《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠣᠲᠠ ᠪᠠᠯᠭᠠᠰᠤᠨ᠎ᠤ ᠰᠢᠨ᠎ᠡ ᠪᠡᠷ ᠨᠡᠮᠡᠭᠳᠡᠬᠦ᠎ᠠᠵᠢᠯ ᠤᠯᠤᠬᠰᠠᠨ ᠬᠥᠮᠦᠨ᠎ᠦ ᠲᠣᠭ᠎ᠠ ᠨᠡᠯᠢᠶᠡᠳ ᠶᠡᠬᠡ ᠬᠡᠪᠴᠢᠶ᠎ᠡ ᠵᠢ ᠪᠠᠳᠤᠯᠠᠬᠤ ᠪᠤᠯᠤᠨ᠎ᠠ
2026-07-13 16:29:54
ᠵᠣᠬᠢᠶᠠᠭ᠍ᠴᠢ᠄
ᠰᠢᠨᠬᠤᠸᠠ ᠬᠣᠷᠢᠶ᠎ᠠ ᠰᠤᠷᠪᠤᠯᠵᠢᠯᠠᠭᠴᠢ ᠵᠠᠩ ᠰᠢᠶᠣᠤ ᠵᠢᠶᠧ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ 7 ᠰᠠᠷ᠎ᠠ᠎ᠶᠢᠨ 9 ᠤ᠋ ᠡᠳᠦᠷ ᠣᠶ᠋ᠢᠯᠠᠭᠠᠭᠰᠠᠨ ᠵᠢᠡᠷ᠂  ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ ᠣᠶ᠋ᠢᠷ᠎ᠠ᠎ᠳᠤ 《ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ》 ᠵᠢ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠲᠤᠯᠤᠭᠠᠨ ᠶᠡᠬᠡ ᠭᠤᠤᠯ ᠬᠠᠷᠠᠯᠲᠠ᠎ᠶᠢ ᠳᠤᠷᠠᠳᠤᠭᠰᠠᠨ ᠪᠥᠭᠡᠳ ᠬᠠᠷᠠᠯᠲᠠ᠎ᠶᠢ ᠪᠡᠶᠡᠯᠡᠭᠦᠯᠬᠦ᠌ ᠵᠢ ᠲᠤᠯᠭᠠᠭᠤᠷᠢᠯᠠᠬᠤ᠂ ᠬᠥᠭᠵᠢᠯᠲᠡ᠎ᠶᠢᠨ ᠭᠤᠤᠯᠳᠠᠯᠭ᠎ᠠ᠎ᠶᠢ ᠳᠣᠪᠣᠶ᠋ᠢᠯᠭᠠᠬᠤ ᠵᠢᠨ ᠲᠤᠭᠤᠷᠢᠨ ᠳ᠋ᠤ᠂ ᠲᠠᠪᠤᠨ ᠲᠥᠷᠥᠯ᠎ᠦᠨ 18 ᠵᠦᠢᠯ᠎ᠦᠨ ᠬᠡᠮᠵᠢᠶᠡᠯᠡᠭᠰᠡᠨ ᠭᠦᠢᠴᠡᠳᠬᠡᠯ ᠲᠣᠭ᠎ᠠ᠎ᠶᠢ ᠳᠤᠷᠠᠳᠴᠤ᠂ ᠡᠭᠦᠨ᠎ᠳᠦ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠬᠣᠲᠠ ᠪᠠᠯᠭᠠᠰᠤᠨ᠎ᠤ ᠰᠢᠨ᠎ᠡ ᠪᠡᠷ ᠨᠡᠮᠡᠭᠳᠡᠬᠦ ᠠᠵᠢᠯ ᠤᠯᠤᠬᠰᠠᠨ ᠬᠥᠮᠦᠨ᠎ᠦ ᠲᠣᠭ᠎ᠠ ᠨᠡᠯᠢᠶᠡᠳ ᠶᠡᠬᠡ ᠬᠡᠪᠴᠢᠶ᠎ᠡ᠎ᠵᠢ ᠪᠠᠳᠤᠯᠠᠬᠤ ᠬᠡᠷᠡᠭᠲᠡᠶ ᠭᠡᠵᠦ᠍ ᠱᠠᠭᠠᠷᠳᠠᠵᠠᠶ᠃

ᠠᠵᠢᠯ ᠣᠯᠭᠣᠯᠲᠠ᠎ᠶᠢᠨ ᠲᠠᠯ᠎ᠠ᠎ᠪᠠᠷ᠂ ᠲᠥᠯᠥᠪᠵᠢᠭᠦᠯᠭᠡ᠎ᠳᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠤᠳᠠ ᠪᠠᠯᠭᠠᠰᠤᠨ᠎ᠤ ᠠᠵᠢᠯ ᠠᠯᠳᠠᠭᠰᠠᠳ᠎ᠤᠨ ᠲᠠᠬᠢᠨ ᠠᠵᠢᠯ ᠣᠯᠬᠤ ᠬᠥᠮᠦᠨ᠎ᠦ ᠲᠣᠭ᠎ᠠ 2500 ᠲᠦᠮᠡ᠂ ᠠᠵᠢᠯ ᠤᠯᠬᠤ᠎ᠳᠤ ᠬᠦᠴᠢᠷᠲᠡᠢ ᠬᠥᠮᠦᠰ᠎ᠦᠨ ᠠᠵᠢᠯ ᠣᠯᠬᠤ ᠬᠥᠮᠦᠨ᠎ᠦ ᠲᠣᠭ᠎ᠠ 650 ᠲᠦᠮᠡ ᠪᠠᠶ᠋ᠢᠵᠤ᠂ ᠬᠤᠳᠠ ᠪᠠᠯᠭᠠᠰᠤᠨ᠎ᠤ ᠪᠠᠶ᠋ᠢᠴᠠᠭᠠᠭᠰᠠᠨ ᠠᠵᠢᠯ ᠠᠯᠳᠠᠯᠲᠠ᠎ᠶᠢᠨ ᠨᠤᠷᠮ᠎ᠠ᠎ᠶᠢ 5.5% ᠵᠢᠨ ᠳᠣᠲᠣᠷ᠎ᠠ ᠬᠢᠵᠠᠭᠠᠷᠯᠠᠨ᠎ᠠ᠃ 5000 ᠲᠦᠮᠡᠨ ᠬᠥᠮᠦᠨ ᠤᠳᠠᠭ᠎ᠠ ᠳ᠋ᠤ ᠨᠥᠬᠥᠪᠥᠷᠢ᠎ᠶᠢᠨ ᠴᠢᠨᠠᠷᠲᠠᠢ ᠠᠵᠢᠯ ᠮᠡᠷᠭᠡᠵᠢᠯ᠎ᠦᠨ  ᠪᠣᠯᠪᠠᠰᠤᠷᠠᠯ ᠬᠦᠷᠳᠡᠬᠡᠵᠤ᠂ ᠡᠭᠦᠨ᠎ᠦ ᠳᠣᠲᠣᠷ᠎ᠠ ᠬᠥᠯᠥᠰᠥᠨ ᠠᠵᠢᠯᠴᠢᠨ 1750 ᠲᠦᠮᠡᠨ ᠬᠥᠮᠦᠨ ᠤᠳᠠᠭ᠎ᠠ ᠵᠢ ᠪᠣᠯᠪᠠᠰᠤᠷᠠᠯ᠎ᠳᠤ ᠣᠷᠣᠯᠴᠠᠭᠤᠯᠤᠨ᠎ᠠ ᠭᠡᠵᠦ ᠳᠤᠷᠠᠳᠪᠠ᠃

ᠨᠡᠶ᠋ᠢᠭᠡᠮ᠎ᠦᠨ ᠲᠠᠭᠠᠳᠬᠠᠯ᠎ᠤᠨ᠎ᠲᠠᠯ᠎ᠠ᠎ᠪᠠᠷ᠂ ᠲᠥᠯᠥᠪᠵᠢᠭᠦᠯᠭᠡ᠎ᠳᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠭᠰᠠᠨ ᠨᠤᠷᠮ᠎ᠠ᠎ᠶᠢ 95% ᠡᠴᠡ ᠳᠡᠭᠡᠭᠰᠢ ᠪᠠᠶ᠋ᠢᠯᠭᠠᠬᠤ᠎ᠶᠢ ᠪᠠᠲᠤᠯᠠᠵᠤ᠂ ᠠᠵᠢᠯ ᠠᠯᠳᠠᠯᠲᠠ᠎ᠶᠢᠨ ᠳᠠᠭᠠᠳᠬᠠᠯ᠂ ᠠᠵᠢᠯ᠎ᠤᠨ ᠭᠡᠮᠲᠦᠯ᠎ᠦᠨ ᠳᠠᠭᠠᠳᠬᠠᠯ (ᠠᠵᠢᠯ᠎ᠤᠨ ᠭᠡᠮᠲᠦᠯ᠎ᠦᠨ ᠪᠠᠲᠤᠯᠠᠭ᠎ᠠ᠎ᠶᠢ ᠪᠠᠭᠲᠠᠭᠠᠨ᠎ᠠ) ᠳ᠋ᠤ ᠣᠷᠣᠯᠴᠠᠭᠰᠠᠨ ᠬᠥᠮᠦᠨ᠎ᠦ ᠲᠣᠭ᠎ᠠ᠎ᠶᠢ ᠲᠤᠰ ᠲᠤᠰ 2.55 ᠳ᠋ᠦᠩᠰᠢᠭᠤᠷ᠂ 3.45 ᠳ᠋ᠦᠩᠰᠢᠭᠤᠷ ᠲᠤ᠌ ᠬᠦᠷᠭᠡᠵᠦ᠍᠂ ᠠᠵᠤ ᠠᠬᠤᠶ᠋ᠢᠯᠠᠯ (ᠠᠵᠢᠯ ᠮᠡᠷᠭᠡᠵᠢᠯ) ᠤ᠋ᠨ ᠣᠨ᠎ᠤ ᠮᠥᠩᠭᠥ᠎ᠶᠢᠨ ᠰᠠᠭᠤᠷᠢ ᠮᠥᠩᠭᠥ᠎ᠶᠢᠨ ᠬᠡᠪᠴᠢᠶ᠎ᠡ᠎ᠶᠢ 9 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠤᠯᠤᠨ᠎ᠠ ᠭᠡᠵᠦ᠍ ᠳᠤᠷᠠᠳᠴᠠᠢ᠃

ᠴᠢᠳᠠᠪᠤᠷᠢᠲᠠᠨ ᠠᠵᠢᠯᠳᠠᠨ᠎ᠤ ᠶᠠᠪᠤᠳᠠᠯ᠎ᠤᠨ ᠲᠠᠯ᠎ᠠ᠎ᠪᠠᠷ᠂ ᠲᠥᠯᠥᠪᠵᠢᠭᠦᠯᠭᠡ᠎ᠳᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠵᠢᠱ᠌ᠢᠯᠲᠡ᠎ᠪᠡᠷ ᠲᠤᠰᠬᠠᠢ ᠮᠡᠷᠭᠡᠵᠢᠯ᠎ᠦᠨ ᠠᠵᠢᠯᠳᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠣᠯᠤᠬᠰᠠᠨ ᠬᠥᠮᠦᠨ᠎ᠦ ᠲᠣᠭ᠎ᠠ᠎ᠶᠢ 1400 ᠲᠦᠮᠡ ᠰᠢᠨ᠎ᠡ᠎ᠪᠡᠷ ᠨᠡᠮᠡᠭᠳᠡᠭᠦᠯᠵᠤ᠂ ᠵᠢᠯ ᠪᠦᠷᠢ ᠠᠬᠠᠯᠠᠬᠤ ᠳ᠋ᠣᠺᠲ᠋ᠣᠷ᠎ᠤᠨ ᠰᠤᠳᠤᠯᠭᠠᠨ᠎ᠤ ᠠᠵᠢᠯᠳᠠᠨ᠎ᠢ 3.5 ᠲᠦᠮᠡ ᠵᠢ ᠡᠯᠰᠡᠨ᠎ᠡ᠃ ᠤᠷ᠎ᠠ ᠮᠡᠷᠭᠡᠵᠢᠯ᠎ᠤᠨ ᠬᠥᠮᠦᠰ᠎ᠦᠨ ᠠᠵᠢᠯ ᠮᠡᠷᠭᠡᠵᠢᠯ᠎ᠤᠨ ᠬᠢᠷᠢ ᠬᠡᠮ ᠪᠤᠶᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠳᠡᠰ᠎ᠤᠨ ᠦᠨᠡᠮᠯᠡᠯ ᠣᠯᠬᠤ ᠬᠦᠮᠦᠰ ᠢ᠋  4000 ᠲᠦᠮᠡᠨ ᠬᠥᠮᠦᠨ ᠤᠳᠠᠭ᠎ᠠ ᠵᠢ ᠰᠢᠨ᠎ᠡ᠎ᠪᠡᠷ ᠨᠡᠮᠡᠭᠳᠡᠭᠦᠯᠵᠦ᠍᠂ ᠡᠭᠦᠨ᠎ᠳᠦ ᠳᠡᠭᠡᠳᠦ ᠵᠡᠷᠭᠡ᠎ᠶᠢᠨ ᠠᠵᠢᠯᠴᠢᠨ᠎ᠡᠴᠡ ᠳᠡᠭᠡᠭᠰᠢ 1400 ᠲᠦᠮᠡᠨ ᠬᠥᠮᠦᠨ ᠤᠳᠠᠭ᠎ᠠ᠎ᠶᠢ ᠪᠠᠭᠲᠠᠭᠠᠨ᠎ᠠ ᠭᠡᠵᠦ ᠳᠤᠷᠠᠳᠴᠠᠢ᠃

ᠬᠥᠳᠡᠯᠮᠦᠷᠢ᠎ᠶᠢᠨ ᠬᠠᠷᠢᠴᠠᠭᠠᠨ᠎ᠤ ᠲᠠᠯ᠎ᠠ᠎ᠪᠠᠷ᠂ ᠲᠥᠯᠥᠪᠵᠢᠭᠦᠯᠭᠡ᠎ᠳᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠡᠴᠦᠰ ᠪᠤᠯᠬᠤ ᠳ᠋ᠤ ᠬᠦᠳᠡᠯᠮᠦᠷᠢ᠎ᠶᠢᠨ ᠠᠵᠢᠯᠲᠠᠨ᠎ᠤ ᠶᠠᠪᠤᠳᠠᠯ᠎ᠤᠨ ᠮᠠᠷᠭᠤᠯᠳᠤᠭᠠᠨ᠎ᠢ ᠠᠮᠵᠢᠯᠳᠠ ᠲᠠᠢ ᠡᠶᠡᠳᠡᠭᠦᠯᠬᠦ ᠨᠣᠷᠮ᠎ᠠ᠎ᠵᠢ 65% ᠎ᠳ᠋ᠤ ᠬᠦᠷᠭᠡᠵᠦ᠂ ᠬᠦᠳᠡᠯᠮᠦᠷᠢ᠎ᠶᠢᠨ ᠠᠵᠢᠯᠲᠠᠨ᠎ᠤ ᠶᠠᠪᠤᠳᠠᠯ᠎ᠤᠨ ᠮᠠᠷᠭᠤᠯᠳᠤᠭᠠᠨ᠎ᠢ ᠬᠥᠨᠳᠡᠯᠡᠨ᠎ᠡᠴᠡ ᠲᠠᠰᠣᠯᠣᠨ ᠰᠢ᠌ᠳᠪᠦᠷᠢᠯᠡᠵᠦ᠍ ᠳᠠᠭᠤᠰᠬᠠᠬᠤ ᠨᠣᠷᠮ᠎ᠠ᠎ᠵᠢ 93%᠎ᠳ᠋ᠤ ᠬᠦᠷᠭᠡᠵᠦ᠂ ᠬᠦᠳᠡᠯᠮᠦᠷᠢ ᠵᠢᠠ ᠪᠠᠲᠤᠯᠠᠭ᠎ᠠ᠎ᠶᠢᠨ ᠬᠢᠨᠠᠨ ᠪᠠᠶ᠋ᠢᠴᠠᠭᠠᠯᠲᠠ᠎ᠶᠢᠨ ᠢᠯᠡᠴᠢᠯᠡᠨ ᠵᠠᠭᠠᠯᠳᠣᠭᠰᠠᠨ ᠬᠡᠷᠡᠭ᠎ᠢ ᠳᠠᠭᠤᠰᠬᠠᠬᠤ ᠨᠣᠷᠮ᠎ᠠ᠎ᠵᠢ 97%᠎ᠳ᠋ᠤ ᠬᠦᠷᠭᠡᠨ᠎ᠡ ᠭᠡᠵᠦ ᠳᠤᠷᠠᠳᠪᠠ᠃

ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠯ᠎ᠠ᠎ᠪᠠᠷ᠂ ᠲᠥᠯᠥᠪᠵᠢᠭᠦᠯᠭᠡ᠎ᠳᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠡᠴᠦᠰ᠎ᠪᠤᠯᠬᠤ ᠳ᠋ᠤ᠂ ᠡᠯᠧᠺᠲ᠋ᠷᠣᠨ ᠨᠡᠶ᠋ᠢᠭᠡᠮ᠎ᠦᠨ ᠪᠠᠲᠤᠯᠠᠭ᠎ᠠ᠎ᠶᠢᠨ ᠺᠠᠷᠲ᠎ᠢ ᠭᠤᠶᠤᠴᠢᠯᠠᠨ ᠠᠪᠬᠤ ᠬᠥᠮᠦᠨ ᠠᠮᠠ᠎ᠶᠢ ᠪᠦᠷᠬᠦᠬᠦᠯᠬᠦ ᠨᠣᠷᠮ᠎ᠠ᠎ᠶᠢ 90% ᠎ᠳ᠋ᠤ ᠬᠦᠷᠭᠡᠨ᠎ᠡ ᠭᠡᠵᠦ ᠳᠤᠷᠠᠳᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠨᠠᠢ᠍ᠮᠠᠨ ᠲᠠᠯ᠎ᠠ᠎ᠶᠢᠨ ᠭᠤᠤᠯᠳᠠᠯᠭ᠎ᠠ᠎ᠲᠠᠶ ᠡᠭᠦᠷᠭᠡ᠎ᠶᠢ ᠲᠥᠯᠥᠪᠵᠢᠭᠦᠯᠦᠨ ᠪᠠᠶ᠋ᠢᠷᠢᠯᠠᠭᠤᠯᠪᠠ᠂ ᠡᠭᠦᠨ᠎ᠳᠦ ᠴᠢᠨᠠᠷ ᠰᠠᠶ᠋ᠢᠲᠠᠶ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠠᠵᠢᠯ ᠮᠡᠷᠭᠡᠵᠢᠯ᠎ᠦᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠬᠦ᠌᠂ ᠨᠡᠶ᠋ᠢᠭᠡᠮ᠎ᠦᠨ ᠪᠠᠲᠤᠯᠠᠭ᠎ᠠ᠎ᠶᠢᠨ ᠰᠢᠰᠲ᠋ᠧᠮ᠎ᠢ ᠪᠦᠷᠢᠨᠰᠢᠬᠦᠯᠬᠦ᠌᠂ ᠴᠢᠳᠠᠪᠤᠷᠢᠲᠠᠨ᠎ᠤ ᠬᠥᠭᠵᠢᠯᠲᠡ᠎ᠶᠢᠨ ᠪᠠᠶ᠋ᠢᠭᠤᠯᠤᠯ ᠲᠣᠭᠲᠠᠴᠠ᠎ᠶᠢ ᠰᠢᠯᠢᠳᠡᠭᠵᠢᠭᠦᠯᠬᠦ᠌᠂ ᠴᠠᠯᠢᠩ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠲᠦᠷᠢᠮ᠎ᠢ ᠲᠡᠭᠦᠯᠳᠡᠷᠵᠢᠭᠦᠯᠬᠦ᠌᠂ ᠡᠶ᠎ᠡ ᠵᠣᠬᠢᠴᠠᠩᠭᠤᠢ ᠬᠥᠳᠡᠯᠮᠦᠷᠢ᠎ᠶᠢᠨ ᠬᠠᠷᠢᠴᠠᠭ᠎ᠠ᠎ᠶᠢ ᠪᠠᠶ᠋ᠢᠭᠤᠯᠬᠤ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠬᠦ᠌᠂ ᠣᠷᠣᠨ ᠪᠦᠰᠡ᠎ᠶᠢᠨ ᠵᠣᠬᠢᠴᠠᠩᠭᠤᠶ ᠬᠥᠭᠵᠢᠯᠲᠡ᠎ᠶᠢ ᠠᠬᠢᠭᠤᠯᠬᠤ ᠵᠡᠷᠭᠡ᠎ᠶᠢ ᠪᠠᠭᠲᠠᠭᠠᠭᠰᠠᠨ ᠪᠥᠭᠡᠳ 11 ᠲᠤᠰᠬᠠᠶ ᠪᠤᠯᠤᠩ ᠭᠠᠷᠭᠠᠵᠤ᠂ ᠠᠯᠢ ᠣᠯᠠᠨ ᠴᠢᠬᠤᠯᠠ ᠶᠡᠬᠡ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠂ ᠭᠤᠤᠯᠳᠠᠯᠭ᠎ᠠ᠎ᠲᠠᠶ ᠢᠨᠵᠧᠨᠧᠷᠢᠩ᠎ᠦᠨ ᠲᠥᠷᠥᠯ ᠵᠦᠢᠯ᠂ ᠴᠢᠬᠤᠯᠠ ᠠᠵᠢᠯᠯᠠᠭᠠᠨ᠎ᠤ ᠲᠥᠯᠥᠪᠯᠡᠭᠡ ᠪᠠ ᠴᠢᠬᠤᠯᠠ ᠶᠡᠬᠡ ᠠᠵᠢᠯᠯᠠᠭ᠎ᠠ᠎ᠶᠢᠨ ᠲᠣᠬᠢᠷᠠᠭᠤᠯᠤᠯᠲᠠ᠎ᠶᠢ ᠳᠤᠷᠠᠳᠴᠠᠢ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 9 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号