ᠳᠡᠭᠡᠷ᠎ᠠ ᠬᠠᠭᠠᠰ ᠵᠢᠯ᠎ᠳᠦ ᠮᠠᠨ᠎ᠤ ᠤᠯᠤᠰ᠎ᠤᠨ CPI ᠳᠡᠭᠡᠷ᠎ᠠ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 1.0%᠎ᠢ᠋ᠢᠡᠷ ᠨᠡᠮᠡᠭᠳᠡᠪᠡ
2026-07-13 11:22:14
ᠵᠣᠬᠢᠶᠠᠭ᠍ᠴᠢ᠄
ᠸᠠᠩ ᠢᠦᠢ ᠰᠢᠶᠤᠤ
ᠣᠩᠱᠢᠭ᠍ᠰᠠᠨ ᠣᠳᠠᠭ᠎ᠠ᠄
★★★☆☆

ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ 7 ᠰᠠᠷ᠎ᠠ᠎ᠶᠢᠨ 9 ᠤ᠋ ᠡᠳᠦᠷ ᠨᠡᠶ᠋ᠢᠲᠡᠯᠡᠭᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠦᠬᠦ᠌ ᠤᠯᠤᠰ᠎ᠤᠨ ᠰᠠᠭᠤᠭᠠᠯᠢ ᠠᠷᠠᠳ᠎ᠤᠨ ᠬᠡᠷᠡᠭᠯᠡᠭᠡᠨ᠎ᠦ ᠦᠨ᠎ᠡ ᠬᠠᠩᠰᠢ᠎ᠶᠢᠨ ᠵᠢᠭᠠᠯᠲᠠ ᠲᠣᠭ᠎ᠠ (CPI) ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 1.0% ᠢ᠋ᠢᠡᠷ ᠨᠡᠮᠡᠭᠳᠡᠪᠡ; 6 ᠰᠠᠷ᠎ᠠ᠎ᠳᠤ᠂ CPI ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 1.0% ᠎ᠢ᠋ᠢᠡᠷ ᠨᠡᠮᠡᠭᠳᠡᠵᠤ᠂ ᠳᠡᠭᠡᠷ᠎ᠠ ᠰᠠᠷ᠎ᠠ ᠵᠢᠨ ᠬᠢ ᠡᠴᠡ 0.3% ᠎ᠪᠠᠷ ᠪᠠᠭᠤᠷᠠᠪᠠ᠂ ᠢᠳᠡᠭᠡᠨ᠎ᠦ ᠵᠦᠢᠯ ᠪᠠ ᠡᠨᠧᠷᠭᠢ᠎ᠶᠢᠨ ᠦᠨ᠎ᠡ ᠬᠠᠩᠰᠢ ᠵᠢ ᠬᠠᠰᠤᠭᠰᠠᠨ ᠭᠤᠤᠯᠯᠠᠬᠤ  CPI ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 1.0%᠎ᠢ᠋ᠢᠡᠷ ᠨᠡᠮᠡᠭᠳᠡᠵᠤ᠂ ᠦᠷᠭᠦᠯᠵᠢᠯᠡᠨ ᠲᠣᠭᠲᠠᠭᠤᠨ᠎ᠢᠶᠠᠷ ᠨᠡᠮᠡᠭᠳᠡᠬᠦ ᠵᠢ ᠪᠠᠳᠤᠯᠠᠪᠠ᠃

ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠬᠣᠲᠠ᠎ᠶᠢᠨ ᠵᠤᠷᠭᠠᠨ᠎ᠤ ᠲᠡᠷᠢᠭᠦᠨ ᠪᠦᠷᠢᠳᠬᠡᠭᠴᠢ ᠳ᠋ᠦᠩ ᠯᠢ ᠵᠢᠤᠸᠠᠨ ᠤ᠋ ᠵᠠᠳᠠᠯᠤᠭᠰᠠᠨ ᠵᠢᠡᠷ᠂ CPI ᠳᠡᠭᠡᠷ᠎ᠠ ᠰᠠᠷ᠎ᠠ ᠵᠢᠨ ᠬᠢ ᠡᠴᠡ 0.3% ᠪᠡᠷ ᠪᠠᠭᠤᠷᠠᠭᠰᠠᠨ ᠨᠢ ᠭᠤᠤᠯᠳᠠᠭᠤ ᠤᠯᠠᠷᠢᠯ᠎ᠤᠨ ᠴᠢᠨᠠᠷᠲᠠᠶ ᠬᠦᠴᠦᠨ ᠵᠦᠢᠯ ᠪᠠ ᠣᠯᠠᠨ ᠤᠯᠤᠰ᠎ᠤᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠬᠡᠯᠪᠡᠯᠵᠡᠯᠲᠡ ᠵᠡᠷᠭᠡ ᠬᠦᠴᠦᠨ ᠵᠦᠢᠯ᠎ᠦᠨ ᠨᠥᠯᠥᠭᠡ᠎ᠡᠴᠡ ᠪᠣᠯᠵᠠᠶ᠃ ᠪᠣᠳᠠᠲᠠᠶ᠎ᠪᠠᠷ ᠦᠵᠡᠪᠡᠯ᠂ ᠢᠳᠡᠭᠡᠨ᠎ᠦ ᠵᠦᠢᠯ ᠤ᠋ᠨ ᠦᠨ᠎ᠡ ᠬᠠᠩᠰᠢ 0.4% ᠎ᠪᠠᠷ ᠪᠠᠭᠤᠷᠠᠵᠤ᠂ ᠤᠯᠠᠷᠢᠯ ᠲᠠᠭᠠᠬᠰᠠᠨ ᠵᠢᠮᠢᠰ ᠢᠳᠡᠰᠢᠨ ᠨᠣᠭᠣᠭ᠎ᠠ ᠵᠡᠷᠭᠡ ᠶᠡᠬᠡ ᠬᠡᠮᠵᠢᠶ᠎ᠡ᠎ᠪᠡᠷ ᠵᠠᠬ᠎ᠠ ᠳᠡᠯᠭᠡᠭᠦᠷ᠎ᠲᠦ᠍ ᠭᠠᠷᠴᠤ᠌᠂ ᠵᠠᠬ᠎ᠠ ᠳᠡᠯᠭᠡᠭᠦᠷ᠎ᠦᠨ ᠬᠠᠩᠭᠠᠯᠭ᠎ᠠ ᠭᠦᠢᠴᠡᠳ ᠪᠠᠶ᠋ᠢᠵᠤ᠂ ᠰᠢᠨ᠎ᠠ ᠰᠣᠷᠭᠣᠭ ᠨᠣᠭᠣᠭ᠎ᠠ ᠪᠠ  ᠵᠢᠮᠢᠰ᠎ᠦᠨ ᠦᠨ᠎ᠡ ᠲᠣᠰ ᠲᠣᠰ 1.0% ᠪᠠ 2.0% ᠎ᠢ᠋ᠢᠡᠷ ᠪᠠᠭᠤᠷᠠᠵᠤ᠂ ᠨᠡᠢᠯᠡᠭᠡᠳ CPI  ᠵᠢ ᠳᠡᠭᠡᠷ᠎ᠠ ᠰᠠᠷ᠎ᠠ ᠵᠢᠨ ᠬᠢ ᠡᠴᠡ ᠵᠠᠭᠤᠨ ᠤ᠋ ᠬᠠᠷᠢᠴᠠᠯ ᠵᠢᠡᠷ ᠪᠠᠷᠤᠭ 0.06 ᠬᠤᠪᠢ ᠪᠠᠭᠤᠷᠠᠭᠤᠯᠪᠠ; ᠤᠯᠠᠨ ᠤᠯᠤᠰ ᠤ᠋ᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠬᠡᠯᠪᠡᠯᠵᠡᠯᠳᠡ ᠵᠢᠨ ᠨᠥᠯᠥᠭᠡ᠎ᠡᠴᠡ ᠪᠣᠯᠵᠣ᠂ ᠤᠯᠤᠰ᠎ᠤᠨ ᠳᠣᠲᠣᠭᠠᠳᠤ᠎ᠶᠢᠨ ᠠᠯᠲᠠᠨ ᠵᠠᠰᠠᠯ ᠴᠢᠮᠡᠭ ᠪᠠ ᠴᠢᠶᠢᠦ ᠲᠣᠰᠣᠨ᠎ᠤ ᠦᠨ᠎ᠡ ᠬᠠᠩᠰᠢ ᠲᠣᠰ ᠲᠣᠰ 8.7% ᠪᠠ 4.9% ᠪᠡᠷ ᠪᠠᠭᠤᠷᠠᠵᠤ᠂ ᠪᠠᠭᠤᠷᠠᠯᠲᠠ᠎ᠶᠢᠨ ᠬᠡᠮᠵᠢᠶ᠎ᠡ ᠨᠢ ᠳᠡᠭᠡᠷ᠎ᠠ ᠰᠠᠷ᠎ᠠ᠎ᠶᠢᠨ ᠬᠢ᠎ᠡᠴᠡ ᠲᠣᠰ ᠲᠣᠰ ᠵᠠᠭᠤᠨ ᠤ᠋ ᠬᠠᠷᠢᠴᠠᠯ ᠵᠢᠡᠷ 5.9 ᠪᠠ 4.6 ᠬᠤᠪᠢ ᠨᠡᠮᠡᠭᠳᠡᠵᠤ᠂ ᠨᠡᠢᠯᠡᠭᠡᠳ CPI ᠵᠢ ᠳᠡᠭᠡᠷ᠎ᠠ ᠰᠠᠷ᠎ᠠ ᠵᠢᠨ ᠬᠢ ᠡᠴᠡ ᠵᠠᠭᠤᠨ ᠤ᠋ ᠬᠠᠷᠢᠴᠠᠯ ᠵᠢᠡᠷ ᠪᠠᠷᠤᠭ 0.22 ᠬᠤᠪᠢ ᠪᠠᠭᠤᠷᠠᠭᠤᠯᠪᠠ᠃

《ᠣᠯᠠᠨ ᠤᠯᠤᠰ᠎ᠤᠨ ᠣᠷᠣᠭᠤᠯᠤᠯᠲᠠ᠎ᠶᠢᠨ ᠴᠢᠨᠠᠷᠲᠠᠶ ᠬᠦᠴᠦᠨ ᠵᠦᠢᠯ ᠵᠡᠷᠭᠡ ᠨᠢ ᠤᠯᠤᠰ᠎ᠤᠨ ᠳᠣᠲᠣᠭᠠᠳᠤ᠎ᠶᠢᠨ ᠠᠵᠤ ᠦᠢᠯᠡᠳᠪᠦᠷᠢ᠎ᠶᠢᠨ ᠬᠡᠷᠡᠭᠯᠡᠭᠡᠨ᠎ᠦ ᠵᠦᠢᠯ᠎ᠦᠨ ᠦᠨ᠎ᠡ ᠬᠠᠩᠰᠢ᠎ᠶᠢᠨ ᠥᠰᠥᠯᠲᠡ᠎ᠶᠢᠨ ᠬᠡᠮᠵᠢᠶ᠎ᠡ᠎ᠶᠢ ᠪᠠᠭᠤᠷᠠᠭᠤᠯᠵᠤ᠂ ᠠᠵᠤ ᠦᠢᠯᠡᠳᠪᠦᠷᠢ᠎ᠶᠢᠨ ᠬᠡᠷᠡᠭᠯᠡᠭᠡᠨ᠎ᠦ ᠵᠦᠢᠯ᠎ᠦᠨ ᠦᠨ᠎ᠡ 2.9% ᠪᠡᠷ ᠥᠰᠴᠦ᠍᠂ ᠥᠰᠥᠯᠲᠡ᠎ᠶᠢᠨ ᠬᠡᠮᠵᠢᠶ᠎ᠡ ᠨᠢ ᠳᠡᠭᠡᠷ᠎ᠠ ᠰᠠᠷ᠎ᠠ᠎ᠶᠢᠨ ᠬᠢ᠎ᠡᠴᠡ ᠵᠠᠭᠤᠨ ᠤ᠋ ᠬᠠᠷᠢᠴᠠᠯ ᠵᠢᠡᠷ 1.0 ᠬᠤᠪᠢ ᠪᠠᠭᠤᠷᠠᠵᠤ᠂ CPI ᠵᠢ  ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ ᠡᠴᠡ ᠵᠠᠭᠤᠨ ᠤ᠋ ᠬᠠᠷᠢᠴᠠᠯ ᠵᠢᠡᠷ ᠪᠠᠷᠤᠭ 0.90 ᠬᠤᠪᠢ ᠨᠡᠮᠡᠭᠳᠡᠬᠦᠯᠵᠤ᠂ CPI ᠵᠢᠨ ᠥᠰᠥᠯᠲᠡ᠎ᠳᠦ ᠦᠵᠡᠭᠦᠯᠬᠦ᠌ ᠨᠥᠯᠥᠭᠡ ᠨᠢ ᠳᠡᠭᠡᠷ᠎ᠠ ᠰᠠᠷ᠎ᠠ᠎ᠶᠢᠨ ᠬᠢ᠎ᠡᠴᠡ ᠵᠠᠭᠤᠨ ᠤ᠋ ᠬᠠᠷᠢᠴᠠᠯ ᠵᠢᠡᠷ ᠪᠠᠷᠤᠭ 0.28 ᠬᠤᠪᠢ ᠪᠠᠭᠠᠰᠴᠠᠢ》 ᠭᠡᠵᠦ᠍ ᠳ᠋ᠦᠩ ᠯᠢ ᠵᠢᠤᠸᠠᠨ ᠬᠡᠯᠡᠪᠡ᠃

ᠡᠭᠦᠨ᠎ᠡᠴᠡ ᠭᠠᠳᠠᠨ᠎ᠠ᠂ ᠦᠢᠯᠡᠴᠢᠯᠡᠭᠡᠨ᠎ᠦ ᠦᠨ᠎ᠡ ᠬᠠᠩᠰᠢ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 0.8% ᠪᠡᠷ ᠨᠡᠮᠡᠭᠳᠡᠵᠤ᠂ ᠥᠰᠥᠯᠲᠡ᠎ᠶᠢᠨ ᠬᠡᠮᠵᠢᠶ᠎ᠡ ᠨᠢ ᠳᠡᠭᠡᠷ᠎ᠠ ᠰᠠᠷ᠎ᠠ᠎ᠶᠢᠨ ᠬᠢ᠎ᠲᠡᠶ ᠠᠳᠠᠯᠢ ᠪᠠᠶ᠋ᠢᠵᠤ᠂ CPI ᠵᠢ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ ᠡᠴᠡ ᠵᠠᠭᠤᠨ ᠤ᠋ ᠬᠠᠷᠢᠴᠠᠯ ᠵᠢᠡᠷ ᠪᠠᠷᠤᠭ 0.40 ᠬᠤᠪᠢ ᠨᠡᠮᠡᠭᠳᠡᠭᠦᠯᠪᠡ; ᠢᠳᠡᠭᠡᠨ᠎ᠦ ᠵᠦᠢᠯ᠎ᠦᠨ ᠦᠨ᠎ᠡ ᠬᠠᠩᠰᠢ 1.6% ᠪᠡᠷ ᠪᠠᠭᠤᠷᠠᠵᠤ᠂ ᠪᠠᠭᠤᠷᠠᠯᠲᠠ᠎ᠶᠢᠨ ᠬᠡᠮᠵᠢᠶ᠎ᠡ ᠨᠢ ᠳᠡᠭᠡᠷ᠎ᠠ ᠰᠠᠷ᠎ᠠ᠎ᠶᠢᠨ ᠬᠢ᠎ᠡᠴᠡ ᠵᠠᠭᠤᠨ ᠤ᠋ ᠬᠠᠷᠢᠴᠠᠯ ᠵᠢᠡᠷ 0.1 ᠬᠤᠪᠢ ᠪᠠᠭᠠᠰᠴᠤ᠌᠂ CPI ᠵᠢ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ ᠵᠠᠭᠤᠨ ᠤ᠋ ᠬᠠᠷᠢᠴᠠᠯ ᠵᠢᠡᠷ ᠪᠠᠷᠤᠭ 0.28 ᠬᠤᠪᠢ ᠪᠠᠭᠤᠷᠠᠭᠤᠯᠪᠠ᠃

ᠪᠦᠷᠢᠳᠬᠡᠭᠰᠡᠨ ᠲᠣᠭ᠎ᠠ ᠪᠠᠷᠢᠮᠲᠠ ᠡᠴᠡ ᠦᠵᠡᠪᠡᠯ᠂ 6 ᠰᠠᠷ᠎ᠠ᠎ᠳᠤ᠂ ᠤᠯᠤᠰ᠎ᠤᠨ ᠳᠣᠲᠣᠭᠠᠳᠤ᠎ᠶᠢᠨ ᠬᠡᠰᠡᠭ ᠠᠵᠢᠯ ᠲᠥᠷᠥᠯ᠎ᠦᠨ ᠬᠡᠷᠡᠭᠴᠡᠭᠡ ᠨᠡᠮᠡᠭᠳᠡᠭᠰᠡᠨ ᠪᠣᠯᠪᠠᠴᠤ᠌ ᠣᠯᠠᠨ ᠤᠯᠤᠰ᠎ᠤᠨ ᠲᠦᠭᠦᠬᠡᠶ ᠲᠣᠰᠣᠨ᠎ᠤ ᠦᠨ᠎ᠡ ᠬᠠᠩᠰᠢ ᠪᠠᠭᠤᠷᠠᠭᠰᠠᠨ ᠵᠡᠷᠭᠡ ᠬᠦᠴᠦᠨ ᠵᠦᠢᠯ᠎ᠦᠨ ᠨᠥᠯᠥᠭᠡ᠎ᠡᠴᠡ ᠪᠣᠯᠵᠣ᠂ ᠠᠵᠤ ᠦᠢᠯᠡᠳᠪᠦᠷᠢ᠎ᠶᠢᠨ ᠦᠢᠯᠡᠳᠪᠦᠷᠢᠯᠡᠭᠴᠢ᠎ᠶᠢᠨ ᠦᠢᠯᠡᠳᠪᠦᠷᠢ᠎ᠡᠴᠡ ᠭᠠᠷᠭᠠᠬᠤ ᠦᠨ᠎ᠡ ᠬᠠᠩᠰᠢ᠎ᠶᠢᠨ ᠢᠯᠡᠳᠬᠡᠭᠴᠢ ᠲᠣᠭ᠎ᠠ (PPI) ᠨᠢ ᠳᠡᠭᠡᠷ᠎ᠠ ᠰᠠᠷ᠎ᠠ ᠵᠢᠨ ᠬᠢ ᠡᠴᠡ 0.3% ᠪᠡᠷ ᠪᠠᠭᠤᠷᠠᠵᠤ᠂ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 4.1% ᠪᠡᠷ ᠨᠡᠮᠡᠭᠳᠡᠵᠠᠢ᠃

 (ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 9 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号