ᠣᠢᠷ᠎ᠠ ᠳ᠋ᠦ᠍᠂ ᠱᠢᠯᠢ ᠵᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠣᠱᠢᠭᠤᠨ ᠤ᠋ ᠰᠠᠮᠠᠢ ᠰᠤᠮᠤ ᠵᠢᠨ ᠬᠢᠯᠢ ᠳ᠋ᠤ 40 ᠭᠠᠷᠤᠶ ᠵᠢᠯ ᠠᠯᠠᠭ᠎ᠠ ᠪᠤᠯᠤᠭᠰᠠᠨ ᠠᠯᠲᠠᠨᠵᠤᠯᠠ ᠴᠡᠴᠡᠭ ᠳᠠᠬᠢᠨᠳᠠ ᠢᠯᠡᠷᠡᠵᠤ᠂ ᠳᠦᠷᠰᠦ ᠵᠢᠨ ᠰᠦᠷᠦᠭ ᠤ᠋ᠨ ᠤᠷᠭᠤᠴᠠᠨᠢ ᠮᠠᠰᠢ ᠰᠠᠢᠨ ᠪᠠᠢᠪᠠ᠃ ᠡᠨᠡ ᠬᠦ᠌ ᠢᠯᠡᠷᠡᠭᠦᠯᠦᠯᠲᠡ ᠨᠢ ᠲᠤᠬᠠᠶ ᠵᠢᠨ ᠭᠠᠵᠠᠷ ᠤ᠋ᠨ ᠲᠠᠯ᠎ᠠ ᠨᠤᠲᠤᠭ ᠤ᠋ᠨ ᠠᠮᠢ ᠠᠬᠤᠶ ᠦᠷᠭᠦᠯᠵᠢᠯᠡᠨ ᠰᠠᠢᠵᠢᠷᠠᠭ᠍ᠰᠠᠨ ᠤ᠋ ᠴᠢᠬᠤᠯᠠ ᠪᠡᠯᠭᠡ ᠲᠡᠮᠳᠡᠭ ᠪᠣᠯᠵᠠᠶ᠃
ᠤᠢᠷ᠎ᠠ ᠳ᠋ᠤ᠂ ᠵᠡᠭᠦᠨ ᠦᠵᠦᠮᠦᠴᠢᠨ ᠬᠣᠱᠢᠭᠤᠨ ᠤ᠋ ᠬᠢᠨ ᠳᠤᠬᠠᠢ ᠵᠢᠨ ᠭᠠᠵᠠᠷ ᠤ᠋ᠨ ᠪᠠᠢᠴᠠᠭᠠᠯᠳᠠ ᠬᠢᠵᠤ᠂ ᠱᠢᠨᠵᠢᠯᠡᠬᠦ᠌ ᠤᠬᠠᠭᠠᠨ ᠤ᠋ ᠰᠤᠳᠤᠯᠭᠠᠲᠠᠳ ᠠᠯᠲᠠᠨᠵᠤᠯᠠ ᠴᠡᠴᠡᠭ ᠤ᠋ᠨ ᠤᠷᠭᠤᠯᠲᠠ ᠵᠢᠨ ᠪᠠᠢᠳᠠᠯ ᠢ᠋ ᠤᠢᠷ᠎ᠠ ᠵᠠᠢ ᠡᠴᠡ ᠠᠵᠢᠭ᠍ᠯᠠᠭ᠍ᠰᠠᠨ ᠵᠢᠡᠷ ᠪᠠᠷᠠᠬᠤ ᠥᠬᠡᠶ᠂ ᠪᠠᠰᠠ ᠵᠡᠭᠦᠨ ᠦᠵᠦᠮᠦᠴᠢᠨ ᠬᠣᠱᠢᠭᠤᠨ ᠤ᠋ ᠦᠷᠭᠦᠯᠵᠢᠯᠡᠨ ᠱᠢᠯᠢᠳᠡᠭ᠌ᠵᠢᠭ᠌ᠰᠡᠨ ᠠᠮᠢ ᠠᠬᠤᠶ ᠣᠷᠴᠢᠨ ᠲᠣᠭᠣᠷᠢᠨ ᠨᠢ ᠨᠢᠭᠡᠨᠲᠡ ᠲᠣᠰ ᠬᠣᠪᠣᠷ ᠴᠤᠬᠠᠭ ᠤᠷᠭᠤᠮᠠᠯ ᠤ᠋ᠨ ᠲᠦᠷᠰᠤ ᠵᠢᠨ ᠥᠰᠥᠯᠲᠡ ᠪᠠ ᠦᠷᠡᠵᠢᠯ ᠤ᠋ᠨ ᠬᠡᠷᠡᠭ᠌ᠴᠡᠭᠡ ᠶ᠋ᠢ ᠭᠦᠶ᠋ᠴᠡᠳ ᠬᠠᠩᠭᠠᠵᠤ᠂ ᠳᠦᠷᠰᠦ ᠵᠢᠨ ᠰᠦᠷᠦᠭ ᠤ᠋ᠨ ᠣᠷᠣᠱᠢᠨ ᠲᠣᠭ᠍ᠲᠠᠨᠢᠬᠤᠳᠤ ᠲᠣᠬᠢᠷᠠᠮᠵᠢᠲᠠᠶ ᠨᠥᠬᠥᠴᠡᠯ ᠬᠠᠩᠭᠠᠭ᠍ᠰᠠᠨ ᠭᠡᠳᠡᠭ ᠢ᠋ ᠪᠤᠳᠠᠲᠠᠢ ᠲᠤᠭ᠎ᠠ ᠪᠠᠷᠢᠮᠲᠠ ᠪᠡᠷ ᠭᠡᠷᠡᠴᠢᠯᠡᠭᠰᠡᠨ ᠪᠠᠢᠨ᠎ᠠ᠃ ᠪᠠᠢᠴᠠᠭᠠᠯᠲᠠ ᠵᠢᠨ ᠦᠷ᠎ᠡ ᠳ᠋ᠦᠩ ᠡᠴᠡ ᠦᠵᠡᠪᠡᠯ᠂ ᠲᠣᠰ ᠲᠦᠷᠰᠤ ᠵᠢᠨ ᠰᠦᠷᠦᠭ ᠨᠢ ᠭᠤᠤᠯᠳᠠᠭᠤ ᠡᠯᠡᠰᠦ ᠪᠦᠷᠬᠦᠭ᠌ᠰᠡᠨ ᠣᠨᠴᠠᠭᠠᠶ 3 ᠭᠠᠵᠠᠷ ᠲᠤ᠌ᠲᠥᠪᠯᠡᠷᠡᠵᠦ᠍᠂ ᠶᠡᠷᠦᠩᠬᠡᠶ ᠲᠠᠯᠠᠪᠠᠶ ᠨᠢ ᠪᠠᠷᠤᠭ 15 ᠮᠥ᠍ ᠪᠤᠢ᠃ ᠠᠯᠲᠠᠨᠵᠤᠯᠠ ᠴᠡᠴᠡᠭ ᠨᠢ ᠦᠪᠤᠷ ᠮᠤᠡᠭᠭᠤᠯᠤᠨ ᠳᠤᠮᠳᠠ ᠪᠠ ᠵᠡᠭᠦᠨ ᠬᠡᠰᠡᠭᠲᠦ ᠪᠠᠢᠳᠠᠭ ᠬᠣᠪᠣᠷ ᠴᠤᠬᠠᠭ ᠤᠷᠭᠤᠮᠠᠯ ᠤ᠋ᠨ ᠲᠦᠷᠰᠤ ᠪᠣᠯᠬᠤ ᠪᠥᠭᠡᠳ ᠪᠠᠰᠠ ᠴᠤ᠌ ᠮᠠᠨ ᠤ᠋ ᠤᠯᠤᠰ ᠴᠢᠨᠠᠭ᠍ᠰᠢᠯᠠᠪᠠᠯ ᠧᠦ᠋ᠷᠣᠫᠠ ᠠᠽᠢᠶ᠎ᠠ ᠵᠢᠨ ᠡᠬᠡ ᠬᠠᠭᠤᠷᠠᠶ ᠵᠢᠨ ᠠᠯᠲᠠᠨᠵᠤᠯᠠ ᠴᠡᠴᠡᠭ ᠤ᠋ᠨ ᠲᠠᠷᠬᠠᠯᠲᠠ ᠵᠢᠨ ᠬᠠᠮᠤᠭ ᠤ᠋ᠨ ᠵᠡᠭᠦᠨ ᠦᠵᠦᠭᠦᠷ ᠤ᠋ᠨ ᠤᠷᠭᠤᠮᠠᠯ ᠤ᠋ᠨ ᠲᠦᠷᠰᠤ ᠪᠠᠢᠵᠤ᠂ ᠠᠮᠢ ᠠᠬᠤᠶ ᠵᠢᠨ ᠬᠠᠮᠠᠭᠠᠯᠠᠯᠲᠠ ᠪᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠠᠯ᠎ᠠ ᠪᠠᠷ ᠮᠠᠰᠢ ᠦᠨᠳᠤᠷ ᠦᠨ᠎ᠡ ᠥᠷᠲᠡᠭ ᠲᠠᠢ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号