《 ᠳᠦᠯᠡᠢ ᠶᠠᠪᠠ᠎ᠪᠠᠷ ᠣᠪᠯᠠᠨ᠎ᠠ ?》
2026-07-13 10:58:33
ᠵᠣᠬᠢᠶᠠᠭ᠍ᠴᠢ᠄
ᠱᠢ ᠹᠸᠩ
ᠣᠩᠱᠢᠭ᠍ᠰᠠᠨ ᠣᠳᠠᠭ᠎ᠠ᠄
★★★☆☆

ᠨᠢᠬᠡᠨ ᠬᠡᠷᠡᠭᠯᠡᠭᠴᠢ ᠬᠡᠪᠯᠡᠯ ᠬᠤᠯᠠᠭᠠᠢᠯᠠᠭᠰᠠᠨ ᠵᠦᠴᠦᠭᠡ ᠵᠢ ᠳᠠᠬᠢᠨ ᠳᠠᠪᠲᠠᠨ ᠳᠠᠮᠵᠢᠭᠤᠯᠣᠬᠰᠠᠨ᠎ᠳᠦ ᠬᠡᠪᠯᠡᠯ ᠎ᠦᠨ ᠡᠷᠬᠡ᠎ᠶᠢᠨ ᠲᠠᠯ᠎ᠠ᠎ᠶᠢᠨ ᠬᠢᠨ 20 ᠭᠠᠷᠤᠢ ᠤᠳᠠᠭ᠎ᠠ ᠵᠠᠭᠠᠯᠳᠤᠪᠠ᠂ ᠡᠬᠦᠨ᠎ᠳᠦ ᠲᠠᠪᠴᠠᠩ ᠡᠴᠡ ᠵᠦᠴᠦᠭᠡ ᠵᠢᠨ  ᠬᠣᠯᠪᠣᠭᠠᠰᠣ ᠵᠢ ᠨᠢ ᠬᠠᠰᠣᠭᠠᠳ ᠬᠡᠷᠡᠭᠯᠡᠭᠴᠢ ᠵᠢᠨ ᠎ᠳ᠋ᠤᠭᠠᠷ ᠎ᠢ ᠪᠢᠳᠡᠬᠦᠮᠵᠢᠯᠡᠭᠰᠡᠨ ᠦᠬᠡᠢ ᠪᠠᠢᠯ᠎ᠠ᠃  ᠡᠬᠦᠨ ᠎ᠦ ᠎ᠳ᠋ᠦᠩ᠎ᠳᠦ ᠲᠣᠰ ᠬᠡᠷᠡᠭᠯᠡᠭᠴᠢ ᠮᠦᠨ ᠦᠷᠬᠦᠯᠵᠢᠯᠡᠨ  ᠬᠡᠪᠯᠡᠯ ᠬᠣᠯᠠᠭᠠᠢᠯᠠᠬᠰᠠᠨ ᠵᠦᠴᠦᠬᠡ ᠪᠡᠨ ᠲᠠᠮᠵᠢᠭᠣᠯᠵᠦ ᠯᠡ ᠪᠠᠢᠨ᠎ᠠ᠃ ᠡᠢᠮᠦ ᠪᠠᠢᠳᠠᠯ ᠳᠣᠣᠷ᠎ᠠ ᠲᠠᠪᠴᠠᠩ ᠨᠢ ᠬᠠᠷᠢᠭᠤᠴᠠᠯᠭ᠎ᠠ ᠡᠭᠦᠷᠭᠡᠯᠡᠨ᠎ᠡ ᠦᠦ? ᠲᠥᠪ ᠲᠧᠯᠸᠢᠰ ᠎ᠦᠨ ᠰᠣᠨᠢᠨ ᠮᠡᠳᠡᠭᠡᠨ ᠎ᠦ ᠰᠢᠯᠵᠢᠶ᠎ᠡ᠎ᠶᠢᠨ ᠮᠡᠳᠡᠭᠡᠯᠡᠭᠰᠡᠨ᠎ᠢᠶᠡᠷ᠂ ᠪᠡᠭᠡᠵᠢᠩ᠎ᠦᠨ ᠢᠨᠲᠧᠷ ᠰᠦᠯᠵᠢᠶᠡᠨ᠎ᠦ ᠰᠢᠭᠦᠬᠦ ᠬᠣᠷᠢᠶ᠎ᠠ᠎ᠶᠢᠨ ᠣᠢᠷ᠎ᠠ᠎ᠳᠤ ᠰᠢᠬᠦᠭᠰᠡᠨ ᠨᠢᠭᠡ ᠤᠳᠠᠭ᠎ᠠ ᠵᠢᠨ ᠡᠷᠬᠡ᠎ᠳᠦ ᠬᠠᠯᠳᠠᠭᠰᠠᠨ ᠵᠠᠭᠤᠷᠠᠯᠳᠤᠭᠠᠨ᠎ᠢ ᠰᠢᠬᠦᠬᠦ᠎ᠳᠦ ᠲᠠᠪᠴᠠᠩ ᠨᠢ ᠡᠷᠬᠡ᠎ᠳᠦ ᠬᠠᠯᠳᠠᠬᠤ᠎ᠳᠤ ᠬᠠᠪᠰᠤᠷᠤᠯᠭ᠎ᠠ ᠦᠵᠡᠭᠦᠯᠦᠭᠰᠡᠨ ᠪᠠᠢᠪᠠᠯ ᠡᠷᠬᠡᠪᠰᠢ ᠲᠥᠯᠥᠪᠤᠷᠢ ᠦᠭᠬᠦ ᠬᠡᠬᠦ ᠲᠣᠳᠣᠷᠬᠠᠢ ᠬᠠᠷᠢᠭᠣᠯᠳᠠ ᠦᠭᠴᠡᠢ᠃


QQ20260713-110055.png


ᠲᠠᠪᠴᠠᠩ ᠨᠢ ᠬᠡᠪᠯᠡᠯ ᠬᠤᠯᠠᠭᠠᠢᠯᠠᠵᠦ ᠪᠠᠢᠭ᠎ᠠ 《ᠰᠤᠷᠮᠠᠭᠠᠢ ᠬᠡᠷᠡᠭᠲᠡᠨ 》 ᠎ᠳᠤ ᠬᠣᠯᠪᠣᠭᠠᠰᠣ᠎ᠶᠢ ᠨᠢ ᠬᠠᠰᠤᠭᠠᠳ ᠪᠢᠲᠡᠭᠦᠮᠵᠢᠯᠡᠬᠦ ᠦᠭᠡᠢ ᠪᠠᠢᠬᠤ ᠨᠢ ᠪᠠᠷᠤᠭ ᠬᠡᠪᠯᠡᠯ ᠬᠤᠯᠠᠭᠠᠢᠯᠠᠭᠰᠠᠨ ᠵᠦᠴᠦᠭᠡ᠎ᠶᠢᠨ ᠣᠷᠣᠰᠴᠡ ᠶᠡᠬᠡ ᠪᠠᠢᠳᠠᠭ ᠡᠴᠡ ᠪᠣᠯᠣᠬᠰᠠᠨ ᠪᠠᠢᠬ᠎ᠠ᠃ ᠰᠢᠭᠦᠬᠦ ᠬᠣᠷᠢᠶ᠎ᠠ ᠡᠴᠡ ᠲᠠᠪᠴᠠᠩ ᠨᠢᠳᠠᠬᠢᠨ ᠳᠠᠪᠲᠠᠨ ᠡᠷᠬᠡ᠎ᠳᠦ ᠬᠠᠯᠳᠠᠬᠤ᠎ᠶᠢ ᠪᠦᠲᠦᠮᠵᠢᠲᠡᠶ ᠬᠣᠷᠢᠭ᠍ᠯᠠᠵᠤ ᠴᠢᠳᠠᠭᠰᠠᠨ ᠦᠭᠡᠢ᠂ ᠪᠡᠶᠡᠴᠢ ᠲᠠᠯ᠎ᠠ᠎ᠶᠢᠨ ᠠᠯᠳᠠᠭ᠎ᠠ ᠣᠷᠣᠰᠢᠵᠤ ᠪᠠᠢᠨ᠎ᠠ 》 ᠭᠡᠵᠦ ᠮᠠᠭᠠᠳᠯᠠᠨ ᠲᠣᠭᠲᠠᠭᠠᠵᠤ᠂ ᠬᠡᠪᠯᠡᠯ᠎ᠦᠨ ᠡᠷᠬᠡ ᠪᠠ ᠵᠣᠬᠢᠶᠠᠨ ᠪᠦᠲᠦᠭᠡᠬᠦ ᠨᠡᠷ᠎ᠡ ᠬᠦᠨᠳᠦ᠎ᠶᠢ  ᠬᠠᠮᠠᠭᠠᠯᠠᠭᠰᠠᠨ ᠎ᠤ ᠬᠠᠮᠲᠤ ᠲᠠᠪᠴᠠᠩ ᠎ᠤᠨ ᠬᠠᠷᠢᠭᠤᠴᠠᠬᠤ ᠡᠭᠦᠷᠭᠡ ᠎ᠶᠢ ᠳᠠᠬᠢᠨ ᠲᠣᠳᠣᠷᠬᠠᠢᠯᠠᠪᠠ᠃ ᠣᠢᠷ᠎ᠠ᠎ᠶᠢᠨ ᠵᠢᠯ᠎ᠡᠴᠡ   ᠺᠢᠨᠣ᠋ ᠲᠧᠯᠸᠢᠰ᠎ᠦᠨ ᠠᠵᠢᠯ ᠲᠦᠷᠦᠯ ᠎ᠦᠨ ᠬᠢᠨ ᠬᠡᠪᠯᠡᠯ ᠬᠣᠯᠠᠭᠠᠢᠯᠠᠬᠳᠠᠬᠣ ᠬᠦᠴᠢᠷᠳᠡᠯ᠎ᠳᠦ ᠲᠣᠯᠭᠠᠷᠠᠵᠦ ᠪᠠᠢᠨ᠎ᠠ᠃ ᠣᠢᠷ᠎ᠠ᠎ᠳᠤ᠂ ᠣᠯᠠᠨ ᠰᠠᠯᠠᠭ᠎ᠠ ᠮᠥᠴᠢᠷ ᠬᠠᠮᠲᠤᠷᠠᠨ ᠰᠦᠯᠵᠢᠶᠡᠨ᠎ᠦ ᠡᠷᠬᠡ᠎ᠳᠦ ᠬᠠᠯᠳᠠᠨ ᠬᠡᠪᠯᠡᠯ ᠬᠤᠯᠠᠭᠠᠢᠯᠠᠬᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ᠎ᠦᠷᠨᠢᠬᠦᠯᠵᠦ᠂ ᠰᠦᠯᠵᠢᠶᠡᠨ᠎ᠦ ᠦᠢᠯᠡᠴᠢᠯᠡᠭᠡᠨ᠎ᠦ ᠲᠠᠪᠴᠠᠩ 《ᠬᠡᠪᠯᠡᠯ ᠬᠤᠯᠠᠭᠠᠢᠯᠠᠬᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠢ ᠤᠯᠠᠮᠵᠢᠯᠠᠨ ᠲᠠᠷᠬᠠᠭᠠᠬᠤ᠎ᠳᠤ ᠵᠣᠷᠢᠭᠤᠳᠠ ᠬᠠᠪᠰᠤᠷᠤᠯᠭ᠎ᠠ ᠦᠵᠡᠭᠦᠯᠬᠦ 》 ᠵᠡᠷᠭᠡ ᠦᠶ᠋ᠯᠡ ᠠᠵᠢᠯᠯᠠᠭ᠎ᠠ᠎ᠶᠢ ᠴᠡᠭᠴᠡᠯᠡᠨ ᠵᠠᠰᠠᠵᠤ ᠪᠠᠢᠨ᠎ᠠ᠃  《ᠡᠭᠦᠳᠡ ᠰᠠᠬᠢᠭ᠍ᠴᠢ 》 ᠪᠣᠯᠤᠭᠰᠠᠨ᠎ᠤ ᠬᠤᠪᠢ᠎ᠳᠤ᠂ ᠲᠠᠪᠴᠠᠩ ᠨᠢ ᠳᠠᠭᠢᠵᠤ ᠰᠠᠨᠠᠭᠠᠴᠢᠯᠠᠭ᠎ᠠ ᠦᠭᠡᠢ᠎ᠪᠡᠷ ᠴᠤᠤᠷᠢᠶᠠᠲᠤᠨ ᠳᠠᠭᠠᠵᠤ ᠪᠣᠯᠬᠤ ᠦᠭᠡᠢ᠂ ᠬᠠᠷᠢᠨ ᠢᠳᠡᠪᠬᠢᠲᠡᠢ᠎ᠪᠡᠷ ᠪᠠᠢᠴᠠᠭᠠᠵᠤ᠂ ᠬᠡᠪᠯᠡᠯ ᠬᠤᠯᠠᠭᠠᠢᠯᠠᠬᠤ ᠵᠢ ᠰᠠᠨᠠᠭᠠᠴᠢᠯᠠᠭ᠎ᠠ᠎ᠠᠴᠠ᠎ᠪᠠᠨ ᠬᠣᠷᠢᠭ᠍ᠯᠠᠬᠤ ᠬᠡᠷᠡᠭᠲᠡᠢ᠃                                                                             

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号