ᠥᠪᠥᠷ ᠮᠣᠩᠭᠣᠯ ᠎ᠤᠨ ᠪᠠᠶ᠋ᠢᠴᠠᠭᠠᠬᠤ ᠪᠠᠶ᠋ᠢᠭᠤᠯᠭ᠎ᠠ ᠎ᠶᠢᠨ 6 ᠪᠦᠲᠦᠭᠡᠯ ᠬᠠᠤᠯᠢ ᠴᠠᠭᠠᠵᠠ ᠎ᠶᠢᠨ ᠬᠠᠮ ᠵᠠᠭᠤᠴᠢᠯᠠᠭᠤᠷ ᠎ᠤᠨ ᠨᠥᠯᠥᠭᠡᠯᠡᠬᠦ᠌ ᠬᠦᠴᠦᠨ ᠲᠠᠢ ᠪᠦᠳᠦᠬᠡᠯ ᠵᠢᠡᠷ ᠦᠨᠡᠯᠡᠭᠳᠡᠵᠡᠢ
2026-07-13 09:52:25
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠲᠦᠪ᠎ᠤᠨ ᠷᠠᠳᠢᠤ᠋ ᠲᠸᠯᠸᠢᠰ᠎ᠤᠨ ᠶᠡᠷᠦᠩᠬᠡᠢ ᠬᠤᠷᠢᠶ᠎ᠠ ᠵᠢᠨ ᠸᠢᠳᠢᠤ᠋ ᠲᠠᠪᠴᠠᠩ ᠭᠢᠭᠡᠳ 《ᠦᠨᠦᠳᠦᠷ ᠬᠠᠤᠯᠢ ᠵᠢ ᠶᠠᠷᠢᠬᠤᠢ》 ᠪᠤᠯᠤᠩ ᠎ᠤᠨ ᠬᠠᠮᠲᠤᠷᠠᠨ ᠥᠷᠨᠢᠭᠦᠯᠦᠭᠰᠡᠨ 2025 ᠣᠨ᠎ᠤ 《ᠬᠠᠤᠯᠢ ᠴᠠᠭᠠᠵᠠ ᠎ᠶᠢᠨ ᠬᠠᠮ ᠵᠠᠭᠤᠴᠢᠯᠠᠭᠤᠷ᠎ᠤᠨ ᠨᠥᠯᠥᠭᠡᠯᠡᠬᠦ᠌ ᠬᠦᠴᠦᠨ ᠲᠠᠢ ᠪᠦᠲᠦᠭᠡᠯ ᠎ᠢ ᠳᠡᠯᠭᠡᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ》 ᠵᠢᠨ  ᠱᠠᠩᠨᠠᠯ ᠭᠥᠷᠳᠡᠭᠰᠡᠨ ᠪᠦᠳᠦᠬᠡᠯ ᠲᠤᠳᠤᠷᠠᠵᠠᠢ᠃ ᠲᠤᠰ ᠠᠵᠢᠯᠯᠠᠭ᠎ᠠ ᠨᠢ ᠮᠡᠳᠡᠭᠦᠯᠦᠨ ᠳᠡᠪᠰᠢᠬᠦᠯᠦᠭᠰᠡᠨ 143 ᠪᠦᠲᠦᠭᠡᠯ᠎ᠡᠴᠡ 40 ᠬᠤᠪᠢ ᠵᠢ ᠰᠣᠩᠭᠣᠨ ᠭᠠᠷᠭᠠᠵᠦ ᠣᠨ᠎ᠤ  ᠬᠠᠤᠯᠢ ᠴᠠᠭᠠᠵᠠ᠎ᠶᠢᠨ ᠬᠠᠮ ᠵᠠᠭᠤᠴᠢᠯᠠᠭᠤᠷ ᠎ᠤᠨ ᠨᠥᠯᠥᠭᠡᠯᠡᠬᠦ᠌ ᠬᠦᠴᠦᠨ ᠲᠠᠢ ᠪᠦᠲᠦᠭᠡᠯ᠎ᠵᠢᠡᠷ ᠰᠢᠯᠭᠠᠷᠠᠭᠤᠯᠪᠠ᠃ ᠡᠭᠦᠨ᠎ᠳᠦ ᠥᠪᠥᠷ ᠮᠣᠩᠭᠣᠯ᠎ᠤᠨ ᠪᠠᠶ᠋ᠢᠴᠠᠭᠠᠬᠤ ᠪᠠᠶ᠋ᠢᠭᠤᠯᠭ᠎ᠠ᠎ᠶᠢᠨ 6 ᠪᠦᠲᠦᠭᠡᠯ᠎ᠰᠤᠩᠭᠤᠬᠳᠠᠪᠠ᠃

ᠡᠳᠡᠬᠡᠷ ᠪᠦᠳᠦᠭᠡᠯ᠎ᠳᠦ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠤ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠦᠨ᠎ᠡ ᠲᠥᠯᠥᠪᠦᠷᠢ ᠥᠬᠡᠶ ᠲᠠᠬᠢᠶᠠᠨ ᠥᠨᠳᠡᠭᠡ + ᠡᠷᠡᠭᠦᠯ ᠮᠡᠨᠳᠦ᠎ᠶᠢᠨ ᠰᠤᠪᠢᠯᠠᠯᠲᠠ? ᠡᠨᠡ ᠬᠦ᠌ ᠠᠷᠭ᠎ᠠ ᠪᠠᠰᠢᠷ ᠨᠢ ᠨᠠᠰᠤᠳᠠᠢᠴᠤᠳ᠎ᠤᠨ ᠵᠤᠭᠤᠰ ᠮᠦᠩᠬᠦ ᠵᠢ ᠮᠡᠬᠡᠯᠡᠬᠦ ᠬᠡᠵᠦ ᠪᠠᠢᠨ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠲᠦᠩᠯᠢᠶᠣᠤ ᠬᠣᠲᠠ᠎ᠶᠢᠨ ᠬᠣᠷᠴᠢᠨ ᠲᠣᠭᠣᠷᠢᠭ᠎ᠤᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠨᠣᠬᠠᠢ᠎ᠡᠴᠡ ᠪᠤᠯᠤᠬᠰᠠᠨ ᠬᠡᠷᠡᠭ ᠡᠵᠡᠨ᠎ᠲᠡᠶ ᠨᠢ ᠬᠠᠮᠢᠶ᠎ᠠ ᠦᠭᠡᠢ᠎ᠦᠦ? ᠬᠠᠤᠯᠢ ᠴᠠᠭᠠᠵᠠ ᠵᠢᠨ ᠬᠠᠷᠠᠭᠠᠰᠦ ᠡᠴᠡ ᠦᠵᠡᠪᠡᠯ ᠶᠠᠮᠠᠷ ᠪᠤᠯ?》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠤᠨ ᠬᠣᠰᠢᠭᠤᠨ᠎ᠤ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠰᠢᠨ᠎ᠡ ᠲᠣᠭᠲᠠᠭᠠᠯ᠎ᠨᠡᠢᠳᠡᠯᠡᠭᠳᠡᠯ᠎ᠡ !ᠡᠨᠡ ᠬᠣᠶᠠᠷ ᠶᠡᠬᠡ ᠬᠤᠪᠢᠷᠠᠯᠲᠠ᠎ᠵᠢᠨ ᠲᠤᠬᠠᠢ ᠪᠠᠢᠴᠠᠭᠠᠬᠤ ᠲᠤᠰᠢᠶᠠᠯᠲᠠᠨ ᠭᠣᠣᠯᠳᠠᠯᠭ᠎ᠠ᠎ᠵᠢ ᠲᠤᠬᠳᠠᠭᠠᠵᠤ ᠦᠭᠬᠦᠯ᠎ᠡ》᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ《ᠨᠢᠬᠡᠯᠬᠡᠨ ᠭᠠᠷᠠᠬ ᠲᠦ᠍ ᠤᠯᠠᠨ ᠬᠦᠮᠦᠨ ᠮᠡᠬᠡᠯᠡᠭᠳᠡᠵᠡᠢ! ᠬᠤᠳᠠᠯ ᠬᠠᠭᠤᠷᠮᠠᠭ ᠡᠷᠡᠭᠦᠯᠵᠢᠯ᠎ᠦᠨ ᠲᠥᠷᠥᠯ ᠵᠦᠢᠯ ᠨᠠᠰᠤᠲᠠᠨ᠎ᠢ ᠠᠯᠬᠤᠮ ᠠᠯᠬᠤᠮ᠎ᠢᠶᠠᠷ ᠤᠷᠠᠬᠠᠨ᠎ᠳ᠋ᠠᠭᠠᠨ ᠣᠷᠣᠭᠤᠯᠤᠨ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠬ᠎ᠠ ᠵᠢᠨ ᠵᠣ ᠵᠢᠨ ᠭᠠᠵᠠᠷ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠤᠯᠤᠰ᠎ᠤᠨ ᠠᠮᠤᠷ ᠲᠦᠪᠰᠢᠨ᠎ᠳᠦ ᠬᠣᠣᠷ ᠬᠥᠨᠥᠭᠡᠯ ᠤᠴᠠᠷᠠᠭᠤᠯᠬᠤ  ᠶᠠᠭᠤᠮ᠎ᠠ ᠲᠠᠢ ᠪᠢᠳᠡᠬᠡᠢ ᠬᠠᠯᠳᠠᠭᠠᠷᠠᠢ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠎ᠶᠢᠨ ᠰᠠᠶ᠋ᠢᠬᠠᠨ ᠲᠣᠭᠣᠷᠢᠭ᠎ᠤᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠨᠢᠭᠡ ᠦᠷᠦᠬᠡ᠎ᠵᠢ ᠤᠯᠠᠨ ᠲᠠᠰᠤᠯᠭ᠎ᠠ ᠪᠤᠯᠭᠠᠨ ᠲᠠᠰᠤᠯᠤᠭᠠᠳ ᠲᠦᠷᠢᠶᠡᠰᠦᠯᠡᠭᠦᠯᠵᠡᠢ᠂ ᠡᠨᠡ ᠨᠢ 〈ᠣᠷᠣᠨ ᠰᠠᠭᠤᠴᠠ  ᠵᠢᠨ ᠲᠦᠷᠢᠶᠡᠰᠦᠯᠡᠬᠦ᠌ ᠳᠦᠷᠢᠮ〉 ᠎ᠢ᠋  ᠵᠦᠷᠢᠴᠡᠵᠡᠢ》 ᠵᠡᠷᠬᠡ  ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号