2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ 》 ᠤᠨ ᠲᠦᠯᠦᠪᠵᠢᠬᠦᠯᠬᠡ ᠵᠢᠨ ᠡᠬᠢᠯᠡᠯᠲᠡ᠎ᠶᠢᠨ ᠵᠢᠯ ᠪᠣᠯᠣᠨ᠎ᠠ᠂ 《 ᠬᠥᠳᠡᠭᠡ ᠠᠵᠤ ᠠᠬᠤᠢ ᠬᠥᠳᠡᠭᠡ ᠲᠣᠰᠬᠣᠨ ᠮᠠᠯᠴᠢᠨ ᠲᠠᠷᠢᠶᠠᠴᠢᠨ 》 ᠤ ᠠᠵᠢᠯ᠎ᠢ ᠰᠠᠢᠲᠤᠷ ᠬᠢᠬᠦ ᠨᠢ ᠲᠤᠢᠯ᠎ᠤᠨ ᠴᠢᠬᠤᠯᠠ ᠶᠤᠮ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠲᠣᠪᠴᠢ᠎ᠳᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠷᠢᠶᠠᠯᠠᠩ᠂ ᠪᠣᠬᠢᠷᠲᠤᠯ ᠦᠭᠡᠢ ᠲᠠᠷᠢᠶᠠᠯᠠᠩ᠂ ᠶᠠᠰᠤ ᠴᠢᠨᠠᠷ᠎ᠤᠨ ᠲᠠᠷᠢᠶᠠᠯᠠᠩ᠂ ᠨᠡᠷᠡᠲᠦ ᠲᠡᠮᠳᠡᠭᠲᠦ ᠲᠠᠷᠢᠶᠠᠯᠠᠩ ᠢ ᠨᠢᠭᠡᠳᠦᠯᠲᠡᠢ ᠲᠥᠯᠥᠪᠯᠡᠨ ᠬᠥᠭᠵᠢᠭᠦᠯᠵᠦ ᠂ ᠲᠠᠷᠢᠶᠠᠯᠠᠩ᠎ᠢ ᠣᠳᠣᠬᠢᠴᠢᠯᠠᠭᠰᠠᠨ ᠲᠣᠮᠣ᠌ ᠠᠵᠤ ᠦᠢᠯᠡᠰ ᠪᠣᠯᠭᠠᠨ ᠪᠦᠲᠦᠭᠡᠨ ᠪᠠᠢᠭᠤᠯᠤᠨ᠎ᠠ ᠭᠡᠵᠦ ᠳᠤᠷᠠᠳᠤᠨ ᠭᠠᠷᠭᠠᠵᠠᠢ᠃ ᠲᠥᠷᠥ᠎ᠶᠢᠨ ᠶᠠᠪᠤᠳᠠᠯ᠎ᠤᠨ ᠬᠣᠷᠢᠶ᠎ᠠ ᠡᠴᠡ ᠣᠢᠷ᠎ᠠ᠎ᠳᠤ ᠳᠠᠷᠤᠮᠠᠯᠯᠠᠨ ᠲᠠᠷᠬᠠᠭᠠᠭᠰᠠᠨ 《ᠬᠦᠳᠡᠭᠡ ᠠᠵᠦ ᠠᠬᠣᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》 ᠳᠤ 《ᠲᠠᠷᠢᠶᠠᠯᠠᠩ᠎ᠤᠨ ᠬᠥᠭᠵᠢᠯᠲᠡ᠎ᠶᠢ ᠲᠦᠷᠭᠡᠳᠬᠡᠵᠦ ᠪᠥᠬᠥ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ 》 ᠲᠤᠬᠠᠢ ᠪᠠᠢᠷᠢᠯᠠᠭᠤᠯᠤᠯᠲᠠ ᠬᠢᠪᠡ᠃ ᠲᠠᠷᠢᠶᠠᠯᠠᠩ᠎ᠤᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠬᠦ ᠪᠣᠯ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠶᠢᠨ ᠴᠢᠬᠤᠯᠠ ᠡᠭᠦᠷᠭᠡ ᠮᠥᠨ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠎ᠶᠢ ᠠᠬᠢᠭᠤᠯᠬᠤ᠎ᠶᠢᠨ ᠪᠤᠰᠤᠳᠴᠢ ᠱᠠᠭᠠᠷᠳᠠᠯᠭ᠎ᠠ ᠮᠥᠨ᠃ ᠰᠢᠨ᠎ᠡ ᠴᠢᠨᠠᠷ ᠦᠨ ᠦᠢᠯᠡᠳᠪᠦᠷᠢᠯᠡᠯ᠎ᠦᠨ ᠬᠦᠴᠦᠨ᠎ᠦ ᠲᠣᠰ ᠪᠡᠶ᠎ᠡ ᠨᠢ ᠳᠠᠷᠤᠢ ᠪᠣᠬᠢᠷᠲᠤᠯ ᠦᠭᠡᠢ ᠦᠢᠯᠡᠳᠪᠦᠷᠢᠯᠡᠯ᠎ᠦᠨ ᠬᠦᠴᠦᠨ ᠮᠥᠨ᠂ ᠲᠠᠷᠢᠶᠠᠯᠠᠩ᠎ᠤᠨ ᠰᠢᠨ᠎ᠡ ᠴᠢᠨᠠᠷ ᠦᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠨᠢ ᠦᠢᠯᠡᠳᠪᠦᠷᠢᠯᠡᠯ᠎ᠦᠨ ᠬᠦᠴᠦᠨ᠎ᠦ ᠡᠯ᠎ᠡ ᠡᠯᠧᠮᠧᠨ᠋ᠲ᠎ᠢ ᠪᠣᠬᠢᠷᠲᠤᠯ ᠦᠭᠡᠢ᠎ᠪᠡᠷ ᠥᠭᠡᠷᠡᠴᠢᠯᠡᠨ ᠰᠠᠢᠵᠢᠷᠠᠭᠤᠯᠬᠤ ᠪᠠ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ᠎ᠶᠢ ᠪᠦᠲᠦᠮᠵᠢᠲᠡᠶ ᠬᠥᠲᠥᠯᠥᠨ ᠳᠠᠭᠠᠭᠤᠯᠵᠤ᠂ ᠲᠠᠷᠢᠶᠠᠯᠠᠩ᠎ᠤᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ ᠴᠢᠳᠠᠨ᠎ᠠ᠃
ᠲᠠᠷᠢᠶᠠᠯᠠᠩ ᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠨᠢ ᠠᠮᠢᠳᠤ ᠪᠣᠳᠠᠰ᠎ᠤᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠭᠣᠣᠯ ᠬᠥᠳᠡᠯᠭᠡᠬᠦ ᠬᠦᠴᠦᠨ ᠪᠣᠯᠭᠠᠵᠤ᠂ ᠮᠡᠷᠭᠡᠵᠢᠯ᠎ᠦᠨ ᠰᠢᠨ᠎ᠡ᠎ᠶᠢ ᠡᠭᠦᠳᠬᠦ᠂ ᠵᠠᠭᠪᠤᠷ᠎ᠢ ᠰᠢᠨᠡᠳᠬᠡᠬᠦ᠂ ᠳᠦᠷᠢᠮ᠎ᠢ ᠲᠡᠭᠦᠯᠳᠡᠷᠵᠢᠭᠦᠯᠬᠦ᠎ᠪᠡᠷ ᠳᠠᠮᠵᠢᠨ ᠲᠠᠷᠢᠶᠠᠯᠠᠩ᠎ᠤᠨ ᠦᠢᠯᠡᠳᠪᠦᠷᠢᠯᠡᠯ᠎ᠦᠨ ᠪᠦᠳᠦᠭᠦᠯᠢᠭ ᠬᠡᠯᠪᠡᠷᠢ᠎ᠡᠴᠡ ᠨᠠᠷᠢᠯᠢᠭ᠍ᠵᠢᠬᠤ᠂ ᠡᠬᠢ ᠪᠠᠶᠠᠯᠢᠭ᠋᠎ᠢ ᠬᠣᠷᠣᠭᠳᠠᠭᠤᠯᠬᠤ ᠬᠡᠯᠪᠡᠷᠢ᠎ᠡᠴᠡ ᠣᠷᠴᠢᠯᠳᠤᠭᠤᠯᠤᠨ ᠠᠰᠢᠭ᠍ᠯᠠᠬᠤ ᠬᠡᠯᠪᠡᠷᠢ ᠲᠡᠢᠰᠢ ᠬᠤᠪᠢᠷᠠᠬᠤ᠎ᠶᠢ ᠠᠬᠢᠭᠤᠯᠤᠨ᠎ᠠ᠃
ᠲᠠᠷᠢᠶᠠᠯᠠᠩ᠎ᠤᠨ ᠰᠢᠨ᠎ᠡ ᠴᠢᠨᠠᠷ᠎ᠦᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠨᠢ ᠲᠠᠷᠢᠶᠠᠯᠠᠩ᠎ᠤᠨ ᠦᠢᠯᠡᠳᠪᠦᠷᠢᠯᠡᠯ᠎ᠦᠨ ᠠᠷᠭ᠎ᠠ ᠬᠡᠯᠪᠡᠷᠢ᠎ᠶᠢᠨ ᠬᠤᠪᠢᠰᠤᠯᠲᠠ᠎ᠶᠢ ᠠᠬᠢᠭᠤᠯᠬᠤ᠂ ᠲᠠᠷᠢᠶᠠᠯᠠᠩ᠎ᠤᠨ ᠪᠣᠬᠢᠷᠲᠤᠯ ᠦᠭᠡᠢ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ ᠠᠮᠢᠳᠤ ᠪᠣᠳᠠᠰ᠎ᠤᠨ ᠮᠡᠷᠭᠡᠵᠢᠯ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠂ ᠣᠶᠤᠨᠴᠢ ᠲᠠᠷᠢᠶᠠᠯᠠᠩ᠎ᠤᠨ ᠮᠡᠷᠭᠡᠵᠢᠯ ᠵᠡᠷᠭᠡ᠎ᠳᠦ ᠲᠦᠰᠢᠭᠯᠡᠨ᠂ ᠦᠢᠯᠡᠳᠪᠦᠷᠢᠯᠡᠯ᠎ᠦᠨ ᠬᠦᠴᠦᠨ ᠵᠦᠢᠯ᠎ᠦᠨ ᠣᠷᠣᠭᠤᠯᠤᠯᠲᠠ᠎ᠶᠢ ᠪᠦᠲᠦᠮᠵᠢᠲᠡᠶ ᠠᠷᠪᠢᠯᠠᠵᠤ᠂ ᠤᠯᠠᠮᠵᠢᠯᠠᠯᠲᠤ ᠳᠠᠷᠢᠵᠤ ᠲᠡᠵᠢᠭᠡᠬᠦ ᠵᠠᠭᠪᠤᠷ᠎ᠢ ᠬᠤᠪᠢᠷᠠᠭᠤᠯᠤᠨ᠂ ᠦᠢᠯᠡᠳᠪᠦᠷᠢᠯᠡᠯ᠎ᠦᠨ ᠬᠦᠴᠦᠨ ᠵᠦᠢᠯ᠎ᠢ ᠥᠨᠳᠥᠷ ᠪᠦᠲᠦᠮᠵᠢᠲᠡᠶ ᠪᠡᠷ ᠳᠠᠬᠢᠨ ᠵᠣᠬᠢᠶᠠᠨ ᠪᠠᠶ᠋ᠢᠭᠤᠯᠬᠤ ᠪᠠ ᠰᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠵᠤ᠂ ᠲᠠᠷᠢᠶᠠᠯᠠᠩ᠎ᠤᠨ ᠦᠢᠯᠡᠳᠪᠦᠷᠢᠯᠡᠯ᠎ᠦᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠦᠢᠯᠡᠳᠪᠦᠷᠢᠯᠡᠬᠦ ᠬᠡᠪᠴᠢᠶ᠎ᠡ᠎ᠶᠢ ᠯᠠᠪᠳᠠᠭᠤᠨ᠎ᠢᠶᠠᠷ ᠥᠷᠭᠡᠳᠬᠡᠬᠦ᠎ᠶᠢᠨ ᠬᠠᠮᠲᠤ᠂ ᠪᠣᠬᠢᠷᠲᠤᠯ ᠡᠳ᠋᠎ᠦᠨ ᠪᠣᠶ ᠪᠣᠯᠬᠤ ᠪᠠ ᠭᠠᠳᠠᠭᠰᠢᠯᠠᠭᠤᠯᠬᠤ᠎ᠶᠢ ᠡᠬᠢ ᠡᠭᠦᠰᠦᠯ᠎ᠡᠴᠡ ᠨᠢ ᠪᠠᠭᠠᠰᠬᠠᠨ᠂ ᠦᠢᠯᠡᠳᠪᠦᠷᠢᠯᠡᠯ᠎ᠦᠨ ᠦᠷ᠎ᠡ ᠠᠰᠢᠭ᠋ ᠪᠠ ᠠᠮᠢ ᠠᠬᠤᠢ᠎ᠶᠢᠨ ᠬᠠᠮᠠᠭᠠᠯᠠᠯᠲᠠ᠎ᠶᠢ ᠬᠠᠮᠲᠤ ᠳ᠋ᠤᠨᠢ ᠬᠠᠷᠠᠭᠠᠯᠵᠠᠵᠤ᠂ ᠡᠷᠴᠢᠮᠯᠢᠭ᠂ ᠥᠨᠳᠥᠷ ᠪᠦᠲᠦᠮᠵᠢᠲᠡᠶ᠂ ᠠᠷᠢᠭᠤᠨ ᠴᠡᠪᠡᠷ ᠲᠠᠷᠢᠶᠠᠯᠠᠩ᠎ᠤᠨ ᠬᠥᠭᠵᠢᠯᠲᠡ᠎ᠶᠢᠨ ᠵᠠᠭᠪᠤᠷ ᠢ ᠪᠣᠶ ᠪᠣᠯᠭᠠᠬᠤ᠎ᠳᠤ ᠬᠦᠴᠦᠨ ᠨᠡᠮᠡᠷᠢᠯᠡᠨ᠎ᠡ᠃ ᠲᠡᠷᠢᠭᠦᠨ᠎ᠦ ᠬᠡᠷᠡᠭᠯᠡᠭᠡᠨ᠎ᠦ ᠮᠡᠷᠭᠡᠵᠢᠯ᠎ᠢ ᠦᠢᠯᠡᠳᠪᠦᠷᠢᠯᠡᠯ᠂ ᠡᠳ᠋ᠰᠢᠭᠦᠯᠦᠯᠲᠡ᠂ ᠭᠦᠢᠯᠭᠡᠭᠡ ᠵᠡᠷᠭᠡ ᠪᠥᠬᠥ ᠬᠡᠯᠬᠢᠶ᠎ᠡ᠎ᠳᠦ ᠭᠦᠨᠵᠡᠭᠡᠢ ᠠᠭᠤᠰᠤᠯᠴᠠᠭᠤᠯᠪᠠᠯ᠂ ᠠᠵᠤ ᠦᠢᠯᠡᠰ᠎ᠦᠨ ᠠᠭᠤᠰᠤᠯᠴᠠᠨ ᠬᠠᠷᠢᠯᠴᠠᠨ ᠠᠬᠢᠭᠤᠯᠬᠤ᠂ ᠥᠷᠲᠡᠭ ᠨᠡᠮᠡᠭᠳᠡᠭᠦᠯᠬᠦ᠎ᠶᠢ ᠠᠬᠢᠭᠤᠯᠵᠤ᠂ ᠬᠠᠶᠠᠭᠳᠠᠮᠠᠯ ᠪᠣᠳᠠᠰ᠎ᠢ ᠲᠤᠬᠠᠢ᠎ᠶᠢᠨ ᠭᠠᠵᠠᠷ ᠲᠤᠨᠢ ᠤᠯᠠᠷᠢᠭᠤᠯᠬᠤ᠎ᠶᠢ ᠪᠡᠶᠡᠯᠡᠭᠦᠯᠵᠦ᠂ ᠪᠣᠬᠢᠷᠲᠤᠯ ᠦᠭᠡᠢ ᠠᠵᠤ ᠦᠢᠯᠡᠰ᠎ᠦᠨ ᠬᠥᠭᠵᠢᠯᠲᠡ᠎ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ᠂ ᠥᠷᠲᠡᠭ᠎ᠦᠨ ᠬᠡᠯᠬᠢᠶ᠎ᠡ᠎ᠶᠢ ᠳᠡᠭᠡᠭᠰᠢᠯᠡᠭᠦᠯᠬᠦ᠎ᠶᠢ ᠠᠬᠢᠭᠤᠯᠵᠤ ᠴᠢᠳᠠᠨ᠎ᠠ᠃ ᠬᠣᠰᠢᠭᠤᠷᠠᠯ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠦ ᠡᠨᠧᠷᠭᠢ ᠣᠯᠭᠣᠬᠤ᠎ᠪᠠᠷ ᠳᠡᠮᠵᠢᠨ ᠪᠠᠷᠢᠮᠵᠢᠶᠠᠵᠢᠭ᠍ᠰᠠᠨ ᠦᠢᠯᠡᠳᠪᠦᠷᠢᠯᠡᠯ ᠪᠠ ᠲᠣᠭᠠᠴᠢᠯᠠᠭᠰᠠᠨ ᠬᠠᠮᠢᠶᠠᠷᠤᠯᠲᠠ᠎ᠶᠢ ᠪᠡᠶᠡᠯᠡᠭᠦᠯᠣᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠮᠠᠨ᠎ᠤ ᠤᠯᠤᠰ᠎ᠤᠨ ᠲᠠᠷᠢᠶᠠᠯᠠᠩ᠎ᠤᠨ ᠪᠣᠬᠢᠷᠲᠤᠯ ᠦᠭᠡᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ 2025 ᠣᠨ᠎ᠤ ᠭᠣᠣᠯ ᠪᠣᠯᠬᠤ ᠲᠠᠷᠢᠮᠠᠯ᠎ᠤᠨ ᠬᠢᠮᠢ᠎ᠶᠢᠨ ᠪᠣᠷᠳᠣᠭᠤᠷ᠎ᠤᠨ ᠠᠰᠢᠭ᠍ᠯᠠᠯᠲᠠ᠎ᠶᠢᠨ ᠨᠣᠷᠮ᠎ᠠ 43.3% ᠪᠠᠢᠵᠤ᠂ ᠬᠢᠵᠢᠭ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠡᠵᠡᠮᠳᠡᠬᠦ ᠪᠦᠷᠬᠦᠴᠡ᠎ᠶᠢᠨ ᠨᠣᠷᠮ᠎ᠠ 59.2% ᠪᠠᠢᠵᠤ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠰᠡᠭᠦᠯᠴᠢ᠎ᠶᠢᠨ ᠬᠢ᠎ᠡᠴᠡ ᠲᠣᠰ ᠲᠣᠰ ᠵᠠᠭᠣᠨᠦ ᠬᠠᠷᠢᠴᠠᠯ ᠵᠢᠡᠷ 3.1 ᠪᠠ 17.7 ᠬᠤᠪᠢ ᠳᠡᠭᠡᠭᠰᠢᠯᠡᠪᠡ᠃ ᠪᠥᠬᠥ ᠤᠯᠤᠰ᠎ᠤᠨ ᠮᠠᠯ ᠵᠢᠭᠦᠷᠲᠡᠨ᠎ᠦ ᠢᠯᠭᠠᠳᠠᠰᠤ᠎ᠶᠢ ᠶᠡᠷᠦᠩᠬᠡᠢᠯᠡᠨ ᠠᠰᠢᠭ᠍ᠯᠠᠬᠤ ᠨᠣᠷᠮ᠎ᠠ 80.1% ᠳᠤ ᠬᠦᠷᠴᠦ᠂ ᠡᠰᠢ ᠰᠦᠷᠡᠯ᠎ᠢ ᠶᠡᠷᠦᠩᠬᠡᠢᠯᠡᠨ ᠠᠰᠢᠭ᠍ᠯᠠᠬᠤ ᠨᠣᠷᠮ᠎ᠠ᠎ᠶᠢ 88% ᠡᠴᠡ ᠳᠡᠭᠡᠭᠰᠢ᠎ᠳᠦ ᠲᠣᠭᠲᠠᠪᠤᠷᠢᠵᠢᠭᠤᠯᠵᠤ᠂ ᠲᠠᠷᠢᠶᠠᠯᠠᠩ᠎ᠤᠨ ᠰᠦᠯᠢᠶᠥᠦ ᠪᠦᠷᠬᠦᠪᠴᠢ᠎ᠶᠢ ᠰᠢᠢᠳᠪᠦᠷᠢᠯᠡᠬᠦ ᠨᠣᠷᠮ᠎ᠠ 85% ᠵᠢ ᠳᠠᠪᠠᠵᠤ᠂ ᠲᠠᠷᠢᠶᠠᠨ ᠡᠮ᠎ᠦᠨ ᠪᠣᠭᠣᠳᠠᠯ᠎ᠤᠨ ᠬᠠᠶᠠᠭᠳᠠᠮᠠᠯ ᠪᠣᠳᠠᠰ᠎ᠢ ᠬᠣᠷᠢᠶᠠᠨ ᠠᠪᠬᠤ ᠨᠣᠷᠮ᠎ᠠ 80% ᠡᠴᠡ ᠳᠡᠭᠡᠭᠰᠢ᠎ᠳᠦ ᠬᠦᠷᠴᠦ ᠂ ᠲᠠᠷᠢᠶᠠᠯᠠᠩ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠨᠵᠢᠯᠡᠬᠦ ᠤᠬᠠᠭᠠᠨᠴᠢ᠎ᠪᠠᠷ ᠬᠡᠷᠡᠭᠯᠡᠬᠦ ᠪᠠ ᠬᠣᠷᠢᠶᠠᠨ ᠠᠪᠬᠤ ᠰᠢᠰᠲᠧᠮ᠎ᠢ ᠠᠯᠬᠤᠮ ᠠᠯᠬᠤᠮ᠎ᠢᠶᠠᠷ ᠪᠠᠢᠭᠤᠯᠪᠠ᠃ ᠪᠦᠬᠦ ᠤᠯᠤᠰ᠎ᠤᠨ ᠪᠣᠬᠢᠷᠲᠤᠯ ᠦᠭᠡᠢ᠂ ᠣᠷᠭᠠᠨᠢᠭ᠋᠂ ᠨᠡᠷᠡᠳᠤ ᠣᠨᠴᠠ ᠰᠢᠯᠢᠳᠡᠭ ᠰᠢᠨ᠎ᠡ ᠪᠠ ᠭᠠᠵᠠᠷ ᠵᠦᠢ᠎ᠶᠢᠨ ᠪᠡᠯᠭᠡ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ᠎ᠦ ᠶᠡᠷᠦᠩᠬᠡᠢ ᠲᠣᠭ᠎ᠠ 8.8 ᠲᠦᠮᠡ᠎ᠶᠢ ᠳᠠᠪᠠᠵᠤ᠂ 《ᠠᠷᠪᠠᠨ ᠭᠤᠷᠪᠠᠳᠤᠭᠠᠷ ᠲᠠᠪᠤᠨ ᠵᠢᠯ 》 ᠤᠨ ᠰᠡᠭᠦᠯᠴᠢ᠎ᠶᠢᠨ ᠬᠢ᠎ᠡᠴᠡ 3 ᠲᠦᠮᠡ ᠭᠠᠷᠤᠢ ᠨᠡᠮᠡᠭᠳᠡᠵᠡᠢ᠃ ᠪᠣᠬᠢᠷᠲᠤᠯ ᠦᠭᠡᠢ ᠢᠳᠡᠭᠡᠨ᠎ᠦ ᠪᠣᠷᠤᠯᠠᠭᠤᠯᠭ᠎ᠠ᠎ᠶᠢᠨ ᠬᠡᠮᠵᠢᠶ᠎ᠡ 6291.8 ᠳ᠋ᠦᠩᠰᠢᠭᠤᠷ ᠲᠥᠭᠥᠷᠢᠭ᠎ᠲᠦ ᠬᠦᠷᠴᠦ᠂ 《 ᠠᠷᠪᠠᠨ ᠭᠤᠷᠪᠠᠳᠤᠭᠠᠷ ᠲᠠᠪᠤᠨ ᠵᠢᠯ 》 ᠤᠨ ᠰᠡᠭᠦᠯᠴᠢ᠎ᠶᠢᠨ ᠬᠢ᠎ᠡᠴᠡ 23.96% ᠪᠠᠷ ᠨᠡᠮᠡᠭᠳᠡᠪᠡ᠃ ᠲᠠᠷᠢᠶᠠᠯᠠᠩ᠎ᠤᠨ ᠠᠮᠢ ᠠᠬᠤᠢ᠎ᠶᠢᠨ ᠦᠷ᠎ᠡ ᠠᠰᠢᠭ᠋ ᠪᠠ ᠠᠵᠤ ᠠᠬᠤᠢ᠎ᠶᠢᠨ ᠦᠷ᠎ᠡ ᠠᠰᠢᠭ᠋ ᠴᠥᠮ ᠶᠡᠬᠡᠪᠡᠷ ᠳᠡᠭᠡᠭᠰᠢᠯᠡᠵᠦ ᠂ ᠬᠥᠳᠡᠭᠡ ᠲᠣᠰᠬᠣᠨ᠎ᠤ ᠠᠮᠢ ᠠᠬᠤᠢ᠎ᠶᠢᠨ ᠣᠷᠴᠢᠨ ᠨᠥᠬᠥᠴᠡᠯ᠎ᠦᠨ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃ ᠡᠭᠦᠨ ᠦ ᠬᠠᠮᠲᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠱᠠᠭᠠᠷᠳᠠᠯᠭ᠎ᠠ᠎ᠲᠠᠢ ᠬᠠᠷᠢᠴᠠᠭᠤᠯᠪᠠᠯ᠂ ᠲᠠᠷᠢᠶᠠᠯᠠᠩ᠎ᠤᠨ ᠪᠣᠬᠢᠷᠲᠤᠯ ᠦᠭᠡᠢ ᠬᠥᠭᠵᠢᠯᠲᠡ᠎ᠳᠦ ᠮᠥᠨ ᠬᠦ᠌ ᠵᠠᠷᠢᠮ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠂ ᠬᠦᠴᠦᠨ᠎ᠢᠶᠡᠨ ᠲᠥᠪᠯᠡᠷᠡᠭᠦᠯᠦᠨ ᠪᠣᠭᠣᠮᠲᠠ ᠰᠢᠪᠲᠤᠯᠬᠤ᠎ᠶᠢ ᠪᠠᠴᠢᠮ ᠱᠠᠭᠠᠷᠳᠠᠵᠤ ᠪᠠᠢᠬᠤ᠎ᠶᠢ ᠣᠯᠵᠤ ᠬᠠᠷᠠᠬᠤ ᠬᠡᠷᠡᠭᠲᠡᠢ᠃ ᠲᠠᠷᠢᠶᠠᠯᠠᠩ᠎ᠤᠨ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠬᠤ ᠪᠣᠯ ᠲᠠᠷᠢᠶᠠᠯᠠᠩ᠎ᠤᠨ ᠬᠥᠭᠵᠢᠯᠲᠡ᠎ᠶᠢᠨ ᠦᠵᠡᠯᠲᠡ᠎ᠶᠢᠨ ᠨᠢᠭᠡ ᠤᠳᠠᠭᠠᠨ᠎ᠤ ᠭᠦᠨᠵᠡᠭᠡᠢ ᠬᠤᠪᠢᠰᠬᠠᠯ ᠮᠥᠨ᠃ ᠪᠢᠳᠡ ᠬᠥᠳᠡᠭᠡ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠶᠢ ᠡᠭᠦᠳᠬᠦ᠎ᠶᠢ ᠴᠢᠩᠭᠠᠳᠬᠠᠵᠤ᠂ ᠡᠬᠢ ᠪᠠᠶᠠᠯᠢᠭ᠋᠎ᠤᠨ ᠡᠯᠧᠮᠧᠨ᠋ᠲ᠎ᠦᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠬᠥᠳᠡᠯᠮᠦᠷᠢᠴᠢᠨ᠂ ᠬᠥᠳᠡᠯᠮᠦᠷᠢ᠎ᠶᠢᠨ ᠬᠡᠷᠡᠭᠰᠡᠯ᠂ ᠬᠥᠳᠡᠯᠮᠦᠷᠢ᠎ᠶᠢᠨ ᠡᠲᠡᠭᠡᠳ ᠢ ᠰᠢᠯᠢᠳᠡᠭᠵᠢᠭᠦᠯᠦᠨ ᠨᠡᠢᠳᠬᠡᠬᠦ ᠪᠠ ᠰᠢᠨᠡᠴᠢᠯᠡᠨ ᠳᠡᠭᠡᠭᠰᠢᠯᠡᠭᠦᠯᠬᠦ᠎ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠰᠢᠨ᠎ᠡ ᠴᠢᠨᠠᠷ ᠦᠨ ᠦᠢᠯᠡᠳᠪᠦᠷᠢᠯᠡᠯ᠎ᠦᠨ ᠬᠦᠴᠦᠨ ᠢ ᠲᠦᠷᠭᠡᠨ ᠪᠣᠢᠵᠢᠭᠤᠯᠤᠨ ᠬᠥᠭᠵᠢᠭᠦᠯᠵᠦ᠂ ᠬᠥᠳᠡᠭᠡ ᠠᠵᠤ ᠠᠬᠤᠢ᠎ᠶᠢᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠭᠣᠣᠯᠳᠠᠯᠭ᠎ᠠ᠎ᠲᠠᠢ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠬᠤ ᠬᠡᠷᠡᠭᠲᠡᠢ᠃
ᠲᠠᠷᠢᠶᠠᠯᠠᠩ᠎ᠤᠨ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠠᠮᠢ ᠠᠬᠤᠢ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠤᠬᠠᠮᠰᠠᠷ ᠪᠠ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠭᠡᠷ ᠪᠦᠯᠢ᠎ᠶᠢᠨ ᠲᠠᠷᠢᠶᠠᠯᠠᠩ᠎ᠤᠨ ᠲᠠᠯᠠᠪᠠᠶ᠂ ᠲᠤᠰᠬᠠᠢ ᠲᠣᠮᠣ᠌ ᠡᠷᠦᠬᠡ᠂ ᠲᠠᠷᠢᠶᠠᠴᠢᠳ᠎ᠤᠨ ᠬᠣᠷᠰᠢᠶ᠎ᠠ᠂ ᠲᠠᠷᠢᠶᠠᠯᠠᠩ᠎ᠤᠨ ᠠᠵᠤ ᠦᠶ᠋ᠯᠡᠰᠵᠢᠯᠲᠡ᠎ᠶᠢᠨ ᠳᠠᠭᠠᠭᠤᠯᠤᠭ᠍ᠴᠢ ᠠᠵᠤ ᠠᠬᠤᠢᠯᠠᠯ ᠵᠡᠷᠭᠡ ᠰᠢᠨ᠎ᠡ ᠬᠡᠯᠪᠡᠷᠢ᠎ᠶᠢᠨ ᠲᠠᠷᠢᠶᠠᠯᠠᠩ᠎ᠤᠨ ᠡᠵᠡᠩᠨᠡᠯᠲᠡ᠎ᠶᠢᠨ ᠭᠣᠣᠯ ᠴᠣᠭᠴᠠ ᠵᠢᠴᠢ ᠲᠠᠷᠢᠶᠠᠴᠢᠨ ᠡᠷᠦᠬᠡ ᠪᠣᠯ ᠲᠠᠷᠢᠶᠠᠯᠠᠩ᠎ᠤᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠴᠢᠬᠤᠯᠠ ᠬᠦᠴᠦᠨ ᠮᠥᠨ᠃ ᠬᠠᠮᠢᠶ᠎ᠠ ᠪᠦᠬᠦᠢ ᠡᠵᠡᠩᠨᠡᠭᠴᠢᠳ᠎ᠢ ᠬᠥᠲᠥᠯᠥᠨ ᠵᠢᠯᠤᠭᠣᠳᠴᠤ ᠪᠠᠢᠭᠠᠳ ᠪᠣᠬᠢᠷᠲᠤᠯ ᠦᠭᠡᠢ ᠬᠥᠭᠵᠢᠯᠲᠡ᠎ᠶᠢᠨ ᠣᠨᠣᠯᠵᠢᠬᠤᠨ᠎ᠢ ᠪᠣᠶ ᠪᠣᠯᠭᠠᠵᠤ ᠂ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ ᠦᠵᠡᠯ ᠤᠬᠠᠮᠰᠠᠷ᠎ᠢ ᠨᠢ ᠳᠡᠭᠡᠭᠰᠢᠯᠡᠭᠦᠯᠦᠨ᠂ ᠪᠦᠳᠦᠭᠦᠯᠢᠭ ᠮᠠᠶᠢᠭ᠋᠎ᠤᠨ ᠡᠵᠡᠩᠨᠡᠯᠲᠡ᠎ᠶᠢᠨ ᠵᠠᠭᠪᠤᠷ᠎ᠢ ᠲᠠᠶᠠᠭᠳᠠᠵᠤ᠂ ᠭᠠᠵᠠᠷ ᠰᠢᠷᠣᠢ᠎ᠶᠢᠨ ᠡᠬᠢ ᠪᠠᠶᠠᠯᠢᠭ᠋᠂ ᠤᠰᠤᠨ᠎ᠤ ᠡᠬᠢ ᠪᠠᠶᠠᠯᠢᠭ᠋ ᠵᠡᠷᠭᠡ᠎ᠶᠢ ᠨᠡᠭᠡᠭᠡᠨ ᠠᠰᠢᠭ᠍ᠯᠠᠬᠤ᠎ᠶᠢ ᠰᠢᠨᠵᠢᠯᠡᠬᠦ ᠤᠬᠠᠭᠠᠨᠴᠢ᠎ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠵᠡᠩᠨᠡᠭᠴᠢᠳ᠎ᠤᠨ ᠪᠣᠬᠢᠷᠲᠤᠯ ᠦᠭᠡᠢ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ᠎ᠪᠠᠷ ᠬᠠᠩᠭᠠᠬᠤ᠎ᠶᠢ ᠠᠬᠢᠭᠤᠯᠵᠤ᠂ ᠪᠣᠬᠢᠷᠲᠤᠯ ᠦᠭᠡᠢ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ ᠶᠢ ᠨᠡᠮᠡᠭᠳᠡᠭᠦᠯᠦᠨ᠂ ᠲᠦᠬᠦᠬᠡᠷᠦᠮᠵᠢᠳᠦ ᠲᠠᠷᠢᠶᠠᠯᠠᠩ᠂ ᠣᠷᠭᠠᠨᠢᠭ᠋ ᠲᠠᠷᠢᠶᠠᠯᠠᠩ ᠵᠡᠷᠭᠡ ᠰᠢᠨ᠎ᠡ ᠬᠡᠯᠪᠡᠷᠢ᠎ᠶᠢᠨ ᠲᠠᠷᠢᠶᠠᠯᠠᠩ᠎ᠤᠨ ᠦᠢᠯᠡᠳᠪᠦᠷᠢᠯᠡᠯ ᠦᠨ ᠵᠠᠭᠪᠤᠷ ᠢ ᠵᠣᠷᠢᠭ᠍ᠵᠢᠭᠤᠯᠤᠨ ᠬᠥᠭᠵᠢᠭᠦᠯᠦᠨ᠎ᠡ᠃ ᠡᠭᠦᠯᠡᠨ ᠪᠣᠳᠣᠯᠲᠠ᠂ ᠲᠣᠮᠣ᠌ ᠳ᠋ᠠᠢᠲ᠋ᠠ᠂ ᠲᠠᠷᠢᠶᠠᠯᠠᠩ᠎ᠤᠨ ᠪᠠᠷᠠᠭᠠᠨᠦ ᠰᠦᠯᠵᠢᠶ᠎ᠡ ᠵᠡᠷᠭᠡ ᠰᠢᠨ᠎ᠡ ᠮᠡᠷᠭᠡᠵᠢᠯ ᠪᠠ ᠰᠢᠨ᠎ᠡ ᠲᠣᠨᠣᠭ ᠲᠥᠬᠦᠭᠡᠷᠦᠮᠵᠢ᠎ᠶᠢ ᠣᠷᠣᠭᠤᠯᠤᠨ ᠠᠪᠴᠢᠷᠠᠵᠤ᠂ ᠳᠥᠭᠥᠮ ᠳᠥᠲᠡ ᠥᠨᠳᠥᠷ ᠪᠦᠲᠦᠮᠵᠢᠲᠡᠶ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ᠂ ᠲᠠᠷᠢᠶᠠᠯᠠᠩ᠎ᠤᠨ ᠠᠵᠤ ᠦᠶ᠋ᠯᠡᠰᠵᠢᠭᠰᠡᠨ ᠬᠥᠲᠥᠴᠢ ᠠᠵᠤ ᠠᠬᠤᠢᠯᠠᠯ᠂ ᠰᠢᠨ᠎ᠡ ᠬᠡᠯᠪᠡᠷᠢ᠎ᠶᠢᠨ ᠲᠠᠷᠢᠶᠠᠯᠠᠩ᠎ᠤᠨ ᠡᠵᠡᠩᠨᠡᠯᠲᠡ᠎ᠶᠢᠨ ᠭᠣᠣᠯ ᠴᠣᠭᠴᠠ᠎ᠶᠢᠨ ᠵᠠᠬ᠎ᠠ ᠳᠡᠯᠭᠡᠭᠦᠷ᠎ᠲᠡᠬᠢ ᠲᠤᠰᠬᠠᠯ ᠰᠡᠷᠭᠡᠭ ᠂ ᠪᠣᠬᠢᠷᠲᠤᠯ ᠦᠭᠡᠢ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠲᠣᠨᠣᠭ ᠲᠥᠬᠦᠭᠡᠷᠦᠮᠵᠢ᠎ᠶᠢ ᠬᠡᠷᠡᠭᠯᠡᠬᠦ ᠴᠢᠳᠠᠪᠤᠷᠢ᠎ᠪᠠᠷ ᠴᠢᠩᠭ᠎ᠠ ᠳᠠᠪᠠᠭᠤᠯᠢᠭ᠋ ᠢ ᠭᠦᠢᠴᠡᠳ ᠪᠠᠳᠠᠷᠠᠭᠤᠯᠵᠤ ᠂ ᠵᠢᠱ᠌ᠢᠶ᠎ᠡ ᠦᠵᠡᠭᠦᠯᠦᠨ ᠳᠠᠢᠴᠢᠯᠠᠬᠤ ᠪᠠ ᠵᠠᠭᠪᠤᠷ ᠳᠡᠯᠭᠡᠷᠡᠭᠦᠯᠬᠦ᠎ᠪᠡᠷ ᠳᠠᠮᠵᠢᠨ ᠲᠠᠷᠢᠶᠠᠴᠢᠳ᠎ᠤᠨ ᠮᠡᠷᠭᠡᠵᠢᠯ ᠴᠢᠳᠠᠪᠤᠷᠢ᠎ᠶᠢᠨ ᠬᠢᠷᠢ ᠬᠡᠮᠵᠢᠶ᠎ᠡ ᠪᠠ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠵᠦ᠂ ᠲᠡᠷᠢᠭᠦᠨ᠎ᠦ ᠲᠠᠷᠢᠶᠠᠯᠠᠩ᠎ᠤᠨ ᠮᠡᠷᠭᠡᠵᠢᠯ ᠪᠠ ᠦᠢᠯᠡᠳᠪᠦᠷᠢᠯᠡᠯ᠎ᠦᠨ ᠵᠠᠭᠪᠤᠷ᠎ᠢ ᠳᠡᠯᠭᠡᠷᠡᠭᠦᠯᠦᠨ᠂ ᠲᠠᠷᠢᠶᠠᠴᠢᠨ ᠡᠷᠦᠬᠡ᠎ᠶᠢ ᠰᠤᠷᠴᠤ ᠴᠢᠳᠠᠬᠤ᠂ ᠬᠡᠷᠡᠭᠯᠡᠵᠦ ᠴᠢᠳᠠᠬᠤ ᠂ ᠣᠷᠣᠯᠭ᠎ᠠ᠎ᠪᠠᠨ ᠨᠡᠮᠡᠭᠳᠡᠭᠦᠯᠵᠦ ᠴᠢᠳᠠᠬᠤ ᠪᠣᠯᠭᠠᠨ᠎ᠠ᠃
ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠳᠡᠰ ᠳᠡᠪᠰᠢᠬᠦ᠎ᠶᠢ ᠬᠦᠴᠦᠯᠡᠨ ᠠᠬᠢᠭᠤᠯᠤᠨ᠎ᠠ᠃ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠢ ᠠᠰᠢᠭ᠍ᠯᠠᠨ ᠂ ᠲᠠᠷᠢᠶᠠᠯᠠᠩ᠎ᠤᠨ ᠮᠠᠰᠢᠨ᠎ᠤ ᠲᠣᠨᠣᠭ ᠲᠥᠬᠦᠭᠡᠷᠦᠮᠵᠢ᠎ᠳᠦ ᠰᠢᠰᠲᠧᠮᠲᠦ ᠴᠢᠨᠠᠷᠲᠠᠢ ᠥᠭᠡᠷᠡᠴᠢᠯᠡᠯᠲᠡ ᠬᠢᠵᠦ ᠂ ᠣᠶᠤᠨᠯᠢᠭ᠋ ᠰᠡᠷᠡᠯ ᠳᠠᠮᠵᠢᠭᠤᠯᠬᠤ ᠲᠥᠬᠦᠭᠡᠷᠦᠮᠵᠢ ᠵᠡᠷᠭᠡ ᠲᠡᠷᠢᠭᠦᠨ᠎ᠦ ᠲᠣᠨᠣᠭ ᠲᠥᠬᠦᠭᠡᠷᠦᠮᠵᠢ᠎ᠶᠢ ᠳᠡᠯᠭᠡᠷᠡᠭᠦᠯᠦᠨ ᠬᠡᠷᠡᠭᠯᠡᠵᠦ ᠂ ᠵᠣᠬᠢᠶᠠᠮᠠᠯ ᠣᠶᠣᠨ ᠴᠢᠳᠠᠪᠣᠷᠢ ᠪᠡᠷ ᠳᠠᠮᠵᠢᠨ ᠲᠠᠷᠢᠶᠠᠯᠠᠩ᠎ᠤᠨ ᠮᠠᠰᠢᠨ᠎ᠤ ᠠᠦ᠋ᠲ᠋ᠣ᠋ ᠵᠢᠯᠣᠭᠣᠳᠤᠯᠭ᠎ᠠ ᠪᠠ ᠣᠶᠤᠨᠴᠢ ᠤᠰᠤᠯᠠᠯᠲᠠ᠎ᠶᠢ ᠪᠡᠶᠡᠯᠡᠭᠦᠯᠦᠨ᠎ᠡ᠃ ᠬᠥᠷᠥᠰᠥ ᠰᠢᠷᠣᠢ᠎ᠶᠢᠨ ᠥᠩ ᠰᠢᠮ᠎ᠡ ᠂ ᠲᠠᠷᠢᠮᠠᠯ᠎ᠤᠨ ᠤᠷᠭᠤᠴᠠ᠎ᠶᠢᠨ ᠪᠠᠢᠳᠠᠯ ᠂ ᠬᠢᠵᠢᠭ ᠬᠣᠷᠣᠬᠠᠢ᠎ᠶᠢᠨ ᠭᠠᠮᠰᠢᠭ᠋᠎ᠤᠨ ᠪᠠᠢᠳᠠᠯ᠎ᠳᠤ ᠬᠥᠳᠡᠯᠦᠩᠭᠦᠢ ᠬᠢᠨᠠᠨ ᠬᠡᠮᠵᠢᠯᠲᠡ ᠬᠢᠵᠦ ᠂ ᠲᠠᠷᠢᠶᠠᠨ ᠭᠠᠵᠠᠷ᠎ᠤᠨ ᠪᠣᠳᠠᠲᠠᠢ ᠤᠷᠭᠤᠯᠲᠠ᠎ᠶᠢᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠨᠥᠬᠥᠴᠡᠯ᠎ᠲᠠᠢ ᠤᠶᠠᠯᠳᠤᠭᠤᠯᠤᠨ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ ᠂ ᠣᠨᠣᠪᠴᠢᠲᠠᠶ᠎ᠪᠠᠷ ᠪᠣᠷᠳᠣᠭᠤᠷ ᠣᠷᠣᠭᠤᠯᠬᠤ᠂ ᠤᠰᠤ ᠠᠷᠪᠢᠯᠠᠵᠤ ᠤᠰᠤᠯᠠᠬᠤ ᠬᠢᠭᠡᠳ ᠰᠢᠨᠵᠢᠯᠡᠬᠦ ᠤᠬᠠᠭᠠᠨᠴᠢ᠎ᠪᠠᠷ ᠤᠷᠭᠤᠮᠠᠯ᠎ᠢ ᠬᠠᠮᠠᠭᠠᠯᠠᠬᠤ᠎ᠶᠢ ᠪᠡᠶᠡᠯᠡᠭᠦᠯᠵᠦ ᠂ ᠬᠢᠮᠢ᠎ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ᠎ᠶᠢ ᠪᠠᠭᠠᠰᠬᠠᠨ᠂ ᠠᠮᠢ ᠠᠬᠤᠢ ᠣᠷᠴᠢᠨ ᠲᠣᠭᠣᠷᠢᠨ᠎ᠳᠤ ᠦᠵᠡᠭᠦᠯᠬᠦ ᠲᠠᠷᠢᠶᠠᠯᠠᠩ᠎ᠤᠨ ᠦᠢᠯᠡᠳᠪᠦᠷᠢᠯᠡᠯ᠎ᠦᠨ ᠨᠥᠯᠥᠭᠡ᠎ᠶᠢ ᠪᠠᠭᠤᠷᠠᠭᠤᠯᠵᠤ᠂ ᠲᠠᠷᠢᠶᠠᠯᠠᠩ᠎ᠤᠨ ᠦᠢᠯᠡᠳᠪᠦᠷᠢᠯᠡᠯ ᠬᠢᠭᠡᠳ ᠠᠮᠢ ᠠᠬᠤᠢ᠎ᠶᠢᠨ ᠬᠠᠮᠠᠭᠠᠯᠠᠯᠲᠠ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠤᠨ᠎ᠠ᠃ ᠲᠣᠮᠣ᠌ ᠳ᠋ᠠᠢᠲ᠋ᠠ᠎ᠶᠢᠨ ᠲᠠᠪᠴᠠᠩ᠎ᠳᠤ ᠲᠦᠰᠢᠭᠯᠡᠨ ᠦᠢᠯᠡᠳᠪᠦᠷᠢᠯᠡᠯ᠎ᠦᠨ ᠲᠥᠰᠥᠯ᠎ᠢ ᠨᠢᠭᠡᠳᠦᠯᠲᠡᠢ ᠲᠥᠯᠥᠪᠯᠡᠨ ᠰᠢᠯᠢᠳᠡᠭᠵᠢᠭᠦᠯᠵᠦ ᠂ ᠲᠠᠷᠢᠶᠠᠯᠠᠩ᠎ᠢ 《ᠲᠤᠷᠰᠢᠯᠭ᠎ᠠ᠎ᠳᠤ ᠲᠦᠰᠢᠭᠯᠡᠵᠦ 》 ᠪᠠᠢᠭᠰᠠᠨ᠎ᠠᠴᠠ 《ᠲᠣᠭ᠎ᠠ ᠪᠠᠷᠢᠮᠲᠠ᠎ᠳᠤ ᠲᠦᠰᠢᠭᠯᠡᠬᠦ 》 ᠪᠣᠯᠭᠠᠨ ᠬᠤᠪᠢᠷᠠᠭᠤᠯᠬᠤ᠂ ᠪᠦᠳᠦᠭᠦᠯᠢᠭ ᠬᠡᠯᠪᠡᠷᠢ᠎ᠡᠴᠡ ᠨᠠᠷᠢᠯᠢᠭ᠍ᠵᠢᠭᠤᠯᠬᠤ᠂ ᠪᠠᠷᠢᠮᠵᠢᠶᠠᠵᠢᠭᠤᠯᠬᠤ ᠲᠡᠢᠰᠢ ᠲᠠᠰ ᠳᠡᠪᠰᠢᠭᠦᠯᠬᠦ᠎ᠶᠢ ᠠᠬᠢᠭᠤᠯᠦᠨ᠎ᠡ᠃ ᠨᠡᠷᠡᠨ ᠡᠨᠧᠷᠭᠢ᠂ ᠠᠮᠢᠳᠤ ᠪᠣᠳᠠᠰ᠎ᠤᠨ ᠮᠠᠰ ᠡᠨᠧᠷᠭᠢ ᠵᠡᠷᠭᠡ ᠴᠡᠪᠡᠷ ᠡᠨᠧᠷᠭᠢ᠎ᠶᠢᠨ ᠲᠠᠷᠢᠶᠠᠯᠠᠩ᠎ᠤᠨ ᠬᠦᠷᠢᠶᠡᠨ᠎ᠳᠡᠬᠢ ᠬᠡᠪᠴᠢᠶᠡᠵᠢᠭᠦᠯᠦᠨ ᠬᠡᠷᠡᠭᠯᠡᠬᠦ᠎ᠶᠢ ᠲᠦᠷᠭᠡᠳᠬᠡᠨ᠎ᠠ᠃
ᠲᠠᠷᠢᠶᠠᠯᠠᠩ ᠤᠨ ᠬᠥᠳᠡᠯᠮᠦᠷᠢ ᠶᠢᠨ ᠳ᠋ᠦᠢᠰᠢᠶᠠᠩ ᠢ ᠲᠠᠰᠤᠷᠠᠯᠳᠠ ᠦᠭᠡᠢ ᠥᠷᠭᠡᠳᠬᠡᠨ᠎ᠡ᠃ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠡᠷᠴᠢᠮ᠎ᠢ ᠴᠢᠩᠭᠠᠷᠠᠭᠤᠯᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠡᠬᠢ ᠪᠠᠶᠠᠯᠢᠭ᠋ ᠪᠠ ᠡᠯᠧᠮᠧᠨ᠋ᠲ ᠦᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠦᠨ ᠬᠡᠷᠡᠭᠯᠡᠯᠲᠡ᠎ᠶᠢ ᠲᠦᠷᠭᠡᠳᠬᠡᠨ᠎ᠡ᠃ ᠤᠳᠤ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠂ ᠠᠮᠢᠳᠤ ᠪᠣᠳᠠᠰ᠎ᠤᠨ ᠮᠡᠷᠭᠡᠵᠢᠯ ᠵᠡᠷᠭᠡ᠎ᠶᠢ ᠲᠠᠷᠢᠶᠠᠯᠠᠩ᠎ᠤᠨ ᠦᠢᠯᠡᠳᠪᠦᠷᠢᠯᠡᠯ᠎ᠲᠠᠢ ᠭᠦᠨᠵᠡᠭᠡᠢ ᠠᠭᠤᠰᠤᠯᠴᠠᠭᠤᠯᠵᠤ᠂ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ᠎ᠤ ᠰᠦᠯᠵᠢᠶ᠎ᠡ᠂ ᠲᠣᠮᠣ᠌ ᠳ᠋ᠠᠢᠲ᠋ᠠ ᠵᠡᠷᠭᠡ ᠮᠡᠷᠭᠡᠵᠢᠯ᠎ᠦᠨ ᠬᠡᠷᠡᠭᠯᠡᠭᠡᠨ᠎ᠦ ᠪᠠᠢᠳᠠᠯ ᠢ᠋ ᠥᠷᠭᠡᠳᠬᠡᠵᠦ᠂ ᠨᠢᠭᠡ ᠪᠦᠯᠦᠭ ᠲᠣᠭᠠᠴᠢᠯᠠᠭᠰᠠᠨ ᠬᠥᠳᠡᠭᠡ ᠲᠣᠰᠬᠣᠨ᠂ ᠲᠣᠭᠠᠴᠢᠯᠠᠭᠰᠠᠨ ᠤᠰᠤᠯᠠᠯᠲᠠ᠎ᠶᠢᠨ ᠣᠷᠣᠨ ᠪᠣᠯᠣᠨ ᠣᠶᠤᠨᠲᠤ ᠮᠠᠯᠵᠢᠯ ᠲᠠᠷᠢᠶᠠᠯᠠᠩ ᠵᠢᠭᠠᠰᠤᠨ ᠲᠠᠯᠠᠪᠠᠢ᠎ᠶᠢ ᠪᠠᠢᠭᠤᠯᠵᠤ᠂ ᠲᠠᠷᠢᠶᠠᠯᠠᠩ᠎ᠤᠨ ᠡᠬᠢ ᠪᠠᠶᠠᠯᠢᠭ᠋᠎ᠤᠨ ᠠᠰᠢᠭ᠍ᠯᠠᠯᠲᠠ᠎ᠶᠢ ᠨᠡᠩ ᠵᠦᠢ ᠵᠣᠬᠢᠰᠲᠠᠢ᠂ ᠲᠠᠷᠢᠶᠠᠯᠠᠩ᠎ᠤᠨ ᠡᠵᠡᠩᠨᠡᠯᠲᠡ ᠬᠠᠮᠢᠶᠠᠷᠤᠯᠲᠠ᠎ᠶᠢ ᠨᠡᠩ ᠥᠨᠳᠥᠷ ᠪᠦᠲᠦᠮᠵᠢᠲᠡᠢ ᠪᠣᠯᠭᠠᠨ᠎ᠠ᠃ ᠮᠣᠯᠧᠺᠦ᠋ᠯ᠎ᠦᠨ ᠡᠭᠦᠯᠳᠡᠷ ᠪᠣᠢᠵᠢᠭᠤᠯᠬᠤ᠂ ᠭᠧᠨ ᠨᠠᠢᠷᠠᠭᠤᠯᠬᠤ ᠵᠡᠷᠭᠡ ᠮᠡᠷᠭᠡᠵᠢᠯ᠎ᠢᠶᠡᠷ ᠦᠷ᠎ᠡ ᠡᠳ᠋᠎ᠦᠨ ᠡᠬᠢ ᠪᠠᠶᠠᠯᠢᠭ᠋᠎ᠢ ᠰᠠᠢᠵᠢᠷᠠᠭᠤᠯᠬᠤ᠎ᠪᠠᠷ ᠳᠠᠮᠵᠢᠨ ᠨᠢᠭᠡ ᠪᠦᠯᠦᠭ ᠴᠢᠨᠠᠷ ᠰᠠᠢᠲᠠᠢ ᠰᠢᠨ᠎ᠡ ᠡᠭᠦᠯᠳᠡᠷ᠎ᠢ ᠪᠣᠢᠵᠢᠭᠤᠯᠤᠨ᠎ᠠ᠃ ᠨᠡᠢᠯᠡᠯᠭᠡ ᠠᠮᠢᠳᠤ ᠪᠣᠳᠠᠰ᠎ᠤᠨ ᠤᠬᠠᠭᠠᠨ᠂ ᠭᠣᠣᠯ ᠡᠰ᠎ᠦᠨ ᠡᠭᠦᠯᠳᠡᠷ ᠪᠣᠢᠵᠢᠭᠤᠯᠬᠤ ᠵᠡᠷᠭᠡ ᠬᠣᠰᠢᠭᠤᠷᠠᠯ ᠮᠡᠷᠭᠡᠵᠢᠯ᠎ᠳᠦ ᠲᠦᠰᠢᠭᠯᠡᠨ᠂ ᠣᠨᠴᠠ ᠲᠣᠭᠲᠠᠭᠰᠠᠨ ᠬᠢᠮᠢ᠎ᠶᠢᠨ ᠪᠣᠳᠠᠰ ᠪᠠ ᠤᠭᠤᠷᠠᠭ ᠦᠢᠯᠡᠳᠪᠦᠷᠢᠯᠡᠬᠦ ᠡᠰ᠎ᠦᠨ ᠦᠢᠯᠡᠳᠪᠦᠷᠢ ᠵᠡᠷᠭᠡ᠎ᠶᠢ ᠪᠠᠢᠭᠤᠯᠤᠨ᠎ᠠ᠃ ᠪᠣᠬᠢᠷᠲᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠵᠦ᠂ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ᠎ᠶᠢ ᠴᠢᠩᠭᠠᠳᠬᠠᠵᠤ᠂ ᠡᠰᠢ ᠰᠦᠷᠡᠯ᠎ᠢ ᠶᠡᠷᠦᠩᠬᠡᠢᠯᠡᠨ ᠠᠰᠢᠭ᠍ᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠠᠮᠢᠳᠤᠷᠠᠯ᠎ᠤᠨ ᠣᠷᠭᠠᠨᠢᠭ᠋ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠠᠰᠢᠭ᠍ᠯᠠᠬᠤ ᠲᠦᠪᠰᠢᠨ᠎ᠢ ᠳᠡᠭᠡᠭᠰᠢᠯᠡᠭᠦᠯᠵᠦ ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠠᠷᠢᠶᠠᠯᠠᠩ᠎ᠤᠨ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠤᠨ᠎ᠠ᠃
(ᠵᠣᠬᠢᠶᠠᠭ᠍ᠴᠢ᠎ᠶᠢᠨ ᠬᠠᠶᠢᠬ ᠄ ᠨᠠᠨᠵᠢᠩ᠎ᠤᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ)