— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠭᠡᠷᠡᠯ ᠰᠠᠴᠤᠷᠠᠩᠭᠤᠢ ᠲᠡᠦᠬᠡ ᠬᠥᠮᠦᠰ᠎ᠢ ᠣᠮᠣᠭᠰᠢᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠠᠪᠤᠬᠤ ᠲᠤᠳᠤᠮ ᠪᠡᠬᠢᠵᠢᠪᠡ᠃
《ᠳᠤᠮᠳᠠᠳᠤ ᠤᠯᠤᠰ᠎ᠤᠨ ᠡᠪ ᠬᠠᠮᠲᠤ᠌ ᠨᠠᠮ 105 ᠵᠢᠯ᠎ᠦᠨ ᠲᠡᠮᠡᠴᠡᠯ᠎ᠦᠨ ᠶᠠᠪᠤᠴᠠ ᠳ᠋ᠤ ᠲᠠᠰᠤᠷᠠᠯᠳᠠ ᠦᠭᠡᠢ ᠬᠡᠷᠡᠯ ᠰᠠᠴᠤᠷᠠᠩᠭᠤᠢ ᠠᠮᠵᠢᠯᠲᠠ ᠤᠯᠵᠤ᠂ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠮᠠᠨ᠎ᠤ ᠨᠠᠮ ᠪᠤᠰᠤᠳ ᠲᠦᠷᠦ᠎ᠶᠢᠨ ᠨᠠᠮ ᠪᠣᠯᠤᠨ ᠤᠯᠤᠰ ᠲᠦᠷᠦ᠎ᠶᠢᠨ ᠬᠦᠴᠦᠨ᠎ᠡᠴᠡ ᠵᠦᠢᠷᠯᠡᠰᠢ ᠦᠭᠡᠢ ᠰᠢᠯᠢᠳᠡᠭ ᠣᠨᠴᠠᠯᠢᠭ ᠰᠢᠨᠵᠢ᠎ᠲᠠᠶ ᠪᠠᠶ᠋ᠢᠬᠤ᠎ᠳᠤ ᠤᠷᠤᠰᠢᠨ᠎ᠠ》
ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠵᠢᠷᠭᠤᠭᠠᠨ ᠲᠠᠯ᠎ᠠ᠎ᠡᠴᠡ ᠮᠠᠨ᠎ᠤ ᠨᠠᠮ᠎ᠤᠨ ᠰᠢᠯᠢᠳᠡᠭ ᠣᠨᠴᠠᠯᠢᠭ ᠰᠢᠨᠵᠢ᠎ᠶᠢ ᠭᠦᠨᠵᠡᠭᠡᠢ ᠳ᠋ᠦᠩᠨᠡᠵᠦ᠍᠂ 《ᠰᠢᠨ᠎ᠡ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠤᠨ᠂ ᠨᠠᠮ᠎ᠤᠨ ᠰᠢᠯᠢᠳᠡᠭ ᠣᠨᠴᠠᠯᠢᠭ ᠰᠢᠨᠵᠢ᠎ᠶᠢ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠵᠦ᠍᠂ ᠨᠠᠮ᠎ᠤᠨ ᠬᠡᠵᠢᠶᠡᠳᠡ ᠴᠢᠨᠠᠷ ᠬᠤᠪᠢᠷᠠᠬᠤ ᠦᠭᠡᠢ ᠦᠨᠭᠭᠡ ᠬᠤᠪᠢᠷᠠᠬᠤ ᠦᠭᠡᠢ ᠰᠤᠷᠳᠠᠯ ᠬᠤᠪᠢᠷᠠᠬᠤ ᠦᠭᠡᠢ᠂ ᠬᠡᠵᠢᠶᠡᠳᠡ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭᠲᠠᠷᠠᠯ᠎ᠤᠨ ᠬᠦᠴᠦᠨ ᠲᠠᠢ᠌ᠴᠢᠨ ᠬᠦᠴᠦᠨ᠎ᠲᠡᠶ ᠪᠠᠶ᠋ᠢᠬᠤ᠎ᠶᠢ ᠪᠠᠲᠤᠯᠠᠬᠤ ᠬᠡᠷᠡᠭᠲᠡᠢ 》 ᠭᠡᠵᠦ᠍ ᠴᠢᠬᠤᠯᠠᠴᠢᠯᠠᠪᠠ᠃
ᠶᠠᠮᠠᠷᠪᠠ ᠵᠢᠳᠭᠦᠯ ᠴᠢᠷᠮᠠᠢᠯᠭ᠎ᠠ ᠲᠠᠢ ᠦᠨᠳᠦᠰᠦᠲᠡᠨ᠂ ᠬᠠᠷᠢᠭᠤᠴᠠᠯᠭ᠎ᠠ ᠡᠭᠦᠷᠭᠡᠯᠡᠯ ᠲᠠᠢ ᠲᠦᠷᠦ᠎ᠶᠢᠨ ᠨᠠᠮ ᠴᠥᠮ ᠥᠪᠡᠷ᠎ᠦᠨ ᠥᠪᠡᠷᠮᠢᠴᠡ ᠵᠣᠷᠢᠭ ᠰᠠᠨᠠᠭ᠎ᠠ᠎ᠪᠠᠷ ᠳᠡᠯᠡᠬᠡᠢ᠎ᠳᠦ ᠠᠯᠳᠠᠷᠰᠢᠬᠤ ᠶᠤᠮ᠃
ᠲᠡᠦᠬᠡ᠎ᠶᠢ ᠡᠷᠭᠢᠴᠡᠭᠦᠯᠪᠡᠯ᠂ ᠶᠠᠭᠠᠬᠢᠭᠠᠳ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠢ ᠤᠳᠤᠷᠢᠳᠤᠨ ᠳᠦᠷᠪᠡᠨ ᠶᠡᠬᠡ ᠶᠠᠪᠤᠳᠠᠯ᠎ᠢ ᠪᠡᠶᠡᠯᠡᠭᠦᠯᠦᠭᠰᠡᠨ ᠪᠠ ᠠᠬᠢᠭᠤᠯᠵᠤ᠂ ᠶᠠᠳᠠᠭᠤ ᠪᠠᠭᠤᠷᠠᠢ ᠪᠠᠢᠭᠰᠠᠨ ᠳᠤᠮᠳᠠᠳᠤ ᠤᠯᠤᠰ᠎ᠤᠨ ᠠᠯᠬᠤᠮ ᠠᠯᠬᠤᠮ᠎ᠢᠶᠠᠷ ᠪᠣᠰᠴᠤ᠌ ᠵᠣᠭᠰᠤᠬᠤ᠂ ᠪᠠᠶᠠᠵᠢᠬᠤ᠂ ᠬᠦᠴᠦᠷᠬᠡᠭᠵᠢᠬᠦ᠌᠎ᠶᠢ ᠠᠬᠢᠭᠤᠯᠵᠤ᠂ ᠥᠪᠡᠷ᠎ᠢ᠎ᠪᠡᠨ ᠢᠲᠡᠭᠡᠬᠦ᠌᠂ ᠪᠡᠶ᠎ᠡ᠎ᠪᠡᠨ ᠳᠠᠭᠠᠭᠠᠬᠤ᠂ ᠥᠪᠡᠷ᠎ᠢ᠎ᠪᠡᠨ ᠬᠦᠴᠦᠷᠬᠡᠭᠵᠢᠭᠦᠯᠬᠦ᠌ ᠳᠦᠷᠰᠦ ᠪᠠᠶ᠋ᠢᠳᠠᠯ᠎ᠢᠶᠠᠷ ᠨᠡᠩ ᠰᠠᠢ᠌ᠨ ᠰᠠᠶ᠋ᠢᠬᠠᠨ ᠢᠷᠡᠭᠡᠳᠦᠢ ᠵᠦᠭ ᠤᠷᠤᠭᠰᠢᠯᠠᠭᠤᠯᠵᠤ ᠴᠢᠳᠠᠭᠰᠠᠨ ᠪᠤᠢ?
ᠬᠥᠮᠦᠨ ᠲᠥᠷᠥᠯᠬᠢᠲᠡᠨ᠎ᠦ ᠬᠥᠭᠵᠢᠯᠲᠡ᠎ᠶᠢᠨ ᠲᠡᠦᠬᠡ᠎ᠡᠴᠡ ᠦᠵᠡᠪᠡᠯ᠂ ᠳᠡᠯᠡᠬᠡᠢ ᠳᠡᠭᠡᠷ᠎ᠡ ᠪᠢᠳᠡᠨ ᠰᠢᠭ᠂ ᠡᠶ᠋ᠢᠮᠦ᠍ ᠤᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠲᠠᠢ ᠲᠤᠯᠭᠠᠷᠠᠵᠤ᠂ ᠡᠶ᠋ᠢᠮᠦ᠍ ᠤᠯᠠᠨ ᠦᠬᠦᠵᠦ᠍ ᠰᠡᠬᠡᠬᠦ᠌᠎ᠶᠢᠨ ᠰᠢᠯᠭᠠᠯᠲᠠ᠎ᠶᠢ ᠥᠩᠭᠡᠷᠡᠭᠦᠯᠵᠤ᠂ ᠡᠶ᠋ᠢᠮᠦ᠍ ᠤᠯᠠᠨ ᠬᠠᠷᠠᠰᠠᠯᠳᠤ ᠦᠷᠡᠭᠳᠡᠯ ᠭᠠᠷᠭᠠᠭᠰᠠᠨ ᠲᠦᠷᠦ᠎ᠶᠢᠨ ᠨᠠᠮ ᠦᠭᠡᠢ ᠶᠤᠮ᠃ ᠶᠠᠭᠠᠬᠢᠭᠠᠳ ᠳᠤᠮᠳᠠᠳᠤ ᠤᠯᠤᠰ᠎ᠤᠨ ᠡᠪ ᠬᠠᠮᠲᠤ᠌ ᠨᠠᠮ ᠬᠠᠯᠠ ᠵᠣᠪᠠᠯᠠᠩ᠎ᠢ ᠣᠯᠠᠨᠲᠠ ᠲᠤᠭᠤᠯᠤᠭᠰᠠᠨ ᠴᠤ᠌ ᠲᠡᠮᠡᠴᠡᠯ᠎ᠦᠨ ᠵᠣᠷᠢᠭ ᠤᠯᠠᠮ ᠪᠠᠲᠤᠵᠢᠵᠤ᠂ ᠳᠠᠪᠲᠠᠭᠳᠠᠨ ᠪᠣᠯᠪᠠᠰᠤᠷᠠᠵᠤ ᠨᠡᠩ ᠬᠠᠳᠠᠭᠤᠵᠢᠵᠤ᠂ ᠲᠠᠰᠤᠷᠠᠯᠳᠠ ᠦᠭᠡᠢ ᠢᠯᠠᠯᠲᠠ᠎ᠡᠴᠡ ᠰᠢᠨ᠎ᠡ ᠢᠯᠠᠯᠲᠠᠵᠦᠭ ᠤᠷᠤᠭᠰᠢᠯᠠᠵᠤ ᠴᠢᠳᠠᠭᠰᠠᠨ ᠪᠤᠢ?
《ᠦᠨᠡᠨ ᠶᠣᠰᠣ᠎ᠶᠢ ᠴᠦᠬᠦᠷᠡᠰᠢ ᠦᠭᠡᠢ ᠬᠦᠭᠡᠭᠡᠴᠡᠯᠳᠦᠵᠤ᠂ ᠤᠷᠤᠭᠰᠢᠯᠠᠯᠲᠠ᠎ᠶᠢᠨ ᠴᠢᠭᠯᠡᠯ᠎ᠢ ᠢᠮᠠᠭᠳᠠ ᠵᠥᠪ ᠡᠵᠡᠮᠳᠡᠪᠡ》᠂ 《ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠍᠂ ᠢᠮᠠᠭᠲᠠ ᠪᠠᠲᠤ᠌ ᠪᠡᠬᠢ ᠰᠠᠭᠤᠷᠢ᠎ᠲᠠᠶ ᠪᠠᠢᠪᠠ》᠂ 《ᠲᠡᠦᠬᠡᠲᠦ᠍ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠢᠮᠠᠭᠲᠠ ᠪᠠᠶ᠋ᠢᠯᠳᠤᠬᠤ ᠪᠤᠳᠤᠯᠭ᠎ᠠ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠰᠢᠪᠡ》᠂ 《ᠬᠥᠭᠵᠢᠯᠲᠡ᠎ᠶᠢᠨ ᠤᠷᠤᠰᠬᠠᠯ᠎ᠢ ᠲᠠᠭᠠᠵᠤ᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠪᠠ》᠂ 《ᠵᠣᠷᠢᠭᠲᠠᠢ ᠴᠢᠳᠠᠮᠠᠭᠠᠢ ᠲᠡᠮᠡᠴᠡᠵᠦ᠍᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠯᠠᠪᠠ》᠂ 《ᠥᠪᠡᠷ᠎ᠢ᠎ᠪᠡᠨ ᠴᠢᠬᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠪᠠ》᠃
ᠶᠡᠷᠦᠩᠬᠡᠢ ᠱᠦᠵᠢ ᠰᠢ ᠵᠢᠨ ᠫᠢᠩ᠎ᠦᠨ ᠬᠤᠷᠢᠶᠠᠩᠭᠤᠶ᠋ᠢᠯᠠᠨ ᠳ᠋ᠦᠩᠨᠡᠭᠰᠡᠨ ᠵᠢᠷᠭᠤᠭᠠᠨ ᠲᠠᠯ᠎ᠠ᠎ᠶᠢᠨ ᠰᠢᠯᠢᠳᠡᠭ ᠣᠨᠴᠠᠯᠢᠭ ᠰᠢᠨᠵᠢ ᠨᠢ ᠲᠤᠮᠤ ᠲᠡᠦᠬᠡ᠎ᠶᠢᠨ ᠦᠵᠡᠯᠲᠡ᠂ ᠲᠤᠮᠤ ᠴᠠᠭ ᠦᠶ᠎ᠡ᠎ᠶᠢᠨ ᠦᠵᠡᠯᠲᠡ᠎ᠳᠦ ᠲᠤᠭᠤᠰᠢᠯᠠᠭᠳᠠᠵᠤ᠂ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠰᠤᠷᠭᠠᠯ᠎ᠢ ᠪᠠᠶᠠᠯᠢᠭᠵᠢᠭᠤᠯᠤᠨ ᠬᠥᠭᠵᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ ᠶᠠᠭᠠᠬᠢᠭᠠᠳ ᠬᠢᠵᠦ ᠲᠡᠢᠯᠦᠭᠰᠡᠨᠤ ᠵᠠᠩᠭᠢᠯᠠᠭ᠎ᠠ᠎ᠶᠢᠨ ᠨᠢᠭᠤᠴᠠ ᠨᠤᠮᠸᠷ᠎ᠢ ᠢᠯᠡᠷᠡᠭᠦᠯᠵᠦ᠍᠂ ᠰᠢᠨ᠎ᠡ ᠠᠶᠠᠨ᠎ᠳᠤ ᠲᠡᠦᠬᠡ᠎ᠶᠢᠨ ᠭᠡᠷᠡᠯ ᠰᠠᠴᠤᠷᠠᠩᠭᠤᠢ ᠰᠢᠨ᠎ᠡ ᠠᠮᠵᠢᠯᠲᠠ᠎ᠶᠢ ᠴᠢᠷᠮᠠᠶ᠋ᠢᠨ ᠡᠭᠦᠳᠬᠦ᠌ ᠲᠤᠬᠠᠢ ᠭᠦᠨᠵᠡᠭᠡᠢ ᠲᠣᠳᠣᠷᠬᠠᠶ᠋ᠢᠯᠠᠯᠲᠠ ᠪᠤᠯᠵᠠᠢ᠃
ᠮᠠᠷᠺᠰ᠎ᠤᠨ ᠦᠵᠡᠯ᠎ᠦᠨ ᠰᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭᠠᠪᠣᠯ ᠮᠠᠨ᠎ᠤ ᠨᠠᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠬᠦ᠌᠎ᠶᠢᠨ ᠦᠨᠳᠦᠰᠦ ᠮᠥᠨ᠃
ᠤᠷᠳᠤ ᠵᠠᠮ᠎ᠤᠨ ᠠᠶᠠᠨ ᠲᠠᠢ᠌ᠨ᠎ᠦ ᠦᠶ᠎ᠠ ᠳ᠋ᠤ ᠬᠤᠷᠠᠯᠳᠤᠭᠰᠠᠨ ᠽᠦᠨ ᠢ ᠵᠢᠨ ᠬᠤᠷᠠᠯ ᠨᠢ 《ᠮᠠᠤ ᠽᠸ ᠳ᠋ᠦᠩ ᠨᠥᠬᠥᠷ᠎ᠢᠶᠡᠷ ᠭᠣᠣᠯ ᠲᠥᠯᠥᠭᠡᠯᠡᠭᠴᠢ ᠪᠣᠯᠭᠠᠭᠰᠠᠨ ᠮᠠᠷᠺᠰ᠎ᠤᠨ ᠦᠵᠡᠯ᠎ᠦᠨ ᠵᠥᠪ ᠱᠤᠭᠤᠮ᠎ᠤᠨ ᠨᠠᠮ᠎ᠤᠨ ᠲᠥᠪ ᠬᠤᠷᠢᠶ᠎ᠠ᠎ᠳᠠᠬᠢ ᠤᠳᠤᠷᠢᠳᠬᠤ ᠪᠠᠶ᠋ᠢᠷᠢ ᠰᠠᠭᠤᠷᠢ᠎ᠶᠢ ᠡᠬᠢᠯᠡᠨ ᠲᠣᠭᠲᠠᠭᠠᠵᠤ》᠂ ᠨᠠᠮ᠎ᠤᠨ ᠪᠡᠶ᠎ᠡ᠎ᠪᠡᠨ ᠳᠠᠭᠠᠭᠠᠵᠤ ᠡᠵᠡᠨ ᠮᠡᠳᠡᠨ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠤ᠌ ᠠᠰᠠᠭᠤᠳᠠᠯ᠎ᠢ ᠰᠢᠢᠳᠪᠦᠷᠢᠯᠡᠬᠦ᠌ ᠰᠢᠨ᠎ᠡ ᠱᠠᠳᠤ ᠦᠶ᠎ᠡ᠎ᠶᠢ ᠨᠡᠭᠡᠭᠡᠵᠡᠶ;ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠡᠮᠦᠨ᠎ᠡ ᠬᠣᠶ᠋ᠢᠨ᠎ᠠ᠂ ᠨᠠᠮ᠎ᠡᠴᠡ ᠦᠨᠡᠨ ᠶᠣᠰᠣᠨ᠎ᠤ ᠪᠠᠷᠢᠮᠵᠢᠶ᠎ᠠ᠎ᠶᠢᠨ ᠠᠰᠠᠭᠤᠳᠠᠯ᠎ᠤᠨ ᠲᠤᠬᠠᠢ ᠶᠡᠬᠡ ᠶᠠᠷᠢᠯᠴᠠᠭ᠎ᠠ ᠥᠷᠨᠢᠭᠦᠯᠬᠦ᠌᠎ᠶᠢ ᠤᠳᠤᠷᠢᠳᠤᠨ ᠳᠡᠮᠵᠢᠵᠤ᠂ ᠰᠢᠨ᠎ᠡ ᠦᠢᠯᠡᠳᠦᠯᠭᠡ ᠪᠠ ᠴᠠᠭ ᠦᠶ᠎ᠡ᠎ᠶᠢᠨ ᠣᠨᠴᠠᠯᠢᠭ᠎ᠡᠴᠡ ᠡᠭᠦᠰᠴᠦ᠍ ᠮᠠᠷᠺᠰ᠎ᠤᠨ ᠦᠵᠡᠯ᠎ᠢ ᠪᠠᠷᠢᠮᠲᠠᠯᠠᠨ ᠬᠥᠭᠵᠢᠭᠦᠯᠪᠡ ᠁ ᠦᠵᠡᠯ ᠰᠠᠨᠠᠭ᠎ᠠ᠎ᠪᠠᠨ ᠴᠢᠯᠥᠭᠡᠯᠡᠵᠤ᠂ ᠦᠨᠡᠨ᠎ᠡᠴᠡ ᠵᠥᠪ᠎ᠢ ᠡᠷᠢᠵᠤ᠂ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠤ᠂ ᠨᠠᠮ ᠪᠠ ᠠᠷᠠᠳ ᠲᠦᠮᠡᠨ᠎ᠦ ᠦᠢᠯᠡᠰ᠎ᠦᠨ ᠵᠥᠪ ᠴᠢᠭᠯᠡᠯ᠎ᠢᠶᠡᠷ ᠤᠷᠤᠭᠰᠢᠯᠠᠬᠤ᠎ᠶᠢ ᠪᠠᠲᠤᠯᠠᠪᠠ᠃
ᠰᠢᠨᠵᠢᠯᠡᠬᠦ᠌ ᠤᠬᠠᠭᠠᠨᠴᠢ ᠣᠪᠣᠷ᠎ᠢᠶᠠᠷ ᠰᠢᠨᠵᠢᠯᠡᠬᠦ᠌ ᠤᠬᠠᠭᠠᠨ᠎ᠳᠤ ᠬᠠᠨᠳᠤᠵᠤ᠂ ᠦᠨᠡᠨ ᠶᠣᠰᠣᠨ᠎ᠤ ᠵᠣᠷᠢᠭ ᠰᠠᠨᠠᠭ᠎ᠠ᠎ᠪᠠᠷ ᠦᠨᠡᠨ ᠶᠣᠰᠣ᠎ᠶᠢ ᠬᠥᠭᠡᠭᠡᠴᠡᠯᠳᠦᠪᠡ᠃
ᠰᠢᠨ᠎ᠡ ᠴᠠᠭ ᠦᠶ᠎ᠡ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠭᠤᠯᠤᠭᠳᠠᠬᠤᠨ ᠪᠠ ᠮᠥᠨ ᠴᠢᠨᠠᠷ᠎ᠤᠨ ᠲᠤᠬᠠᠶ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠳᠤᠮᠳᠠᠳᠤ ᠤᠯᠤᠰ᠎ᠤᠨ ᠣᠨᠴᠠᠯᠢᠭ᠂ ᠮᠥᠨ ᠴᠢᠨᠠᠷ᠎ᠤᠨ ᠱᠠᠭᠠᠷᠳᠠᠯᠭ᠎ᠠ ᠪᠠ ᠴᠢᠬᠤᠯᠠ ᠶᠡᠬᠡ ᠵᠠᠷᠴᠢᠮ᠎ᠢ ᠬᠤᠷᠢᠶᠠᠩᠭᠤᠶ᠋ᠢᠯᠠᠨ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠣᠨᠣᠯ᠎ᠤᠨ ᠰᠢᠰᠲ᠋ᠧᠮ᠎ᠢ ᠠᠩᠬ᠎ᠠ ᠠᠯᠬᠤᠮ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠨᠠᠩ ᠲᠣᠳᠣᠷᠬᠠᠶ᠂ ᠨᠠᠩ ᠰᠢᠨᠵᠢᠯᠡᠬᠦ᠌ ᠤᠬᠠᠭᠠᠨᠴᠢ᠂ ᠨᠠᠩ ᠣᠶ᠋ᠢᠯᠠᠭᠠᠮᠵᠢᠲᠠᠶ ᠪᠥᠭᠡᠳ ᠬᠡᠷᠡᠭᠵᠢᠭᠦᠯᠦᠭᠦᠰᠢᠲᠡᠶ ᠪᠣᠯᠭᠠᠪᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠤᠨᠤᠯ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠦᠢᠯᠡᠳᠦᠯᠭᠡ᠎ᠶᠢ ᠵᠢᠯᠤᠭᠤᠳᠤᠭᠤᠯᠵᠤ᠂ ᠡᠨᠡ ᠬᠦ᠌ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠠᠷᠠᠭᠤᠯ ᠳᠠᠷᠳᠠᠩ ᠵᠠᠮ᠎ᠢᠶᠠᠷ 《ᠵᠥᠪ ᠶᠠᠪᠤᠵᠤ᠂ ᠰᠠᠭᠠᠳ ᠦᠭᠡᠢ ᠶᠠᠪᠤᠵᠤ ᠴᠢᠳᠠᠬᠤ᠎ᠪᠠᠷ ᠪᠠᠷᠠᠬᠤ ᠦᠭᠡᠢ᠂ ᠯᠠᠪᠳᠠᠭᠤᠨ ᠶᠠᠪᠤᠵᠤ᠂ ᠰᠠᠢ᠌ᠨ ᠶᠠᠪᠤᠵᠤ ᠴᠢᠳᠠᠨ᠎ᠠ》᠃
ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠮᠠᠨ᠎ᠤ ᠨᠠᠮ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠢ ᠬᠤᠪᠢᠰᠬᠠᠯᠲᠤ᠌ ᠴᠢᠨᠠᠷᠲᠠᠢ ᠳᠠᠪᠲᠠᠨ ᠪᠣᠯᠪᠠᠰᠤᠷᠠᠭᠤᠯᠬᠤ ᠳᠤᠮᠳᠠ ᠨᠡᠩ ᠪᠠᠲᠤ᠌ ᠴᠢᠩᠭ᠎ᠠ ᠬᠦᠴᠦᠨ᠎ᠲᠡᠶ ᠪᠣᠯᠭᠠᠪᠠ᠃ ᠡᠨᠡ ᠬᠦ᠌ ᠦᠵᠡᠯ ᠰᠠᠨᠠᠭ᠎ᠠ ᠪᠣᠯ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠤᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠦᠨᠳᠦᠰᠦᠨ ᠵᠢᠷᠤᠮᠯᠠᠯ ᠮᠥᠨ᠃
ᠥᠨᠥᠳᠦᠷ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠨᠢ ᠮᠠᠷᠺᠰ᠎ᠤᠨ ᠦᠵᠡᠯ᠎ᠦᠨ ᠰᠢᠨᠵᠢᠯᠡᠬᠦ᠌ ᠤᠬᠠᠭᠠᠨᠴᠢ ᠴᠢᠨᠠᠷ ᠪᠣᠯᠤᠨ ᠦᠨᠡᠨ ᠶᠣᠰᠣᠴᠢ ᠴᠢᠨᠠᠷ᠎ᠢ ᠭᠦᠢᠴᠡᠳ ᠰᠢᠯᠭᠠᠵᠤ᠂ ᠮᠠᠷᠺᠰ᠎ᠤᠨ ᠦᠵᠡᠯ᠎ᠦᠨ ᠠᠷᠠᠳᠴᠢ ᠴᠢᠨᠠᠷ ᠪᠣᠯᠤᠨ ᠦᠢᠯᠡᠳᠦᠯᠭᠡᠲᠦ᠍ ᠴᠢᠨᠠᠷ᠎ᠢ ᠭᠦᠢᠴᠡᠳ ᠢᠯᠡᠷᠡᠭᠦᠯᠵᠦ᠍᠂ ᠮᠠᠷᠺᠰ᠎ᠤᠨ ᠦᠵᠡᠯ᠎ᠦᠨ ᠨᠡᠭᠡᠭᠡᠯᠲᠡᠲᠦ᠍ ᠴᠢᠨᠠᠷ ᠪᠣᠯᠤᠨ ᠴᠠᠭ ᠦᠶᠡᠴᠢ ᠴᠢᠨᠠᠷ᠎ᠢ ᠭᠦᠢᠴᠡᠳ ᠢᠯᠡᠷᠡᠭᠦᠯᠵᠡᠢ᠃
ᠰᠢᠨ᠎ᠡ ᠠᠶᠠᠨ᠎ᠳᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠡᠶᠡᠴᠢ ᠶᠢᠷᠲᠢᠨᠴᠦ᠍ ᠪᠣᠯᠤᠨ ᠪᠤᠰᠤᠳᠴᠢ ᠶᠢᠷᠲᠢᠨᠴᠦ᠎ᠶᠢ ᠥᠭᠡᠷᠡᠴᠢᠯᠡᠬᠦ᠌ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠣᠯᠭᠠᠵᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠲᠠᠰᠤᠷᠠᠯᠲᠠ ᠦᠭᠡᠢ ᠬᠠᠷᠢᠭᠤᠯᠲᠠ ᠥᠭᠬᠦ᠌ ᠨᠢ ᠯᠠᠪᠲᠠᠢ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠭᠡᠷᠡᠯ ᠭᠢᠯᠪᠠᠭ᠎ᠠ ᠵᠢ ᠨᠡᠩ ᠰᠠᠴᠤᠷᠠᠭᠤᠯᠵᠤ᠂ ᠦᠵᠡᠯ ᠰᠠᠨᠠᠭᠠᠨ᠎ᠤ ᠬᠦᠴᠦᠨ᠎ᠢᠶᠡᠷ ᠡᠷᠡᠮᠡᠬᠡᠶ᠋ᠢᠯᠡᠨ ᠤᠷᠤᠭᠰᠢᠯᠠᠬᠤ ᠠᠤᠭ᠎ᠠ ᠬᠦᠴᠦᠨ᠎ᠢ ᠬᠥᠭᠵᠢᠭᠡᠵᠦ᠍ ᠴᠢᠳᠠᠨ᠎ᠠ᠃
ᠪᠠᠶ᠋ᠢᠯᠳᠤᠬᠤ ᠪᠤᠳᠤᠯᠭ᠎ᠠ᠎ᠶᠢᠨ ᠠᠰᠠᠭᠤᠳᠠᠯ ᠪᠣᠯ ᠨᠢᠭᠡ ᠲᠦᠷᠦ᠎ᠶᠢᠨ ᠨᠠᠮ᠂ ᠨᠢᠭᠡ ᠤᠯᠤᠰ᠎ᠤᠨ ᠦᠨᠳᠦᠰᠦᠨ ᠴᠢᠨᠠᠷᠲᠠᠢ ᠠᠰᠠᠭᠤᠳᠠᠯ ᠮᠥᠨ᠃
《ᠠᠯᠤᠰ ᠭᠡᠳᠤ᠎ᠶᠢᠨ ᠬᠠᠷᠠᠯᠲᠠ ᠪᠠ ᠱᠠᠳᠤ ᠦᠶ᠎ᠡ᠎ᠶᠢᠨ ᠬᠠᠷᠠᠯᠲᠠ᠎ᠶᠢ ᠨᠢᠭᠡᠳᠬᠡᠬᠦ᠌᠎ᠶᠢ ᠪᠠᠷᠢᠮᠲᠠᠯᠠᠵᠤ᠂ ᠨᠡᠶ᠋ᠢᠭᠡᠮ᠎ᠦᠨ ᠭᠣᠣᠯ ᠵᠥᠷᠢᠴᠡᠯ᠎ᠦᠨ ᠬᠤᠪᠢᠷᠠᠯᠲᠠ᠎ᠳᠤ ᠵᠣᠬᠢᠴᠠᠭᠤᠯᠤᠨ ᠭᠣᠣᠯ ᠡᠭᠦᠷᠭᠡ᠎ᠶᠢ ᠲᠣᠭᠲᠠᠭᠠᠵᠤ᠂ ᠵᠥᠪ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ᠎ᠶᠢ ᠲᠣᠭᠲᠠᠭᠠᠨ ᠬᠡᠷᠡᠭᠵᠢᠭᠦᠯᠵᠦ᠍᠂ ᠠᠵᠢᠯ ᠦᠢᠯᠡᠰ᠎ᠦᠨ ᠬᠥᠭᠵᠢᠯᠲᠡ᠎ᠶᠢᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ᠌ ᠡᠷᠬᠡ᠎ᠶᠢ ᠪᠠᠲᠤ᠌ ᠡᠵᠡᠮᠰᠢᠬᠦ᠌᠎ᠶᠢ ᠦᠨᠡᠨ ᠬᠦ᠌ ᠪᠠᠲᠤᠯᠠᠨ᠎ᠠ》᠃
ᠰᠢᠨ᠎ᠡ ᠴᠠᠭ ᠦᠶ᠎ᠡ᠎ᠡᠴᠡ ᠨᠠᠭᠠᠰᠢ ᠡᠳᠡᠭᠡᠷ ᠵᠢᠯ᠎ᠦᠳ ᠪᠣᠯ ᠲᠤᠶ᠋ᠢᠯ᠎ᠤᠨ ᠶᠡᠷᠦ᠍ ᠪᠤᠰᠤ᠎ᠶᠢᠨ᠂ ᠲᠤᠶ᠋ᠢᠯ᠎ᠤᠨ ᠵᠢᠷ᠎ᠤᠨ ᠪᠤᠰᠤ ᠶᠤᠮ᠃ ᠪᠦᠲᠦᠭᠡᠯᠴᠢ ᠴᠢᠨᠠᠷᠲᠠᠢ᠎ᠪᠠᠷ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠳᠤᠷᠠᠳᠴᠤ᠌᠂ ᠮᠠᠨ᠎ᠤ ᠤᠯᠤᠰ᠎ᠤᠨ ᠬᠥᠭᠵᠢᠯᠲᠡ᠎ᠶᠢᠨ ᠪᠦᠬᠦ᠌ ᠲᠠᠯ᠎ᠠ᠎ᠳᠤ ᠬᠣᠯᠪᠣᠭᠳᠠᠬᠤ ᠨᠢᠭᠡ ᠤᠳᠠᠭ᠎ᠠ᠎ᠶᠢᠨ ᠭᠦᠨᠵᠡᠭᠡᠢ ᠬᠤᠪᠢᠰᠤᠯᠲᠠ᠎ᠶᠢ ᠬᠦᠳᠦᠯᠥᠨ ᠠᠬᠢᠭᠤᠯᠬᠤ᠎ᠡᠴᠡ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠭᠠᠷᠭᠠᠬᠤ ᠬᠦᠷᠲᠡᠯ᠎ᠡ᠂ ᠮᠠᠨ᠎ᠤ ᠣᠷᠣᠰᠢᠨ ᠲᠣᠭᠲᠠᠨᠢᠬᠤ ᠬᠦᠴᠦᠨ᠂ ᠦᠷᠢᠰᠦᠯᠳᠦᠬᠦ᠌ ᠬᠦᠴᠦᠨ᠂ ᠬᠥᠭᠵᠢᠯᠲᠡ᠎ᠶᠢᠨ ᠬᠦᠴᠦᠨ᠂ ᠦᠷᠭᠦᠯᠵᠢᠯᠡᠬᠦ᠌ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠪᠠ᠃
ᠤᠳᠠᠭ᠎ᠠ ᠪᠦᠷᠢ᠎ᠶᠢᠨ ᠵᠠᠩᠭᠢᠯᠠᠭ᠎ᠠ᠎ᠶᠢᠨ ᠴᠠᠭ ᠦᠶ᠎ᠡ᠎ᠶᠢᠨ ᠵᠠᠩᠭᠢᠯᠠᠭ᠎ᠠ᠎ᠶᠢᠨ ᠰᠣᠩᠭᠣᠯᠲᠠ᠎ᠳᠤ᠂ 《ᠪᠠᠶ᠋ᠢᠯᠳᠤᠬᠤ ᠪᠤᠳᠤᠯᠭ᠎ᠠ᠎ᠶᠢᠨ ᠲᠠᠯ᠎ᠠ᠎ᠪᠠᠷ ᠣᠨᠣᠪᠴᠢᠲᠠᠢ ᠮᠠᠭᠠᠳᠯᠠᠵᠤ᠂ ᠪᠠᠶ᠋ᠢᠯᠳᠤᠬᠤ ᠪᠤᠳᠤᠯᠭ᠎ᠠ᠎ᠶᠢᠨ ᠲᠠᠯ᠎ᠠ᠎ᠪᠠᠷ ᠰᠢᠨᠵᠢᠯᠡᠬᠦ᠌ ᠤᠬᠠᠭᠠᠨᠴᠢ ᠲᠥᠯᠥᠪᠵᠢᠭᠦᠯᠵᠦ᠍᠂ ᠪᠠᠶ᠋ᠢᠯᠳᠤᠬᠤ ᠪᠤᠳᠤᠯᠭ᠎ᠠ᠎ᠶᠢᠨ ᠲᠠᠯ᠎ᠠ᠎ᠪᠠᠷ ᠰᠠᠨᠠᠭᠠᠴᠢᠯᠠᠭᠠᠲᠤ᠌ ᠡᠷᠬᠡ᠎ᠶᠢ ᠣᠯᠪᠠᠯ᠂ ᠨᠠᠮ ᠪᠣᠯᠤᠨ ᠠᠷᠠᠳ ᠲᠦᠮᠡᠨ᠎ᠦ ᠦᠢᠯᠡᠰ ᠮᠠᠰᠢ ᠶᠡᠬᠡ ᠬᠦᠰᠡᠯ ᠡᠷᠡᠮᠡᠯᠵᠡᠯ᠎ᠲᠡᠶ ᠪᠣᠯᠤᠨ᠎ᠠ》 ᠭᠡᠳᠡᠭ᠎ᠢ ᠭᠦᠨᠵᠡᠭᠡᠢ ᠲᠠᠶ᠋ᠢᠯᠪᠤᠷᠢᠯᠠᠪᠠ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠤᠨ᠎ᠠ᠃ 《ᠠᠩᠬᠠᠳᠤᠭᠠᠷ ᠲᠠᠪᠤᠨ ᠵᠢᠯ》 ᠡᠴᠡ 《ᠠᠷᠪᠠᠨ ᠲᠠᠪᠤᠳᠤᠭᠠᠷ ᠲᠠᠪᠤᠨ ᠵᠢᠯ》 ᠪᠣᠯᠲᠠᠯ᠎ᠠ᠂ ᠢᠮᠠᠭᠲᠠ᠎ᠶᠢᠨ ᠭᠣᠣᠯ ᠰᠡᠳᠦᠪ ᠪᠣᠯ ᠮᠠᠨ᠎ᠤ ᠤᠯᠤᠰ᠎ᠢᠶᠠᠨ ᠨᠡᠶ᠋ᠢᠭᠡᠮ ᠵᠢᠷᠤᠮᠲᠤ᠌ ᠣᠳᠣᠬᠢᠴᠢᠯᠠᠭᠰᠠᠨ ᠤᠯᠤᠰ ᠪᠣᠯᠭᠠᠨ ᠪᠦᠳᠦᠭᠡᠨ ᠪᠠᠶ᠋ᠢᠭᠤᠯᠬᠤ ᠶᠠᠪᠤᠳᠠᠯ ᠪᠣᠯᠤᠨ᠎ᠠ᠃
ᠲᠠᠪᠤᠨ ᠵᠢᠯ᠎ᠦᠨ ᠲᠥᠯᠥᠪᠵᠢᠭᠦᠯᠭᠡ ᠪᠣᠯ ᠠᠯᠤᠰ ᠬᠡᠳᠦ᠎ᠶᠢᠨ ᠪᠠᠶ᠋ᠢᠯᠳᠤᠬᠤ ᠪᠤᠳᠤᠯᠭ᠎ᠠ᠎ᠶᠢ ᠠᠯᠬᠤᠮ ᠬᠤᠪᠢᠶᠠᠨ ᠨᠠᠶ᠋ᠢᠳᠠᠪᠤᠷᠢᠵᠢᠭᠤᠯᠬᠤ ᠶᠠᠪᠤᠳᠠᠯ ᠮᠥᠨ᠂ ᠪᠠᠰᠠ ᠴᠤ᠌ ᠠᠯᠤᠰ ᠬᠡᠳᠦ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠷᠠᠯᠲᠠ᠎ᠶᠢ ᠪᠡᠶᠡᠯᠡᠭᠦᠯᠬᠦ᠌᠎ᠶᠢᠨ ᠴᠢᠬᠤᠯᠠ ᠪᠠᠲᠤᠯᠠᠭ᠎ᠠ ᠮᠥᠨ᠃
ᠲᠠᠪᠤᠨ ᠵᠢᠯ᠎ᠦᠨ ᠲᠥᠯᠥᠪᠵᠢᠭᠦᠯᠭᠡ ᠨᠢ ᠠᠵᠢᠯ ᠦᠢᠯᠡᠰ᠎ᠦᠨ ᠱᠠᠳᠤ ᠮᠡᠲᠦ᠍᠂ 《ᠨᠢᠭᠡ ᠨᠢᠭᠡ ᠠᠯᠬᠤᠮ᠎ᠢᠶᠠᠷ ᠡᠷᠡᠰ ᠪᠠᠲᠤ᠌ ᠤᠷᠤᠭᠰᠢᠯᠠᠵᠤ᠂ ᠨᠢᠭᠡ ᠨᠢᠭᠡ ᠱᠠᠳᠤ᠎ᠪᠠᠷ ᠤᠷᠤᠭᠰᠢ ᠠᠬᠢᠭᠤᠯᠵᠤ᠂ ᠡᠭᠦᠨ᠎ᠦ ᠤᠯᠠᠮ᠎ᠢᠶᠠᠷ ᠪᠠᠭ᠎ᠠ ᠠᠮᠵᠢᠯᠲᠠ᠎ᠶᠢ ᠲᠠᠰᠤᠷᠠᠯᠳᠠ ᠦᠭᠡᠢ ᠬᠤᠷᠠᠮᠳᠤᠭᠤᠯᠤᠨ ᠶᠡᠬᠡ ᠢᠯᠠᠯᠲᠠ ᠪᠣᠯᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠨ᠎ᠠ》᠃
ᠬᠥᠮᠦᠨ᠎ᠦ ᠶᠢᠷᠲᠢᠨᠴᠦ᠎ᠶᠢᠨ ᠵᠥᠪ ᠵᠠᠮ᠎ᠢᠶᠠᠷ ᠵᠠᠮᠨᠠᠵᠤ᠂ ᠰᠢᠳᠤᠷᠭᠤ ᠶᠣᠰᠣᠨ᠎ᠤ ᠦᠢᠯᠡᠰ᠎ᠢ ᠪᠦᠲᠦᠭᠡᠵᠦ᠍᠂ ᠲᠡᠦᠬᠡ ᠪᠠ ᠠᠷᠠᠳ ᠲᠦᠮᠡᠨ᠎ᠡᠴᠡ ᠳᠠᠭᠠᠭᠠᠯᠭᠠᠭᠰᠠᠨ ᠬᠦᠨᠳᠦ ᠡᠭᠦᠷᠭᠡ᠎ᠶᠢ ᠡᠭᠦᠷᠭᠡᠯᠡᠵᠦ᠍ ᠪᠠᠶ᠋ᠢᠨ᠎ᠠ᠃
ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ᠂ ᠰᠢ ᠵᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶ᠎ᠠ ᠶᠢᠨ ᠲᠣᠭᠣᠷᠢᠨ ᠳᠤ ᠨᠡᠩ ᠨᠢᠭᠲᠠᠷᠠᠨ ᠪᠦᠯᠬᠦᠮᠳᠡᠵᠦ᠍ ᠂ ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠨᠠᠮ᠎ᠤᠨ ᠰᠢᠯᠢᠳᠡᠭ ᠣᠨᠴᠠᠯᠢᠭ᠎ᠢ ᠲᠠᠰᠤᠷᠠᠯᠲᠠ ᠦᠭᠡᠢ ᠪᠠᠳᠠᠷᠠᠭᠤᠯᠤᠨ ᠬᠥᠭᠵᠢᠭᠦᠯᠪᠡᠯ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠯᠠᠪᠲᠠᠢ ᠨᠡᠩ ᠰᠢᠯᠢᠳᠡᠭ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠠᠤᠭ᠎ᠠ ᠬᠠᠷᠠᠯᠲᠠ ᠯᠠᠪᠲᠠᠢ ᠪᠡᠶᠡᠯᠡᠭᠳᠡᠵᠦ᠍ ᠴᠢᠳᠠᠨ᠎ᠠ᠃
(ᠰᠢᠨᠬᠤᠸᠠ ᠬᠣᠷᠢᠶ᠎ᠠ᠎ᠶᠢᠨ ᠪᠡᠭᠡᠵᠢᠩ᠎ᠤᠨ ᠴᠠᠬᠢᠯᠭᠠᠨ ᠮᠡᠳᠡᠭᠡ)