪᠣᠳᠠᠲᠤ ᠠᠬᠤᠢ ᠡᠨᠳᠡ ᠰᠣᠯᠪᠢᠴᠠᠨᠠ — ᠦᠷᠡᠭᠳᠡᠭᠰᠡᠨ ᠪᠠᠭᠠᠲᠤᠷᠴᠤᠳ ᠬᠠᠯᠠᠭᠤᠨ ᠴᠢᠰᠤ᠎ᠪᠠᠷ᠎ᠢᠶᠠᠨ ᠨᠤᠲᠤᠭ ᠳᠡᠪᠢᠰᠬᠡᠷ᠎ᠢᠶᠡᠨ ᠬᠠᠮᠠᠭᠠᠯᠠᠵᠤ᠂ ᠣᠲᠣ᠌ ᠶᠠᠭ ᠬᠠᠯᠠᠭᠤᠨ ᠬᠦᠷᠦᠰᠦᠨ ᠡᠴᠡ ᠰᠢᠨ᠎ᠡ ᠬᠦᠰᠡᠯ ᠡᠷᠡᠮᠡᠯᠵᠡᠯ ᠬᠦᠪᠦᠷᠡᠵᠦ ᠪᠠᠢᠨ᠎ᠠ᠃
ᠬᠤᠪᠢᠰᠬᠠᠯ᠎ᠤᠨ ᠭᠠᠯ ᠤᠨᠲᠠᠷᠠᠰᠢ ᠦᠭᠡᠢ᠂ ᠰᠢᠭᠤᠷᠬᠠᠢ ᠠᠶᠠᠨ ᠵᠣᠭᠰᠣᠯ ᠦᠭᠡᠢ ᠦᠷᠭᠦᠯᠵᠢᠯᠡᠨ᠎ᠡ᠃ ᠪᠠᠭᠠᠲᠤᠷ᠎ᠤᠨ ᠢᠷᠠᠭᠤ ᠠᠯᠳᠠᠷ᠎ᠢ ᠰᠡᠢᠯᠦᠭᠰᠡᠨ ᠡᠨᠡ ᠬᠦ᠌ ᠲᠠᠯ᠎ᠠ ᠨᠤᠲᠤᠭ ᠰᠢᠨ᠎ᠡ ᠴᠠᠭ ᠦᠶ᠎ᠡ᠎ᠶᠢᠨ ᠤᠷᠤᠰᠬᠠᠯ ᠳᠤᠮᠳᠠ ᠨᠡᠩ ᠤᠯᠠᠨ ᠭᠠᠢᠬᠠᠮᠰᠢᠭ᠍ᠲᠤ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠨᠢ ᠯᠠᠪᠲᠠᠢ᠃