ᠪᠢᠴᠢᠯ ᠰᠢᠭᠦᠮᠵᠢ
2026-07-13 11:06:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠮᠠᠨ ᠎ᠤ ᠤᠯᠤᠰ᠎ᠤᠨ ᠨᠡᠢᠭᠡᠮ᠎ᠦᠨ ᠠᠪᠤᠷᠠᠨ ᠲᠤᠰᠠᠯᠠᠬᠤ ᠬᠦᠷᠢᠶᠡᠨ᠎ᠳᠡᠬᠢ ᠠᠩᠬᠠᠳᠠᠭ᠍ᠴᠢ ᠰᠠᠭᠤᠷᠢ ᠴᠢᠨᠠᠷᠲᠠᠢ᠂ ᠶᠡᠷᠦᠩᠬᠡᠢᠯᠡᠭᠰᠡᠨ ᠴᠢᠨᠠᠷᠲᠠᠢ ᠬᠠᠤᠯᠢ ᠴᠠᠭᠠᠵᠠ ᠪᠣᠯᠬᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠭᠡᠮ᠎ᠦᠨ ᠠᠪᠤᠷᠠᠨ ᠲᠤᠰᠠᠯᠠᠬᠤ ᠬᠠᠤᠯᠢ 》 ᠵᠢ ᠵᠢᠩᠬᠢᠨᠢ᠎ᠪᠡᠷ ᠬᠡᠷᠡᠭᠵᠢᠭᠦᠯᠪᠠ᠃ ᠰᠢᠨ᠎ᠡ ᠬᠠᠤᠯᠢ᠎ᠳᠤ ᠠᠪᠤᠷᠠᠨ ᠲᠤᠰᠠᠯᠠᠬᠤ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ 《ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠭᠥᠷᠳᠡᠬᠦ ᠨᠦᠬᠦᠴᠡᠯ᠎ᠳᠦ ᠣᠢᠷᠠᠳᠤᠬᠰᠠᠨ ᠭᠡᠷ ᠪᠦᠯᠢ᠂ ᠵᠠᠪᠠᠯ ᠵᠠᠷᠤᠬᠤ ᠵᠠᠷᠤᠯᠭ᠎ᠠ ᠪᠠᠨ ᠭᠠᠷᠭᠠᠬᠣ᠎ᠳᠦ ᠬᠦᠴᠢᠷᠳᠡᠵᠦ ᠪᠠᠢᠭ᠎ᠠ ᠭᠡᠷ ᠪᠦᠯᠢ 》 ᠎ᠵᠢ ᠰᠢᠨ᠎ᠡ᠎ᠪᠡᠷ ᠨᠡᠮᠡᠵᠦ ᠬᠠᠤᠯᠢ᠎ᠪᠠᠷ ᠲᠣᠭᠲᠠᠭᠠᠭᠰᠠᠨ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ ᠪᠣᠯᠭᠠᠪᠠ᠃ ᠡᠭᠦᠨ᠎ᠡᠴᠡ ᠭᠠᠳᠠᠨ᠎ᠠ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠲᠦ ᠪᠠᠰᠠ ᠣᠨᠴᠠ ᠬᠦᠴᠢᠷᠳᠡᠯᠲᠡᠢ ᠬᠥᠮᠥᠰ᠂ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ ᠭᠥᠷᠳᠡᠵᠦ ᠪᠠᠢᠭ᠎ᠠ ᠭᠡᠷ ᠪᠦᠯᠢ᠂ ᠭᠠᠮᠰᠢᠭ᠍ᠳᠠᠭᠰᠠᠨ ᠬᠥᠮᠥᠰ ᠵᠡᠷᠭᠡ 8 ᠲᠥᠷᠥᠯ᠎ᠦᠨ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ ᠪᠠᠭᠲᠠᠵᠤ ᠂ ᠤᠯᠤᠰ ᠪᠠ ᠨᠡᠢᠭᠡᠮ᠎ᠡᠴᠡ ᠡᠳ᠋ ᠪᠣᠳᠠᠰ᠎ᠤᠨ ᠲᠤᠰᠠᠯᠠᠮᠵᠢ ᠪᠠ ᠠᠪᠤᠷᠠᠨ ᠲᠤᠰᠠᠯᠠᠬᠤ ᠦᠢᠯᠡᠴᠢᠯᠡᠭᠡ ᠣᠯᠬᠤ ᠡᠷᠬᠡ᠎ᠶᠢ ᠬᠠᠤᠯᠢ ᠶᠣᠰᠣᠭᠠᠷ ᠡᠳ᠋ᠯᠡᠨ᠎ᠡ᠃

ᠦᠨᠡᠯᠡᠯᠳᠡ ᠮᠠᠨ ᠎ᠤ ᠤᠯᠤᠰ ᠎ᠤᠨ ᠨᠡᠢᠭᠡᠮ᠎ᠦᠨ ᠠᠪᠤᠷᠠᠨ ᠲᠤᠰᠠᠯᠠᠯᠲᠠ ᠨᠢ ᠬᠠᠣᠯᠢ ᠪᠡᠷ ᠵᠠᠰᠠᠬᠣ ᠨᠢᠬᠡ ᠴᠣᠭᠴᠠᠵᠢᠭᠣᠯᠬᠣ ᠲᠠᠢᠰᠢ ᠰᠢᠯᠵᠢᠵᠦ᠂ ᠨᠡᠢᠬᠡᠮ᠎ᠦᠨ ᠠᠪᠣᠷᠠᠨ ᠲᠣᠰᠠᠯᠠᠯᠳᠠ ᠨᠢ ᠲᠦᠷ ᠴᠠᠭ᠎ᠦᠨ ᠴᠢᠨᠠᠷᠳᠠᠢ  《ᠬᠠᠢᠷ᠎ᠠ ᠬᠠᠯᠠᠮᠵᠢ ᠬᠦᠷᠭᠡᠬᠦ 》 ᠪᠢᠰᠢ᠂ ᠳᠦᠷᠢᠮᠵᠢᠭᠦᠯᠦᠭᠰᠡᠨ᠂ ᠪᠠᠢᠩᠭᠤᠵᠢᠭ᠍ᠰᠠᠨ 《 ᠦᠨᠳᠦᠰᠦᠨ ᠵᠦᠢᠯ ᠎ᠢ ᠪᠠᠲᠤᠯᠠᠬᠤ ᠠᠮᠠᠯᠠᠯᠲᠠ》 ᠪᠣᠯᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号