7 ᠰᠠᠷ᠎ᠠ᠎ᠶ᠋ᠢᠨ 7᠎ᠤ ᠡᠳᠦᠷ᠂ ᠰᠤᠷᠪᠤᠯᠵᠢᠯᠠᠭᠴᠢ ᠤᠯᠠᠭᠠᠨᠬᠠᠳᠠ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠡᠴᠡ ᠣᠶ᠋ᠢᠯᠠᠭᠠᠭᠰᠠᠨ᠎ᠢᠶᠠᠷ᠂ 2026 ᠣᠨ᠎ᠳᠤ ᠪᠥᠬᠦ᠌ ᠬᠤᠲᠠ᠎ᠳᠤ 265 ᠲᠦᠮᠡᠨ ᠮᠥ᠍ ᠲᠡᠵᠢᠭᠡᠯ ᠡᠪᠡᠰᠦ ᠳᠠᠷᠢᠬᠤ᠎ᠪᠠᠷ ᠲᠥᠯᠦᠪᠯᠡᠵᠦ᠍᠂ ᠣᠳᠤᠬᠠᠨ᠎ᠳᠤ ᠨᠢᠭᠡᠨᠲᠡ 238.6 ᠲᠦᠮᠡᠨ ᠮᠥ᠍ ᠵᠢ ᠲᠠᠷᠢᠵᠤ ᠲᠠᠭᠤᠰᠬᠠᠵᠤ᠂ ᠡᠬᠦᠨ ᠳ᠋ᠤ 218 ᠲᠦᠮᠡᠨ ᠮᠤ᠌ ᠬᠥᠬᠡ ᠳᠠᠷᠤᠰᠢ ᠵᠢᠨ ᠡᠷᠳᠡᠨᠢ ᠰᠢᠰᠢ᠂ 20.6 ᠲᠦᠮᠡᠨ ᠮᠥ᠍ ᠨᠣᠬᠠᠢ᠎ᠶ᠋ᠢᠨ ᠬᠤᠰᠢᠭᠤ ᠪᠠᠭᠳᠠᠵᠤ ᠪᠤᠢ᠃
ᠣᠶ᠋ᠢᠷ᠎ᠠ᠎ᠶ᠋ᠢᠨ ᠵᠢᠯ᠎ᠳᠤ᠂ ᠤᠯᠠᠭᠠᠨᠬᠠᠳᠠ ᠬᠤᠲᠠ ᠠᠮᠤ ᠪᠤᠳᠠᠭᠠᠨ ᠤ᠋ ᠲᠠᠷᠢᠮᠠᠯ ᠢ᠋ ᠬᠦᠬᠡ ᠲᠠᠷᠤᠰᠢ ᠪᠣᠯᠭᠠᠨ ᠥᠭᠡᠷᠡᠴᠢᠯᠡᠬᠦ᠂ ᠨᠣᠬᠠᠢ᠎ᠶ᠋ᠢᠨ ᠬᠤᠰᠢᠭᠤ᠂ ᠬᠢᠶᠠᠭ ᠡᠪᠡᠰᠤ ᠳᠠᠷᠢᠬᠤ ᠨᠥᠬᠦᠪᠦᠷᠢ ᠵᠡᠷᠭᠡ ᠲᠥᠷᠦ᠎ᠶ᠋ᠢᠨ ᠪᠣᠳᠤᠯᠭ᠎ᠠ᠎ᠶ᠋ᠢᠨ ᠲᠥᠷᠦᠯ ᠵᠦᠢᠯ᠎ᠳᠤ ᠲᠦᠰᠢᠭᠯᠡᠨ᠂ ᠲᠠᠷᠢᠮᠠᠯ ᠲᠡᠵᠢᠭᠡᠯ ᠡᠪᠡᠰᠦᠨ᠎ᠤ ᠰᠠᠭᠤᠷᠢᠨᠦ ᠪᠥᠲᠦᠭᠡᠨ ᠪᠠᠶ᠋ᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠲᠡᠵᠢᠭᠡᠯ ᠡᠪᠡᠰᠦ ᠳᠠᠷᠢᠬᠤ ᠬᠡᠪᠴᠢᠶ᠎ᠡ ᠪᠠ ᠶᠡᠷᠦᠩᠬᠡᠢ ᠤᠨᠠᠯᠳᠠ ᠨᠢ ᠪᠥᠬᠦ᠌ ᠣᠷᠤᠨ᠎ᠤ ᠡᠮᠦᠨ᠎ᠡ ᠡᠩᠨᠡᠭᠡᠨ᠎ᠳᠤ ᠤᠷᠤᠵᠠᠢ᠃ 2025 ᠣᠨ᠎ᠳᠤ᠂ ᠪᠦᠬᠦ᠌ ᠬᠤᠳᠠ᠎ᠶ᠋ᠢᠨ ᠲᠡᠵᠢᠭᠡᠯ ᠡᠪᠡᠰᠦ ᠲᠠᠷᠢᠬᠰᠠᠨ ᠲᠠᠯᠠᠪᠠᠢ 34.1 ᠲᠦᠮᠡᠨ ᠮᠦ᠍ ᠬᠦᠷᠴᠦ᠂ ᠲᠡᠵᠢᠭᠡᠯ ᠡᠪᠡᠰᠦ ᠪᠣᠷᠳᠤᠭᠠᠨᠤ ᠵᠢᠯ᠎ᠤᠨ ᠬᠤᠷᠢᠶᠠᠯᠳᠠ᠎ᠨᠢ 838.4 ᠲᠦᠮᠡᠨ ᠲᠣᠨ ᠬᠦᠷᠴᠡᠢ; ᠡᠭᠦᠨ᠎ᠳᠤ ᠴᠠᠷᠭᠠᠰᠤ᠂ ᠨᠣᠬᠠᠢ᠎ᠶ᠋ᠢᠨ ᠬᠤᠰᠢᠭᠤ᠎ᠶ᠋ᠢᠨ ᠬᠤᠷᠢᠶᠠᠯᠳᠠ᠎ᠨᠢ ᠪᠥᠬᠦ᠌ ᠣᠷᠤᠨ ᠳ᠋ᠤ ᠨᠢᠭᠡᠳᠦᠭᠡᠷ᠂ ᠬᠥᠬᠡ ᠳᠠᠷᠤᠰᠢ᠎ᠵᠢᠨ ᠡᠷᠳᠡᠨᠢ ᠰᠢᠰᠢ᠎ᠶ᠋ᠢᠨ ᠬᠤᠷᠢᠶᠠᠯᠲᠠ᠎ᠨᠢ ᠪᠥᠬᠦ᠌ ᠣᠷᠤᠨ᠎ᠤ ᠬᠤᠶᠠᠳᠤᠭᠠᠷ ᠲᠤ᠌ ᠤᠷᠤᠵᠤ᠂ ᠲᠠᠸᠠᠷ᠎ᠤᠨ ᠡᠪᠡᠰᠦᠨ᠎ᠤ ᠬᠤᠷᠢᠶᠠᠯᠳᠠ᠎ᠨᠢ 53 ᠲᠦᠮᠡᠨ ᠲᠣᠨ ᠬᠦᠷᠦᠭᠰᠡᠨ ᠪᠠᠢᠨ᠎ᠠ᠃
ᠠᠵᠤ ᠦᠢᠯᠡᠰ᠎ᠤᠨ ᠬᠥᠭᠵᠢᠯᠲᠡ᠎ᠶ᠋ᠢᠨ ᠲᠠᠯ᠎ᠠ᠎ᠪᠠᠷ᠂ ᠤᠯᠠᠭᠠᠨᠬᠠᠳᠠ ᠬᠤᠲᠠ ᠲᠡᠵᠢᠭᠡᠯ ᠡᠪᠡᠰᠦᠨ ᠤ ᠪᠥᠬᠦ᠌ ᠠᠵᠤ ᠦᠢᠯᠡᠰ ᠤᠨ ᠬᠡᠯᠬᠢᠶ᠎ᠡ ᠶ᠋ᠢᠨ ᠨᠢᠭᠡ ᠴᠣᠭᠴᠠᠵᠢᠭᠰᠠᠨ ᠪᠠᠶ᠋ᠢᠷᠢᠯᠠᠭᠤᠯᠤᠯᠲᠠ᠎ᠶ᠋ᠢᠨ ᠲᠣᠭᠤᠷᠢᠨ᠎ᠳᠤ᠂ ᠳᠠᠭᠠᠭᠤᠯᠤᠭᠴᠢ ᠠᠵᠤ ᠠᠬᠤᠶ᠋ᠢᠯᠠᠯ᠎ᠢ ᠵᠢᠯᠤᠭᠤᠳᠴᠤ᠌ ᠪᠠᠶ᠋ᠢᠭᠠᠳ ᠳᠠᠪᠠᠭᠤᠯᠢᠭ ᠭᠠᠷᠤᠯᠲᠠ᠎ᠶ᠋ᠢᠨ ᠣᠷᠤᠨ ᠳᠠᠢᠰᠢ ᠲᠥᠪᠯᠡᠷᠡᠭᠦᠯᠵᠦ᠍᠂ 《ᠠᠵᠤ ᠠᠬᠤᠶ᠋ᠢᠯᠠᠯ + ᠲᠠᠷᠢᠶᠠᠴᠢᠨ ᠡᠷᠦᠬᠡ》᠂ 《ᠠᠵᠤ ᠠᠬᠤᠶ᠋ᠢᠯᠠᠯ + ᠬᠤᠷᠰᠢᠶ᠎ᠠ》 ᠵᠡᠷᠭᠡ ᠵᠠᠭᠪᠤᠷᠲᠤ᠌ ᠲᠦᠰᠢᠭᠯᠡᠨ ᠠᠵᠤ ᠦᠢᠯᠡᠰ᠎ᠤᠨ ᠬᠤᠯᠪᠤᠭᠠᠲᠤ᠌ ᠴᠣᠭᠴᠠ᠎ᠶ᠋ᠢ ᠪᠠᠶ᠋ᠢᠭᠤᠯᠵᠤ᠂ ᠳᠠᠷᠢᠬᠤ᠂ ᠬᠠᠳᠤᠬᠤ᠂ ᠡᠳ᠋ᠰᠢᠭᠦᠯᠬᠦ᠂ ᠬᠥᠮᠦᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠤᠯᠠᠭᠤᠯᠬᠤ ᠡᠯ᠎ᠡ ᠭᠤᠭᠴᠤᠭ᠎ᠠ ᠶ᠋ᠢ ᠬᠠᠮᠵᠢᠯᠴᠠᠨ ᠬᠥᠭᠵᠢᠭᠦᠯᠬᠦ᠎ᠶ᠋ᠢ ᠠᠬᠢᠭᠤᠯᠪᠠ᠃ ᠣᠳᠤᠬᠠᠨ᠎ᠳᠤ᠂ ᠪᠥᠬᠦ᠌ ᠬᠤᠲᠠ᠎ᠳᠤ ᠲᠡᠵᠢᠭᠡᠯ ᠡᠪᠡᠰᠦ ᠳᠠᠷᠢᠵᠤ ᠡᠳ᠋ᠰᠢᠭᠦᠯᠬᠦ᠌ ᠠᠵᠤ ᠠᠬᠤᠶ᠋ᠢᠯᠠᠯ 34᠂ ᠬᠤᠲᠠ᠎ᠶ᠋ᠢᠨ ᠲᠠᠰ᠎ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰᠵᠢᠯᠲᠡ᠎ᠶ᠋ᠢᠨ ᠭᠤᠤᠯᠳᠠᠯᠭ᠎ᠠ᠎ᠲᠠᠢ ᠳᠠᠭᠠᠭᠤᠯᠤᠭᠴᠢ ᠠᠵᠤ ᠠᠬᠤᠶ᠋ᠢᠯᠠᠯ 7᠂ ᠲᠡᠵᠢᠭᠡᠯ ᠡᠪᠡᠰᠦᠨ᠎ᠤ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠬᠤᠯᠪᠤᠭᠠᠲᠤ᠌ ᠴᠣᠭᠴᠠ 3 ᠪᠤᠢ; ᠠᠷᠤ ᠬᠤᠷᠴᠢᠨ ᠬᠤᠰᠢᠭᠤᠨ᠎ᠤ ᠡᠪᠡᠰᠦᠨ᠎ᠤ ᠦᠢᠯᠡᠰ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ᠂ ᠬᠡᠰᠢᠭᠲᠡᠨ ᠬᠤᠰᠢᠭᠤᠨ᠎ᠤ ᠬᠢᠶᠠᠭ ᠡᠪᠡᠰᠤᠨ ᠤ᠋ ᠠᠵᠤ ᠦᠢᠯᠡᠰ᠎ᠤᠨ ᠬᠦᠷᠢᠶᠡᠯᠡᠩ ᠲᠣᠭᠤᠷᠢᠭ ᠵᠡᠷᠬᠡ ᠪᠥᠬᠦ᠌ ᠠᠵᠤ ᠦᠢᠯᠡᠰ᠎ᠤᠨ ᠬᠡᠯᠬᠢᠶᠡᠨ᠎ᠤ ᠡᠪᠡᠰᠦᠨ᠎ᠤ ᠦᠢᠯᠡᠰ᠎ᠤᠨ ᠬᠦᠷᠢᠶᠡᠯᠡᠩ ᠲᠣᠭᠤᠷᠢᠭ ᠢ᠋ 2 ᠪᠠᠶ᠋ᠢᠭᠤᠯᠵᠤ᠂《ᠠᠵᠤ ᠠᠬᠤᠶ᠋ᠢᠯᠠᠯ᠎ᠢᠶᠠᠷ ᠬᠥᠲᠦᠯᠦᠨ ᠳᠠᠭᠠᠭᠤᠯᠬᠤ᠂ ᠬᠦᠷᠢᠶᠡᠯᠡᠩ ᠳᠤᠭᠤᠷᠢᠭ ᠪᠠᠭᠳᠠᠭᠠᠬᠤ》 ᠬᠥᠭᠵᠢᠯᠲᠡ᠎ᠶ᠋ᠢᠨ ᠪᠠᠶ᠋ᠢᠷᠢᠰᠢᠯ᠎ᠢ ᠪᠣᠢ ᠪᠣᠯᠭᠠᠪᠠ᠃
ᠡᠭᠦᠨ᠎ᠤ ᠬᠠᠮᠲᠤ᠌᠂ ᠲᠤᠬᠠᠢ᠎ᠶ᠋ᠢᠨ ᠭᠠᠵᠠᠷ᠎ᠤᠨ ᠠᠰᠢᠭ ᠲᠤᠰᠠ᠎ᠶ᠋ᠢᠨ ᠬᠤᠯᠪᠤᠭ᠎ᠠ ᠪᠣᠯᠤᠨ ᠨᠡᠶ᠋ᠢᠭᠡᠮᠴᠢᠯᠡᠭᠰᠡᠨ ᠦᠢᠯᠡᠴᠢᠯᠡᠭᠡᠨ᠎ᠤ ᠰᠢᠰᠲᠧᠮ᠎ᠢ ᠲᠠᠰᠤᠷᠠᠯᠲᠠ᠎ᠦᠭᠡᠢ ᠲᠡᠭᠦᠯᠳᠡᠷᠵᠢᠭᠦᠯᠪᠡ᠃ ᠨᠢᠭᠡ ᠲᠠᠯ᠎ᠠ᠎ᠪᠠᠷ᠂ 《ᠠᠵᠤ ᠠᠬᠤᠶ᠋ᠢᠯᠠᠯ + ᠮᠠᠯᠴᠢᠨ ᠲᠠᠷᠢᠶᠠᠴᠢᠨ ᠡᠷᠦᠬᠡ》᠂ 《ᠠᠵᠤ ᠠᠬᠤᠶ᠋ᠢᠯᠠᠯ + ᠰᠠᠭᠤᠷᠢᠨ + ᠮᠠᠯᠴᠢᠨ ᠲᠠᠷᠢᠶᠠᠴᠢᠨ ᠡᠷᠦᠬᠡ》 ᠵᠡᠷᠭᠡ ᠬᠠᠮᠲᠤᠷᠠᠯᠴᠠᠬᠤ ᠵᠠᠭᠪᠤᠷ᠎ᠢ ᠪᠠᠶᠠᠯᠢᠭᠵᠢᠭᠤᠯᠵᠤ᠂ ᠡᠵᠡᠩᠨᠡᠯᠲᠡ᠎ᠶ᠋ᠢᠨ ᠭᠤᠤᠯ ᠴᠣᠭᠴᠠ ᠪᠣᠯᠤᠨ ᠮᠠᠯᠴᠢᠨ ᠲᠠᠷᠢᠶᠠᠴᠢᠳ᠎ᠢ ᠨᠢᠭᠲᠠ ᠬᠤᠯᠪᠤᠵᠤ᠂ ᠲᠠᠷᠢᠮᠠᠯ᠎ᠤᠨ ᠲᠣᠮᠤ ᠡᠷᠦᠬᠡ ᠡᠷᠬᠢᠨ ᠲᠣᠭᠤᠷᠢᠨ᠎ᠤ ᠲᠠᠷᠢᠶᠠᠴᠢᠨ ᠡᠷᠦᠬᠡ᠎ᠳᠤ ᠰᠠᠶ᠋ᠢᠨ ᠡᠭᠦᠯᠳᠡᠷ᠂ ᠮᠡᠷᠭᠡᠵᠢᠯ᠂ ᠮᠡᠳᠡᠭᠡ ᠵᠠᠩᠭᠢ ᠵᠡᠷᠭᠡ ᠢᠵᠢ ᠪᠦᠷᠢᠳᠦᠭᠦᠯᠬᠦ᠌ ᠦᠢᠯᠡᠴᠢᠯᠡᠭᠡ ᠬᠠᠩᠭᠠᠵᠤ᠂ ᠲᠣᠰ ᠭᠠᠵᠠᠷ᠎ᠤᠨ ᠲᠠᠷᠢᠶᠠᠯᠠᠩ᠎ᠤᠨ ᠮᠠᠰᠢᠨ᠎ᠤ ᠬᠤᠷᠰᠢᠶ᠎ᠠ ᠭᠠᠳᠠᠨ᠎ᠠ ᠡᠴᠡ ᠢᠷᠡᠭᠰᠡᠨ ᠤᠯᠠᠷᠢᠯ᠎ᠤᠨ ᠴᠢᠨᠠᠷᠲᠠᠢ ᠮᠠᠰᠢᠨ ᠮᠧᠬᠠᠨᠢᠭ᠎ᠤᠨ ᠡᠩᠨᠡᠭᠡ᠎ᠲᠠᠢ ᠬᠠᠮᠲᠤᠷᠠᠨ᠂ ᠪᠥᠬᠦ᠌ ᠶᠠᠪᠤᠴᠠ᠎ᠶ᠋ᠢᠨ ᠮᠧᠬᠠᠨᠢᠭᠵᠢᠭᠤᠯᠤᠯᠲᠠ᠎ᠶ᠋ᠢᠨ ᠠᠵᠢᠯ᠎ᠢ ᠪᠠᠲᠤᠯᠠᠪᠠ; ᠨᠥᠭᠦᠭᠡ ᠲᠠᠯ᠎ᠠ᠎ᠪᠠᠷ᠂ ᠳᠤᠮᠳᠠᠳᠤ ᠤᠯᠤᠰ᠎ᠤᠨ ᠬᠢᠮᠢ᠎ᠶ᠋ᠢᠨ ᠪᠦᠯᠦᠭᠯᠡᠯ ᠤ᠋ᠨ ᠣᠳᠤ ᠦᠶ᠎ᠡ᠎ᠶ᠋ᠢᠨ ᠬᠦᠳᠡᠬᠡ ᠠᠵᠤ ᠠᠬᠤᠢ ( ᠦᠪᠦᠷ ᠮᠤᠡᠭᠭᠤᠯ ) ᠵᠢᠨ ᠬᠢᠵᠠᠭᠠᠷᠳᠤ ᠺᠤᠮᠫᠠᠨᠢ ᠵᠢᠨ ᠠᠷᠤ ᠬᠤᠷᠴᠢᠨ ᠬᠤᠰᠢᠭᠤᠨ᠎ᠤ ᠮᠡᠷᠭᠡᠵᠢᠯ ᠤᠨ ᠦᠢᠯᠡᠴᠢᠯᠡᠭᠡᠨ᠎ᠤ ᠲᠥᠪ ᠢ ᠣᠷᠤᠭᠤᠯᠤᠨ ᠠᠪᠴᠢᠷᠠᠵᠤ᠂ ᠡᠭᠦᠯᠳᠡᠷ ᠢ ᠰᠣᠩᠭᠤᠨ ᠪᠣᠶ᠋ᠢᠵᠢᠭᠤᠯᠬᠤ᠂ ᠬᠥᠷᠦᠰᠦ ᠰᠢᠷᠤᠢ᠎ᠶ᠋ᠢ ᠰᠠᠶ᠋ᠢᠵᠢᠷᠠᠭᠤᠯᠬᠤ᠂ ᠤᠷᠭᠤᠮᠠᠯ᠎ᠢ ᠪᠠᠲᠤᠯᠠᠬᠤ᠂ ᠲᠠᠷᠢᠶᠠᠯᠠᠩ᠎ᠤᠨ ᠮᠠᠰᠢᠨ᠎ᠤ ᠠᠵᠢᠯ᠂ ᠤᠶᠤᠨᠲᠤ᠌ ᠲᠠᠷᠢᠶᠠᠯᠠᠩ᠂ ᠲᠠᠷᠢᠶᠠᠯᠠᠩ ᠤ᠋ᠨ ᠮᠥᠩᠭᠦᠨ ᠭᠦᠢᠯᠭᠡᠭᠡ ᠵᠡᠷᠭᠡ ᠨᠢᠭᠡ ᠥᠷᠲᠡᠭᠡ ᠮᠠᠶᠢᠭ᠎ᠤᠨ ᠮᠡᠷᠭᠡᠵᠢᠯ᠎ᠤᠨ ᠲᠤᠯᠭᠠᠭᠤᠷᠢᠯᠠᠯ᠎ᠢ ᠬᠠᠩᠭᠠᠨ᠂ ᠡᠭᠦᠯᠳᠡᠷ ᠰᠠᠢᠵᠢᠷᠠᠭᠤᠯᠬᠤ᠂ ᠲᠠᠷᠢᠬᠤ᠂ ᠬᠠᠮᠢᠶᠠᠷᠤᠨ ᠬᠠᠮᠠᠭᠠᠯᠠᠬᠤ᠂ ᠬᠤᠷᠢᠶᠠᠨ ᠬᠠᠳᠠᠭᠠᠯᠠᠬᠤ᠂ ᠭᠠᠳᠠᠭᠰᠢ ᠪᠣᠷᠤᠯᠠᠭᠤᠯᠬᠤ ᠪᠥᠬᠦ᠌ ᠴᠤᠪᠤᠷᠠᠯ᠎ᠢ ᠬᠠᠮᠤᠷᠤᠭᠰᠠᠨ ᠨᠡᠶ᠋ᠢᠭᠡᠮᠴᠢᠯᠡᠭᠰᠡᠨ ᠦᠢᠯᠡᠴᠢᠯᠡᠭᠡᠨ ᠤ ᠬᠡᠯᠬᠢᠶ᠎ᠡ᠎ᠶ᠋ᠢ ᠪᠣᠢ ᠪᠣᠯᠭᠠᠵᠠᠢ᠃
ᠤᠯᠠᠭᠠᠨᠬᠠᠳᠠ ᠬᠤᠲᠠ ᠪᠠᠰᠠ ᠤᠯᠤᠰ᠂ ᠥᠪᠡᠷᠲᠡᠭᠡᠨ ᠵᠠᠰᠠᠬᠤ ᠣᠷᠤᠨ᠎ᠤ ᠲᠤᠰᠭᠠᠢ ᠪᠠᠯᠠ ᠮᠥᠩᠭᠦ᠎ᠶ᠋ᠢ ᠢᠳᠡᠪᠬᠢᠲᠡᠢ ᠡᠷᠡᠮᠡᠯᠵᠡᠨ ᠣᠯᠵᠤ᠂ ᠲᠥᠷᠦᠯ ᠵᠦᠢᠯ᠎ᠤᠨ ᠪᠠᠯᠠ ᠮᠥᠩᠭᠦ᠎ᠪᠠᠷ ᠵᠢᠯᠤᠭᠤᠳᠤᠯᠭ᠎ᠠ ᠪᠣᠯᠭᠠᠨ᠂ ᠠᠵᠤ ᠠᠬᠤᠶ᠋ᠢᠯᠠᠯ᠎ᠤᠨ ᠪᠠᠯᠠ ᠣᠷᠤᠭᠤᠯᠤᠯᠲᠠ᠎ᠪᠠᠷ ᠭᠤᠤᠯ ᠪᠣᠯᠭᠠᠵᠤ᠂ ᠲᠡᠵᠢᠭᠡᠯ ᠡᠪᠡᠰᠦᠨ᠎ᠤ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠦᠷᠬᠦᠯᠵᠢᠯᠡᠨ ᠲᠦᠷᠭᠡᠳᠭᠡᠵᠤ ᠪᠤᠢ᠃