ᠬᠥᠬᠡᠬᠣᠲᠠ᠎ᠶᠢᠨ ᠬᠣᠲᠣᠩ ᠠᠷᠠᠳ ᠤ᠋ᠨ ᠲᠣᠭᠣᠷᠢᠭ᠋᠎ᠤᠨ ᠬᠤᠸᠠᠨ ᠾᠧ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠠᠵᠢᠯᠴᠢᠨ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ ᠸᠠᠩ ᠵᠢᠶᠠᠨ ᠶᠢᠩ᠎ᠦᠨ ᠭᠡᠷ᠎ᠦᠨ ᠬᠡᠳᠦᠨ ᠴᠠᠬᠢᠯᠭᠠᠨ ᠤᠭᠯᠠᠭᠤᠷᠭ᠎ᠠ ᠨᠢ ᠰᠣᠯᠢᠬᠤ ᠴᠢᠬᠤᠯᠠᠲᠠᠢ ᠪᠤᠯᠵᠦ᠂ ᠲᠡᠷᠡ ᠬᠠᠮᠲᠤ᠎ᠪᠠᠷ ᠡᠳ᠋ᠯᠡᠬᠦ ᠠᠳᠠᠯ ᠠᠬᠤᠢ᠎ᠶᠢᠨ ᠦᠢᠯᠡᠴᠢᠯᠡᠭᠡᠨ᠎ᠦ ᠲᠥᠪ᠎ᠲᠦ ᠤᠲᠠᠰᠤᠲᠠᠬᠤᠳᠤ᠂ ᠳᠡᠮᠡᠢ ᠤᠳᠠᠯ ᠦᠭᠡᠢ ᠠᠳᠠᠯ ᠠᠬᠤᠢ᠎ᠶᠢᠨ ᠠᠵᠢᠯᠲᠠᠨ ᠭᠡᠷ ᠲᠦ᠍ᠨᠢ ᠬᠦᠷᠴᠦ ᠰᠢᠢᠳᠪᠦᠷᠢᠯᠡᠵᠦ ᠦᠭᠴᠡᠢ᠃
ᠠᠵᠢᠯᠴᠢᠨ ᠨᠡᠢᠭᠡᠮ ᠲᠣᠭᠣᠷᠢᠭ᠋ ᠨᠢ 13 ᠰᠠᠭᠤᠭᠠᠯᠢ ᠠᠷᠠᠳ᠎ᠤᠨ ᠲᠣᠭᠣᠷᠢᠭ᠋᠎ᠢ ᠬᠠᠷᠢᠶᠠᠯᠠᠵᠤ᠂ ᠡᠭᠦᠨ᠎ᠳᠦ 10 ᠨᠢ ᠬᠠᠭᠤᠴᠢᠨ ᠪᠠᠭ᠎ᠠ ᠲᠣᠭᠣᠷᠢᠭ᠋ ᠪᠣᠯᠣᠨ᠎ᠠ᠂ ᠬᠡᠪᠴᠢᠶ᠎ᠡ᠎ᠪᠡᠷ ᠪᠠᠭ᠎ᠠ᠂ ᠥᠪᠡᠷ᠎ᠦᠨ ᠥᠷᠲᠡᠭ᠎ᠢᠶᠡᠷ ᠥᠨᠳᠥᠷ ᠤᠴᠢᠷ ᠡᠴᠡ ᠣᠷᠳᠣ᠌ ᠬᠤᠭᠤᠴᠠᠭᠠᠨ᠎ᠤ ᠲᠤᠷᠰᠢ ᠠᠳᠠᠯ ᠠᠬᠤᠢ᠎ᠶᠢᠨ ᠠᠵᠤ ᠠᠬᠤᠢᠯᠠᠯ ᠴᠥᠮ ᠡᠨᠳᠡ ᠣᠷᠣᠵᠤ ᠰᠠᠭᠤᠬᠤ ᠳᠤᠷ᠎ᠠ ᠦᠭᠡᠢ ᠪᠠᠢᠵᠤ᠂ ᠰᠠᠭᠤᠭᠠᠯᠢ ᠠᠷᠠᠳ᠎ᠤᠨ ᠠᠮᠢᠳᠤᠷᠠᠯ᠎ᠳᠤ ᠲᠤᠢᠯ᠎ᠤᠨ ᠳᠥᠭᠥᠮ ᠦᠭᠡᠢ ᠪᠠᠢᠪᠠ᠃ ᠬᠦᠴᠢᠷᠳᠡᠯᠲᠦ ᠪᠠᠢᠳᠠᠯ᠎ᠤᠨ ᠡᠮᠦᠨ᠎ᠡ᠂ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ ᠭᠦᠨᠵᠡᠭᠡᠢ ᠰᠤᠷᠪᠤᠯᠵᠢᠯᠠᠨ ᠪᠠᠢᠴᠠᠭᠠᠨ ᠰᠤᠳᠤᠯᠤᠯᠲᠠ ᠬᠢᠵᠦ᠂ ᠠᠰᠠᠭᠤᠳᠠᠯ᠎ᠤᠨ ᠵᠠᠩᠭᠢᠯᠠᠭ᠎ᠠ ᠨᠢ 《ᠡᠬᠢ ᠪᠠᠶᠠᠯᠢᠭ᠋ ᠪᠠᠢᠬᠤ ᠦᠭᠡᠢ》 ᠳ᠋ᠤ ᠪᠠᠢᠬᠤ ᠪᠢᠰᠢ᠂ ᠬᠠᠷᠢᠨ 《ᠡᠬᠢ ᠪᠠᠶᠠᠯᠢᠭ᠋ ᠲᠠᠷᠠᠬᠠᠢ ᠪᠤᠲᠠᠷᠬᠠᠢ ᠪᠠᠢᠬᠤ》 ᠳ᠋ᠤ ᠪᠠᠢᠬᠤ᠎ᠶᠢ ᠣᠯᠵᠤ ᠮᠡᠳᠡᠪᠡ᠃ ᠬᠠᠷᠢᠶ᠎ᠠ ᠣᠷᠣᠨ᠎ᠤ ᠳᠣᠲᠣᠷᠠᠬᠢ ᠲᠤᠰᠬᠠᠢ ᠠᠳᠠᠯ ᠠᠬᠤᠢ᠎ᠶᠢᠨ ᠺᠣᠮᠫᠠᠨᠢ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠠᠭᠤᠭᠠᠯᠢ ᠠᠷᠠᠳ᠎ᠤᠨ ᠨᠠᠮ᠎ᠤᠨ ᠭᠡᠰᠢᠭᠦᠨ ᠵᠡᠷᠭᠡ᠎ᠶᠢᠨ ᠡᠬᠢ ᠪᠠᠶᠠᠯᠢᠭ᠋ ᠨᠢ ᠪᠦᠷᠢᠨ ᠭᠦᠢᠴᠡᠳ ᠪᠣᠯᠪᠠᠴᠤ ᠰᠠᠭᠤᠭᠠᠯᠢ ᠠᠷᠠᠳ᠎ᠤᠨ ᠲᠣᠭᠣᠷᠢᠭ᠋᠎ᠤᠨ 《ᠬᠦᠷᠢᠶ᠎ᠡ ᠬᠡᠷᠡᠮ》 ᠤ᠋ᠨ ᠬᠠᠷᠰᠢᠯᠠᠯ ᠡᠴᠡ ᠪᠣᠯᠵᠤ᠂ ᠵᠠᠰᠠᠯᠲᠠ᠎ᠶᠢᠨ ᠬᠠᠮᠳᠤᠷᠠᠯ ᠬᠦᠴᠦᠨ᠎ᠢ ᠪᠦᠷᠢᠯᠳᠦᠭᠦᠯᠬᠦ᠎ᠶᠢᠨ ᠠᠷᠭ᠎ᠠ ᠦᠭᠡᠢ ᠪᠠᠢᠪᠠ᠃
ᠠᠵᠢᠯᠴᠢᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ 《ᠬᠤᠪᠢᠰᠬᠠᠯ᠎ᠤᠨ ᠬᠥᠳᠡᠯᠭᠡᠭᠦᠷ》 ᠤ᠋ᠨ ᠦᠢᠯᠡᠳᠦᠯ᠎ᠢ ᠪᠠᠳᠠᠷᠠᠭᠤᠯᠵᠤ᠂ ᠬᠠᠮᠲᠤ᠎ᠪᠠᠷ ᠡᠳ᠋ᠯᠡᠬᠦ ᠠᠳᠠᠯ ᠠᠬᠤᠢ᠎ᠶᠢᠨ ᠵᠠᠭᠪᠤᠷ᠎ᠢ ᠡᠭᠦᠳᠦᠨ ᠬᠡᠷᠡᠭᠵᠢᠭᠦᠯᠵᠦ᠂ ᠬᠠᠷᠢᠶ᠎ᠠ ᠣᠷᠣᠨ᠎ᠤ ᠳᠣᠲᠣᠷᠠᠬᠢ ᠲᠤᠰᠬᠠᠢ ᠠᠳᠠᠯ ᠠᠬᠤᠢ᠎ᠶᠢᠨ ᠺᠣᠮᠫᠠᠨᠢ᠎ᠶᠢ ᠬᠠᠮᠲᠤ᠎ᠪᠠᠷ ᠡᠳ᠋ᠯᠡᠬᠦ ᠠᠳᠠᠯ ᠠᠬᠤᠢ᠎ᠶᠢᠨ ᠬᠣᠯᠪᠣᠭ᠎ᠠ᠎ᠳᠤ ᠣᠷᠣᠭᠤᠯᠤᠨ᠂ ᠬᠥᠷᠰᠢ ᠵᠡᠷᠭᠡᠯᠡᠳᠡᠭᠡ ᠢ᠋ᠢᠨ 6 ᠲᠠᠷᠠᠬᠠᠢ ᠪᠤᠲᠠᠷᠬᠠᠢ ᠬᠠᠭᠤᠴᠢᠨ ᠪᠠᠭ᠎ᠠ ᠲᠣᠭᠣᠷᠢᠭ᠋᠎ᠤᠨ ᠬᠣᠭ ᠨᠣᠪᠰᠢ᠎ᠶᠢ ᠴᠡᠪᠡᠷᠯᠡᠨ ᠲᠡᠭᠡᠭᠡᠪᠦᠷᠢᠯᠡᠬᠦ᠂ ᠠᠷᠢᠭᠤᠨ ᠴᠡᠪᠡᠷ ᠪᠠᠢᠯᠭᠠᠬᠤ᠂ ᠨᠣᠭᠣᠭᠠᠷᠠᠭᠤᠯᠬᠤ ᠬᠡᠷᠡᠭᠴᠡᠭᠡ ᠱᠠᠭᠠᠷᠳᠠᠯᠭ᠎ᠠ᠎ᠶᠢ ᠪᠦᠬᠦᠯᠢ ᠴᠣᠭᠴᠠ᠎ᠪᠠᠷ ᠨᠢ ᠠᠳᠠᠯ ᠠᠬᠤᠢ᠎ᠶᠢᠨ ᠺᠣᠮᠫᠠᠨᠢ᠎ᠠᠴᠠ ᠲᠥᠪᠯᠡᠷᠡᠭᠦᠯᠦᠨ ᠳᠠᠭᠠᠭᠠᠴᠢᠯᠠᠨ ᠠᠪᠴᠠᠢ᠃ ᠬᠠᠮᠲᠤ ᠪᠠᠷ ᠡᠳ᠋ᠯᠡᠬᠦ ᠠᠳᠠᠯ ᠠᠬᠤᠢ᠎ᠶᠢᠨ ᠦᠢᠯᠡᠴᠢᠯᠡᠭᠡᠨ᠎ᠦ ᠲᠥᠪ ᠨᠢ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ᠎ᠶᠢ ᠠᠭᠤᠰᠤᠯᠴᠠᠭᠤᠯᠤᠨ ᠲᠣᠬᠢᠷᠠᠭᠤᠯᠬᠤ ᠠᠵᠢᠯ ᠢ᠋ ᠡᠭᠦᠷᠭᠡᠯᠡᠵᠦ᠂ 12345 ᠬᠠᠯᠠᠮᠰᠢᠯ ᠤᠲᠠᠰᠤ᠂ ᠬᠠᠮᠲᠤ ᠪᠠᠷ ᠡᠳ᠋ᠯᠡᠬᠦ ᠠᠳᠠᠯ ᠠᠬᠤᠢ᠎ᠶᠢᠨ ᠲᠤᠰᠬᠠᠢ ᠤᠲᠠᠰᠤ᠂ ᠲᠤᠤᠷᠵᠢᠯ᠎ᠤᠨ ᠠᠵᠢᠯᠲᠠᠨ ᠵᠢᠭ᠍ᠰᠠᠭᠠᠨ ᠪᠠᠢᠴᠠᠭᠠᠬᠤ ᠵᠡᠷᠭᠡ ᠣᠯᠠᠨ ᠠᠷᠭ᠎ᠠ ᠵᠠᠮ᠎ᠢᠶᠠᠷ ᠬᠡᠷᠡᠭᠴᠡᠭᠡ ᠱᠠᠭᠠᠷᠳᠠᠯᠭ᠎ᠠ᠎ᠶᠢ ᠴᠤᠭᠯᠠᠭᠤᠯᠵᠤ᠂ ᠨᠢᠭᠡᠳᠦᠯᠲᠡᠢ ᠪᠡᠷ ᠵᠠᠬᠢᠶᠠᠯᠠᠭ᠎ᠠ ᠢ᠋ᠢᠨ ᠬᠠᠭᠤᠳᠠᠰᠤ ᠳᠠᠷᠠᠬᠭᠠᠵᠦ᠂ ᠨᠠᠷᠢᠯᠢᠭ᠋ ᠣᠨᠣᠴᠠᠲᠠᠢ᠎ᠪᠠᠷ ᠵᠣᠯᠭᠠᠭᠤᠯᠪᠠ᠃ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ᠎ᠡᠴᠡ ᠳᠠᠪᠠᠭᠰᠠᠨ ᠬᠦᠴᠢᠷ ᠠᠰᠠᠭᠤᠳᠠᠯ᠎ᠢ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ ᠠ᠋ᠴᠠ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠬᠣᠲᠠ᠎ᠶᠢᠨ ᠬᠠᠮᠢᠶᠠᠷᠤᠯᠲᠠ᠂ ᠭᠠᠯ ᠰᠡᠷᠬᠡᠢᠯᠡᠵᠦ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ᠎ᠲᠠᠢ ᠵᠣᠬᠢᠴᠠᠭᠤᠯᠤᠨ ᠰᠢᠢᠳᠪᠦᠷᠢᠯᠡᠪᠠ᠃ ᠦᠢᠯᠡᠴᠢᠯᠡᠭᠡᠨ᠎ᠦ ᠪᠠᠢᠳᠠᠯ᠎ᠢ ᠬᠠᠮᠤᠭ᠎ᠤᠨ ᠡᠴᠦᠰ᠎ᠲᠦ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠂ ᠦᠮᠴᠢᠲᠡᠨ᠎ᠤ ᠵᠥᠪᠯᠡᠯ᠂ ᠰᠠᠭᠤᠭᠠᠯᠢ ᠠᠷᠠᠳ᠎ᠤᠨ ᠲᠥᠯᠥᠭᠡᠯᠡᠭᠴᠢ ᠳᠥᠷᠪᠡᠨ ᠲᠠᠯ᠎ᠠ᠎ᠪᠠᠷ᠎ᠢᠶᠠᠨ ᠬᠤᠪᠢ ᠥᠭᠴᠦ᠂ ᠦᠨᠡᠯᠡᠭᠰᠡᠨ ᠦᠷ᠎ᠡ ᠳ᠋ᠦᠩ᠎ᠢ ᠠᠳᠠᠯ ᠠᠬᠤᠢ᠎ᠶᠢᠨ ᠬᠠᠷᠠᠮᠵᠢ ᠮᠥᠩᠭᠥ᠂ ᠭᠡᠷ᠎ᠡ᠎ᠶᠢ ᠦᠷᠭᠦᠯᠵᠢᠯᠡᠭᠦᠯᠬᠦ ᠬᠢᠷᠢ ᠬᠡᠮ᠎ᠲᠠᠢ ᠬᠣᠯᠪᠣᠭᠳᠠᠭᠤᠯᠵᠤ᠂ 《ᠰᠠᠭᠤᠭᠠᠯᠢ ᠠᠷᠠᠳ ᠡᠴᠡ ᠦᠢᠯᠡᠴᠢᠯᠡᠭᠡ ᠵᠠᠬᠢᠶᠠᠯᠠᠬᠤ ︱ ᠲᠥᠪ᠎ᠡᠴᠡ ᠵᠠᠬᠢᠶᠠᠯᠠᠭ᠎ᠠ ᠲᠤᠮᠢᠯᠠᠬᠤ ︱ ᠵᠠᠬᠢᠶᠠᠯᠠᠭ᠎ᠠ ᠬᠦᠯᠢᠶᠡᠵᠦ ᠦᠢᠯᠡᠴᠢᠯᠡᠬᠦ ︱ ᠣᠯᠠᠨ ᠲᠦᠮᠡᠨ ᠡᠴᠡ ᠦᠨᠡᠯᠡᠬᠦ》 ᠪᠥᠬᠥ ᠬᠡᠯᠬᠢᠶ᠎ᠡ᠎ᠶᠢᠨ ᠪᠢᠲᠡᠭᠦᠦ ᠴᠠᠭᠠᠷᠢᠭ᠋᠎ᠢ ᠪᠣᠶ ᠪᠣᠯᠭᠠᠪᠠ᠃
ᠡᠯ᠎ᠡ ᠲᠠᠯ᠎ᠠ᠎ᠶᠢᠨ ᠬᠦᠴᠦᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠨᠢᠭᠡᠳᠦᠯᠲᠡᠢ ᠲᠥᠯᠦᠪᠵᠢᠭᠦᠯᠭᠡᠳᠣᠣᠷᠠ᠂ ᠤᠯᠠᠨ ᠰᠠᠭᠤᠭᠠᠯᠢ ᠠᠷᠠᠳ᠎ᠤᠨ ᠲᠣᠭᠣᠷᠢᠭ᠋᠎ᠤᠨ ᠬᠠᠮᠲᠤ ᠪᠠᠷ ᠡᠳ᠋ᠯᠡᠬᠦ ᠰᠠᠭᠤᠷᠢ ᠦᠢᠯᠡᠴᠢᠯᠡᠭᠡ᠂ ᠰᠡᠯᠪᠢᠨ ᠵᠠᠰᠠᠬᠤ ᠦᠢᠯᠡᠴᠢᠯᠡᠭᠡ᠂ ᠬᠣᠰᠢᠭᠤᠴᠢ ᠦᠢᠯᠡᠴᠢᠯᠡᠭᠡ᠂ ᠵᠠᠬᠢᠶᠠᠯᠠᠭ᠎ᠠ᠎ᠶᠢᠨ ᠦᠢᠯᠡᠴᠢᠯᠡᠭᠡ᠎ᠶᠢ ᠬᠠᠩᠭᠠᠵᠤ᠂ 《ᠨᠢᠭᠡ ᠤᠲᠠᠰᠤᠲᠠᠪᠠᠯ᠂ 15 ᠮᠢᠨᠦ᠋ᠲ᠎ᠲᠦ ᠬᠠᠷᠢᠭᠤ ᠦᠭᠴᠦ᠂ 30 ᠮᠢᠨᠦ᠋ᠲ᠎ᠲᠦ ᠡᠷᠦᠬᠡ᠎ᠳᠦ ᠣᠷᠣᠬᠤ》 ᠶ᠋ᠢ ᠪᠡᠶᠡᠯᠡᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃
ᠰᠡᠯᠪᠢᠨ ᠵᠠᠰᠠᠭ᠍ᠴᠢ᠂ ᠴᠡᠪᠡᠷᠯᠡᠭᠴᠢ ᠨᠠᠷ ᠶᠡᠷᠦ᠎ᠳᠡᠭᠡᠨ ᠭᠠᠭᠴᠠᠭᠠᠷ ᠰᠠᠭᠤᠭ᠎ᠠ ᠨᠠᠰᠤᠲᠠᠨ᠎ᠤ ᠪᠠᠢᠳᠠᠯ ᠢ᠋ ᠣᠨᠴᠠᠭᠠᠢᠯᠠᠨ ᠠᠩᠬᠠᠷᠲᠠᠬ᠃ ᠤᠰᠤᠨ᠎ᠤ ᠬᠡᠮᠵᠢᠭᠦᠷ ᠨᠢ ᠡᠪᠲᠡᠷᠡᠬᠦ᠂ ᠬᠣᠭ ᠨᠣᠪᠰᠢ ᠶ᠋ᠢ ᠣᠯᠠᠨ ᠡᠳᠦᠷ ᠬᠠᠶᠠᠭᠰᠠᠨ ᠦᠭᠡᠢ ᠵᠡᠷᠭᠡ ᠪᠠᠢᠳᠠᠯ ᠢ᠋ ᠣᠯᠵᠤ ᠮᠡᠳᠡᠪᠡᠯ᠂ ᠨᠡᠢᠭᠡᠮ ᠲᠣᠭᠣᠷᠢᠭ᠋᠎ᠲᠤ ᠳᠠᠷᠤᠢ ᠲᠦᠷᠭᠡᠨ ᠮᠡᠳᠡᠭᠦᠯᠲᠡᠭ᠃ ᠵᠢᠨ ᠹᠦ ᠰᠠᠭᠤᠭᠠᠯᠢ ᠠᠷᠠᠳ᠎ᠤᠨ ᠲᠣᠭᠣᠷᠢᠭ᠋᠎ᠤᠨ 2 ᠳ᠋ᠤᠭᠠᠷ ᠠᠰᠠᠷ᠎ᠤᠨ 75 ᠨᠠᠰᠤᠲᠠᠢ ᠸᠠᠩ ᠹᠦ ᠯᠠᠨ ᠵᠢᠯ ᠲᠤᠷᠰᠢ ᠭᠡᠷ᠎ᠲᠡᠬᠡᠨ ᠭᠠᠭᠴᠠᠭᠠᠷ ᠰᠠᠭᠤᠵᠤ᠂ ᠨᠡᠢᠭᠡᠮ ᠲᠣᠭᠣᠷᠢᠭ᠋᠎ᠤᠨ ᠬᠢᠨ ᠨᠠᠰᠤᠵᠢᠯ᠎ᠤᠨ ᠠᠰᠠᠷᠠᠮᠵᠢ᠎ᠶᠢᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠲᠠᠢ ᠬᠠᠷᠢᠯᠴᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠡᠭᠦᠨ᠎ᠳᠦ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠥᠷᠨᠢᠭᠦᠯᠵᠦ᠂ ᠪᠠᠰᠠ ᠦᠷᠭᠦᠯᠵᠢ ᠸᠠᠩ ᠠᠨᠢᠶ᠎ᠠ᠎ᠶᠢ ᠤᠷᠢᠵᠤ ᠡᠯ᠎ᠡ ᠵᠦᠢᠯ᠎ᠦᠨ ᠨᠠᠰᠤᠲᠠᠢᠴᠤᠳ᠎ᠤᠨ ᠰᠣᠶᠣᠯ ᠴᠡᠩᠭᠡᠯ᠎ᠦᠨ ᠠᠵᠢᠯᠯᠠᠭ᠎ᠠ᠎ᠳᠤ ᠣᠷᠣᠯᠴᠠᠭᠤᠯᠳᠠᠭ ᠪᠣᠯᠬᠣᠷ᠂ ᠨᠠᠰᠤᠲᠠᠨ᠎ᠤ ᠴᠢᠷᠠᠢ᠎ᠳᠤ ᠪᠠᠶᠠᠷ᠎ᠤᠨ ᠢᠨᠢᠶᠡᠮᠰᠦᠭᠯᠡᠯ ᠣᠯᠠᠰᠢᠷᠠᠪᠠ᠃ 《ᠬᠡᠦᠬᠡᠳ ᠮᠠᠨᠢ ᠳᠡᠷᠭᠡᠳᠡ ᠪᠠᠢᠬᠤ ᠦᠭᠡᠢ ᠪᠤᠯᠬᠤᠷ᠂ ᠮᠧᠩ ᠶᠢᠥ ᠦᠢᠯᠡᠴᠢᠯᠡᠭᠡᠨ᠎ᠦ ᠲᠥᠪ᠎ᠦᠨ ᠠᠵᠢᠯᠲᠠᠳ ᠦᠷᠭᠦᠯᠵᠢ ᠨᠠᠮᠠᠶ᠋ᠢ ᠬᠠᠪᠰᠤᠷᠲᠠᠭ ᠶᠤᠮ》 ᠭᠡᠵᠦ ᠸᠠᠩ ᠹᠦ ᠯᠠᠨ ᠬᠡᠯᠡᠪᠡ᠃ ᠲᠡᠭᠦᠨ᠎ᠦ ᠳᠤᠷᠠᠳᠤᠭᠰᠠᠨ ᠮᠧᠩ ᠶᠢᠤ ᠨᠡᠢᠭᠡᠮ᠎ᠦᠨ ᠦᠢᠯᠡᠴᠢᠯᠡᠭᠡᠨ᠎ᠦ ᠲᠥᠪ ᠪᠣᠯ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠣᠷᠣᠭᠤᠯᠤᠨ ᠠᠪᠴᠢᠷᠠᠭᠰᠠᠨ ᠲᠤᠰᠬᠠᠢ ᠮᠡᠷᠭᠡᠵᠢᠯ᠎ᠤᠨ ᠨᠡᠢᠭᠡᠮ᠎ᠦᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠮᠥᠨ᠂ ᠲᠡᠷᠡ ᠨᠢ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠦᠢᠯᠡᠴᠢᠯᠡᠭᠡ ᠬᠠᠩᠭᠠᠵᠦ᠂ ᠣᠳᠣᠬᠠᠨ᠎ᠳᠤ ᠨᠢᠭᠡᠨᠲᠡ ᠨᠡᠢᠭᠡᠮ ᠲᠣᠭᠣᠷᠢᠭ᠋᠎ᠤᠨ 80 ᠨᠠᠰᠤᠲᠠᠨ᠎ᠳᠤ ᠬᠣᠭᠣᠯᠠ ᠤᠮᠳᠠ᠂ ᠶᠠᠪᠤᠵᠤ ᠰᠠᠭᠤᠬᠤ᠎ᠳᠤ ᠲᠤᠰᠠᠯᠠᠬᠤ᠂ ᠭᠡᠷ ᠪᠦᠯᠢ᠎ᠶᠢᠨ ᠠᠷᠢᠭᠤᠨ ᠴᠡᠪᠡᠷ ᠵᠡᠷᠭᠡ ᠦᠢᠯᠡᠴᠢᠯᠡᠭᠡ ᠬᠠᠩᠭᠠᠵᠤ᠂ 120 ᠭᠠᠷᠤᠢ ᠨᠠᠰᠤᠨ᠎ᠳᠤ ᠥᠯᠥ ᠭᠦᠷᠦᠭᠰᠡᠳ᠎ᠲᠦ ᠨᠡᠶ᠋ᠢᠲᠡ᠎ᠶᠢᠨ ᠠᠰᠠᠷᠠᠮᠵᠢ᠎ᠶᠢᠨ ᠨᠠᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠰᠠᠨ ᠪᠠᠢᠨ᠎ᠠ᠃