ᠣᠢᠷᠠᠳᠤ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠦᠷᠡ ᠶ᠋ᠢᠨ ᠴᠢᠫ〉 ᠤ᠋ᠨ ᠢᠨᠵᠧᠨᠧᠷᠢᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠡᠨ᠋ᠸᠷᠬᠢ ᠤᠯᠭᠤᠬᠤ ᠠᠵᠢᠯᠯᠠᠭᠠᠨ ᠤ᠋ ᠲᠥᠯᠥᠪᠯᠡᠭᠡ (2026 — 2030 ᠣᠨ)》 ᠶ᠋ᠢ ᠳᠠᠷᠤᠮᠠᠯᠯᠠᠨ ᠲᠠᠷᠬᠠᠭᠠᠪᠠ᠃
ᠠᠵᠢᠯᠯᠠᠭᠠᠨ ᠤ᠋ ᠲᠥᠯᠥᠪᠯᠡᠭᠡ ᠨᠢ ᠦᠷᠡ ᠡᠳ᠋ ᠤ᠋ᠨ ᠡᠬᠢ ᠪᠠᠶᠠᠯᠢᠭᠢ ᠬᠠᠮᠠᠭᠠᠯᠠᠵᠤ ᠬᠢᠨᠠᠨ ᠲᠣᠭ᠍ᠲᠠᠭᠠᠬᠤ ᠪᠠ ᠭᠧᠨ ᠢ᠋ ᠠᠭᠤᠳᠠᠯᠬᠤᠲᠠᠶ ᠤᠶᠠᠯᠳᠤᠭᠤᠯᠤᠨ᠂ ᠣᠨᠴᠠᠯᠢᠭ᠍ᠲᠤ ᠦᠷᠡ ᠡᠳ᠋ ᠤ᠋ᠨ ᠡᠬᠢ ᠪᠠᠶᠠᠯᠢᠭᠢ ᠬᠠᠮᠢᠶᠠᠷᠴᠤ᠌ ᠬᠠᠮᠠᠭᠠᠯᠠᠬᠤ ᠠᠵᠢᠯᠢ ᠨᠢᠭᠡᠳᠦᠯᠲᠡᠶ ᠲᠥᠯᠥᠪᠯᠡᠬᠦ ᠪᠡᠷ ᠲᠥᠯᠥᠪᠯᠡᠵᠦ᠍ ᠪᠤᠢ᠃ ᠮᠥᠬᠥᠬᠦ᠌ ᠱᠢᠬᠠᠭ᠍ᠰᠠᠨ ᠬᠣᠪᠣᠷ ᠴᠤᠬᠠᠭ ᠦᠷᠡ ᠡᠳ᠋ᠢ ᠲᠦᠷᠭᠡᠨ ᠠᠪᠤᠷᠠᠬᠤ ᠴᠢᠨᠠᠷᠲᠠᠢ ᠬᠠᠮᠠᠭᠠᠯᠠᠯᠲᠠ ᠥᠷᠨᠢᠭᠦᠯᠵᠦ᠍᠂ 3 — 5 ᠮᠤᠵᠢ ᠣᠷᠣᠨ ᠤ᠋ ᠲᠡᠰ ᠤ᠋ᠨ ᠦᠷᠡ ᠡᠳ᠋ ᠤ᠋ᠨ ᠡᠬᠢ ᠪᠠᠶᠠᠯᠢᠭ ᠤ᠋ᠨ ᠬᠥᠮᠥᠷᠭᠡ ᠶ᠋ᠢ ᠪᠦᠲᠦᠭᠡᠨ ᠪᠠᠢᠭᠤᠯᠵᠤ᠂ ᠲᠠᠷᠢᠮᠠᠯ ᠤ᠋ᠨ ᠦᠷᠡ ᠡᠳ᠋ ᠤ᠋ᠨ ᠬᠢᠨᠠᠨ ᠲᠣᠭ᠍ᠲᠠᠭᠠᠯᠲᠠ ᠶ᠋ᠢ ᠲᠦᠮᠡᠨ ᠬᠤᠪᠢᠠᠴᠠ ᠳᠡᠭᠡᠭ᠌ᠰᠢ ᠪᠡᠶᠡᠯᠡᠭᠦᠯᠦᠨᠡ; ᠣᠶᠤᠨᠴᠢᠯᠠᠭ᠍ᠰᠠᠨ ᠬᠢᠨᠠᠨ ᠲᠣᠭ᠍ᠲᠠᠭᠠᠬᠤ ᠲᠠᠪᠴᠠᠩᠢ ᠪᠠᠢᠭᠤᠯᠵᠤ᠂ 8 — 10 ᠦᠷᠡ ᠡᠳ᠋ ᠤ᠋ᠨ ᠳ᠋ᠠᠢᠲ᠋ᠠ ᠬᠥᠮᠥᠷᠭᠡ ᠶ᠋ᠢ ᠪᠠᠢᠭᠤᠯᠤᠨ᠂ ᠪᠥᠬᠥ᠌ ᠭᠧᠨᠦ ᠪᠦᠯᠦᠭ᠌ᠯᠡᠯ ᠤ᠋ᠨ ᠵᠠᠳᠠᠯᠤᠯᠲᠠᠪᠠᠷ ᠳᠠᠮᠵᠢᠨ 30 — 50 ᠱᠢᠯᠢᠳᠡᠭ ᠴᠢᠳᠠᠮᠵᠢ ᠶ᠋ᠢᠨ ᠭᠧᠨᠢ ᠠᠭᠤᠳᠠᠯᠵᠤ᠂ 20 — 30 ᠱᠢᠯᠢᠳᠡᠭ ᠡᠭᠦᠯᠳᠡᠷ ᠪᠣᠢᠵᠢᠭᠤᠯᠬᠤ ᠪᠦᠯᠬᠦᠮᠢ ᠡᠭᠦᠳᠦᠨ ᠪᠠᠢᠭᠤᠯᠵᠤ᠂ ᠦᠷᠡ ᠶ᠋ᠢᠨ ᠦᠶ᠋ᠯᠡᠰ ᠤ᠋ᠨ ᠡᠬᠢ ᠡᠭᠦᠰᠦᠯ ᠤ᠋ᠨ ᠱᠢᠨᠡ ᠶ᠋ᠢ ᠡᠭᠦᠳᠬᠦ᠌ ᠰᠠᠭᠤᠷᠢ ᠶ᠋ᠢ ᠪᠡᠬᠢᠵᠢᠭᠦᠯᠦᠨᠡ᠃
2030 ᠣᠨ ᠪᠣᠯᠬᠤᠳᠤ᠂ ᠥᠪᠥᠷ ᠮᠣᠩᠭᠣᠯ ᠡᠭᠦᠯᠳᠡᠷ ᠪᠣᠢᠵᠢᠭᠤᠯᠬᠤ 10 ᠵᠦᠶ᠋ᠯ ᠡᠴᠡ ᠳᠡᠭᠡᠭ᠌ᠰᠢ ᠭᠤᠤᠯᠯᠠᠬᠤ ᠮᠡᠷᠭᠡᠵᠢᠯᠢ ᠱᠢᠪᠲᠤᠯᠵᠤ᠂ ᠪᠡᠶᠡ ᠪᠡᠨ ᠳᠠᠭᠠᠭᠠᠨ 15 ᠲᠥᠷᠥᠯ ᠵᠦᠶ᠋ᠯ ᠡᠴᠡ ᠳᠡᠭᠡᠭ᠌ᠰᠢ ᠰᠢᠨᠡ ᠡᠭᠦᠯᠳᠡᠷ ᠢ᠋ ᠪᠤᠢᠵᠢᠭᠤᠯᠤᠨ᠂ ᠲᠤᠬᠠᠢ ᠵᠢᠨ ᠭᠠᠵᠠᠷ ᠣᠷᠣᠨ ᠤ᠋ ᠡᠭᠦᠯᠳᠡᠷ ᠤ᠋ᠨ ᠲᠥᠷᠥᠯ ᠵᠦᠶ᠋ᠯ ᠤ᠋ᠨ ᠣᠷᠣᠨ ᠪᠦᠰᠡ ᠶ᠋ᠢᠨ ᠡᠵᠡᠯᠡᠬᠦ᠌ ᠨᠣᠷᠮᠠ ᠶ᠋ᠢ 5 — 10 ᠬᠤᠪᠢ ᠪᠡᠷ ᠳᠡᠭᠡᠭ᠌ᠰᠢᠯᠡᠭᠦᠯᠵᠦ᠍᠂ ᠡᠯᠡ ᠱᠠᠲᠤᠨ ᠤ᠋ ᠡᠭᠦᠯᠳᠡᠷ ᠪᠣᠢᠵᠢᠭᠤᠯᠬᠤ ᠲᠠᠪᠴᠠᠩᠢ 15 ᠡᠴᠡ ᠳᠡᠭᠡᠭ᠌ᠰᠢ ᠪᠠᠢᠭᠤᠯᠤᠨ᠂ ᠤᠯᠤᠰ ᠤ᠋ᠨ ᠳᠣᠲᠣᠭᠠᠳᠤ ᠶ᠋ᠢᠨ ᠲᠡᠷᠢᠭᠦᠨᠦ ᠦᠷᠡ ᠶ᠋ᠢᠨ ᠦᠶ᠋ᠯᠡᠰ ᠤ᠋ᠨ ᠱᠢᠨᠡ ᠶ᠋ᠢ ᠡᠭᠦᠳᠬᠦ᠌ ᠪᠦᠯᠬᠦᠮ ᠢ᠋ 10᠂ ᠳᠠᠭᠠᠭᠤᠯᠤᠭ᠍ᠴᠢ ᠦᠷᠡ ᠶ᠋ᠢᠨ ᠦᠶ᠋ᠯᠡᠰ ᠤ᠋ᠨ ᠠᠵᠤ ᠠᠬᠤᠢᠯᠠᠯ ᠢ᠋ 15 ᠪᠠᠢᠭᠤᠯᠵᠤ᠂ ᠳᠠᠪᠠᠭᠤᠯᠢᠭ ᠤᠨᠴᠠᠯᠢᠭ᠍ᠳᠤ ᠠᠵᠤ ᠦᠶ᠋ᠯᠡᠰ ᠤ᠋ᠨ ᠪᠦᠯᠦᠭ᠌ᠵᠢᠯ ᠢ᠋ 10 ᠶ᠋ᠢ ᠪᠣᠢᠵᠢᠭᠤᠯᠤᠨ᠂ ᠪᠥᠬᠥ᠌ ᠬᠡᠯᠬᠢᠶᠡᠨ ᠤ᠋ ᠠᠮᠢᠳᠤ ᠪᠣᠳᠠᠰ ᠤ᠋ᠨ ᠡᠭᠦᠯᠳᠡᠷ ᠪᠣᠢᠵᠢᠭᠤᠯᠬᠤ ᠱᠢᠨᠡ ᠶ᠋ᠢ ᠡᠭᠦᠳᠬᠦ᠌ ᠱᠢᠰᠲ᠋ᠧᠮᠢ᠋ ᠪᠠᠢᠭᠤᠯᠬᠤ ᠪᠤᠯᠤᠨᠠ᠃