ᠳᠠᠮ ᠳᠠᠮ ᠤ᠋ᠨ ᠬᠦᠴᠦᠨ ᠳ᠋ᠤ
2026-07-13 15:26:51
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠵᠢ ᠵᠠᠰᠠᠬᠤ ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠳᠤ ᠲᠦᠰᠢᠭᠯᠡᠬᠦ ᠴᠢᠬᠤᠯᠠᠳᠠᠢ ᠶᠤᠮ


1975 ᠣᠨ ᠳ᠋ᠤ᠌ ᠤᠯᠠᠭᠠᠨᠬᠠᠳᠠ ᠬᠤᠳᠠ ᠵᠢᠨ ᠣᠩᠨᠢᠭᠤᠳ ᠬᠤᠰᠢᠭᠤᠨ ᠤ᠋ ᠤᠯᠠᠭᠠᠠᠠᠣᠳᠣ ᠭᠠᠴᠠᠭᠠᠨ ᠳ᠋ᠡᠬᠢ ᠠᠮᠢ ᠠᠬᠤᠢ ᠵᠢᠨ ᠲᠤᠷᠰᠢᠯᠲᠠ ᠵᠢᠨ ᠦᠷᠳᠡᠭᠡ ᠪᠠᠢᠭᠤᠯᠤᠭᠳᠠᠭᠰᠠᠨ ᠡᠴᠡ ᠨᠡᠭᠠᠰᠢ᠂ ᠮᠠᠰᠢ ᠤᠯᠠᠨ ᠡᠷᠳᠡᠮ ᠰᠢᠨᠵᠢᠯᠡᠭᠡᠨ ᠤ᠋ ᠠᠵᠢᠯᠳᠠᠨ ᠡᠨᠡ  ᠭᠠᠵᠠᠷ ᠲᠤ᠌ ᠨᠤᠳᠤᠭᠰᠢᠨ᠂ ᠠᠷᠭ᠎ᠠ ᠲᠤᠷᠰᠢᠯᠭ᠎ᠠ ᠪᠠᠨ ᠦᠢᠯᠡᠳᠤᠯᠭᠡᠵᠢᠬᠦᠯᠵᠤ᠂ ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠠᠵᠢᠯ᠎ᠳᠤ ᠤᠶᠤᠨ ᠤᠬᠠᠭᠠᠨ ᠪᠠ ᠬᠦᠴᠤᠨ ᠴᠢᠳᠠᠯ᠎ᠵᠢᠡᠨ ᠨᠠᠮᠠᠷᠢᠯᠡᠵᠤ ᠢᠷᠠᠵᠠᠢ᠃

ᠤᠯᠠᠭᠠᠠᠠᠣᠳᠣ ᠦᠷᠳᠡᠭᠡ ᠨᠢ ᠬᠠᠭᠠᠰ ᠵᠠᠭᠤᠨ ᠤ᠋ ᠲᠤᠷᠰᠢᠬᠢ ᠬᠣᠷᠴᠢᠨ ᠤ᠋ ᠡᠯᠡᠰᠦᠷᠬᠡᠭ ᠭᠠᠵᠠᠷ᠎ᠤᠨ ᠡᠯᠡᠰᠤᠨ ᠰᠢᠭᠤᠷᠭ᠎ᠠ ᠲᠠᠢ ᠮᠠᠩᠬᠠᠨ ᠨᠤᠳᠤᠭ ᠪᠠᠢᠭᠰᠠᠨ ᠡᠴᠡ ᠪᠠᠨ ᠠᠮᠢᠯᠠᠯ ᠤ᠋ᠨ ᠬᠦᠴᠤᠨ ᠪᠢᠯᠬᠠᠭᠰᠠᠨ ᠨᠣᠭᠣᠭᠠᠨ ᠪᠦᠷᠢᠳᠤ ᠪᠤᠯᠳᠠᠯᠠᠬᠢ ᠬᠤᠪᠢᠷᠠᠯᠳᠠ ᠬᠦᠭᠵᠢᠯᠳᠠ ᠵᠢ ᠲᠤᠳᠤᠷᠠᠭᠤᠯᠤᠨ᠎ᠠ᠃ ᠡᠷᠳᠡᠮ ᠰᠢᠨᠵᠢᠯᠡᠭᠡᠨ ᠤ᠋ ᠠᠵᠢᠯᠳᠠᠳ ᠤᠷᠲᠤ ᠬᠤᠭᠤᠴᠠᠭᠠᠨ ᠤ᠋ ᠠᠵᠢᠭᠯᠠᠯᠲᠠ ᠵᠢᠨ ᠲᠣᠭ᠎ᠠ ᠪᠠᠷᠢᠮᠲᠠ ᠳ᠋ᠤ᠌ ᠲᠦᠰᠢᠭᠯᠡᠨ ᠡᠪᠡᠰᠦ ᠮᠣᠳᠣᠨ ᠤ᠋ ᠬᠤᠴᠢᠯᠭ᠎ᠠ ᠪᠠᠷ ᠣᠨᠣᠴᠠᠲᠠᠢ ᠵᠣᠬᠢᠴᠠᠭᠤᠯᠤᠨ᠂ ᠭᠤᠷᠪᠠᠨ ᠪᠦᠰᠡ ᠵᠢᠨ ᠬᠠᠮᠠᠭᠠᠯᠠᠯᠲᠠ ᠵᠢᠨ ᠰᠢᠰᠲ᠋ᠧᠮ ᠵᠢᠡᠷ ᠡᠯᠡᠰᠤ ᠵᠢ ᠳᠤᠭᠳᠠᠪᠤᠷᠢᠵᠢᠭᠤᠯᠵᠤ᠂ 《ᠵᠠᠮ ᠵᠢᠠᠷ ᠡᠯᠡᠰᠦ ᠵᠢ ᠵᠠᠰᠠᠬᠤ》 ᠵᠠᠭᠪᠤᠷ ᠤ᠋ᠨ ᠰᠢᠨ᠎ᠡ ᠵᠢ ᠡᠭᠦᠳᠤᠨ᠂ 《ᠰᠠᠨᠰᠠᠷ — ᠣᠭᠲᠠᠷᠭᠤᠢ ︱ ᠭᠠᠵᠠᠷ》 ᠢ᠋ ᠨᠢᠭᠡ ᠴᠤᠭᠴᠠᠵᠢᠭᠤᠯᠤᠭᠰᠠᠨ ᠬᠢᠨᠠᠨ ᠬᠡᠮᠵᠢᠬᠦ ᠰᠢᠰᠲ᠋ᠧᠮ ᠢ᠋ ᠪᠠᠢᠭᠤᠯᠵᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠵᠢ ᠵᠠᠰᠠᠬᠤ ᠵᠢᠨ ᠬᠦᠴᠢᠷ ᠠᠰᠠᠭᠤᠳᠠᠯ ᠢ᠋ ᠰᠢᠢᠳᠪᠦᠷᠢᠯᠡᠵᠤ ᠪᠤᠢ᠃ ᠪᠠᠰᠠ ᠠᠺᠠᠳᠧᠮᠢᠴᠢ ᠵᠢᠨ ᠠᠵᠢᠯᠯᠠᠬᠤ ᠴᠡᠭ ᠢ᠋ ᠪᠠᠢᠭᠤᠯᠤᠨ ᠡᠯᠡᠰᠦᠷᠬᠡᠭ ᠭᠠᠵᠠᠷ ᠤ᠋ᠨ ᠠᠵᠤ ᠦᠢᠯᠡᠰ ᠤ᠋ᠨ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠰᠤᠳᠤᠯᠭᠠᠨ ᠤ᠋ ᠠᠭᠤᠯᠭ᠎ᠠ ᠳ᠋ᠠᠭᠠᠨ ᠣᠷᠣᠭᠤᠯᠵᠤ᠂ ᠡᠯᠡᠰᠦᠷᠬᠡᠭ ᠭᠠᠵᠠᠷ ᠤ᠋ᠨ ᠰᠥᠨᠥᠭᠡᠯᠳᠡ ᠵᠢᠨ ᠳᠠᠢᠯᠠᠯᠳᠤᠭᠠᠨ ᠳ᠋ᠦ᠍ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠪᠠᠳᠤ ᠳᠤᠯᠭᠠᠭᠤᠷᠢᠯᠠᠯ ᠬᠠᠩᠭᠠᠪᠠ᠃

ᠤᠯᠠᠭᠠᠠᠠᠤᠳᠤ ᠦᠷᠳᠡᠭᠡ ᠵᠢᠨ ᠬᠠᠭᠠᠰ ᠵᠠᠭᠤᠨ ᠤ᠋ ᠦᠢᠯᠡᠳᠦᠯᠭᠡ ᠡᠴᠡ ᠡᠯᠡᠰᠤᠷᠭᠡᠭᠵᠢᠯ᠎ᠢ ᠰᠡᠷᠭᠡᠢᠯᠡᠨ ᠡᠯᠡᠰᠤ ᠎ᠵᠢ ᠵᠠᠰᠠᠬᠤ ᠨᠢ ᠳᠠᠩ ᠭᠠᠭᠴᠠ ᠤᠢᠵᠢᠭᠤᠯᠤᠯᠳᠠ ᠳᠡᠳᠦᠢ ᠪᠢᠰᠢ᠂ ᠬᠠᠷᠢᠨ ᠠᠭᠤᠯᠠ ᠤᠰᠤ ᠣᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠤ ᠮᠠᠩᠬ᠎ᠠ ᠵᠢ ᠰᠡᠷᠭᠦᠭᠡᠬᠦ ᠰᠢᠰᠲ᠋ᠧᠮᠳᠤ ᠢᠨᠵᠧᠨᠧᠷᠢᠩ ᠢ᠋ ᠠᠬᠢᠭᠤᠯᠵᠤ᠂ ᠠᠮᠢ ᠠᠬᠤᠢ ᠵᠢᠨ ᠵᠠᠰᠠᠨ ᠰᠡᠷᠭᠦᠭᠡᠯᠲᠡ ᠪᠣᠯᠤᠨ ᠠᠷᠠᠳ ᠤ᠋ᠨ ᠠᠮᠢᠳᠤᠷᠠᠯ ᠤ᠋ᠨ ᠰᠠᠢᠵᠢᠷᠠᠯᠳᠠ ᠵᠢ ᠬᠠᠮᠲᠤ ᠳ᠋ᠤᠨᠢ ᠬᠠᠷᠠᠭᠠᠯᠵᠠᠵᠤ ᠪᠠᠢᠨ᠎ᠠ ᠭᠡᠳᠡᠭ᠎ᠢ ᠤᠬᠠᠵᠤ ᠪᠤᠯᠤᠨ᠎ᠠ᠃ ᠥᠩᠭᠡᠷᠡᠭᠰᠡᠨ ᠳ᠋ᠦ᠍ ᠬᠦᠮᠤᠰ ᠮᠣᠷᠢ ᠤᠨᠤᠵᠤ ᠡᠯᠡᠰᠦ ᠮᠠᠩᠬ᠎ᠠ ᠵᠢ ᠳᠤᠭᠤᠯᠵᠤ ᠪᠠᠢᠭᠰᠠᠨ ᠪᠤᠯ ᠡᠳᠦᠭᠡ ᠡᠯᠡᠰᠤ᠎ᠵᠢ ᠲᠤᠭᠤᠯᠤᠭᠰᠠᠨ ᠵᠠᠰᠠᠮᠠᠯ ᠵᠠᠮ ᠨᠡᠪᠳᠡᠷᠡᠵᠤ᠂ ᠡᠪᠡᠰᠦ ᠮᠣᠳᠣ ᠰᠠᠬᠤᠯᠢᠭᠵᠢᠨ ᠤᠷᠭᠤᠵᠤ᠂ ᠠᠮᠢ ᠠᠬᠤᠢ ᠰᠠᠢᠵᠢᠷᠠᠨ ᠠᠷᠠᠳ ᠣᠯᠠᠨ ᠳ᠋ᠤ᠌ ᠦᠨᠡᠨ ᠬᠦ᠌ ᠠᠰᠢᠭ ᠲᠤᠰᠠ ᠬᠦᠷᠲᠡᠭᠡᠵᠤ ᠪᠠᠢᠭ᠎ᠠ ᠨᠢ ᠦᠨᠡᠨᠳᠠᠢ᠃

ᠮᠠᠨ᠎ᠤ ᠤᠯᠤᠰ᠎ᠤᠨ ᠤᠮᠠᠷᠠᠳᠤ᠎ᠵᠢᠨ ᠴᠢᠬᠤᠯᠠ ᠠᠮᠢ ᠠᠬᠤᠢ᠎ᠵᠢᠨ ᠠᠮᠤᠷ ᠲᠦᠪᠰᠢᠨ᠎ᠤ ᠬᠠᠯᠬᠠᠪᠴᠢ ᠎ᠵᠢ ᠨᠠᠡᠭ ᠪᠠᠳᠤ ᠴᠤᠭᠴᠠᠯᠠᠬᠤ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳ᠋ᠤ ᠲᠦᠰᠢᠭᠯᠡᠭᠦ ᠴᠢᠬᠤᠯᠠᠳᠠᠢ ᠶᠤᠮ᠃ ᠡᠷᠳᠡᠮ ᠰᠢᠨᠵᠢᠯᠡᠭᠡᠨ ᠤ᠋ ᠠᠵᠢᠯᠳᠡᠳ ᠤ᠋ᠨ ᠨᠣᠭᠣᠭᠠᠨ ᠪᠤᠤᠬᠢᠶ᠎ᠠ ᠨᠡᠯᠦᠭᠡᠷ ᠡᠯᠡᠰᠦ ᠵᠢ ᠨᠤᠭᠤᠭᠠᠨ ᠪᠦᠷᠢᠳᠤ ᠪᠤᠯᠭᠠᠬᠤ ᠡᠷᠴᠢ ᠵᠤᠷᠢᠭ᠎ᠢ ᠬᠦᠪᠴᠢᠯᠠᠵᠤ᠂ ᠳᠡᠳᠡ ᠨᠠᠷ ᠤ᠋ᠨ ᠰᠤᠳᠤᠯᠭᠠᠨ ᠤ᠋ ᠦᠷ᠎ᠡ ᠪᠦᠳᠦᠭᠡᠯ ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ᠎ᠳᠤ ᠨᠠᠡᠭ ᠴᠢᠬᠤᠯᠠ ᠦᠢᠯᠡᠳᠦᠯ ᠦᠵᠡᠭᠦᠯᠬᠦ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号