ᠡᠨᠡ ᠵᠢᠯᠤᠨ ᠡᠬᠢᠨ ᠡᠴᠡ ᠨᠠᠭᠠᠰᠢ᠂ ᠤᠯᠠᠭᠠᠨᠬᠠᠳᠠ ᠬᠣᠲᠠᠵᠢᠨ ᠬᠢᠨ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠥᠨᠥᠭᠡᠯ ᠢ᠋ ᠲᠤᠰᠭᠠᠶ ᠵᠦᠶ᠋ᠯ ᠵᠢᠡᠷ ᠬᠢᠨᠠᠨ ᠬᠡᠮᠵᠢᠬᠦ᠌ ᠠᠵᠢᠯ ᠢ᠋ ᠡᠬᠢᠯᠡᠭᠦᠯᠤᠨ᠂ ᠪᠣᠰᠣᠭ᠎ᠠ ᠴᠤᠭᠴᠠᠵᠢᠭᠰᠠᠨ ᠵᠢᠭ᠍ᠰᠠᠭᠠᠨ ᠪᠠᠢᠴᠠᠭᠠᠯᠲᠠ ᠦᠷᠨᠢᠭᠦᠯᠵᠤ᠂ ᠣᠳᠣᠬᠠᠨ ᠪᠣᠯᠲᠠᠯ᠎ᠠ 116.8 ᠲᠦᠮᠡᠨ ᠮᠥ᠍ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠥᠨᠥᠭᠡᠯ ᠭᠠᠷᠤᠭ᠍ᠰᠠᠨ ᠭᠠᠵᠠᠷ ᠢ᠋ ᠵᠢᠭᠰᠠᠭᠠᠨ ᠪᠠᠢᠴᠠᠭᠠᠵᠤ᠂ 9 ᠭᠤᠤᠯᠳᠠᠯᠭᠠᠲᠠᠶ ᠬᠣᠱᠢᠭᠤ ᠱᠢᠶᠠᠨ ᠲᠣᠭᠣᠷᠢᠭ᠂ 33 ᠰᠤᠮᠤ ᠱᠢᠶᠠᠩ ᠪᠠᠯᠭᠠᠰᠤ ᠶ᠋ᠢ ᠬᠠᠮᠤᠷᠴᠤ᠌᠂ ᠬᠢᠨᠠᠨ ᠬᠡᠮᠵᠢᠬᠦ᠌ ᠡᠭᠦᠷᠭᠡ ᠪᠠᠨ ᠱᠠᠲᠤᠴᠢ ᠴᠢᠨᠠᠷᠲᠠᠶ ᠪᠡᠶᠡᠯᠡᠭᠦᠯᠪᠡ᠃
ᠬᠢᠨᠠᠨ ᠬᠡᠮᠵᠢᠭ᠌ᠰᠡᠨ ᠦᠷ᠎ᠡ ᠳ᠋ᠦᠩ ᠳ᠋ᠤ᠂ ᠪᠥᠬᠥ᠌ ᠬᠣᠲᠠ ᠵᠢᠨ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠦᠨᠦᠭᠡᠯ ᠳ᠋ᠤ ᠭᠤᠤᠯᠳᠠᠭᠤ ᠰᠣᠬᠣᠷ ᠨᠣᠮᠣᠨ᠂ ᠱᠢᠷᠠ ᠬᠤᠯᠤᠭᠠᠨ᠎ᠠ᠂ ᠣᠷᠳᠣ ᠰᠠᠪᠠᠷᠲᠤ ᠡᠯᠡᠰᠦᠨ ᠬᠤᠯᠤᠭᠠᠨ᠎ᠠ ᠵᠡᠷᠭᠡ ᠭᠤᠷᠪᠠᠨ ᠲᠥᠷᠥᠯ ᠤ᠋ᠨ ᠬᠤᠯᠤᠭᠠᠨ᠎ᠠ ᠪᠤᠢ᠃ ᠬᠤᠯᠤᠭᠠᠨ᠎ᠠ ᠵᠢᠨ ᠬᠥᠨᠥᠭᠡᠯ ᠶᠡᠬᠡᠲᠡᠶ ᠣᠷᠣᠨ ᠨᠢ ᠬᠡᠱᠢᠭ᠌ᠲᠡᠨ ᠬᠣᠱᠢᠭᠤ᠂ ᠪᠠᠭᠠᠷᠢᠨ ᠪᠠᠷᠠᠭᠤᠨ ᠬᠣᠱᠢᠭᠤ᠂ ᠣᠩᠨᠢᠭᠤᠳ ᠬᠣᠱᠢᠭᠤ ᠵᠡᠷᠭᠡ ᠭᠠᠵᠠᠷ᠎ᠲᠤ ᠲᠥᠪᠯᠡᠷᠡᠵᠦ᠍᠂ ᠡᠭᠦᠨ ᠳ᠋ᠤ ᠬᠡᠱᠢᠭ᠌ᠲᠡᠨ ᠬᠣᠱᠢᠭᠤᠨᠤ ᠬᠥᠨᠥᠭᠡᠯ ᠶᠡᠬᠡᠲᠡᠶ ᠲᠠᠯᠠᠪᠠᠶ ᠨᠢ ᠬᠠᠮᠤᠭᠤᠨ ᠶᠡᠬᠡ ᠪᠠᠢᠵᠤ᠂ ᠲᠣᠰ ᠤᠳᠠᠭᠠᠨᠤ ᠬᠢᠨᠠᠨ ᠬᠡᠮᠵᠢᠵᠦ᠍ ᠢᠯᠡᠷᠡᠭᠦᠯᠦᠭ᠌ᠰᠡᠨ ᠭᠤᠤᠯᠳᠠᠯᠭᠠᠲᠠᠶ ᠰᠡᠷᠭᠡᠢᠯᠡᠨ ᠡᠵᠡᠮᠳᠡᠬᠦ᠌ ᠣᠷᠣᠨ ᠪᠤᠯᠪᠠ᠃ ᠤᠯᠠᠭᠠᠨᠬᠠᠳᠠ ᠬᠣᠲᠠ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠥᠨᠥᠭᠡᠯ ᠢ᠋ ᠪᠠᠢᠩᠭᠤᠵᠢᠭᠤᠯᠤᠨ ᠬᠢᠨᠠᠨ ᠬᠡᠮᠵᠢᠬᠦ᠌ ᠶ᠋ᠢ ᠦᠷᠭᠦᠯᠵᠢᠯᠡᠨ ᠪᠣᠳᠠᠲᠠᠶ ᠠᠳᠭᠤᠨ᠂ ᠰᠡᠷᠭᠡᠢᠯᠡᠨ ᠡᠵᠡᠮᠳᠡᠬᠦ᠌ ᠬᠡᠷᠡᠭ᠌ᠵᠢᠭᠦᠯᠬᠦ᠌ ᠲᠥᠰᠦᠯ ᠢ᠋ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠡᠯ᠎ᠡ ᠵᠦᠶ᠋ᠯ ᠤ᠋ᠨ ᠰᠡᠷᠭᠡᠢᠯᠡᠨ ᠵᠠᠰᠠᠬᠤ ᠠᠵᠢᠯ ᠢ᠋ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶ᠋ᠢ ᠯᠠᠪᠳᠠᠭᠤᠨ ᠠᠬᠢᠭᠤᠯᠵᠤ᠂ ᠨᠤᠲᠤᠭ ᠪᠡᠯᠴᠢᠭᠡᠷ ᠤ᠋ᠨ ᠠᠮᠢ ᠠᠬᠤᠶ ᠶ᠋ᠢ ᠪᠥᠬᠥ᠌ ᠬᠦᠴᠦᠨ ᠵᠢᠡᠷ ᠵᠢᠡᠨ ᠰᠠᠬᠢᠨ ᠬᠠᠮᠠᠭᠠᠯᠠᠵᠤ᠂ ᠠᠮᠢ ᠠᠬᠤᠶ ᠵᠢᠨ ᠠᠮᠤᠷ ᠲᠦᠪᠱᠢᠨ ᠬᠢᠭᠡᠳ ᠮᠠᠯ ᠠᠵᠤ ᠠᠬᠤᠶ ᠵᠢᠨ ᠲᠣᠭ᠍ᠲᠠᠭᠤᠨ ᠬᠥᠭ᠌ᠵᠢᠯᠲᠡ ᠶ᠋ᠢ ᠪᠠᠲᠤᠯᠠᠵᠤ ᠪᠤᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号