— ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠠᠷᠪᠠᠨ ᠬᠣᠶᠠᠷ)
ᠢᠯᠵᠢᠷᠠᠯ ᠪᠣᠯ ᠮᠠᠨ᠎ᠤ ᠨᠠᠮ᠎ᠳᠤ ᠲᠤᠯᠭᠠᠷᠠᠵᠤ ᠪᠠᠶ᠋ᠢᠭ᠎ᠠ ᠬᠠᠮᠤᠭ᠎ᠤᠨ ᠶᠡᠬᠡ ᠰᠦᠷᠳᠡᠭᠦᠯᠦᠯ ᠮᠥᠨ᠃ ᠢᠯᠵᠢᠷᠠᠯ᠎ᠢ ᠡᠰᠡᠷᠭᠦᠴᠡᠬᠦ᠌ ᠪᠣᠯ ᠬᠠᠮᠤᠭ᠎ᠤᠨ ᠲᠤᠶ᠋ᠢᠯᠪᠤᠷᠢᠲᠠᠢ ᠥᠪᠡᠷ ᠪᠡᠶ᠎ᠡ ᠵᠢᠨ ᠬᠤᠪᠢᠰᠬᠠᠯ ᠮᠥᠨ᠃
ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ 《ᠠᠷᠪᠠᠨ ᠳᠥᠷᠪᠡᠨ ᠪᠠᠷᠢᠮᠲᠠᠯᠠᠯ》 ᠤ᠋ᠨ ᠠᠭᠤᠯᠤᠭᠳᠠᠬᠤᠨ᠎ᠤ ᠨᠢᠭᠡ ᠨᠢ ᠪᠣᠯ ᠳᠠᠷᠤᠶ 《ᠢᠯᠵᠢᠷᠠᠬᠦ᠎ᠡᠴᠡ ᠵᠢᠷᠦᠬᠡᠰᠢᠶᠡᠬᠦ᠌ ᠢᠯᠵᠢᠷᠠᠵᠤ ᠪᠣᠯᠬᠤ ᠦᠭᠡᠢ ᠢᠯᠵᠢᠷᠡᠬᠦ᠎ᠶᠢ ᠪᠤᠳᠤᠬᠤ ᠦᠭᠡᠢ ᠪᠠᠶ᠋ᠢᠬᠤ᠎ᠶᠢ ᠨᠢᠭᠡ ᠴᠤᠭᠴᠠᠵᠢᠭᠤᠯᠤᠨ ᠠᠬᠢᠭᠤᠯᠬᠤ ᠵᠢ ᠪᠠᠷᠢᠮᠳᠠᠯᠠᠬᠤ》 ᠶᠠᠪᠤᠳᠠᠯ ᠪᠣᠯᠤᠨ᠎ᠠ᠃
ᠶᠡᠷᠦᠩᠬᠡᠢ ᠱᠦᠵᠢ ᠰᠢ ᠵᠢᠨ ᠫᠢᠩ᠂ ᠢᠯᠵᠢᠷᠠᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ᠎ᠶᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠰᠢᠨ᠎ᠡ ᠴᠠᠭ ᠦᠶ᠎ᠡ᠎ᠶᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠢᠬᠤᠯᠠ ᠠᠷᠭ᠎ᠠ ᠪᠤᠳᠤᠯᠭ᠎ᠠ ᠪᠣᠯᠤᠨ᠎ᠠ ᠭᠡᠵᠦ᠍ ᠭᠦᠨᠵᠡᠭᠡᠢ ᠵᠢᠭᠠᠵᠤ ᠭᠠᠷᠭᠠᠪᠠ᠃
ᠢᠯᠵᠢᠷᠠᠯ᠎ᠢ ᠡᠰᠡᠷᠭᠦᠴᠡᠬᠦ᠌ ᠪᠣᠯ ᠬᠠᠮᠤᠭ᠎ᠤᠨ ᠲᠤᠶ᠋ᠢᠯᠪᠤᠷᠢᠲᠠᠢ ᠥᠪᠡᠷ ᠪᠡᠶ᠎ᠠ ᠵᠢᠨ ᠬᠤᠪᠢᠰᠬᠠᠯ ᠮᠥᠨ
2025 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠪᠡᠭᠡᠵᠢᠩ᠎ᠳᠦ ᠬᠤᠷᠠᠯᠳᠤᠪᠠ᠃ ᠪᠦᠬᠦᠳᠡ ᠬᠤᠷᠠᠯ᠎ᠡᠴᠡ ᠤᠯᠠᠨ ᠤᠳᠤᠷᠢᠳᠬᠤ ᠺᠠᠳ᠋ᠷ᠎ᠤᠨ ᠰᠠᠬᠢᠯᠭ᠎ᠠ ᠪᠠᠲᠤ᠌ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠤᠨ ᠲᠤᠬᠠᠢ ᠬᠢᠨᠠᠨ ᠪᠠᠶ᠋ᠢᠴᠠᠭᠠᠭᠰᠠᠨ ᠮᠡᠳᠡᠭᠦᠯᠦᠯᠲᠡ᠎ᠶᠢ ᠬᠢᠨᠠᠨ ᠵᠦᠪᠯᠡᠵᠤ ᠪᠠᠲᠤᠯᠠᠪᠠ᠃
ᠪᠦᠬᠦᠳᠠ ᠬᠤᠷᠠᠯ ᠳᠡᠭᠡᠷ᠎ᠡ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠶ᠋ᠢᠪᠢᠰᠢ ᠦᠭᠡᠢ ᠥᠷᠨᠢᠭᠦᠯᠬᠦ᠌ ᠲᠤᠬᠠᠢ ᠶᠠᠷᠢᠬᠤ᠎ᠳᠠᠭᠠᠨ ᠶᠡᠷᠦᠩᠬᠡᠢ ᠱᠦᠵᠢ ᠰᠢ ᠵᠢᠨ ᠫᠢᠩ᠂ 《ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ᠍ ᠪᠠᠶ᠋ᠢᠳᠠᠯ᠎ᠢᠶᠠᠨ ᠢᠮᠠᠭᠲᠠ ᠪᠠᠲᠤᠯᠠᠵᠤ᠂ ᠢᠯᠵᠢᠷᠠᠯ᠎ᠤᠨ ᠬᠡᠷᠡᠭ᠎ᠢ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ ᠪᠠᠶ᠋ᠢᠴᠠᠭᠠᠨ ᠰᠢ᠌ᠳᠪᠦᠷᠢᠯᠡᠵᠦ᠍᠂ ᠢᠯᠵᠢᠷᠠᠮᠠᠯ ᠡᠲᠡᠭᠡᠳ᠎ᠢ ᠴᠢᠩᠭ᠎ᠠ ᠵᠠᠯᠬᠠᠭᠠᠨ ᠰᠢ᠌ᠳᠬᠡᠵᠦ᠍᠂ ᠨᠢᠭᠡ ᠠᠯᠬᠤᠮ ᠴᠤ᠌ ᠵᠣᠭᠰᠣᠬᠤ ᠦᠭᠡᠢ᠂ ᠬᠠᠭᠠᠰ ᠠᠯᠬᠤᠮ ᠴᠤ᠌ ᠢᠯᠳᠠᠷ ᠬᠠᠶᠠᠬᠤ ᠦᠭᠡᠢ ᠪᠠᠶ᠋ᠢᠬᠤ ᠬᠡᠷᠡᠭᠲᠡᠢ᠂ ᠶᠠᠭᠠᠬᠢᠭᠰᠠᠨ ᠴᠤ᠌ ᠢᠯᠵᠢᠷᠠᠮᠠᠯ ᠡᠲᠡᠭᠡᠳ᠎ᠢ ᠪᠡᠶ᠎ᠡ ᠳᠠᠯᠳᠠᠯᠠᠬᠤ ᠭᠠᠵᠠᠷ᠎ᠲᠠᠶ ᠪᠣᠯᠭᠠᠵᠤ ᠪᠣᠯᠬᠤ ᠦᠭᠡᠢ᠂ ᠬᠡᠨ ᠬᠥᠮᠦᠨ ᠴᠦ᠍ ᠠᠵᠠ ᠬᠠᠷᠠᠵᠤ᠂ ᠬᠡᠢ ᠬᠦᠰᠡᠯ ᠡᠪᠦᠷᠯᠡᠵᠦ᠍ ᠪᠣᠯᠬᠤ ᠦᠭᠡᠢ》 ᠭᠡᠵᠤ ᠡᠷᠡᠰ ᠰᠢᠭᠤᠷᠬᠠᠢ ᠬᠡᠯᠡᠪᠡ᠃
ᠬᠦᠴᠦᠷᠬᠡᠭ ᠶᠡᠬᠡ ᠲᠦᠷᠦ᠎ᠶᠢᠨ ᠨᠠᠮ᠂ ᠪᠠᠲᠤ᠌ ᠴᠢᠩᠭ᠎ᠠ ᠥᠪᠡᠷᠪᠡᠶᠡ ᠵᠢᠨ ᠬᠤᠪᠢᠰᠬᠠᠯ ᠬᠢᠬᠦ᠌ ᠳᠤᠮᠳᠠ ᠳᠠᠪᠲᠠᠭᠳᠠᠨ ᠪᠣᠯᠪᠠᠰᠤᠷᠠᠨ᠎ᠠ᠃
1932 ᠣᠨ᠎ᠳᠤ ᠰᠢᠶᠧ ᠪᠦ᠋ ᠱᠧᠩ ᠢ᠋ ᠪᠠᠢᠴᠠᠭᠠᠨ ᠰᠢᠢᠳᠪᠦᠷᠢᠯᠡᠵᠤ᠂ ᠷᠦᠢ ᠵᠢᠨ ᠳ᠋ᠤ ᠢᠯᠵᠢᠷᠠᠯ ᠢ᠋ ᠵᠠᠯᠬᠠᠭᠠᠨ ᠰᠢ᠌ᠳᠬᠡᠬᠦ᠌ 《ᠠᠩᠬᠠᠳᠠᠭᠴᠢ ᠫᠤᠤ》 ᠵᠢ ᠳᠤᠤᠭᠠᠷᠭᠠᠭᠰᠠᠨ ᠡᠴᠡ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ ᠯᠢᠦ ᠴᠢᠩ ᠱᠠᠨ᠂ ᠵᠠᠩ ᠽᠢ ᠱᠠᠨ ᠢ᠋ ᠰᠢᠢᠳᠭᠡᠭᠰᠡᠨ《ᠪᠦᠬᠦᠳᠡ ᠨᠠᠶ᠋ᠢᠷᠠᠮᠳᠠᠬᠤ ᠤᠯᠤᠰ᠎ᠤᠨ ᠢᠯᠵᠢᠷᠡᠯ᠎ᠢ ᠡᠰᠡᠷᠭᠦᠴᠡᠭᠰᠡᠨ ᠨᠢᠭᠡᠳᠦᠭᠡᠷ ᠬᠡᠷᠡᠭ》 ᠬᠦᠷᠲᠡᠯ᠎ᠡ᠂ ᠳᠠᠬᠢᠭᠠᠳ ᠰᠢᠨ᠎ᠡ ᠴᠠᠭ ᠦᠶ᠎ᠡ᠎ᠳᠦ ᠤᠷᠢᠳ ᠡᠮᠦᠨ᠎ᠡ ᠪᠠᠶ᠋ᠢᠭ᠎ᠠ ᠦᠭᠡᠢ ᠡᠷᠴᠢᠮ᠎ᠢᠶᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠤᠭᠰᠠᠨ ᠬᠦᠷᠲᠡᠯ᠎ᠡ ᠁
ᠨᠠᠮ ᠪᠠᠶ᠋ᠢᠭᠤᠯᠤᠭᠳᠠᠭᠰᠠᠨ ᠵᠠᠭᠤ ᠭᠠᠷᠤᠢ ᠵᠢᠯ᠎ᠦᠨ ᠲᠤᠷᠰᠢ᠂ ᠮᠠᠨ᠎ᠤ ᠨᠠᠮ ᠢᠮᠠᠭᠲᠠ ᠨᠠᠮ᠎ᠤᠨ ᠰᠤᠷᠲᠠᠯ ᠴᠢᠬᠡᠴᠢ ᠵᠠᠰᠠᠭ ᠤ᠋ᠨ ᠪᠠᠶ᠋ᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶᠢᠨ ᠲᠤᠪᠤᠢ᠌ᠮ᠎ᠠ ᠪᠠᠶ᠋ᠢᠷᠢᠨ᠎ᠳᠤ ᠲᠠᠯᠪᠢᠵᠤ᠂ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ᠎ᠶᠢᠨ ᠡᠯ᠎ᠡ ᠲᠡᠦᠬᠡᠨ ᠴᠠᠭ ᠦᠶ᠎ᠡ᠎ᠳᠦ ᠢᠮᠠᠭᠲᠠ ᠬᠢᠳᠤᠭᠠᠨ ᠢᠷ᠎ᠢ ᠳᠣᠲᠣᠭᠰᠢ ᠬᠠᠨᠳᠤᠭᠤᠯᠬᠤ᠎ᠶᠢ ᠪᠠᠷᠢᠮᠲᠠᠯᠠᠵᠤ᠂ ᠢᠯᠵᠢᠷᠠᠯ᠎ᠢ ᠡᠷᠡᠰ ᠵᠠᠯᠬᠠᠭᠠᠨ ᠰᠢ᠌ᠳᠬᠡᠵᠦ᠍᠂ ᠰᠤᠷᠲᠠᠯ᠎ᠤᠨ ᠠᠷᠬᠠᠭ ᠭᠡᠮ᠎ᠢ ᠴᠡᠭᠴᠡᠯᠡᠨ ᠠᠷᠢᠯᠭᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢ ᠠᠬᠤᠢ᠎ᠶᠢ ᠵᠠᠯᠭᠠᠭ᠎ᠠ ᠪᠡᠷ ᠴᠡᠪᠡᠷᠰᠢᠭᠦᠯᠪᠡ᠃
ᠰᠢᠨ᠎ᠡ ᠴᠠᠭ ᠦᠶ᠎ᠡ᠎ᠳᠦ ᠤᠷᠤᠬᠰᠠᠨ᠎ᠤ ᠳᠠᠷᠠᠭ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠢᠯᠵᠢᠷᠡᠯ᠎ᠢ ᠡᠰᠡᠷᠭᠦᠴᠡᠬᠦ᠌ ᠲᠤᠷᠰᠢᠯᠭ᠎ᠠ᠎ᠶᠢ ᠭᠦᠨᠵᠡᠭᠡᠢ ᠳ᠋ᠦᠩᠨᠡᠵᠦ᠍᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠳᠣᠲᠣᠭᠠᠳᠤ ᠵᠢᠮ᠎ᠡ ᠶᠣᠰᠣ᠎ᠶᠢ ᠡᠵᠡᠮᠳᠡᠵᠦ᠍᠂ ᠢᠯᠵᠢᠷᠡᠬᠦ᠌ᠡᠴᠡ ᠵᠢᠷᠦᠬᠡᠰᠢᠶᠡᠬᠦ᠌ ᠰᠦᠷᠳᠡᠭᠦᠯᠦᠯ᠎ᠢ ᠴᠢᠩᠭᠠᠳᠬᠠᠵᠤ᠂ ᠢᠯᠵᠢᠷᠡᠵᠦ᠍ ᠪᠣᠯᠬᠤ ᠦᠭᠡᠢ ᠰᠢᠩᠭᠡᠯᠢᠭ᠎ᠢ ᠪᠡᠬᠢᠯᠡᠵᠦ᠍᠂ ᠢᠯᠵᠢᠷᠡᠬᠦ᠌ᠶᠢ ᠪᠤᠳᠤᠬᠤ ᠦᠭᠡᠢ ᠬᠠᠰᠢᠯᠭ᠎ᠠ᠎ᠶᠢ ᠴᠣᠭᠴᠠᠯᠠᠵᠤ᠂ ᠡᠨᠡ ᠬᠦ᠌ ᠭᠤᠷᠪᠠ᠎ᠶᠢᠨ ᠳᠣᠲᠣᠭᠠᠳᠤ ᠬᠠᠷᠢᠴᠠᠭ᠎ᠠ᠎ᠶᠢ ᠨᠡᠪᠲᠡᠷᠡᠭᠦᠯᠵᠦ᠍᠂ ᠰᠢᠨ᠎ᠡ ᠠᠶᠠᠨ᠎ᠳᠤ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠦᠷᠭᠦᠯᠵᠢᠯᠡᠨ ᠠᠬᠢᠭᠤᠯᠬᠤ᠎ᠳᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠠ ᠴᠢᠬᠤᠯᠠ ᠵᠢᠷᠤᠮᠯᠠᠯ ᠬᠠᠩᠭᠠᠪᠠ᠃
2013 ᠣᠨ᠎ᠳᠤ᠂ 《ᠢᠯᠵᠢᠷᠡᠬᠦ᠌ᠡᠴᠡ ᠵᠢᠷᠦᠬᠡᠰᠢᠶᠡᠬᠦ᠌ ᠵᠠᠯᠬᠠᠭᠠᠨ ᠴᠡᠭᠡᠷᠯᠡᠭᠦᠯᠬᠦ᠌ ᠲᠣᠭᠲᠡᠴᠡ᠂ ᠢᠯᠵᠢᠷᠠᠵᠤ ᠪᠤᠯᠬᠤ ᠦᠭᠡᠢ ᠰᠡᠷᠭᠡᠶ᠋ᠢᠯᠡᠯᠲᠡ᠎ᠶᠢᠨ ᠲᠣᠭᠲᠡᠴᠡ᠂ ᠠᠮᠠᠷᠬᠠᠨ ᠢᠯᠵᠢᠷᠠᠬᠦ ᠦᠭᠡᠢ ᠪᠠᠲᠤᠯᠠᠭ᠎ᠠ᠎ᠶᠢᠨ ᠲᠣᠭᠲᠡᠴᠡ᠎ᠶᠢ ᠪᠤᠢ ᠪᠣᠯᠭᠠᠬᠤ ᠬᠡᠷᠡᠭᠳᠠᠢ》 ᠭᠡᠵᠦ᠍ ᠳᠤᠷᠠᠳᠪᠠ;
2019 ᠣᠨ᠎ᠳᠤ᠂ 《ᠢᠯᠵᠢᠷᠡᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠥᠬᠡᠶ᠂ ᠢᠯᠵᠢᠷᠠᠬᠦ᠎ᠶᠢ ᠪᠤᠳᠤᠬᠤ ᠥᠬᠡᠶ ᠶ᠋ᠢ ᠨᠢᠭᠡ ᠴᠤᠭᠴᠠᠵᠢᠭᠤᠯᠤᠨ ᠠᠬᠢᠭᠤᠯᠬᠤ》 ᠴᠢᠬᠤᠯᠠ ᠱᠠᠭᠠᠷᠳᠠᠯᠭ᠎ᠠ᠎ᠶᠢ ᠠᠩᠬ᠎ᠠ ᠤᠳᠠᠭ᠎ᠠ ᠪᠦᠷᠢᠨ ᠪᠦᠲᠦᠨ ᠳᠤᠷᠠᠳᠪᠠ;
2020 ᠣᠨ᠎ᠳᠤ᠂ 《ᠢᠯᠵᠢᠷᠡᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠥᠬᠡᠶ᠂ ᠢᠯᠵᠢᠷᠠᠬᠦ᠎ᠶᠢ ᠪᠤᠳᠤᠬᠤ ᠥᠬᠡᠶ᠎ᠶᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠰᠢᠨ᠎ᠡ ᠴᠠᠭ ᠦᠶ᠎ᠡ᠎ᠶᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠢᠬᠤᠯᠠ ᠠᠷᠭ᠎ᠠ ᠪᠤᠳᠤᠯᠭ᠎ᠠ ᠪᠣᠯᠤᠨ᠎ᠠ》 ᠭᠡᠵᠦ᠍ ᠴᠢᠬᠤᠯᠠᠴᠢᠯᠠᠪᠠ;
2024 ᠣᠨ᠎ᠳᠤ᠂ 《ᠢᠯᠵᠢᠷᠡᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠥᠬᠡᠶ᠂ ᠢᠯᠵᠢᠷᠠᠬᠦ᠎ᠶᠢ ᠪᠤᠳᠤᠬᠤ ᠥᠬᠡᠶ᠎ᠶᠢ ᠨᠢᠭᠡ ᠴᠤᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠬᠤ》 ᠵᠢ ᠰᠢᠨ᠎ᠡ ᠠᠶᠠᠨ᠎ᠤ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠶᠡᠷᠦᠩᠬᠡᠢ ᠱᠠᠭᠠᠷᠳᠠᠯᠭ᠎ᠠ᠎ᠶᠢᠨ ᠴᠢᠬᠤᠯᠠ ᠠᠭᠤᠯᠭ᠎ᠠ ᠪᠣᠯᠭᠠᠪᠠ;
᠁᠁
ᠲᠠᠨᠢᠯᠲᠠ ᠲᠠᠰᠤᠷᠠᠯᠲᠠ ᠦᠭᠡᠢ ᠭᠦᠨᠵᠡᠭᠡᠶ᠋ᠢᠷᠡᠵᠦ᠍᠂ ᠦᠢᠯᠡᠳᠦᠯᠭᠡ ᠲᠠᠰᠤᠷᠠᠯᠲᠠ ᠦᠭᠡᠢ ᠬᠥᠭᠵᠢᠪᠡ᠃
《ᠢᠯᠵᠢᠷᠡᠬᠦ᠎ᠡᠴᠡ ᠵᠢᠷᠦᠬᠡᠰᠢᠶᠡᠬᠦ᠌》᠎ᠳ᠋ᠤ ᠦᠷᠭᠦᠯᠵᠢᠯᠡᠨ ᠳᠠᠷᠤᠯᠲᠠ ᠥᠭᠴᠦ᠍᠂ ᠭᠤᠤᠯᠳᠠᠯᠭ᠎ᠠ᠎ᠲᠠᠶ ᠬᠦᠷᠢᠶ᠎ᠡ᠂ ᠵᠠᠩᠭᠢᠯᠠᠭ᠎ᠠ᠎ᠶᠢᠨ ᠭᠣᠭᠴᠣᠭ᠎ᠠ᠎ᠶᠢᠨ ᠢᠯᠵᠢᠷᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠶ᠋ᠢᠴᠠᠭᠠᠨ ᠰᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠪᠠ; 《ᠢᠯᠵᠢᠷᠠᠵᠤ ᠪᠣᠯᠬᠤ ᠦᠭᠡᠢ》ᠭᠡᠳᠡᠭ᠎ᠢ ᠭᠦᠨᠵᠡᠭᠡᠶ᠋ᠢᠷᠡᠭᠦᠯᠦᠨ ᠥᠷᠭᠡᠳᠬᠡᠵᠦ᠍᠂ ᠢᠯᠵᠢᠷᠠᠯ᠎ᠤᠨ ᠠᠰᠠᠭᠤᠳᠠᠯ᠎ᠤᠨ ᠠᠷᠤ᠎ᠳᠠᠬᠢ ᠠᠶᠤᠯ ᠲᠦᠭᠰᠢᠭᠦᠷᠢ ᠭᠡᠮ ᠰᠤᠭᠤᠭ ᠪᠣᠯᠤᠨ ᠡᠷᠬᠡ᠎ᠶᠢᠨ ᠠᠵᠢᠯᠯᠠᠭᠠᠨ᠎ᠤ ᠠᠰᠠᠭᠤᠳᠠᠯ᠎ᠢ ᠲᠤᠶ᠋ᠢᠯᠪᠤᠷᠢᠲᠠᠢ ᠪᠠᠶ᠋ᠢᠴᠠᠭᠠᠵᠤ᠂ ᠲᠦᠷᠢᠮ᠎ᠦᠨ ᠳᠤᠲᠠᠭᠳᠠᠯ᠎ᠢ ᠰᠢᠢᠳᠪᠦᠷᠢᠯᠡᠪᠡ; 《ᠢᠯᠵᠢᠷᠡᠬᠦ᠎ᠶᠢ ᠪᠤᠳᠤᠬᠤ ᠥᠬᠡᠶ》 ᠪᠠᠶ᠋ᠢᠬᠤ᠎ᠶᠢ ᠪᠡᠬᠢᠵᠢᠭᠦᠯᠦᠨ ᠳᠡᠭᠡᠭᠰᠢᠯᠡᠭᠦᠯᠵᠦ᠍᠂ ᠨᠠᠮᠴᠢ ᠴᠢᠨᠠᠷ᠎ᠤᠨ ᠬᠥᠮᠦᠵᠢᠯ᠂ ᠰᠠᠬᠢᠯᠭ᠎ᠠ ᠪᠠᠲᠤ᠎ᠶᠢᠨ ᠬᠥᠮᠦᠵᠢᠯ ᠪᠠ ᠰᠡᠷᠡᠮᠵᠢᠯᠡᠭᠦᠯᠬᠦ᠌ ᠬᠥᠮᠦᠵᠢᠯ᠎ᠦᠨ ᠡᠷᠴᠢᠮ᠎ᠢ ᠦᠷᠭᠦᠯᠵᠢᠯᠡᠨ ᠴᠢᠩᠭᠠᠷᠠᠭᠤᠯᠪᠠ ᠁
ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠭᠤᠶ᠋ᠢᠪᠢᠰᠢ ᠦᠭᠡᠶ ᠰᠠᠶ᠋ᠢᠲᠤᠷ ᠵᠠᠮᠨᠠᠪᠠ
《ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠮᠠᠨ᠎ᠤ ᠨᠠᠮ ᠥᠩᠭᠡᠨ ᠲᠠᠯ᠎ᠠ ᠪᠠ ᠦᠨᠳᠦᠰᠦ ᠡᠴᠡ ᠨᠢ ᠵᠠᠰᠠᠵᠤ᠂ ᠢᠯᠵᠢᠷᠡᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠥᠬᠡᠶ᠂ ᠢᠯᠵᠢᠷᠠᠬᠦ᠎ᠶᠢ ᠪᠤᠳᠤᠬᠤ ᠥᠬᠡᠶ᠎ᠶᠢ ᠨᠢᠭᠡ ᠴᠤᠭᠴᠠᠵᠢᠭᠤᠯᠤᠨ ᠠᠬᠢᠭᠤᠯᠬᠤ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ ᠵᠢᠡᠷ ᠵᠠᠮᠨᠠᠵᠠᠢ᠂ ᠡᠷᠡᠰ ᠭᠤᠶ᠋ᠢᠪᠢᠰᠢ ᠥᠬᠡᠶ ᠪᠠᠷᠢᠮᠳᠠᠯᠠᠬᠤ ᠬᠡᠷᠡᠭᠲᠡᠶ》 ᠭᠡᠵᠤ ᠶᠡᠷᠦᠩᠬᠡᠢ ᠱᠦᠵᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠪᠠ᠃
ᠰᠦᠷ ᠬᠦᠴᠦᠳᠤ ᠪᠠᠢᠳᠠᠯ᠎ᠢ ᠪᠠᠲᠤᠯᠠᠵᠤ᠂ 《ᠢᠯᠵᠢᠷᠡᠬᠦ᠎ᠡᠴᠡ ᠵᠢᠷᠦᠬᠡᠰᠢᠶᠡᠬᠦ᠌》 ᠪᠠᠷ 《ᠢᠯᠵᠢᠷᠠᠵᠤ ᠪᠣᠯᠬᠤ ᠥᠬᠡᠶ》᠂ 《ᠢᠯᠵᠢᠷᠡᠬᠦ᠎ᠶᠢ ᠪᠤᠳᠤᠬᠤ ᠥᠬᠡᠶ》 ᠳ᠋ᠤ ᠪᠠᠲᠤ᠌ ᠴᠢᠩᠭ᠎ᠠ ᠲᠤᠯᠭᠠᠭᠤᠷᠢᠯᠠᠯ ᠬᠠᠩᠭᠠᠪᠠ —
2026 ᠣᠨ᠎ᠤ 2 ᠰᠠᠷ᠎ᠠ᠎ᠶᠢᠨ 28 ᠤ᠋ ᠡᠳᠦᠷ᠂ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠠᠵᠢᠯ᠎ᠤᠨ ᠮᠡᠳᠡᠭᠦᠯᠦᠯᠲᠡ᠎ᠶᠢᠨ ᠪᠦᠬᠦ᠌ ᠵᠣᠬᠢᠶᠠᠯ᠎ᠢ ᠨᠡᠶ᠋ᠢᠲᠡᠯᠡᠪᠡ᠃ ᠮᠡᠳᠡᠭᠦᠯᠦᠯᠲᠡ᠎ᠳᠦ ᠬᠠᠷᠠᠭᠤᠯᠤᠭᠰᠠᠨ᠎ᠢᠶᠡᠷ᠄ 2025 ᠣᠨ᠎ᠳᠤ᠂ ᠬᠦᠴᠦᠷᠬᠡᠭ ᠶᠡᠬᠡ ᠰᠦᠷᠳᠡᠭᠦᠯᠦᠯ ᠪᠠ ᠲᠥᠷᠥ᠎ᠶᠢᠨ ᠪᠣᠳᠣᠯᠭ᠎ᠠ᠎ᠶᠢᠨ ᠤᠷᠢᠶᠠᠯᠠᠯ ᠳᠤᠤᠷ᠎ᠠ᠂ 2.6 ᠲᠦᠮᠡᠨ ᠬᠥᠮᠦᠨ ᠰᠠᠨᠠᠭᠠᠴᠢᠯᠠᠭ᠎ᠠ᠎ᠡᠴᠡ᠎ᠪᠠᠨ ᠬᠡᠷᠡᠭ ᠵᠢᠡᠨ ᠲᠤᠰᠢᠶᠠᠪᠠ᠃
ᠬᠢᠨᠠᠯᠲᠠ ᠲᠠᠯᠪᠢᠵᠤ ᠬᠢᠵᠠᠭᠠᠷᠯᠠᠬᠤ᠎ᠶᠢ ᠴᠢᠩᠭᠠᠳᠬᠠᠵᠤ᠂《ᠢᠯᠵᠢᠷᠠᠵᠤ ᠪᠣᠯᠬᠤ ᠥᠬᠡᠶ》 ᠲᠦᠷᠢᠮ᠎ᠦᠨ ᠦᠷ᠎ᠡ ᠪᠦᠲᠦᠭᠡᠯ᠎ᠢᠶᠡᠷ 《ᠢᠯᠵᠢᠷᠡᠬᠦ᠎ᠡᠴᠡ ᠵᠢᠷᠦᠬᠡᠰᠢᠶᠡᠬᠦ᠌》᠂ 《ᠢᠯᠵᠢᠷᠡᠬᠦ᠎ᠶᠢ ᠪᠤᠳᠤᠬᠤ ᠥᠬᠡᠶ》 ᠵᠢᠨ ᠦᠷ᠎ᠡ ᠪᠦᠲᠦᠭᠡᠯ ᠢ ᠲᠣᠭᠲᠠᠪᠤᠷᠢᠵᠢᠭᠤᠯᠪᠠ —
2025 ᠣᠨ᠎ᠤ 6 ᠰᠠᠷ᠎ᠠ᠎ᠶᠢᠨ 1 ᠤ᠋ ᠡᠳᠦᠷ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ ᠬᠢᠨᠠᠨ ᠪᠠᠶ᠋ᠢᠴᠠᠭᠠᠬᠤ ᠬᠠᠤᠯᠢ ᠵᠢᠴᠢ ᠲᠡᠭᠦᠨ ᠤ᠋ ᠬᠡᠷᠡᠭᠵᠢᠭᠦᠯᠬᠦ᠌ ᠲᠦᠷᠢᠮ᠎ᠢ ᠵᠡᠷᠭᠡ᠎ᠪᠡᠷ ᠬᠡᠷᠡᠭᠵᠢᠭᠦᠯᠪᠡ᠃
ᠵᠠᠰᠠᠪᠤᠷᠢ ᠣᠷᠣᠭᠤᠯᠤᠭᠰᠠᠨ᠎ᠤ ᠳᠠᠷᠠᠭᠠᠬᠢ ᠬᠢᠨᠠᠨ ᠪᠠᠶ᠋ᠢᠴᠠᠭᠠᠬᠤ ᠬᠠᠤᠯᠢ ᠵᠢᠴᠢ ᠲᠡᠭᠦᠨ᠎ᠦ ᠬᠡᠷᠡᠭᠵᠢᠭᠦᠯᠬᠦ᠌ ᠲᠦᠷᠢᠮ᠎ᠳᠦ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠰᠢᠨ᠎ᠡ ᠪᠠᠶ᠋ᠢᠳᠠᠯ ᠰᠢᠨ᠎ᠡ ᠡᠭᠦᠷᠭᠡ᠎ᠶᠢ ᠦᠨᠳᠦᠰᠦᠯᠡᠨ᠂ ᠬᠢᠨᠠᠨ ᠪᠠᠶ᠋ᠢᠴᠠᠭᠠᠬᠤ ᠡᠷᠬᠡ ᠤᠯᠭᠤᠬᠤ ᠬᠡᠪᠴᠢᠶ᠎ᠡ᠎ᠶᠢ ᠤᠯᠠᠮ ᠨᠢᠭᠡ ᠠᠯᠬᠤᠮ ᠦᠷᠭᠡᠳᠭᠡᠵᠦ᠂ ᠢᠯᠵᠢᠷᠠᠯ᠎ᠢ ᠡᠰᠡᠷᠭᠦᠴᠡᠬᠦ᠌ ᠠᠷᠭ᠎ᠠ ᠪᠠᠷᠢᠯ᠎ᠢ ᠲᠡᠭᠦᠯᠳᠡᠷᠵᠢᠭᠦᠯᠦᠨ᠂ ᠲᠦᠷᠢᠮ᠎ᠦᠨ ᠲᠦᠭᠵᠢᠷᠡᠯ ᠴᠡᠭ ᠪᠡᠷᠬᠡ ᠠᠰᠠᠭᠤᠳᠠᠯ᠎ᠢ ᠰᠢᠯᠤᠭᠤᠳᠬᠠᠵᠤ᠂ ᠬᠢᠨᠠᠯᠲᠠ ᠲᠠᠯᠪᠢᠬᠤ ᠪᠣᠳᠠᠲᠤ᠌ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠡᠷᠡᠰ ᠭᠤᠶ᠋ᠢᠪᠢᠰᠢ ᠦᠭᠡᠢ ᠰᠠᠶ᠋ᠢᠲᠤᠷ ᠵᠠᠮᠨᠠᠵᠤ᠂ ᠨᠠᠮ᠎ᠤᠨ ᠲᠦᠷᠢᠮ ᠲᠣᠭᠲᠠᠭᠠᠯ᠎ᠤᠨ ᠪᠦᠷᠬᠦᠵᠦ᠍ ᠳᠡᠶ᠋ᠢᠯᠬᠦ᠌ ᠦᠭᠡᠢ ᠪᠠᠯᠠᠢ ᠴᠡᠭ᠂ ᠬᠣᠭᠣᠰᠣᠨ ᠴᠡᠭ᠎ᠢ ᠨᠥᠬᠥᠪᠥᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠢ ᠬᠠᠤᠯᠢ ᠲᠣᠭᠲᠠᠭᠠᠯ ᠲᠦᠷᠢᠮ ᠪᠣᠯᠭᠠᠨ ᠲᠣᠭᠲᠠᠪᠤᠷᠢᠵᠢᠭᠤᠯᠵᠤ᠂ ᠨᠡᠩ ᠰᠢᠨᠵᠢᠯᠡᠬᠦ᠌ ᠤᠬᠠᠭᠠᠨᠴᠢ ᠲᠦᠷᠢᠮ᠎ᠢᠶᠡᠷ ᠨᠠᠷᠢᠯᠢᠭ ᠣᠨᠣᠴᠠᠲᠠᠢ ᠰᠡᠷᠭᠡᠶ᠋ᠢᠯᠡᠯᠲᠡ ᠬᠢᠵᠦ᠍᠂ ᠨᠡᠩ ᠪᠦᠲᠦᠮᠵᠢᠲᠡᠢ ᠬᠢᠨᠠᠯᠲᠠ ᠲᠠᠯᠪᠢᠬᠤ ᠬᠠᠲᠠᠭᠤ ᠴᠢᠨᠠᠷ᠎ᠢᠶᠠᠷ ᠰᠠᠬᠢᠯᠭ᠎ᠠ ᠪᠠᠲᠤ᠎ᠶᠢ ᠬᠡᠷᠡᠭᠵᠢᠭᠦᠯᠵᠦ᠍᠂ ᠡᠷᠬᠡ᠎ᠶᠢᠨ ᠵᠠᠭᠠᠭ᠎ᠢ ᠳᠠᠪᠠᠬᠤ ᠦᠭᠡᠢ ᠪᠠᠶ᠋ᠢᠬᠤ᠎ᠶᠢ ᠦᠨᠡᠨ ᠬᠦ᠌ ᠪᠠᠲᠤᠯᠠᠵᠤ᠂ 《ᠢᠯᠵᠢᠷᠠᠬᠦ᠎ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠡᠬᠦ᠎ᠵᠢ ᠪᠤᠳᠤᠬᠤ ᠦᠭᠡᠢ》 ᠪᠠᠶ᠋ᠢᠭᠤᠯᠤᠯ᠎ᠤᠨ ᠬᠠᠯᠬᠠᠪᠴᠢ᠎ᠶᠢ ᠨᠢᠭᠡ ᠴᠤᠭᠴᠠᠵᠢᠭᠤᠯᠤᠨ ᠠᠬᠢᠭᠤᠯᠬᠤ᠎ᠵᠢ ᠪᠠᠲᠤ ᠴᠤᠭᠴᠠᠯᠠᠪᠠ᠃
ᠠᠷᠢᠭᠤᠨ ᠴᠢᠬᠡᠴᠢ᠎ᠶᠢᠨ ᠬᠥᠮᠦᠵᠢᠯ᠎ᠢ ᠭᠦᠨᠵᠡᠭᠡᠶ᠋ᠢᠷᠡᠭᠦᠯᠵᠦ᠍᠂ 《ᠢᠯᠵᠢᠷᠠᠬᠦ᠎ᠶᠢ ᠪᠤᠳᠤᠬᠤ ᠥᠬᠡᠶ》 ᠪᠠᠷ 《ᠢᠯᠵᠢᠷᠠᠬᠦ᠎ᠡᠴᠡ ᠵᠢᠷᠦᠬᠡᠰᠢᠶᠡᠬᠦ》᠂ 《ᠢᠯᠵᠢᠷᠠᠵᠤ ᠪᠤᠯᠬᠤ ᠦᠭᠡᠢ》 ᠦᠷ᠎ᠡ ᠪᠦᠲᠦᠮᠵᠢ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠪᠡ —
2025 ᠣᠨ᠎ᠳᠤ᠂ 《ᠰᠢᠨ᠎ᠡ ᠴᠠᠭ ᠦᠶ᠎ᠡ᠎ᠶᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ᠎ᠶᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ(2025 — 2027 ᠣᠨ)》 ᠵᠢ ᠲᠣᠭᠲᠠᠭᠠᠨ ᠨᠡᠶ᠋ᠢᠲᠡᠯᠡᠵᠦ᠍᠂ ᠰᠢᠨ᠎ᠡ ᠴᠠᠭ ᠦᠶ᠎ᠡ᠎ᠶᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠲᠤᠬᠠᠢ ᠪᠣᠳᠠᠲᠠᠢ ᠪᠠᠶ᠋ᠢᠷᠢᠯᠠᠭᠤᠯᠤᠯᠲᠠ ᠬᠢᠵᠦ᠍᠂ ᠠᠷᠢᠭᠤᠨ ᠴᠢᠭᠡᠴᠢ᠎ᠵᠢ ᠢᠷᠠᠭᠤ ᠠᠯᠳᠠᠷ᠎ᠢᠶᠡᠷ ᠦᠵᠡᠵᠦ ᠢᠯᠵᠢᠷᠠᠨ ᠱᠠᠮᠰᠢᠬᠤ᠎ᠵᠢ ᠢᠴᠢᠭᠦᠷᠢ᠎ᠪᠡᠷ ᠦᠵᠡᠬᠦ᠌ ᠨᠡᠶ᠋ᠢᠭᠡᠮ᠎ᠦᠨ ᠠᠭᠤᠷ ᠠᠮᠢᠰᠬᠤᠯ᠎ᠤᠨ ᠪᠦᠷᠢᠯᠳᠦᠬᠦ᠌᠎ᠶᠢ ᠠᠬᠢᠭᠤᠯᠪᠠ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠡᠷᠡᠰ ᠭᠤᠶ᠋ᠢᠪᠢᠰᠢ ᠦᠭᠡᠢ ᠰᠠᠶ᠋ᠢᠲᠤᠷ ᠵᠠᠮᠨᠠᠬᠤ ᠳ᠋ᠦ᠂ ᠦᠵᠡᠯ ᠰᠠᠨᠠᠭᠠᠨ᠎ᠤ ᠵᠢᠯᠤᠭᠤᠳᠤᠯᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠨ᠂ ᠬᠥᠮᠦᠵᠢᠭᠦᠯᠵᠦ᠍ ᠬᠦᠲᠦᠯᠦᠨ ᠵᠢᠯᠣᠭᠣᠳᠬᠤ᠎ᠪᠠᠨ ᠭᠦᠨᠵᠡᠭᠡᠶ᠋ᠢᠷᠡᠭᠦᠯᠵᠦ᠍᠂ ᠠᠷᠢᠭᠤᠨ ᠴᠢᠬᠡᠴᠢ ᠰᠣᠶᠣᠯ᠎ᠢ ᠭᠦᠨᠵᠡᠭᠡᠢ ᠬᠥᠭᠵᠢᠭᠦᠯᠦᠨ᠂ ᠦᠵᠡᠯ ᠰᠠᠨᠠᠭᠠᠨ᠎ᠤ 《ᠪᠤᠷᠬᠢᠶᠠ》 ᠵᠢ ᠬᠣᠷᠢᠭᠯᠠᠵᠤ᠂ ᠢᠲᠡᠭᠡᠯ ᠪᠢᠰᠢᠷᠡᠯ᠎ᠦᠨ 《ᠬᠠᠰᠢᠯᠭ᠎ᠠ》 ᠵᠢ ᠪᠠᠲᠤ᠌ ᠪᠡᠬᠢ ᠪᠠᠶ᠋ᠢᠭᠤᠯᠤᠨ᠂ ᠦᠵᠡᠯ ᠰᠠᠨᠠᠭᠠᠨ᠎ᠤ ᠤᠬᠠᠮᠰᠠᠷ᠎ᠢᠶᠠᠷ ᠰᠦᠷᠳᠡᠭᠦᠯᠬᠦ᠌ ᠦᠢᠯᠡᠳᠦᠯ᠎ᠢ ᠭᠦᠨᠵᠡᠭᠡᠶ᠋ᠢᠷᠡᠭᠦᠯᠵᠦ᠍᠂ ᠪᠠᠶ᠋ᠢᠭᠤᠯᠤᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ᠂《ᠢᠯᠵᠢᠷᠠᠬᠦ᠎ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠡᠬᠦ᠎ᠵᠢ ᠪᠤᠳᠤᠬᠤ ᠦᠭᠡᠢ》 ᠵᠢ ᠭᠦᠨ ᠳᠠᠪᠬᠤᠷᠭ᠎ᠠ ᠳᠡᠭᠡᠷ᠎ᠡ ᠨᠢᠭᠡ ᠴᠤᠭᠴᠠᠵᠢᠭᠤᠯᠤᠨ ᠨᠡᠪᠲᠡᠷᠡᠭᠦᠯᠵᠦ᠍᠂ ᠢᠵᠢᠯ ᠴᠢᠭᠯᠡᠯ᠎ᠢᠶᠡᠷ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠌ ᠬᠡᠷᠡᠭᠲᠡᠢ᠃
《ᠢᠯᠵᠢᠷᠠᠬᠦ᠎ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠡᠬᠦ᠎ᠵᠢ ᠪᠤᠳᠤᠬᠤ ᠦᠭᠡᠢ》 ᠵᠢ ᠨᠢᠭᠡ ᠴᠤᠭᠴᠠᠵᠢᠭᠤᠯᠤᠨ ᠠᠬᠢᠭᠤᠯᠬᠤ ᠳᠡᠭᠡᠷ᠎ᠡ ᠨᠡᠩ ᠶᠡᠬᠡ ᠬᠦᠴᠦ᠍ ᠣᠷᠣᠭᠤᠯᠪᠠ
2025 ᠣᠨ᠎ᠤ 1 ᠰᠠᠷ᠎ᠠ᠎ᠳᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠄ 《ᠣᠳᠣᠬᠠᠨ᠎ᠤ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠪᠠᠶ᠋ᠢᠳᠠᠯ ᠮᠥᠨ ᠬᠦ᠌ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶ᠋ᠢᠨ᠎ᠠ᠃ ᠢᠯᠵᠢᠷᠠᠯ᠎ᠤᠨ ᠦᠯᠡᠳᠡᠭᠳᠡᠯ ᠬᠡᠮᠵᠢᠶ᠎ᠡ᠎ᠶᠢ ᠬᠠᠷᠠᠬᠠᠨ ᠠᠷᠢᠯᠭᠠᠭᠠᠳᠤᠢ ᠪᠠᠶ᠋ᠢᠵᠤ᠂ ᠨᠡᠮᠡᠭᠳᠡᠯ᠎ᠦᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠍᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠰᠢᠷᠣᠢ ᠪᠠ ᠨᠥᠬᠥᠴᠡᠯ᠎ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶ᠋ᠢᠨ᠎ᠠ》 ᠭᠡᠵᠦ ᠭᠦᠨᠵᠡᠭᠡᠢ ᠵᠢᠭᠠᠵᠤ ᠭᠠᠷᠭᠠᠪᠠ᠃
《ᠬᠣᠶᠠᠷ ᠮᠥᠨ ᠬᠦ᠌》 ᠢᠯᠵᠢᠷᠡᠯ ᠢ᠋ ᠡᠰᠡᠷᠭᠦᠴᠡᠬᠦ᠌ ᠲᠡᠮᠡᠴᠡᠯ᠎ᠦᠨ ᠪᠠᠶ᠋ᠢᠳᠠᠯ ᠨᠢ 《ᠢᠯᠵᠢᠷᠠᠬᠦ᠎ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠡᠬᠦ᠎ᠵᠢ ᠪᠤᠳᠤᠬᠤ ᠦᠭᠡᠢ》 ᠵᠢ ᠨᠢᠭᠡ ᠴᠤᠭᠴᠠᠵᠢᠭᠤᠯᠤᠨ ᠠᠬᠢᠭᠤᠯᠬᠤ᠎ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶ᠋ᠢᠨ᠎ᠠ᠃
ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠡᠴᠡ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠰᠠᠨᠠᠭᠠᠴᠢᠯᠠᠭᠠᠲᠤ᠌ ᠡᠷᠬᠡ ᠵᠢ ᠪᠠᠲᠤ᠌ ᠡᠵᠡᠮᠰᠢᠬᠦ᠌᠎ᠶᠢ ᠦᠨᠡᠨ ᠬᠦ᠌ ᠪᠠᠲᠤᠯᠠᠪᠠ —
ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠶ᠋ᠢᠲᠤᠷ ᠬᠢᠬᠦ᠌᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ ᠨᠢ ᠨᠠᠮ᠎ᠢ ᠬᠠᠮᠢᠶᠠᠷᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠬᠤ᠎ᠳᠤ ᠪᠤᠢ᠃
ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ᠌᠎ᠶᠢ ᠭᠦᠨᠵᠡᠭᠡᠢ ᠠᠬᠢᠭᠤᠯᠬᠤ᠎ᠳᠤ᠂ ᠡᠷᠬᠡᠪᠰᠢ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ ᠢᠯᠵᠢᠷᠠᠯ᠎ᠢ ᠡᠰᠡᠷᠭᠦᠴᠡᠬᠦ᠌ ᠪᠦᠬᠦ᠌ ᠬᠡᠯᠬᠢᠶ᠎ᠡ᠂ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ᠂ ᠵᠠᠰᠠᠯᠲᠠ᠎ᠶᠢᠨ ᠪᠦᠲᠦᠴᠡ᠎ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠪᠠᠢᠭᠤᠯᠤᠯ᠎ᠦᠨ ᠰᠢᠰᠲ᠋ᠧᠮ᠎ᠢ ᠲᠡᠭᠦᠯᠳᠡᠷᠵᠢᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠬᠤ ᠳᠠᠪᠠᠭᠤᠯᠢᠭ᠎ᠢ ᠦᠨᠡᠨ ᠬᠦ᠌ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃
ᠲᠥᠪ ᠴᠢᠩᠭ᠎ᠠ ᠦᠨᠳᠦᠰᠦᠨ ᠬᠥᠭ ᠠᠶᠠᠰ᠎ᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠠᠵᠢᠯ᠎ᠢ ᠥᠴᠦᠬᠡᠨ ᠴᠦ᠍ ᠵᠣᠭᠰᠣᠬᠤ ᠥᠬᠡᠶ᠂ ᠥᠴᠦᠬᠡᠨ ᠴᠦ᠍ ᠨᠠᠶ᠋ᠢᠷ ᠲᠠᠯᠪᠢᠬᠤ ᠥᠬᠡᠶ —
2026 ᠣᠨ ᠪᠣᠯ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠭᠤᠷᠪᠠᠨ ᠵᠢᠯ ᠲᠥᠪᠯᠡᠷᠡᠭᠦᠯᠦᠨ ᠴᠡᠭᠴᠡᠯᠡᠨ ᠵᠠᠰᠠᠵᠤ ᠪᠣᠭᠣᠮᠲᠠ ᠰᠢᠪᠲᠤᠯᠬᠤ ᠰᠢ᠌ᠳᠪᠦᠷᠢᠲᠦ᠍ ᠳᠠᠶ᠋ᠢᠯᠠᠯᠳᠤᠭᠠᠨ ᠬᠢᠬᠦ᠌ ᠵᠢᠯ ᠪᠣᠯᠤᠨ᠎ᠠ᠃ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠶ᠋ᠢᠴᠠᠭᠠᠬᠤ ᠵᠥᠪᠯᠡᠯ ᠵᠠᠯᠭᠠᠭ᠎ᠠ᠎ᠪᠠᠷ ᠪᠠᠶ᠋ᠢᠷᠢᠯᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠲᠣᠬᠢᠷᠠᠭᠤᠯᠤᠨ᠂ ᠯᠠᠪᠳᠠᠭᠤᠨ ᠪᠠᠲᠤᠲᠠᠶ ᠵᠠᠰᠠᠯᠲᠠ᠎ᠶᠢᠨ ᠦᠷ᠎ᠡ ᠪᠦᠲᠦᠭᠡᠯ᠎ᠢᠶᠡᠷ ᠥᠷᠭᠡᠨ ᠣᠯᠠᠨ ᠠᠷᠠᠳ ᠲᠦᠮᠡᠨ᠎ᠦ ᠰᠡᠳᠬᠢᠯ ᠬᠠᠨᠤᠮᠵᠢᠲᠠᠶ ᠪᠠᠶ᠋ᠢᠬᠤ᠎ᠶᠢ ᠦᠨᠡᠨ ᠬᠦ᠌ ᠪᠠᠲᠤᠯᠠᠪᠠ᠃
ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠰᠦᠯᠪᠡᠭᠡᠯᠡᠨ ᠤᠯᠤᠰ ᠲᠦᠷᠦ᠎ᠶᠢᠨ ᠠᠮᠢ ᠠᠬᠤᠢ ᠪᠣᠯᠤᠨ ᠠᠵᠤ ᠠᠬᠤᠢ᠎ᠶᠢᠨ ᠬᠥᠭᠵᠢᠯᠲᠡ᠎ᠶᠢᠨ ᠣᠷᠴᠢᠨ ᠲᠣᠭᠣᠷᠢᠨ᠎ᠢ ᠡᠪᠳᠡᠭᠰᠡᠨ ᠠᠰᠠᠭᠤᠳᠠᠯ᠎ᠢ ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ ᠡᠷᠬᠡ ᠲᠥᠪᠯᠡᠷᠡᠭᠰᠡᠨ᠂ ᠪᠡᠯᠡ ᠮᠥᠩᠭᠥ᠌ ᠲᠥᠪᠯᠡᠷᠡᠭᠰᠡᠨ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ᠎ᠦ ᠢᠯᠵᠢᠷᠡᠯ᠎ᠢ ᠴᠢᠩᠭ᠎ᠠ ᠪᠠᠶ᠋ᠢᠴᠠᠭᠠᠵᠤ᠂ ᠰᠢᠨ᠎ᠡ ᠬᠡᠯᠪᠡᠷᠢ᠎ᠶᠢᠨ ᠢᠯᠵᠢᠷᠡᠯ ᠪᠣᠯᠤᠨ ᠲᠠᠯᠳᠠ ᠢᠯᠵᠢᠷᠡᠯ᠎ᠢ ᠪᠦᠲᠦᠮᠵᠢᠲᠡᠢ ᠰᠡᠷᠭᠡᠶ᠋ᠢᠯᠡᠨ ᠵᠠᠰᠠᠪᠠ ᠁ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠢᠮᠠᠭᠲᠠ ᠪᠠᠲᠤᠯᠠᠵᠤ᠂ ᠢᠯᠵᠢᠷᠡᠯ᠎ᠢ ᠡᠰᠡᠷᠭᠦᠴᠡᠬᠦ᠌ ᠪᠠᠯᠠᠢ ᠣᠷᠣᠨ᠂ ᠳᠠᠯᠲᠠ ᠭᠠᠵᠠᠷ᠎ᠢ ᠡᠷᠡᠰ ᠠᠷᠢᠯᠭᠠᠵᠠᠢ᠃
ᠨᠢᠭᠡ ᠴᠤᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠬᠥᠷᠥᠰᠥ᠍ ᠰᠢᠷᠣᠶ᠎ᠶᠢ ᠴᠡᠪᠡᠷᠰᠢᠭᠦᠯᠬᠦ᠌ ᠨᠥᠬᠥᠴᠡᠯ᠎ᠦᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍ ᠦᠨᠳᠦᠰᠦ ᠰᠠᠭᠤᠷᠢ᠎ᠶᠢ ᠪᠡᠬᠢᠵᠢᠭᠦᠯᠦᠨ᠎ᠡ —
2026 ᠣᠨ᠎ᠤ 5 ᠰᠠᠷ᠎ᠠ᠎ᠶᠢᠨ 21 ᠤ᠋ ᠡᠳᠦᠷ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠶ᠋ᠢᠭᠡᠮᠯᠢᠭ ᠭᠤᠷᠪᠠᠳᠤᠭᠠᠷ ᠪᠦᠯᠦᠭ᠎ᠦᠨ ᠠᠵᠢᠯ ᠲᠥᠷᠥᠯ᠎ᠦᠨ ᠰᠢᠢᠳᠬᠡᠯ ᠥᠭᠬᠦ᠌ ᠨᠡᠷᠡᠰ᠎ᠢ ᠨᠡᠶ᠋ᠢᠲᠡᠯᠡᠪᠡ᠂ ᠡᠭᠦᠨ᠎ᠳᠦ 17 ᠬᠥᠮᠦᠨ᠎ᠨᠢ ᠶᠠᠯ᠎ᠠ ᠪᠣᠯᠵᠣ ᠪᠦᠷᠢᠯᠳᠦᠭᠰᠡᠨ᠎ᠡᠴᠡ ᠪᠣᠯᠵᠣ ᠨᠠᠰᠤᠨ ᠲᠤᠷᠰᠢᠳᠠ 《ᠬᠥᠯ ᠬᠣᠷᠢᠵᠤ》᠂ 48 ᠬᠥᠮᠦᠨ᠎ᠨᠢ ᠠᠵᠢᠯ ᠲᠥᠷᠥᠯ᠎ᠦᠨ ᠰᠠᠬᠢᠯᠭ᠎ᠠ ᠪᠠᠲᠤ᠎ᠶᠢ ᠬᠦᠨᠳᠦ ᠨᠣᠴᠢᠲᠠᠶ ᠵᠥᠷᠢᠴᠡᠭᠰᠡᠨ᠎ᠡᠴᠡ ᠪᠣᠯᠵᠣ ᠵᠣᠬᠢᠬᠤ ᠰᠢᠢᠳᠬᠡᠯ ᠤᠯᠪᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠪᠠᠶ᠋ᠢᠷᠢᠯᠠᠭᠤᠯᠪᠠ᠂ ᠶᠡᠷᠦᠩᠬᠡᠢ ᠱᠦᠵᠢ ᠰᠢ ᠵᠢᠨ ᠫᠢᠩ᠄ 《ᠨᠢᠭᠡ ᠴᠤᠬᠴᠠᠵᠢᠭᠤᠯᠤᠨ ᠠᠬᠢᠭᠤᠯᠬᠤ ᠲᠠᠯ᠎ᠠ᠎ᠪᠠᠷ ᠨᠡᠩ ᠶᠡᠬᠡ ᠬᠦᠴᠦ᠍ ᠣᠷᠣᠭᠤᠯᠵᠤ᠂ ᠰᠢᠰᠲᠸᠮ᠎ᠤᠨ ᠦᠵᠡᠯᠲᠡ᠎ᠪᠡᠨ ᠴᠢᠩᠭᠠᠳᠬᠠᠵᠤ᠂ ᠬᠣᠯᠪᠣᠭᠠᠯᠠᠨ ᠬᠦᠳᠡᠯᠦᠯᠴᠡᠵᠦ ᠬᠠᠮᠵᠢᠯᠴᠠᠬᠤ᠎ᠪᠠᠨ ᠴᠢᠩᠭᠠᠳᠬᠠᠵᠤ᠂ ᠡᠯ᠎ᠡ ᠲᠠᠯ᠎ᠠ᠎ᠶᠢᠨ ᠬᠢᠨᠠᠯᠲᠠ᠎ᠶᠢ ᠨᠡᠪᠲᠡᠷᠡᠭᠦᠯᠵᠦ᠍᠂ ᠪᠦᠬᠦ᠌ ᠬᠡᠯᠬᠢᠶᠡᠨ᠎ᠦ ᠬᠠᠮᠵᠢᠯᠴᠠᠭ᠎ᠠ᠎ᠪᠠᠷ ᠨᠢᠭᠡ ᠴᠤᠬᠴᠠᠵᠢᠬᠰᠠᠨ ᠵᠠᠰᠠᠯᠲᠠ᠎ᠶᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
ᠰᠢᠨ᠎ᠡ ᠠᠶᠠᠨ᠎ᠳᠤ᠂ ᠪᠦᠬᠦ᠌ ᠨᠠᠮ᠎ᠢᠶᠠᠷ᠎ᠢᠶᠠᠨ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠨᠢᠳᠡ ᠲᠠᠭᠠᠷᠢᠯᠳᠠ᠎ᠶᠢᠨ ᠪᠦᠷᠢᠶ᠎ᠡ ᠦᠯᠢᠶᠡᠬᠦ᠌ ᠡᠷᠡᠰ ᠪᠠᠷᠢᠮᠲᠠᠯᠠᠯ᠎ᠢᠶᠠᠷ᠂ ᠨᠢᠭᠡ ᠲᠠᠯ᠎ᠠ᠎ᠪᠠᠷ ᠥᠨᠳᠥᠷ ᠳᠠᠷᠤᠯᠲᠠᠲᠤ᠌ ᠵᠠᠯᠬᠠᠭᠠᠯ᠎ᠢ ᠠᠳᠬᠤᠵᠤ᠂ ᠰᠦᠷᠳᠡᠭᠦᠯᠬᠦ᠌ ᠰᠡᠷᠭᠡᠶ᠋ᠢᠯᠡᠯᠲᠡ᠎ᠶᠢᠨ ᠱᠤᠭᠤᠮ᠎ᠢ ᠪᠡᠬᠢᠵᠢᠭᠦᠯᠵᠦ᠍᠂ ᠨᠦᠬᠦᠭᠡ ᠲᠠᠯ᠎ᠠ᠎ᠪᠠᠷ ᠡᠬᠢ ᠡᠭᠦᠰᠦᠯ᠎ᠡᠴᠡ ᠨᠢ ᠵᠠᠰᠠᠬᠤ᠎ᠶᠢ ᠠᠳᠬᠤᠵᠤ᠂ ᠢᠯᠵᠢᠷᠡᠯ᠎ᠤᠨ ᠡᠭᠦᠰᠦᠨ ᠳᠡᠯᠭᠡᠷᠡᠬᠦ᠌ ᠬᠥᠷᠥᠰᠥ᠍ ᠰᠢᠷᠣᠢ᠎ᠶᠢ ᠠᠷᠢᠯᠭᠠᠵᠤ᠂ ᠢᠯᠵᠢᠷᠡᠯ᠎ᠢ ᠡᠰᠡᠷᠭᠦᠴᠡᠬᠦ᠌ ᠨᠡᠪᠳᠡᠯᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠬᠠᠮᠠᠭᠠᠯᠠᠬᠤ ᠭᠡᠷᠡᠭᠲᠡᠢ᠃
(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)