ᠣᠶ᠋ᠢᠷ᠎ᠠ ᠳ᠋ᠤ᠂ ᠤᠯᠤᠰ ᠤ᠋ᠨ ᠡᠨᠧᠷᠭᠢ ᠶ᠋ᠢᠨ ᠲᠣᠪᠴᠢᠶ᠎ᠠ ᠶ᠋ᠢᠨ ᠴᠣᠬᠣᠯᠠᠪᠤᠷᠢ ᠪᠡᠷ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠥᠪ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠠᠷᠠᠯᠵᠢᠶ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠥᠪᠰᠢᠶᠡᠷᠡᠯ ᠢ᠋ ᠤᠯᠵᠤ᠂ ᠪᠥᠬᠥ᠌ ᠤᠯᠤᠰ ᠤ᠋ᠨ ᠳᠥᠷᠪᠡᠳᠦᠭᠡᠷ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠠᠷᠠᠯᠵᠢᠶᠠᠨ ᠤ᠋ ᠲᠠᠪᠴᠠᠩ ᠪᠣᠯᠤᠭᠰᠠᠨ ᠪᠥᠭᠡᠳ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠠᠷᠠᠯᠵᠢᠶ᠎ᠠ ᠪᠠ ᠪᠤᠬᠢᠷᠲᠤᠯ ᠦᠭᠡᠢ ᠴᠠᠬᠢᠯᠭᠠᠨ ᠤ᠋ ᠠᠷᠠᠯᠵᠢᠶ᠎ᠠ ᠵᠢ ᠬᠠᠮᠲᠤ ᠳ᠋ᠤᠨᠢ ᠵᠣᠬᠢᠶᠠᠨ ᠪᠠᠶ᠋ᠢᠭᠤᠯᠵᠤ ᠪᠣᠯᠬᠤ ᠠᠩᠬᠠᠳᠠᠭᠴᠢ ᠮᠤᠵᠢ ᠶ᠋ᠢᠨ ᠱᠠᠲᠤᠨ ᠤ᠋ ᠴᠠᠬᠢᠯᠭᠠᠨ ᠬᠦᠴᠦᠨ ᠤ᠋ ᠠᠷᠠᠯᠵᠢᠶᠠᠨ ᠤ᠋ ᠪᠠᠶ᠋ᠢᠭᠤᠯᠤᠮᠵᠢ ᠪᠣᠯᠤᠭᠰᠠᠨ ᠪᠠᠶ᠋ᠢᠨ᠎ᠠ᠃
ᠤᠯᠤᠰ ᠤ᠋ᠨ ᠡᠨᠧᠷᠭᠢ ᠶ᠋ᠢᠨ ᠲᠣᠪᠴᠢᠶ᠎ᠠ ᠶ᠋ᠢᠨ ᠲᠣᠭ᠎ᠠ ᠪᠠᠷᠢᠮᠲᠠ ᠳ᠋ᠤ ᠬᠠᠷᠠᠭᠤᠯᠤᠬᠰᠠᠨ ᠢ᠋ᠶ᠋ᠡᠷ᠂ 2025 ᠣᠨ ᠳ᠋ᠤ᠂ ᠥᠪᠥᠷ ᠮᠣᠩᠭᠣᠯ ᠤ᠋ᠨ ᠬᠢᠨᠠᠨ ᠣᠯᠭᠣᠭᠰᠠᠨ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠶᠡᠷᠦᠩᠬᠡᠶ ᠬᠡᠮᠵᠢᠶ᠎ᠡ ᠪᠥᠬᠥ᠌ ᠤᠯᠤᠰ ᠤ᠋ᠨ ᠭᠤᠷᠪᠠᠳᠤᠭᠠᠷ ᠲᠦ᠍ ᠵᠢᠬᠰᠠᠵᠤ᠂ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠠᠷᠠᠯᠵᠢᠶᠠᠨ ᠤ᠋ ᠶᠡᠷᠦᠩᠬᠡᠶ ᠬᠡᠮᠵᠢᠶ᠎ᠡ ᠪᠥᠬᠥ᠌ ᠤᠯᠤᠰ ᠤ᠋ᠨ ᠲᠦᠷᠦᠬᠦᠨ ᠳ᠋ᠤ ᠲᠤᠳᠤᠷᠠᠵᠤ᠂ ᠪᠣᠬᠢᠷᠲᠤᠯ ᠥᠬᠡᠶ ᠴᠠᠬᠢᠯᠭᠠᠨ ᠤ᠋ ᠦᠢᠯᠡᠳᠪᠦᠷᠢᠯᠡᠯ ᠪᠠ ᠬᠡᠷᠡᠭᠯᠡᠭᠡᠨ ᠤ᠋ ᠬᠦᠷᠢᠶᠡᠨ ᠳ᠋ᠡᠬᠢ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ᠌ ᠦᠢᠯᠡᠳᠦᠯ ᠲᠣᠪᠣᠶ᠋ᠢᠮᠠ ᠪᠠᠶ᠋ᠢᠨ᠎ᠠ᠃ ᠡᠨᠡ ᠵᠢᠯ᠂ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠶᠡᠷᠦᠩᠬᠡᠶ ᠲᠥᠰᠦᠯ》ᠳ᠋ᠤ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠥᠪ ᠤ᠋ᠨ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠠᠷᠠᠯᠵᠢᠶ᠎ᠠ ᠪᠠ ᠭᠡᠷᠡᠴᠢᠯᠡᠯ ᠤ᠋ᠨ ᠣᠯᠠᠨ ᠤᠯᠤᠰ ᠤ᠋ᠨ ᠬᠠᠮᠲᠤᠷᠠᠯᠴᠠᠭ᠎ᠠ ᠥᠷᠨᠢᠭᠦᠯᠬᠦ᠌ ᠵᠢ ᠳᠡᠮᠵᠢᠨ᠎ᠡ ᠭᠡᠵᠦ᠍ ᠳᠤᠷᠠᠳᠪᠠ ᠃
ᠲᠠᠷᠠᠭᠠᠴᠢ ᠪᠡᠷ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠥᠪ ᠤ᠋ᠨ ᠬᠢᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ ᠤ᠋ᠨ ᠬᠦᠷᠢᠶᠡᠨ ᠳ᠋ᠡᠬᠢ ᠰᠢᠨ᠎ᠡ ᠵᠢ ᠡᠭᠦᠳᠬᠦ ᠪᠠᠨ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠣᠷᠣᠨ ᠤ᠋ ᠳᠣᠲᠣᠷᠠᠬᠢ ᠲᠥᠯᠥᠭᠡᠯᠡᠬᠦ᠌ ᠴᠢᠨᠠᠷᠲᠠᠶ ᠠᠵᠤ ᠠᠬᠤᠶ᠋ᠢᠯᠠᠯ ᠢ᠋ ᠢᠳᠡᠪᠬᠢᠲᠡᠶ ᠪᠡᠷ ᠵᠣᠬᠢᠶᠠᠨ ᠪᠠᠶ᠋ᠢᠭᠤᠯᠤᠨ ᠲᠦᠷᠦᠬᠦᠤ ᠪᠦᠯᠦᠭ ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ ᠤ᠋ᠨ ᠠᠷᠠᠯᠵᠢᠶ᠎ᠠ ᠵᠢ ᠲᠦᠷᠭᠡᠳᠬᠡᠨ ᠪᠡᠶᠡᠯᠡᠭᠦᠯᠵᠦ᠍᠂ ᠪᠦᠬᠦ᠌ ᠣᠷᠣᠨ ᠤ᠋ ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ ᠤ᠋ᠨ ᠠᠷᠠᠯᠵᠢᠶᠠᠨ ᠤ᠋ ᠲᠤᠬᠠᠶ᠋ᠢᠯᠠᠭᠰᠠᠨ ᠠᠵᠢᠯ ᠢ᠋ ᠵᠢᠩᠬᠢᠨᠢ ᠪᠡᠷ ᠡᠬᠢᠯᠡᠭᠦᠯᠦᠨ᠎ᠡ᠃ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠬᠢᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ ᠤ᠋ᠨ ᠨᠢᠭᠡ ᠴᠣᠭᠴᠠᠵᠢᠭᠰᠠᠨ ᠲᠠᠪᠴᠠᠩ ᠤ᠋ᠨ ᠦᠢᠯᠡᠴᠢᠯᠡᠭᠡᠨ ᠤ᠋ ᠰᠠᠭᠤᠷᠢ ᠳ᠋ᠤ ᠲᠦᠰᠢᠭᠯᠡᠨ᠂ ᠳᠡᠭᠡᠳᠦ ᠲᠠᠰ ᠤ᠋ᠨ᠂ ᠭᠠᠳᠠᠭᠠᠳᠤ ᠭᠠᠷᠭᠠᠯᠲᠠ ᠶ᠋ᠢᠨ ᠠᠵᠤ ᠠᠬᠤᠶ᠋ᠢᠯᠠᠯ ᠤ᠋ᠨ 100% ᠶ᠋ᠢᠨ ᠪᠣᠬᠢᠷᠲᠤᠯ ᠥᠬᠡᠶ ᠴᠠᠬᠢᠯᠭᠠᠨ ᠤ᠋ ᠬᠡᠷᠡᠭᠯᠡᠭᠡ ᠵᠢ ᠪᠡᠶᠡᠯᠡᠭᠦᠯᠬᠦ᠌ ᠳ᠋ᠤ ᠬᠦᠴᠦᠨ ᠨᠡᠮᠡᠷᠢᠯᠡᠵᠦ᠍᠂ ᠬᠡᠷᠡᠭᠯᠡᠭᠡ ᠶ᠋ᠢᠨ ᠮᠡᠳᠡᠭᠡ ᠵᠠᠩᠭᠢ ᠵᠢ ᠠᠵᠤ ᠠᠬᠤᠶ᠋ᠢᠯᠠᠯ ᠤ᠋ᠨ ᠪᠣᠬᠢᠷᠲᠤᠯ ᠥᠬᠡᠶ ᠴᠠᠬᠢᠯᠭᠠᠨ ᠤ᠋ ᠬᠡᠷᠡᠭᠯᠡᠭᠡ ᠶ᠋ᠢᠨ ᠡᠵᠡᠯᠡᠬᠦ᠌ ᠬᠠᠷᠢᠴᠠᠯ᠂ ᠦᠢᠯᠡᠳᠬᠦᠨ ᠤ᠋ ᠨᠡᠭᠦᠷᠡᠰᠦᠳᠦ᠋ᠷᠦᠭᠴᠢ ᠶ᠋ᠢᠨ ᠤᠯᠠ ᠮᠥᠷ᠂ ᠨᠡᠭᠦᠷᠡᠰᠦᠳᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠣᠭᠣᠷᠢᠭ ᠵᠡᠷᠭᠡ ᠭᠡᠷᠡᠴᠢᠯᠡᠯ ᠤ᠋ᠨ ᠬᠦᠷᠢᠶ᠎ᠡ ᠴᠠᠷᠠᠭ᠎ᠠ ᠳ᠋ᠤ ᠬᠡᠷᠡᠭᠯᠡᠬᠦ᠌ ᠶ᠋ᠢᠨ ᠬᠠᠮᠲᠤ᠌᠂ ᠬᠠᠮᠢᠶ᠎ᠠ ᠪᠥᠬᠥᠶ ᠭᠡᠷᠡᠴᠢᠯᠡᠯ ᠤ᠋ᠨ ᠪᠠᠶ᠋ᠢᠭᠤᠯᠤᠮᠵᠢ ᠲᠠᠢ ᠬᠠᠮᠲᠤᠷᠠᠯᠴᠠᠨ ᠭᠡᠷᠡᠴᠢᠯᠡᠯ ᠤ᠋ᠨ ᠦᠷ᠎ᠡ ᠳ᠋ᠦᠩ ᠢ᠋ ᠣᠯᠠᠨ ᠤᠯᠤᠰ ᠬᠠᠷᠢᠯᠴᠠᠨ ᠮᠡᠳᠡᠷᠡᠬᠦ᠌ ᠵᠢ ᠠᠬᠢᠭᠤᠯᠵᠤ᠂ ᠥᠪᠥᠷ ᠮᠣᠩᠭᠣᠯ ᠤ᠋ᠨ ᠰᠢᠨ᠎ᠡ ᠡᠨᠧᠷᠭᠢ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠢ᠋ ᠠᠵᠤ ᠦᠢᠯᠡᠰ ᠤ᠋ᠨ ᠪᠣᠬᠢᠷᠲᠤᠯ ᠥᠬᠡᠶ ᠬᠥᠭᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠵᠢ ᠲᠦᠷᠭᠡᠳᠬᠡᠨ᠎ᠡ᠃