ᠲᠦᠷᠢᠮ᠎ᠢᠶᠡᠷ ᠨᠠᠮ᠎ᠢ ᠵᠠᠰᠠᠬᠤ ᠲᠤᠭᠳᠠᠭᠠᠯ᠎ᠢᠶᠡᠷ ᠨᠠᠮ᠎ᠢ ᠵᠠᠰᠠᠬᠤ᠎ᠶᠢ ᠪᠠᠷᠢᠮᠲᠠᠯᠠᠨ᠎ᠠ
2026-07-13 11:08:43
ᠵᠣᠬᠢᠶᠠᠭ᠍ᠴᠢ᠄
ᠸᠠᠩ ᠫᠸᠩ ᠸᠠᠩ ᠮᠢᠩ ᠢᠦᠶ
ᠣᠩᠱᠢᠭ᠍ᠰᠠᠨ ᠣᠳᠠᠭ᠎ᠠ᠄
★★★☆☆

— ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠠᠷᠪᠠᠨ ᠭᠤᠷᠪᠠ)


ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠵᠤ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠪᠠᠶ᠋ᠢᠵᠤ᠂ ᠴᠢᠩᠭ᠎ᠠ ᠵᠠᠰᠠᠬᠤ᠎ᠳᠤ ᠡᠷᠬᠡᠪᠰᠢ ᠬᠠᠤᠯᠢ ᠲᠦᠷᠢᠮ᠎ᠢ ᠵᠢᠷᠤᠮᠯᠠᠬᠤ ᠬᠡᠷᠡᠭᠲᠡᠢ᠃ 《ᠲᠦᠷᠢᠮ᠎ᠢᠶᠡᠷ ᠨᠠᠮ᠎ᠢ ᠵᠠᠰᠠᠵᠤ᠂ ᠲᠤᠭᠳᠠᠭᠠᠯ ᠵᠢᠡᠷ ᠨᠠᠮ᠎ᠢ ᠵᠠᠰᠠᠬᠤ᠎ᠶᠢ ᠪᠠᠷᠢᠮᠲᠠᠯᠠᠬᠤ》 ᠪᠣᠯ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠵᠢᠨ ᠠᠭᠤᠯᠤᠭᠳᠠᠬᠤᠨ᠎ᠤ ᠴᠢᠬᠤᠯᠠ ᠨᠢᠭᠡ ᠠᠭᠤᠯᠭ᠎ᠠ ᠪᠣᠯᠤᠨ᠎ᠠ᠃

ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ᠎ᠶᠢ ᠲᠠᠰᠤᠷᠠᠯᠳᠠ ᠦᠭᠡᠢ ᠴᠢᠩᠭᠠᠳᠬᠠᠵᠤ᠂ ᠲᠦᠷᠢᠮ᠎ᠦᠨ ᠪᠠᠶ᠋ᠢᠭᠤᠯᠤᠯᠲᠠ᠎ᠶᠢ ᠨᠠᠮ᠎ᠤᠨ ᠡᠯ᠎ᠡ ᠵᠦᠢᠯ᠎ᠦᠨ ᠪᠠᠶ᠋ᠢᠭᠤᠯᠤᠯᠲᠠ᠎ᠳᠤ ᠲᠤᠭᠤᠰᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠬᠦᠯᠤᠨ᠂ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢᠨ ᠰᠢᠨᠵᠢᠯᠡᠬᠦ᠌ ᠤᠬᠠᠭᠠᠨᠴᠢ ᠳᠦᠷᠢᠮᠵᠢᠭᠰᠡᠨ ᠵᠢᠷᠤᠮᠵᠢᠭᠰᠠᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠰᠢᠰᠲ᠋ᠧᠮ᠎ᠢ ᠨᠡᠩ ᠲᠡᠭᠦᠯᠳᠡᠷᠵᠢᠭᠦᠯᠦᠨ᠂ ᠲᠦᠷᠢᠮ᠎ᠢ ᠨᠡᠩ ᠴᠢᠩᠭ᠎ᠠ ᠬᠡᠷᠡᠭᠵᠢᠭᠦᠯᠵᠦ᠍᠂ ᠲᠦᠷᠢᠮ᠎ᠦᠨ ᠳᠠᠪᠠᠭᠤᠯᠢᠭ᠎ᠢ ᠨᠡᠩ ᠰᠠᠢ᠌ᠳᠤᠷ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃

《ᠬᠠᠤᠯᠢ ᠲᠣᠭᠲᠠᠭᠠᠯ ᠲᠦᠷᠢᠮ ᠪᠣᠯ ᠦᠨᠳᠦᠰᠦᠨ ᠴᠢᠨᠠᠷ᠂ ᠪᠥᠬᠥ᠌ ᠲᠠᠯ᠎ᠠ᠎ᠶᠢᠨ ᠴᠢᠨᠠᠷ᠂ ᠲᠣᠭᠲᠠᠪᠤᠷᠢᠲᠤ᠌ ᠴᠢᠨᠠᠷ᠂ ᠣᠷᠳᠣ ᠬᠤᠭᠤᠴᠠᠭᠠᠲᠤ᠌ ᠴᠢᠨᠠᠷ᠎ᠲᠠᠶ》

ᠪᠡᠭᠡᠵᠢᠩ ᠳ᠋ᠡᠬᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠡᠦᠬᠡ᠎ᠶᠢᠨ ᠦᠵᠡᠰᠬᠦᠯᠡᠩ᠎ᠦᠨ ᠣᠷᠳᠣᠨ ᠤ᠋ ᠳᠡᠯᠭᠡᠨ ᠦᠵᠡᠭᠦᠯᠬᠦ᠌ ᠬᠣᠷᠭᠣᠨ᠎ᠳᠤ᠂ ᠡᠯ᠎ᠡ ᠴᠠᠭ ᠦᠶ᠎ᠡ᠎ᠶᠢᠨ ᠨᠠᠮ᠎ᠤᠨ ᠲᠦᠷᠢᠮ᠎ᠦᠨ ᠬᠣᠪᠣᠷ ᠨᠠᠨᠳᠢᠨ ᠬᠡᠪᠯᠡᠯ ᠬᠥᠮᠦᠰ᠎ᠦᠨ ᠠᠩᠬᠠᠷᠤᠯ᠎ᠢ ᠲᠠᠲᠠᠨ᠎ᠠ᠃

ᠨᠠᠮ᠎ᠤᠨ ᠲᠦᠷᠢᠮ ᠪᠣᠯ ᠨᠠᠮ᠎ᠤᠨ ᠶᠡᠷᠦᠩᠬᠡᠢ ᠲᠦᠷᠢᠮ ᠮᠥᠨ᠂ ᠨᠠᠮ᠎ᠤᠨ ᠳᠣᠲᠣᠭᠠᠳᠤ᠎ᠶᠢᠨ ᠠᠯᠢᠪᠠ ᠬᠠᠤᠯᠢ ᠲᠣᠭᠲᠠᠭᠠᠯ ᠲᠦᠷᠢᠮ᠎ᠦᠨ ᠡᠬᠢ ᠰᠤᠷᠪᠤᠯᠵᠢ ᠮᠥᠨ᠃ ᠡᠳᠡᠭᠡᠷ ᠠᠳᠠᠯᠢ ᠪᠤᠰᠤ ᠬᠡᠪᠯᠡᠯ᠎ᠦᠨ ᠨᠠᠮ᠎ᠤᠨ ᠲᠦᠷᠢᠮ ᠪᠣᠯ ᠶᠠᠭ ᠮᠠᠨ᠎ᠤ ᠨᠠᠮ᠎ᠤᠨ ᠲᠦᠷᠢᠮ᠎ᠢᠶᠡᠷ ᠨᠠᠮ᠎ᠢ ᠵᠠᠰᠠᠬᠤ᠂ ᠲᠤᠭᠳᠠᠭᠠᠯ᠎ᠢᠶᠡᠷ ᠨᠠᠮ᠎ᠢ ᠵᠠᠰᠠᠬᠤ᠎ᠶᠢ ᠪᠠᠷᠢᠮᠲᠠᠯᠠᠭᠰᠠᠨ᠎ᠤ ᠠᠮᠢᠳᠤᠯᠢᠭ ᠢᠯᠡᠷᠡᠯ ᠮᠥᠨ᠃

ᠨᠠᠮ᠎ᠤᠨ ᠠᠩᠬᠠᠳᠤᠭᠠᠷ ᠶᠡᠬᠡ ᠬᠤᠷᠠᠯ᠎ᠡᠴᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠠᠩᠬᠠᠳᠠᠭᠴᠢ ᠬᠥᠲᠥᠯᠪᠦᠷᠢ᠎ᠶᠢ ᠪᠠᠲᠤᠯᠠᠪᠠ᠃ ᠨᠠᠮ᠎ᠤᠨ ᠬᠣᠶᠠᠳᠤᠭᠠᠷ ᠶᠡᠬᠡ ᠬᠤᠷᠠᠯ ᠡᠴᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠦᠷᠢᠮ᠎ᠢ ᠪᠠᠲᠤᠯᠠᠵᠤ᠂ ᠨᠠᠮ ᠡᠭᠦᠨ᠎ᠡᠴᠡ ᠡᠬᠢᠯᠡᠨ ᠥᠪᠡᠷ᠎ᠦᠨ ᠦᠨᠳᠦᠰᠦᠨ ᠶᠡᠬᠡ ᠬᠠᠤᠯᠢ᠎ᠲᠠᠶ ᠪᠣᠯᠵᠠᠶ᠃ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠢᠯᠡᠳᠬᠡᠯ᠎ᠳᠦ 《ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ》 ᠤ᠋ᠨ ᠤᠬᠠᠭᠳᠠᠬᠤᠨ᠎ᠢ ᠠᠩᠬ᠎ᠠ ᠤᠳᠠᠭ᠎ᠠ ᠲᠣᠳᠣᠷᠬᠠᠶ ᠳᠤᠷᠠᠳᠴᠠᠢ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠡᠴᠡ ᠥᠭᠡᠷᠡᠴᠢᠯᠡᠯᠲᠡ ᠨᠡᠭᠡᠭᠡᠯᠲᠡ᠎ᠶᠢᠨ ᠪᠦᠷᠢᠶ᠎ᠡ᠎ᠶᠢ ᠬᠠᠩᠭᠢᠨᠠᠭᠤᠯᠬᠤ᠎ᠶᠢᠨ ᠵᠡᠷᠭᠡ ᠪᠡᠷ᠂ 《ᠨᠠᠮ᠎ᠤᠨ ᠬᠠᠤᠯᠢ ᠲᠣᠭᠲᠠᠭᠠᠯ᠎ᠢ ᠲᠡᠭᠦᠯᠳᠡᠷᠵᠢᠭᠦᠯᠵᠦ᠍᠂ ᠨᠠᠮ᠎ᠤᠨ ᠰᠠᠬᠢᠯᠭ᠎ᠠ ᠪᠠᠲᠤ᠎ᠶᠢ ᠴᠢᠩᠳᠠᠯᠠᠬᠤ ᠬᠡᠷᠡᠭᠲᠡᠶ》 ᠭᠡᠵᠦ᠍ ᠳᠤᠷᠠᠳᠴᠠᠶ ᠁ ᠲᠡᠦᠬᠡ᠎ᠶᠢ ᠡᠷᠭᠢᠴᠡᠭᠦᠯᠪᠡᠯ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠶ᠋ᠢᠭᠤᠯᠤᠯᠲᠠ ᠨᠢ ᠤᠯᠤᠰ ᠲᠥᠷᠥ᠎ᠶᠢᠨ ᠶᠡᠬᠡ ᠲᠠᠯ᠎ᠠ᠎ᠲᠠᠶ ᠨᠢᠭᠲᠠ ᠤᠶᠠᠯᠳᠤᠨ ᠠᠭᠢᠵᠤ᠂ ᠢᠮᠠᠭᠲᠠ ᠨᠠᠮ᠎ᠤᠨ ᠲᠡᠮᠡᠴᠡᠯ᠎ᠦᠨ ᠥᠩᠭᠡᠷᠡᠯᠲᠡ᠎ᠲᠡᠶ ᠴᠤᠬᠭᠠᠷ ᠪᠠᠢᠵᠤ ᠤᠶᠠᠯᠳᠤᠨ ᠵᠤᠬᠢᠴᠠᠪᠠ᠃

2012 ᠣᠨ᠎ᠤ 12 ᠰᠠᠷ᠎ᠠ᠎ᠶᠢᠨ 4 ᠤ᠋ ᠡᠳᠦᠷ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠲᠡᠭᠦᠰᠦᠭᠡᠳ ᠨᠢᠭᠡ ᠰᠠᠷ᠎ᠠ ᠪᠣᠯᠤᠭ᠎ᠠ ᠦᠭᠡᠶ᠎ᠪᠡᠷ᠂ ᠳᠣᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠡᠣᠯᠣᠰ ᠲᠦᠷᠦ ᠵᠢᠨ ᠲᠣᠪᠴᠢᠶ᠎ᠠ ᠠᠵᠢᠯ᠎ᠤᠨ ᠰᠤᠷᠲᠠᠯ ᠢ᠋ ᠰᠠᠶ᠋ᠢᠵᠢᠷᠠᠭᠤᠯᠬᠤ᠂ ᠣᠯᠠᠨ ᠲᠦᠮᠡᠨ᠎ᠲᠡᠶ ᠨᠢᠭᠲᠠ ᠬᠠᠷᠢᠯᠴᠠᠬᠤ ᠲᠤᠬᠠᠶ ᠨᠠᠢ᠍ᠮᠠᠨ ᠲᠣᠭᠲᠠᠭᠠᠯ᠎ᠢ ᠬᠢᠨᠠᠨ ᠵᠦᠪᠯᠡᠵᠤ ᠪᠠᠲᠤᠯᠠᠭᠠᠳ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭ᠎ᠠ ᠨᠠᠮ᠎ᠤᠨ ᠲᠥᠪ ᠬᠣᠷᠢᠶ᠎ᠠ ᠡᠴᠡ ᠲᠣᠭᠲᠠᠭᠠᠭᠰᠠᠨ ᠨᠠᠮ᠎ᠤᠨ ᠳᠣᠲᠣᠭᠠᠳᠤ᠎ᠶᠢᠨ ᠠᠩᠬᠠᠳᠠᠭᠴᠢ ᠴᠢᠬᠤᠯᠠ ᠬᠠᠤᠯᠢ ᠲᠣᠭᠲᠠᠭᠠᠯ ᠪᠣᠯᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ᠍ ᠪᠠᠷᠢᠬᠤ ᠪᠠ ᠤᠯᠤᠰ ᠤ᠋ᠨ ᠥᠨᠢ ᠤᠳᠠᠭᠠᠨ ᠠᠮᠤᠷ ᠲᠦᠪᠰᠢᠨ᠎ᠤ ᠲᠠᠯ᠎ᠠ ᠡᠴᠡ ᠪᠣᠳᠣᠯᠬᠢᠯᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ᠎ᠶᠢ ᠴᠢᠩᠭᠠᠳᠬᠠᠬᠤ ᠲᠤᠬᠠᠶ ᠠᠯᠢ ᠣᠯᠠᠨ ᠴᠢᠬᠤᠯᠠ ᠥᠭᠦᠯᠡᠯᠲᠡ ᠵᠢ ᠨᠡᠢᠳᠡᠯᠡᠪᠡ —

《ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠶ᠋ᠢᠭᠤᠯᠤᠯᠲᠠ᠎ᠶᠢ ᠴᠢᠩᠭᠠᠳᠬᠠᠬᠤ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠠᠯᠤᠰ ᠬᠡᠳᠦ᠎ᠶᠢᠨ ᠪᠤᠳᠤᠯᠭ᠎ᠠ᠂ ᠦᠨᠳᠦᠰᠦᠨ ᠪᠤᠳᠤᠯᠭ᠎ᠠ ᠮᠥᠨ》 ᠭᠡᠵᠤ ᠲᠣᠳᠣᠷᠬᠠᠶ᠋ᠢᠯᠠᠪᠠ;

《ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠪᠠ ᠤᠯᠤᠰ᠎ᠤᠨ ᠥᠨᠢ ᠤᠳᠠᠭᠠᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠬᠢ ᠴᠢᠬᠤᠯᠠ ᠶᠡᠬᠡ ᠦᠢᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠢ》 ᠭᠡᠵᠦ᠍ ᠵᠢᠭᠠᠵᠤ ᠭᠠᠷᠭᠠᠪᠠ;

《ᠳᠦᠷᠢᠮ᠎ᠦᠨ ᠪᠠᠶ᠋ᠢᠭᠤᠯᠤᠯᠲᠠ᠎ᠶᠢ ᠨᠠᠮ᠎ᠤᠨ ᠪᠠᠶ᠋ᠢᠭᠤᠯᠤᠯᠲᠠ᠎ᠶᠢᠨ ᠴᠢᠬᠤᠯᠠ ᠪᠠᠶ᠋ᠢᠷᠢᠨ᠎ᠳᠤ ᠲᠠᠯᠪᠢᠵᠤ᠂ ᠳᠦᠷᠢᠮ᠎ᠦᠨ ᠪᠠᠶ᠋ᠢᠭᠤᠯᠤᠯᠲᠠ᠎ᠪᠠᠷ ᠦᠵᠡᠯ ᠰᠠᠨᠠᠭᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ᠎ᠶᠢᠨ ᠴᠤᠭᠴᠠᠯᠠᠯᠳᠠ᠂ ᠰᠤᠷᠲᠠᠯ᠎ᠤᠨ ᠪᠠᠶ᠋ᠢᠭᠤᠯᠤᠯᠲᠠ᠂ ᠢᠯᠵᠢᠷᠠᠯ᠎ᠢ ᠡᠰᠡᠷᠭᠦᠴᠡᠨ ᠠᠷᠢᠭᠤᠨ ᠴᠢᠬᠡᠴᠢ᠎ᠶᠢ ᠡᠷᠬᠢᠮᠯᠡᠬᠦ᠌ ᠪᠠᠶ᠋ᠢᠭᠤᠯᠤᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠬᠦ᠌ ᠬᠡᠷᠡᠭᠲᠡᠶ》 ᠭᠡᠵᠦ᠍ ᠴᠢᠬᠤᠯᠠᠴᠢᠯᠠᠪᠠ;

᠁᠁

ᠰᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠲᠣᠭᠲᠠᠭᠠᠬᠤ ᠡᠷᠴᠢᠮ᠂ ᠨᠡᠶ᠋ᠢᠲᠡᠯᠡᠭᠰᠡᠨ ᠲᠣᠭ᠎ᠠ ᠬᠡᠮᠵᠢᠶ᠎ᠠ᠂ ᠲᠦᠷᠢᠮ᠎ᠦᠨ ᠡᠷᠬᠡ ᠰᠦᠷ᠎ᠤᠨ ᠶᠡᠬᠡ᠂ ᠵᠠᠰᠠᠯᠲᠠ᠎ᠶᠢᠨ ᠦᠷ᠎ᠡ ᠪᠦᠲᠦᠮᠵᠢ ᠤᠷᠢᠳ ᠡᠮᠦᠨ᠎ᠡ ᠪᠠᠶ᠋ᠢᠭ᠎ᠠ ᠦᠭᠡᠢ ᠪᠠᠶ᠋ᠢᠵᠤ᠂ ᠨᠠᠮ᠎ᠤᠨ ᠲᠦᠷᠢᠮ᠎ᠦᠨ ᠪᠠᠶ᠋ᠢᠭᠤᠯᠤᠯᠲᠠ ᠲᠡᠦᠬᠡᠲᠦ᠍ ᠴᠢᠨᠠᠷᠲᠠᠢ ᠠᠮᠵᠢᠯᠲᠠ ᠪᠦᠲᠦᠮᠵᠢ ᠤᠯᠪᠠ᠃

2024 ᠣᠨ᠎ᠤ 6 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠠᠷᠪᠠᠨ ᠲᠠᠪᠤᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ᠎ᠶᠢ ᠡᠷᠭᠢᠯᠡᠬᠦ᠌᠎ᠳᠡᠭᠡᠨ᠂ 《ᠰᠢᠨᠵᠢᠯᠡᠬᠦ᠌ ᠤᠬᠠᠭᠠᠨᠴᠢ ᠪᠥᠭᠡᠳ ᠪᠦᠷᠢᠨ ᠲᠡᠭᠦᠯᠳᠡᠷ᠂ ᠪᠦᠲᠦᠮᠵᠢᠲᠡᠶ ᠪᠥᠭᠡᠳ ᠲᠤᠰᠠᠲᠠᠶ ᠲᠦᠷᠢᠮ᠎ᠦᠨ ᠰᠢᠰᠲ᠋ᠧᠮ᠎ᠢ ᠪᠦᠷᠢᠨᠰᠢᠭᠦᠯᠬᠦ᠌》 ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃

ᠰᠢᠨ᠎ᠡ ᠴᠠᠭ ᠦᠶ᠎ᠡ᠎ᠳᠦ ᠤᠷᠤᠭᠠᠳ᠂ ᠮᠠᠨ᠎ᠤ ᠨᠠᠮ ᠤᠷᠢᠳ ᠡᠮᠦᠨ᠎ᠡ ᠪᠠᠶ᠋ᠢᠭ᠎ᠠ ᠦᠭᠡᠢ ᠰᠥᠰᠥ᠍ ᠵᠣᠷᠢᠭ ᠪᠠ ᠲᠣᠭᠲᠠᠯ ᠬᠦᠴᠦᠨ᠎ᠢᠶᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠨᠠᠮ᠎ᠤᠨ ᠪᠠᠶ᠋ᠢᠭᠤᠯᠤᠯᠲᠠ᠎ᠶᠢᠨ ᠲᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠵᠤ᠂ ᠨᠢᠭᠡ ᠪᠦᠯᠦᠭ ᠪᠡᠯᠭᠡ ᠳᠡᠮᠳᠡᠭ᠎ᠦᠨ ᠴᠢᠨᠠᠷᠲᠠᠢ᠂ ᠵᠠᠩᠭᠢᠯᠠᠭ᠎ᠠ᠎ᠶᠢᠨ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠲᠣᠭᠲᠠᠭᠠᠵᠤ᠂ ᠨᠠᠮ᠎ᠤᠨ ᠤᠳᠤᠷᠢᠳᠤᠯᠭ᠎ᠠ᠎ᠳᠤ ᠵᠢᠷᠤᠮᠯᠠᠬᠤ ᠲᠦᠷᠢᠮ᠎ᠲᠡᠶ᠂ ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ᠎ᠳᠤ ᠵᠢᠷᠤᠮᠯᠠᠬᠤ ᠲᠤᠭᠳᠠᠭᠠᠯ ᠪᠠ ᠦᠨᠳᠦᠰᠦᠯᠡᠯ᠎ᠲᠡᠶ ᠪᠠᠶ᠋ᠢᠬᠤ᠎ᠶᠢ ᠤᠯᠠᠮ ᠨᠢᠭᠡ ᠠᠯᠬᠤᠮ ᠠᠬᠢᠭᠤᠯᠤᠨ ᠨᠠᠢᠳᠠᠪᠦᠷᠢᠵᠢᠭᠤᠯᠪᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠤᠯᠭ᠎ᠠ ᠭᠡᠬᠦ᠌ ᠡᠨᠡ ᠬᠦ᠌ 《ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ》 ᠢ᠋ ᠨᠠᠮ᠎ᠤᠨ ᠲᠦᠷᠢᠮ ᠪᠣᠯᠤᠨ ᠦᠨᠳᠦᠰᠦᠨ ᠬᠠᠤᠯᠢ᠎ᠳᠤ ᠪᠢᠴᠢᠵᠤ ᠣᠷᠣᠭᠤᠯᠤᠨ᠂ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠤᠴᠢᠷ ᠶᠠᠪᠤᠳᠠᠯ ᠵᠥᠪᠯᠡᠬᠦ᠌ ᠵᠣᠬᠢᠴᠠᠭᠤᠯᠬᠤ ᠪᠠᠶ᠋ᠢᠭᠤᠯᠤᠮᠵᠢ᠎ᠶᠢᠨ ᠡᠭᠦᠷᠭᠡ ᠲᠤᠰᠢᠶᠠᠯ᠎ᠤᠨ ᠦᠢᠯᠡᠳᠦᠯ᠎ᠢ ᠴᠢᠩᠭᠠᠳᠬᠠᠵᠤ᠂ 《ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠨ ᠬᠠᠮᠠᠭᠠᠯᠠᠬᠤ ᠲᠤᠬᠠᠢ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠲᠣᠭᠲᠠᠭᠠᠯ᠎ᠤᠳ》᠂ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠲᠦᠷᠢᠮ》 ᠵᠡᠷᠭᠡ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠨᠡᠶ᠋ᠢᠲᠡᠯᠡᠪᠡ ᠁

ᠠᠯᠢ ᠣᠯᠠᠨ ᠪᠦᠲᠦᠭᠡᠯᠴᠢ ᠴᠢᠨᠠᠷᠲᠠᠶ ᠠᠷᠭ᠎ᠠ ᠬᠡᠮᠵᠢᠶ᠎ᠡ ᠠᠪᠴᠤ᠌᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢᠨ ᠨᠠᠩ ᠪᠠᠲᠤ᠌ ᠴᠢᠩᠭ᠎ᠠ ᠬᠦᠴᠦᠨ᠎ᠲᠡᠶ ᠪᠠᠢᠬᠤ ᠵᠢ ᠪᠠᠳᠤᠯᠠᠵᠤ᠂ ᠨᠠᠮ᠎ᠤᠨ ᠤᠳᠤᠷᠢᠳᠬᠤ ᠲᠦᠷᠢᠮ᠎ᠦᠨ ᠰᠢᠰᠲ᠋ᠧᠮ ᠪᠦᠬᠦ ᠲᠠᠯ᠎ᠠ ᠪᠡᠷ ᠨᠠᠩ ᠪᠣᠯᠪᠠᠰᠤᠷᠠᠩᠭᠤᠶ ᠪᠣᠯᠵᠣ ᠲᠣᠭᠲᠠᠪᠤᠷᠢᠵᠢᠪᠠ᠃

ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠰᠢᠰᠲ᠋ᠧᠮ᠎ᠢ ᠲᠡᠭᠦᠯᠳᠡᠷᠵᠢᠭᠦᠯᠬᠦ᠌᠎ᠳᠦ ᠲᠦᠷᠢᠮ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠌ ᠡᠨᠡ ᠬᠦ᠌ ᠵᠠᠩᠭᠢᠯᠠᠭ᠎ᠠ᠎ᠶᠢ ᠠᠳᠬᠤᠬᠤ ᠴᠢᠬᠤᠯᠠᠲᠠᠢ᠃

2024 ᠣᠨ᠎ᠤ 8 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠲᠤᠬᠠᠢ ᠲᠣᠭᠲᠠᠭᠠᠯ᠎ᠤᠳ》 ᠢ᠋ ᠨᠡᠶ᠋ᠢᠲᠡᠯᠡᠪᠡ᠃

ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌ ᠵᠠᠮ ᠳ᠋ᠡᠬᠢ ᠶᠡᠬᠡ ᠳᠠᠶ᠋ᠢᠰᠤᠨ ᠮᠥᠨ᠃ ᠲᠣᠭᠲᠠᠭᠠᠯ᠎ᠢ ᠨᠡᠶ᠋ᠢᠲᠡᠯᠡᠭᠰᠡᠨ ᠨᠢ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠶᠢ ᠭᠦᠨᠵᠡᠭᠡᠶ᠋ᠢᠷᠡᠭᠦᠯᠦᠨ ᠦᠷᠭᠡᠳᠭᠡᠵᠦ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠠᠵᠢᠯ᠎ᠳᠤ ᠴᠢᠬᠤᠯᠠ ᠲᠦᠷᠢᠮ᠎ᠦᠨ ᠵᠢᠷᠤᠮᠯᠠᠯ ᠬᠠᠩᠭᠠᠪᠠ᠃

ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ ᠵᠤᠬᠰᠤᠰᠢ ᠦᠬᠡᠢ ᠶᠠᠪᠤᠭᠳᠠᠬᠤ ᠡᠴᠡ ᠪᠢᠰᠢ ᠳᠠᠭᠤᠰᠬᠤ ᠴᠠᠭ ᠬᠡᠵᠤ ᠪᠠᠶ᠋ᠢᠬᠤ ᠦᠭᠡᠢ᠃ ᠰᠢᠨ᠎ᠡ ᠠᠶᠠᠨ᠎ᠳᠤ ᠨᠠᠮ᠎ᠤᠨ ᠪᠠᠶ᠋ᠢᠭᠤᠯᠤᠯᠲᠠ ᠪᠠ ᠠᠵᠢᠯ ᠦᠢᠯᠡᠰ ᠲᠤᠮᠤ ᠠᠯᠬᠤᠭ᠎ᠠ ᠪᠡᠷ ᠤᠷᠤᠭᠰᠢᠯᠠᠬᠤ᠎ᠶᠢ ᠳᠠᠭᠠᠯᠳᠤᠨ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ ᠡᠷᠬᠡᠪᠰᠢ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠵᠤ᠂ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌ ᠬᠡᠷᠡᠭᠲᠡᠢ᠃

2023 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ 《ᠲᠥᠪ᠎ᠦᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠣᠭᠲᠠᠭᠠᠬᠤ ᠠᠵᠢᠯ᠎ᠤᠨ ᠲᠥᠯᠥᠪᠵᠢᠭᠦᠯᠭᠡ᠎ᠶᠢᠨ ᠬᠥᠲᠥᠯᠪᠦᠷᠢ (2023 — 2027 ᠣᠨ)》 ᠵᠢ ᠳᠠᠷᠤᠮᠠᠯᠯᠠᠨ ᠲᠠᠷᠬᠠᠭᠠᠪᠠ᠂ ᠡᠨᠡ ᠪᠣᠯ ᠰᠢᠨ᠎ᠡ ᠴᠠᠭ ᠦᠶ᠎ᠡ᠎ᠡᠴᠡ ᠨᠠᠭᠠᠰᠢ ᠳᠠᠷᠤᠮᠠᠯᠯᠠᠨ ᠲᠠᠷᠬᠠᠭᠠᠭᠰᠠᠨ ᠲᠥᠪ᠎ᠦᠨ ᠨᠠᠮ᠎ᠤᠨ ᠳᠣᠲᠣᠭᠠᠳᠤ᠎ᠶᠢᠨ ᠭᠤᠷᠪᠠᠳᠠᠬᠢ ᠬᠠᠤᠯᠢ ᠲᠣᠭᠲᠠᠭᠠᠯ ᠲᠣᠭᠲᠠᠭᠠᠬᠤ ᠠᠵᠢᠯ᠎ᠤᠨ ᠲᠠᠪᠤᠨ ᠵᠢᠯ᠎ᠦᠨ ᠲᠥᠯᠥᠪᠵᠢᠭᠦᠯᠭᠡ ᠪᠣᠯᠤᠨ᠎ᠠ᠃

ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ᠎ᠳᠤ ᠰᠠᠭᠤᠷᠢᠯᠠᠨ᠂ ᠡᠷᠬᠡᠪᠰᠢ ᠪᠦᠬᠦ᠌ ᠲᠠᠯ᠎ᠠ ᠪᠠ ᠪᠠᠶ᠋ᠢᠯᠳᠤᠬᠤ ᠪᠤᠳᠤᠯᠭ᠎ᠠ᠎ᠶᠢᠨ ᠦᠨᠳᠦᠷᠴᠡ ᠡᠴᠡ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ᠎ᠶᠢᠨ ᠵᠢᠷᠤᠭ ᠲᠥᠰᠦᠪ᠎ᠢ ᠵᠢᠷᠤᠭᠯᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠰᠢᠰᠲ᠋ᠧᠮ᠎ᠦᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ᠂ ᠪᠣᠰᠣᠭ᠎ᠠ ᠴᠣᠭᠴᠠ᠎ᠪᠠᠷ ᠠᠬᠢᠭᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠪᠠᠶ᠋ᠢᠭᠤᠯᠤᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠦᠵᠦ᠍ ᠲᠥᠯᠥᠪᠯᠡᠭᠡ ᠲᠤᠬᠳᠠᠭᠠᠬᠤ᠂ ᠠᠯᠳᠠᠬᠳᠠᠯ᠎ᠢ ᠪᠠᠶ᠋ᠢᠴᠠᠭᠠᠨ ᠳᠤᠲᠠᠭᠤᠳᠠᠯ᠎ᠢ ᠨᠥᠬᠥᠪᠥᠷᠢᠯᠡᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌ ᠠᠵᠢᠯ᠎ᠢ ᠰᠠᠶ᠋ᠢᠲᠤᠷ ᠬᠢᠵᠦ᠍᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠰᠢᠰᠲ᠋ᠧᠮ᠎ᠳᠦ ᠤᠯᠠᠮ ᠨᠢᠭᠡ ᠠᠯᠬᠤᠮ ᠬᠦᠴᠦ ᠨᠡᠮᠡᠷᠢᠯᠡᠪᠠ᠃

《ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠡᠷᠬᠡ ᠰᠦᠷᠲᠦ᠍ ᠴᠢᠨᠠᠷ ᠪᠠ ᠭᠦᠢᠴᠡᠳᠬᠡᠬᠦ᠌ ᠬᠦᠴᠦᠨ᠎ᠢ ᠴᠢᠩᠭᠠᠷᠠᠭᠤᠯᠪᠠ》

ᠬᠠᠤᠯᠢ ᠲᠣᠭᠲᠠᠭᠠᠯ ᠳᠦᠷᠢᠮ᠎ᠤ᠋ᠨ ᠠᠮᠢᠵᠢᠷᠠᠯ᠎ᠤᠨ ᠬᠦᠴᠦᠨ ᠨᠢ ᠬᠡᠷᠡᠭᠵᠢᠭᠦᠯᠬᠦ᠌᠎ᠳᠦ ᠪᠤᠢ᠃

ᠶᠡᠷᠦᠩᠬᠡᠢ ᠱᠦᠵᠢ ᠰᠢ ᠵᠢᠨ ᠫᠢᠩ᠂ 《ᠪᠢᠳᠠ ᠶᠡᠬᠡ ᠬᠦᠴᠦ᠍ ᠣᠷᠣᠭᠤᠯᠵᠤ ᠲᠦᠷᠢᠮ᠎ᠢ ᠪᠠᠢᠭᠤᠯᠵᠤ᠂ ᠶᠣᠰᠣ ᠵᠢ ᠲᠣᠭᠲᠠᠭᠠᠬᠤ ᠪᠦᠬᠡᠳ ᠨᠡᠩ ᠶᠡᠬᠡ ᠬᠦᠴᠦ᠍ ᠣᠷᠣᠭᠤᠯᠵᠤ ᠨᠠᠶ᠋ᠢᠳᠠᠪᠤᠷᠢᠵᠢᠭᠤᠯᠤᠯᠲᠠ᠎ᠶᠢ ᠠᠳᠬᠤᠵᠤ᠂ ᠬᠡᠷᠡᠭᠵᠢᠭᠦᠯᠦᠯᠲᠡ᠎ᠶᠢ ᠠᠳᠬᠤᠬᠤ ᠬᠡᠷᠡᠭᠲᠡᠢ》 ᠭᠡᠵᠦ᠍ ᠴᠢᠬᠤᠯᠠᠴᠢᠯᠠᠪᠠ᠃

ᠰᠢᠨ᠎ᠡ ᠭᠠᠷᠤᠭ᠎ᠠ ᠳᠡᠭᠡᠷ᠎ᠡ ᠵᠤᠬᠰᠤᠵᠤ᠂ ᠡᠷᠬᠡᠪᠰᠢ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠴᠢᠩᠭ᠎ᠠ ᠠᠳᠬᠤᠵᠤ᠂ ᠬᠠᠤᠯᠢ ᠲᠣᠭᠲᠠᠭᠠᠯ ᠲᠦᠷᠢᠮ᠎ᠢ ᠬᠡᠷᠡᠭᠵᠢᠭᠦᠯᠬᠦ᠌᠎ᠶᠢ ᠡᠷᠡᠰ ᠭᠤᠶ᠋ᠢᠪᠢᠰᠢ ᠦᠭᠡᠢ ᠴᠢᠩᠭᠠᠳᠬᠠᠨ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ᠎ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶᠢ ᠪᠡᠶᠡᠯᠡᠭᠦᠯᠬᠦ᠌᠎ᠳᠦ ᠪᠠᠲᠤ᠌ ᠴᠢᠩᠭ᠎ᠠ ᠲᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃

ᠦᠨᠡᠨ᠎ᠬᠦ ᠬᠠᠲᠠᠭᠤ᠎ᠲᠠᠶ᠎ᠨᠢ ᠬᠠᠯᠳᠠᠵᠤ᠂ ᠳᠦᠷᠢᠮ ᠲᠣᠭᠲᠠᠭᠠᠯ ᠢ᠋ ᠴᠢᠩᠭ᠎ᠠ ᠬᠡᠷᠡᠭᠵᠢᠭᠦᠯᠬᠦ᠌᠎ᠶᠢ ᠪᠠᠷᠢᠮᠲᠠᠯᠠᠨ᠂ ᠳᠦᠷᠢᠮ ᠲᠣᠭᠲᠠᠭᠠᠯ ᠢ᠋ ᠵᠥᠷᠢᠴᠡᠪᠡᠯ ᠵᠠᠪᠠᠯ ᠨᠡᠬᠡᠮᠵᠢᠯᠡᠵᠦ᠍᠂ ᠰᠦᠷᠳᠡᠭᠦᠯᠬᠦ᠌ ᠬᠦᠴᠦᠨ᠎ᠢ ᠪᠤᠢ ᠪᠣᠯᠭᠠᠪᠠ —

ᠤᠯᠤᠰ ᠲᠥᠷᠥ᠎ᠶᠢᠨ ᠰᠠᠬᠢᠯᠭ᠎ᠠ ᠪᠠᠲᠤ᠌ ᠪᠠ ᠤᠯᠤᠰ ᠲᠥᠷᠥ᠎ᠶᠢᠨ ᠶᠣᠰᠣ ᠲᠦᠷᠢᠮ᠎ᠢ ᠴᠢᠩᠳᠠᠯᠠᠵᠤ᠂ ᠪᠥᠬᠥ᠌ ᠬᠡᠯᠬᠢᠶ᠎ᠡ ᠪᠥᠬᠥ᠌ ᠦᠶᠡᠯᠡᠯ᠎ᠦᠨ ᠬᠤᠭᠤᠴᠠᠭᠠᠨ᠎ᠳᠤ ᠪᠦᠬᠦᠨ᠎ᠢ ᠬᠠᠮᠤᠷᠬᠤ ᠲᠠᠯ᠎ᠠ᠎ᠪᠠᠷ ᠲᠠᠰᠤᠷᠠᠯᠲᠠ ᠥᠬᠡᠶ ᠬᠦᠴᠦᠯᠡᠵᠦ᠍᠂ ᠨᠠᠮ᠎ᠤᠨ ᠭᠡᠰᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠬᠤ᠎ᠶᠢ ᠵᠣᠷᠢᠭᠵᠢᠭᠤᠯᠤᠨ ᠬᠥᠲᠥᠯᠥᠨ ᠵᠢᠯᠣᠭᠣᠳᠴᠤ᠌᠂ ᠰᠠᠬᠢᠯᠭ᠎ᠠ ᠪᠠᠲᠤ᠎ᠵᠢ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ᠎ᠵᠢ ᠤᠶᠠᠯᠳᠤᠭᠤᠯᠬᠤ᠎ᠵᠢ ᠠᠬᠢᠭᠤᠯᠪᠠ ᠁ 2023 ᠣᠨ᠎ᠤ 12 ᠰᠠᠷ᠎ᠠ᠎ᠶᠢᠨ 27 ᠎ᠤ᠋ ᠡᠳᠦᠷ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ᠌ ᠲᠦᠷᠢᠮ》᠎ᠤ᠋ᠨ ᠪᠥᠬᠥ᠌ ᠠᠭᠤᠯᠭ᠎ᠠ᠎ᠶᠢ ᠨᠡᠶ᠋ᠢᠲᠡᠯᠡᠪᠡ᠃

ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ᠎ᠦ ᠠᠵᠢᠯᠯᠠᠭ᠎ᠠ᠎ᠶᠢ ᠵᠢᠷᠤᠮᠵᠢᠭᠤᠯᠬᠤ ᠰᠠᠭᠤᠷᠢ ᠴᠢᠨᠠᠷᠲᠠᠶ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠪᠤᠯᠤᠬᠰᠠᠨ᠎ᠤ ᠬᠤᠪᠢ ᠳ᠋ᠤ᠂ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ᠌ ᠲᠦᠷᠢᠮ᠎ᠳᠦ ᠳᠠᠬᠢᠨᠲᠠ ᠵᠠᠰᠠᠪᠤᠷᠢ ᠣᠷᠣᠭᠤᠯᠤᠭᠰᠠᠨ ᠨᠢ ᠰᠠᠬᠢᠯᠭ᠎ᠠ ᠪᠠᠲᠤ᠎ᠶᠢ ᠬᠡᠷᠡᠭᠵᠢᠭᠦᠯᠬᠦ᠌ ᠵᠢ ᠤᠯᠠᠮ ᠶᠠᠪᠤᠬᠤ ᠲᠤᠲᠤᠮ ᠴᠢᠩᠭ᠎ᠠ ᠪᠣᠯᠭᠠᠵᠣ ᠪᠠᠶ᠋ᠢᠭ᠎ᠠ ᠴᠢᠩᠭ᠎ᠠ ᠳᠣᠬᠢᠶ᠎ᠠ᠎ᠶᠢ ᠲᠠᠮᠵᠢᠭᠤᠯᠪᠠ᠃

ᠶᠡᠷᠦᠩᠬᠡᠢ ᠱᠦᠵᠢ ᠰᠢ ᠵᠢᠨ ᠫᠢᠩ᠄ 《ᠬᠠᠤᠯᠢ ᠲᠣᠭᠲᠠᠭᠠᠯ ᠲᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠵᠤ᠂ ᠬᠠᠤᠯᠢ ᠲᠣᠭᠲᠠᠭᠠᠯ ᠲᠦᠷᠢᠮ᠎ᠢ ᠵᠢᠷᠤᠮᠯᠠᠬᠤ᠎ᠳᠤ ᠣᠨᠴᠠ ᠡᠷᠬᠡ ᠦᠭᠡᠢ᠂ ᠬᠠᠤᠯᠢ ᠲᠣᠭᠲᠠᠭᠠᠯ ᠲᠦᠷᠢᠮ᠎ᠢ ᠬᠡᠷᠡᠭᠵᠢᠭᠦᠯᠬᠦ᠌᠎ᠳᠦ ᠣᠨᠴᠠᠭᠠᠢᠷᠠᠯ ᠭᠡᠵᠦ ᠦᠭᠡᠢ ᠪᠠᠶ᠋ᠢᠬᠤ᠎ᠶᠢ ᠪᠠᠷᠢᠮᠲᠠᠯᠠᠵᠤ᠂ ᠲᠦᠷᠢᠮ ᠲᠣᠭᠲᠠᠭᠠᠯ᠎ᠢ ᠦᠨᠡᠨ ᠬᠦ᠌ ᠬᠠᠯᠳᠠᠵᠤ ᠪᠤᠯᠤᠰᠢ ᠦᠭᠡᠢ ᠰᠦᠷᠳᠡᠭᠦᠯᠬᠦ ᠬᠦᠴᠦᠨ ᠪᠣᠯᠭᠠᠬᠤ᠎ᠶᠢ ᠪᠠᠲᠤᠯᠠᠬᠤ ᠬᠡᠷᠡᠭᠲᠡᠢ》 ᠭᠡᠵᠦ ᠪᠦᠬᠦ ᠨᠠᠮ᠎ᠳᠤ ᠰᠡᠷᠡᠮᠵᠢᠯᠡᠭᠦᠯᠪᠡ᠃

ᠰᠢᠨ᠎ᠡ ᠠᠶᠠᠨ᠎ᠳᠤ᠂ ᠲᠦᠪ ᠴᠢᠩᠭ᠎ᠠ ᠰᠠᠬᠢᠯᠭ᠎ᠠ ᠪᠠᠲᠤ᠎ᠪᠠᠷ ᠲᠦᠷᠢᠮ᠎ᠢ ᠬᠠᠮᠠᠭᠠᠯᠠᠵᠤ᠂ ᠲᠦᠷᠢᠮ᠎ᠦᠨ ᠬᠡᠷᠡᠭᠵᠢᠭᠦᠯᠬᠦ᠌ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠵᠤ᠂ ᠲᠡᠮᠤᠷ ᠪᠠᠷᠢᠪᠠᠯ ᠤᠷᠤᠮ᠎ᠲᠠᠶ᠂ ᠴᠢᠯᠠᠭᠤᠨ ᠳᠡᠭᠡᠷ᠎ᠡ ᠬᠢᠰᠬᠢᠪᠡᠯ ᠮᠥᠷ᠎ᠲᠡᠶ ᠪᠠᠶ᠋ᠢᠬᠤ ᠡᠷᠴᠢ ᠵᠣᠷᠢᠭ᠎ᠢᠶᠠᠷ ᠪᠠᠶ᠋ᠢᠩᠭᠤ ᠠᠳᠬᠤᠬᠤ᠂ ᠨᠠᠷᠢᠯᠢᠭ ᠠᠳᠬᠤᠬᠤ᠂ ᠤᠷᠳᠤ ᠬᠤᠭᠤᠴᠠᠭ᠎ᠠ᠎ᠪᠠᠷ ᠠᠳᠬᠤᠬᠤ᠎ᠶᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠡᠶ᠎ᠡ᠎ᠪᠡᠷ᠎ᠢᠶᠡᠨ ᠬᠡᠪ ᠳᠦᠷᠢᠮ ᠪᠤᠯᠵᠤ᠂ ᠴᠢᠩᠭ᠎ᠠ ᠱᠠᠭᠠᠷᠳᠠᠵᠤ᠂ ᠲᠦᠷᠦᠭᠦᠯᠡᠨ ᠳᠦᠷᠢᠮ᠎ᠢ ᠬᠦᠨᠳᠦᠳᠭᠡᠵᠦ ᠳᠦᠷᠢᠮ᠎ᠢ ᠰᠤᠷᠤᠯᠴᠠᠵᠤ ᠳᠦᠷᠢᠮ᠎ᠢ ᠵᠢᠷᠤᠮᠯᠠᠵᠦ ᠳᠦᠷᠢᠮ᠎ᠢ ᠬᠡᠷᠡᠭᠯᠡᠵᠦ᠂ ᠪᠦᠬᠦ᠌ ᠨᠠᠮ᠎ᠳᠤ ᠬᠦᠴᠦᠷᠬᠡᠭ ᠶᠡᠬᠡ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢᠯᠡᠳᠦᠯ᠎ᠢ ᠪᠤᠢ ᠪᠣᠯᠭᠠᠬᠤ ᠬᠡᠷᠡᠭᠲᠡᠢ᠃

ᠨᠢᠭᠡᠳᠦᠯᠲᠡᠶ ᠲᠥᠯᠥᠪᠵᠢᠭᠦᠯᠦᠨ ᠵᠣᠯᠭᠠᠯᠳᠤᠭᠤᠯᠵᠤ᠂ ᠬᠠᠤᠯᠢ᠎ᠪᠡᠷ ᠤᠯᠤᠰ᠎ᠢᠶᠠᠨ ᠵᠠᠰᠠᠬᠤ ᠪᠠ ᠳᠦᠷᠢᠮ ᠲᠤᠬᠳᠠᠭᠠᠯ᠎ᠢᠶᠡᠷ ᠨᠠᠮ᠎ᠢᠶᠠᠨ ᠵᠠᠰᠠᠬᠤ᠎ᠶᠢ ᠣᠷᠭᠠᠨᠢᠭ᠎ᠢᠶᠠᠷ ᠨᠢᠭᠡᠳᠬᠡᠬᠦ᠌᠎ᠶᠢ ᠪᠠᠷᠢᠮᠲᠠᠯᠠᠪᠠ —

2025 ᠣᠨ᠎ᠤ 12 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠡᠴᠡ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠤᠭᠰᠠᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠲᠦᠷᠢᠮ》 ᠢ᠋ ᠬᠢᠨᠠᠨ ᠵᠥᠪᠯᠡᠪᠡ᠃ ᠡᠨᠡ ᠪᠣᠯ ᠠᠩᠬᠠᠳᠠᠭᠴᠢ ᠨᠠᠮ᠎ᠡᠴᠡ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠢ ᠤᠳᠤᠷᠢᠳᠤᠭᠰᠠᠨ ᠰᠠᠭᠤᠷᠢ ᠴᠢᠨᠠᠷᠲᠠᠢ᠂ ᠶᠡᠷᠦᠩᠬᠡᠶ᠋ᠢᠯᠡᠭᠰᠡᠨ ᠴᠢᠨᠠᠷᠲᠠᠢ ᠨᠠᠮ᠎ᠤᠨ ᠳᠣᠲᠣᠭᠠᠳᠤ᠎ᠶᠢᠨ ᠬᠠᠤᠯᠢ ᠲᠦᠷᠢᠮ ᠪᠣᠯᠤᠨ᠎ᠠ᠂ ᠬᠠᠤᠯᠢ᠎ᠪᠠᠷ ᠤᠯᠤᠰ᠎ᠢᠶᠠᠨ ᠵᠠᠰᠠᠬᠤ ᠪᠠ ᠲᠦᠷᠢᠮ ᠲᠤᠬᠳᠠᠭᠠᠯ᠎ᠢᠶᠡᠷ ᠨᠠᠮ᠎ᠢ ᠵᠠᠰᠠᠬᠤ᠎ᠶᠢ ᠣᠷᠭᠠᠨᠢᠭ᠎ᠢᠶᠠᠷ ᠨᠢᠭᠡᠳᠬᠡᠬᠦ᠌᠎ᠶᠢ ᠪᠠᠷᠢᠮᠲᠠᠯᠠᠬᠤ ᠠᠮᠢᠳᠤᠯᠢᠭ ᠠᠴᠢᠶᠠᠯᠠᠪᠤᠷᠢ ᠪᠣᠯᠤᠨ᠎ᠠ᠃

ᠰᠢᠨ᠎ᠡ ᠠᠶᠠᠨ᠎ᠳᠤ᠂ ᠡᠷᠬᠡᠪᠰᠢ ᠬᠠᠤᠯᠢ᠎ᠪᠡᠷ ᠤᠯᠤᠰ᠎ᠢᠶᠠᠨ ᠵᠠᠰᠠᠬᠤ ᠬᠢᠭᠡᠳ ᠲᠦᠷᠢᠮ᠎ᠢᠶᠡᠷ ᠨᠠᠮ᠎ᠢᠶᠡᠨ ᠵᠠᠰᠠᠬᠤ᠂ ᠲᠤᠭᠳᠠᠭᠠᠯ᠎ᠢᠶᠡᠷ ᠨᠠᠮ᠎ᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠨᠢᠭᠡ ᠴᠤᠬᠴᠠᠵᠢᠭᠤᠯᠤᠨ ᠪᠦᠳᠦᠭᠡᠨ ᠪᠠᠶ᠋ᠢᠭᠤᠯᠬᠤ᠎ᠶᠢ ᠪᠠᠷᠢᠮᠲᠠᠯᠠᠵᠤ᠂ ᠬᠠᠤᠯᠢ᠎ᠪᠡᠷ ᠤᠯᠤᠰ᠎ᠢᠶᠠᠨ ᠵᠠᠰᠠᠬᠤ ᠪᠠ ᠲᠦᠷᠢᠮ᠎ᠢᠶᠡᠷ ᠨᠠᠮ᠎ᠢ ᠵᠠᠰᠠᠬᠤ᠎ᠶᠢᠨ ᠬᠠᠷᠢᠯᠴᠠᠨ ᠨᠥᠬᠥᠪᠥᠷᠢᠯᠡᠬᠦ᠌ ᠴᠢᠨᠠᠷᠲᠠᠢ ᠦᠢᠯᠡᠳᠦᠯ᠎ᠢ ᠪᠠᠳᠠᠷᠠᠭᠤᠯᠤᠨ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠤᠯᠤᠰ᠎ᠤᠨ ᠦᠨᠳᠦᠰᠦᠨ ᠬᠠᠤᠯᠢ ᠬᠠᠤᠯᠢ ᠴᠠᠭᠠᠵᠠ᠎ᠯᠤᠭ᠎ᠠ ᠵᠣᠯᠭᠠᠯᠳᠤᠭᠤᠯᠤᠨ ᠵᠣᠬᠢᠴᠠᠭᠤᠯᠬᠤ᠎ᠶᠢ ᠴᠢᠬᠤᠯᠠᠴᠢᠯᠠᠵᠤ᠂ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ ᠬᠠᠷᠢᠯᠴᠠᠨ ᠨᠥᠬᠥᠴᠡᠯᠳᠦᠭᠰᠡᠨ ᠂ ᠬᠠᠷᠢᠯᠴᠠᠨ ᠠᠬᠢᠭᠤᠯᠤᠭᠰᠠᠨ᠂ ᠬᠠᠷᠢᠯᠴᠠᠨ ᠪᠠᠲᠤᠯᠠᠭᠰᠠᠨ ᠪᠠᠶ᠋ᠢᠷᠢᠰᠢᠯ᠎ᠢ ᠴᠢᠷᠮᠠᠶ᠋ᠢᠨ ᠪᠤᠢ ᠪᠣᠯᠭᠠᠬᠤ ᠬᠡᠷᠡᠭᠲᠡᠢ᠃

ᠳᠦᠷᠢᠮ ᠲᠣᠭᠲᠠᠭᠤᠨ ᠪᠣᠯ ᠤᠯᠤᠰ ᠣᠷᠣᠨ ᠲᠣᠭᠲᠠᠭᠤᠨ᠂ ᠳᠦᠷᠢᠮ ᠴᠢᠩᠭ᠎ᠠ ᠪᠣᠯ ᠤᠯᠤᠰ ᠣᠷᠣᠨ ᠬᠦᠴᠦᠷᠬᠡᠭ᠃

ᠢᠷᠡᠭᠡᠳᠦᠢ᠎ᠳᠦ ᠬᠠᠨᠳᠤᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ᠎ᠶᠢᠨ ᠡᠪ ᠬᠠᠮᠲᠤᠴᠤᠳ ᠲᠦᠷᠢᠮ᠎ᠢᠶᠡᠷ ᠨᠠᠮ᠎ᠢ ᠵᠠᠰᠠᠬᠤ᠂ ᠲᠤᠭᠳᠠᠭᠠᠯ᠎ᠢᠶᠡᠷ ᠨᠠᠮ᠎ᠢ ᠵᠠᠰᠠᠬᠤ ᠤᠬᠠᠮᠰᠠᠷᠲᠤ᠌ ᠴᠢᠨᠠᠷ ᠪᠣᠯᠤᠨ ᠡᠷᠡᠰ ᠪᠠᠲᠤ᠌ ᠴᠢᠨᠠᠷ᠎ᠢᠶᠠᠨ ᠲᠠᠰᠤᠷᠠᠯᠳᠠ ᠦᠭᠡᠢ ᠴᠢᠩᠭᠠᠳᠬᠠᠪᠠᠯ᠂ ᠯᠠᠪᠲᠠᠢ ᠪᠦᠬᠦ᠌ ᠨᠠᠮ᠎ᠤᠨ ᠪᠦᠯᠬᠦᠮᠳᠡᠯ ᠨᠢᠭᠡᠳᠡᠢ᠂ ᠠᠵᠢᠯᠯᠠᠭ᠎ᠠ ᠨᠢᠭᠡᠳᠡᠢ ᠪᠠᠢᠬᠤ᠎ᠵᠢ ᠨᠡᠩ ᠬᠦᠴᠦᠲᠡᠢ ᠪᠠᠲᠤᠯᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠲᠦᠷᠦ᠍ ᠪᠠᠷᠢᠵᠤ ᠤᠯᠤᠰ᠎ᠢ ᠵᠠᠰᠠᠬᠤ᠎ᠳᠤ ᠨᠡᠩ ᠪᠠᠲᠤ᠌ ᠴᠢᠩᠭ᠎ᠠ ᠲᠦᠷᠢᠮ᠎ᠦᠨ ᠪᠠᠲᠤᠯᠠᠭ᠎ᠠ ᠬᠠᠩᠭᠠᠬᠤ ᠪᠣᠯᠤᠨ᠎ᠠ᠃

(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号