ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ᠎ᠤ ᠡᠮᠡᠭᠳᠡᠢᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠡᠨᠡ ᠵᠢᠯ᠎ᠦᠨ 2 ᠰᠠᠷ᠎ᠠ᠎ᠳᠤ᠂ ᠪᠥᠬᠥ᠌ ᠤᠯᠤᠰ᠎ᠤᠨ ᠡᠮᠡᠭᠲᠡᠶ᠋ᠢᠴᠦᠳ᠎ᠦᠨ ᠬᠣᠯᠪᠣᠭᠠᠪᠣᠯᠤᠨ ᠳᠤᠮᠳᠠᠳᠤ ᠤᠯᠤᠰ᠎ᠤᠨ ᠡᠮᠡᠭᠲᠡᠶ᠋ᠢᠴᠦᠳ᠎ᠦᠨ ᠰᠣᠨᠢᠨ᠎ᠤ ᠬᠣᠷᠢᠶ᠎ᠠ (ᠪᠥᠬᠥ᠌ ᠤᠯᠤᠰ᠎ᠤᠨ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠰᠦᠯᠵᠢᠶᠡᠨ᠎ᠦ ᠮᠡᠳᠡᠭᠡ ᠵᠠᠩᠭᠢ ᠳᠠᠮᠵᠢᠭᠤᠯᠬᠤ ᠲᠥᠪ) ᠬᠠᠮᠲᠤᠷᠠᠨ 2025 ᠣᠨ᠎ᠤ ᠰᠢᠨ᠎ᠡ᠎ᠪᠡᠷ ᠮᠠᠨᠳᠤᠭᠰᠠᠨ ᠠᠵᠢᠯ ᠲᠦᠷᠦᠯ᠎ᠤᠨ ᠬᠦᠷᠢᠶᠡᠨ᠎ᠳᠡᠬᠢ ᠡᠮᠡᠭᠲᠡᠶ᠋ᠢᠴᠦᠳ ᠦᠨ ᠠᠵᠢᠯ᠎ᠤᠨ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠦᠭᠰᠡᠨ ᠬᠡᠷᠡᠭ᠎ᠦᠨ ᠵᠢᠱ᠌ᠢᠶ᠎ᠡ᠎ᠶᠢ ᠴᠤᠭᠯᠠᠭᠤᠯᠬᠤ ᠠᠵᠢᠯᠯᠠᠭ᠎ᠠ ᠥᠷᠨᠢᠭᠦᠯᠵᠦ᠍᠂ ᠤᠳᠤᠬᠠᠨ ᠪᠤᠯᠳᠠᠯ᠎ᠠ ᠨᠡᠶ᠋ᠢᠲᠡ 700 ᠭᠠᠷᠤᠶ ᠬᠤᠪᠢ ᠬᠡᠷᠡᠭ᠎ᠦᠨ ᠵᠢᠱ᠌ᠢᠶ᠎ᠡ᠎ᠶᠢ ᠭᠥᠯᠢᠶᠡᠨ ᠠᠪᠴᠤ᠂ 40 ᠰᠢᠯᠢᠳᠡᠭ ᠬᠡᠷᠡᠭ᠎ᠦᠨ ᠵᠢᠱ᠌ᠢᠶ᠎ᠡ ᠵᠢ ᠰᠢᠯᠭᠠᠷᠠᠭᠤᠯᠵᠠᠢ᠃
ᠡᠭᠦᠨ ᠳ᠋ᠦ᠂ ᠪᠤᠭᠤᠲᠤ᠌ ᠬᠣᠲᠠ᠎ᠶᠢᠨ ᠰᠦᠯᠵᠢᠶᠡᠨ᠎ᠦ ᠪᠤᠯᠵᠤᠭ᠎ᠠ᠎ᠲᠤ ᠮᠠᠰᠢᠨ ᠲᠡᠷᠭᠡᠨ᠎ᠦ ᠠᠵᠢᠯ ᠲᠥᠷᠥᠯ᠎ᠦᠨ ᠡᠮᠡᠭᠲᠡᠶ᠋ᠢᠴᠦᠳ᠎ᠦᠨ ᠬᠣᠯᠪᠣᠭ᠎ᠠ ᠵᠢᠨ 《ᠡᠮᠡᠭᠲᠡᠶ᠋ᠢᠴᠦᠳ᠎ᠦᠨ ᠠᠨᠠᠷ᠎ᠤᠨ ᠤᠯᠠᠭᠠᠨ ᠮᠠᠰᠢᠨ ᠲᠡᠷᠭᠡᠨ ᠦ ᠠᠩᠭᠢ ᠴᠢᠩ ᠦᠨᠡᠨᠴᠢ ᠬᠠᠶ᠋ᠢᠷ᠎ᠠ ᠰᠡᠳᠬᠢᠯᠭᠡ᠎ᠪᠡᠷ ᠣᠭ ᠰᠠᠨᠠᠭ᠎ᠠ᠎ᠵᠢ ᠦᠢᠯᠡᠳᠦᠯᠭᠡᠵᠢᠬᠦᠯᠦᠨ᠎ᠡ》 ᠭᠡᠬᠦ ᠬᠡᠷᠡᠭ ᠦᠨ ᠵᠢᠱ᠌ᠢᠶ᠎ᠡ ᠨᠢ 2025 ᠣᠨ᠎ᠤ ᠰᠢᠨ᠎ᠡ᠎ᠪᠡᠷ ᠮᠠᠨᠳᠤᠭᠰᠠᠨ ᠠᠵᠢᠯ ᠲᠦᠷᠦᠯ ᠤᠨ ᠬᠦᠷᠢᠶᠡᠨ᠎ᠳᠡᠬᠢ ᠡᠮᠡᠭᠲᠡᠶ᠋ᠢᠴᠦᠳ᠎ᠦᠨ ᠠᠵᠢᠯ᠎ᠤᠨ ᠥᠭᠡᠷᠡᠴᠢᠯᠡᠯᠲᠡ ᠬᠢᠵᠦ᠍ ᠰᠢᠨ᠎ᠡ ᠶᠢ ᠡᠭᠦᠳᠦᠭᠰᠡᠨ ᠬᠡᠷᠡᠭ ᠦᠨ ᠵᠢᠱ᠌ᠢᠶ᠎ᠡ ᠳ᠋ᠤ ᠰᠣᠩᠭᠣᠭᠳᠠᠪᠠ᠃ ᠲᠤᠰ ᠬᠡᠷᠡᠭ ᠤᠨ ᠵᠢᠱ᠌ᠢᠶ᠎ᠡ ᠨᠢ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠵᠢᠯᠤᠭᠤᠳᠤᠯᠭ᠎ᠠ ᠳᠣᠣᠷ᠎ᠠ ᠰᠢᠨ᠎ᠡ᠎ᠪᠡᠷ ᠠᠵᠢᠯ ᠣᠯᠤᠭᠰᠠᠨ ᠡᠮᠡᠭᠲᠡᠶ᠋ᠢᠴᠦᠳᠲᠦ᠍ ᠦᠢᠯᠡᠴᠢᠯᠡᠬᠦ᠌ ᠠᠵᠢᠯ᠎ᠤᠨ ᠰᠢᠨ᠎ᠡ ᠡᠭᠦᠳᠦᠯᠲᠡ ᠶᠢ ᠭᠦᠢᠴᠡᠳ ᠢᠯᠡᠷᠡᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠡᠷ ᠮᠠᠨᠳᠤᠭᠰᠠᠨ ᠠᠵᠢᠯ ᠲᠦᠷᠦᠯ᠎ᠤᠨ ᠬᠦᠷᠢᠶᠡᠨ᠎ᠦ ᠡᠮᠡᠭᠲᠡᠶ᠋ᠢᠴᠦᠳ ᠦᠨ ᠬᠣᠯᠪᠣᠭ᠎ᠠ᠎ᠶᠢᠨ ᠵᠣᠬᠢᠶᠠᠨ ᠪᠠᠶ᠋ᠢᠭᠤᠯᠤᠯᠲᠠ᠎ᠶᠢᠨ ᠬᠢᠯᠠᠯᠵᠠᠮ᠎ᠠ ᠨᠡᠷ᠎ᠡ᠎ᠶᠢᠨ ᠬᠠᠭᠤᠳᠠᠰᠤ ᠪᠣᠯᠤᠭᠰᠠᠨ ᠪᠠᠶ᠋ᠢᠨ᠎ᠠ᠃
ᠡᠮᠡᠭᠲᠡᠶ᠋ᠢᠴᠦᠳ ᠦᠨ ᠬᠣᠯᠪᠣᠭ᠎ᠠ ᠵᠢᠨ ᠵᠣᠬᠢᠶᠠᠨ ᠪᠠᠶ᠋ᠢᠭᠤᠯᠤᠯᠲᠠ᠎ᠶᠢ ᠪᠠᠶ᠋ᠢᠭᠤᠯᠤᠨ ᠬᠦᠴᠦᠷᠬᠡᠭᠵᠢᠭᠦᠯᠵᠦ᠍᠂ ᠰᠢᠨ᠎ᠡ ᠪᠡᠷ ᠮᠠᠨᠳᠤᠭᠰᠠᠨ ᠠᠵᠢᠯ ᠲᠦᠷᠦᠯ᠎ᠤᠨ ᠬᠦᠷᠢᠶᠡᠨ᠎ᠦ ᠡᠮᠡᠭᠲᠡᠶ᠋ᠢᠴᠦᠳ᠎ᠦᠨ ᠲᠣᠣᠷ᠎ᠢ ᠨᠢᠭᠲᠠ ᠰᠦᠯᠵᠢᠪᠡ᠃ ᠰᠦᠯᠵᠢᠶᠡᠨ ᠪᠤᠯᠵᠤᠭ᠎ᠠ᠎ᠲᠤ ᠮᠠᠰᠢᠨ ᠲᠡᠷᠭᠡᠨ ᠤ ᠠᠵᠢᠯ ᠲᠥᠷᠥᠯ᠎ᠦᠨ ᠰᠢᠯᠵᠢᠯᠳᠡ ᠵᠢᠨ ᠴᠢᠨᠠᠷ ᠶᠡᠬᠡ᠂ ᠠᠵᠢᠯ ᠲᠦᠷᠦᠯ ᠲᠠᠷᠠᠬᠠᠶ ᠪᠤᠲᠠᠷᠬᠠᠶ᠂ ᠰᠦᠯᠵᠢᠶᠡᠨ ᠳᠡᠭᠡᠷ᠎ᠠ ᠠᠵᠢᠯᠯᠠᠬᠤ ᠬᠡᠮᠵᠢᠶᠡᠤᠷᠳᠤ ᠪᠠᠶ᠋ᠢᠬᠤ ᠣᠨᠴᠠᠯᠢᠭᠲᠤ᠌ ᠴᠢᠭᠯᠡᠭᠦᠯᠦᠨ ᠡᠮᠡᠭᠲᠡᠶ᠋ᠢᠴᠦᠳ᠎ᠦᠨ ᠬᠣᠯᠪᠤᠭ᠎ᠠ᠎ᠵᠢᠨ ᠬᠢᠨ《ᠠᠵᠢᠯ ᠲᠥᠷᠥᠯ᠎ᠦᠨ ᠡᠮᠡᠭᠲᠡᠶ᠋ᠢᠴᠦᠳ᠎ᠦᠨ ᠬᠣᠯᠪᠣᠭ᠎ᠠ + ᠪᠤᠳᠠᠳᠤ ᠴᠤᠬᠴᠠ ᠵᠢᠨ ᠦᠢᠯᠡᠴᠢᠯᠡᠭᠡᠨ᠎ᠦ ᠵᠢᠭᠰᠠᠭᠠᠯ᠎ᠤᠨ ᠭᠠᠵᠠᠷ + ᠰᠦᠯᠵᠢᠶᠡᠨ ᠳᠡᠭᠡᠷᠡᠬᠢ ᠨᠡᠶ᠋ᠢᠭᠡᠮ ᠣᠯᠠᠨ ᠲᠦᠮᠡᠨ᠎ᠲᠡᠶ ᠬᠠᠷᠢᠯᠴᠠᠬᠤ 》 ᠪᠣᠰᠣᠭ᠎ᠠ ᠴᠣᠭᠴᠠᠲᠤ᠌ ᠦᠢᠯᠡᠴᠢᠯᠡᠭᠡᠨ᠎ᠦ ᠰᠢᠰᠲ᠋ᠧᠮ᠎ᠢ ᠰᠢᠨ᠎ᠡ᠎ᠪᠡᠷ ᠡᠭᠦᠳᠦᠨ ᠪᠠᠶ᠋ᠢᠭᠤᠯᠪᠠ᠃ ᠠᠮᠠᠷᠠᠬᠤ ᠨᠥᠬᠥᠴᠡᠯ ᠬᠠᠩᠭᠠᠬᠤ᠂ ᠰᠤᠷᠤᠯᠴᠠᠯᠭ᠎ᠠ ᠤᠬᠠᠭᠤᠯᠤᠨ ᠲᠠᠶ᠋ᠢᠯᠪᠤᠷᠢᠯᠠᠯᠳᠠ ᠬᠢᠬᠦ᠂ ᠬᠠᠯᠠᠭᠤᠨ ᠰᠡᠳᠬᠢᠯ᠎ᠢᠶᠡᠷ ᠬᠠᠪᠰᠤᠷᠤᠨ ᠲᠡᠳᠬᠦᠬᠦ᠌᠂ ᠡᠷᠬᠡ ᠠᠰᠢᠭ᠎ᠢ ᠬᠠᠮᠠᠭᠠᠯᠠᠬᠤ ᠠᠰᠠᠭᠤᠨ ᠯᠠᠪᠯᠠᠬᠤ ᠴᠢᠳᠠᠮᠵᠢᠳᠤ ᠣᠷᠣᠨ ᠪᠦᠰᠡ᠎ᠶᠢ ᠪᠠᠶ᠋ᠢᠭᠤᠯᠵᠤ᠂ ᠡᠮᠦᠨ᠎ᠡ ᠹᠷᠣᠨᠲ᠎ᠤᠨ ᠡᠮᠡᠭᠲᠡᠶ ᠵᠢᠯᠣᠭᠣᠴᠢ᠎ᠳᠤ ᠲᠥᠬᠥᠮ ᠦᠵᠡᠭᠦᠯᠬᠦ᠌ ᠦᠢᠯᠡᠴᠢᠯᠡᠭᠡ ᠬᠠᠩᠭᠠᠪᠠ᠃ ᠰᠦᠯᠵᠢᠶᠡᠨ ᠳᠡᠭᠡᠷᠡᠬᠢ ᠬᠣᠯᠪᠣᠭ᠎ᠠ ᠠᠪᠬᠤ ᠨᠡᠶ᠋ᠢᠭᠡᠮᠯᠢᠭ᠎ᠢ ᠪᠠᠶ᠋ᠢᠭᠤᠯᠵᠤ᠂ 《ᠲᠡᠷᠭᠡᠨ ᠬᠦᠷᠳᠦᠨ ᠳᠡᠭᠡᠷᠡᠬᠢ ᠪᠢᠴᠢᠯ ᠬᠢᠴᠢᠶᠡᠯ᠎ᠦᠨ ᠲᠠᠩᠬᠢᠮ》ᠭᠠᠷᠭᠠᠨ᠂ ᠬᠥᠮᠦᠨ ᠬᠠᠷ᠎ᠠ ᠰᠢᠯᠵᠢᠭᠰᠡᠨ ᠴᠸ᠋ ᠵᠣᠬᠢᠶᠠᠨ ᠪᠠᠶ᠋ᠢᠭᠤᠯᠤᠯᠲᠠ ᠰᠤᠯᠠᠷᠠᠬᠤ ᠦᠭᠡᠢ᠂ ᠦᠢᠯᠡᠴᠢᠯᠡᠭᠡ ᠲᠠᠰᠤᠷᠠᠬᠤ ᠦᠭᠡᠢ ᠪᠠᠶ᠋ᠢᠬᠤ᠎ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠰᠦᠯᠵᠢᠶᠡᠨ ᠪᠤᠯᠵᠤᠭ᠎ᠠ᠎ᠲᠤ ᠡᠮᠡᠭᠲᠡᠶ᠋ᠢᠴᠦᠳ᠎ᠦᠨ ᠲᠤᠰᠬᠠᠶ ᠮᠡᠷᠭᠡᠵᠢᠯ᠎ᠦᠨ ᠡᠩᠨᠡᠭᠡ 《ᠡᠮᠡᠭᠲᠡᠶ᠋ᠢᠴᠦᠳ᠎ᠦᠨ ᠠᠨᠠᠷ᠎ᠤᠨ ᠤᠯᠠᠭᠠᠨ ᠮᠠᠰᠢᠨ ᠲᠡᠷᠭᠡᠨ᠎ᠦ ᠠᠩᠭᠢ》 ᠵᠢ ᠵᠣᠬᠢᠶᠠᠨ ᠪᠠᠶ᠋ᠢᠭᠤᠯᠵᠤ᠂ ᠵᠢᠷᠤᠮᠵᠢᠭᠰᠠ᠂ ᠲᠥᠷᠥᠯ ᠲᠡᠮᠳᠡᠭᠵᠢᠭᠰᠡᠨ ᠰᠢᠨ᠎ᠡ᠎ᠪᠡᠷ ᠮᠠᠨᠳᠤᠬᠰᠠᠨ ᠠᠵᠢᠯ ᠲᠦᠷᠦᠯ᠎ᠤᠨ ᠬᠦᠷᠢᠶᠡᠨ᠎ᠳᠡᠬᠢ ᠡᠮᠡᠭᠲᠡᠶ᠋ᠢᠴᠦᠳ᠎ᠦᠨ ᠡᠩᠨᠡᠭᠡ᠎ᠶᠢ ᠴᠣᠭᠴᠠᠯᠠᠪᠠ᠃
ᠰᠡᠳᠬᠢᠯ᠎ᠢ ᠳᠤᠯᠠᠭᠠᠴᠠᠭᠤᠯᠬᠤ ᠴᠢᠳᠠᠪᠤᠷᠢ ᠣᠯᠭᠣᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠡᠮᠡᠭᠲᠡᠶ᠋ᠢᠴᠦᠳ᠎ᠢ ᠬᠠᠯᠠᠮᠵᠢᠯᠠᠨ ᠬᠠᠶ᠋ᠢᠷᠠᠯᠠᠬᠤ ᠦᠢᠯᠡᠴᠢᠯᠡᠭᠡ᠎ᠶᠢ ᠪᠣᠳᠠᠲᠠᠢᠵᠢᠭᠤᠯᠪᠠ᠃ ᠡᠷᠡᠭᠦᠯ ᠡᠩᠬᠡ᠎ᠶᠢᠨ ᠬᠠᠶ᠋ᠢᠷ᠎ᠠ ᠬᠠᠯᠠᠮᠵᠢ᠂ ᠪᠠᠶᠠᠷ ᠲᠤᠷᠠᠰᠬᠠᠯ᠎ᠤᠨ ᠡᠳᠦᠷ᠎ᠦᠨ ᠲᠣᠬᠣᠨᠢᠭᠤᠯᠤᠯ᠂ ᠬᠠᠤᠯᠢ ᠲᠦᠭᠡᠮᠡᠯᠵᠢᠭᠦᠯᠬᠦ᠌ ᠡᠷᠬᠡ᠎ᠶᠢ ᠬᠠᠮᠠᠭᠠᠯᠠᠬᠤ᠂ ᠰᠡᠳᠬᠢᠴᠡ᠎ᠶᠢᠨ ᠵᠢᠯᠣᠭᠣᠳᠤᠮᠵᠢ ᠵᠡᠷᠭᠡ ᠦᠢᠯᠡᠴᠢᠯᠡᠭᠡ᠎ᠶᠢ ᠪᠠᠶ᠋ᠢᠩᠭᠤ ᠥᠷᠨᠢᠭᠦᠯᠵᠦ᠍᠂ ᠡᠮᠡᠭᠲᠡᠶ ᠵᠢᠯᠣᠭᠣᠴᠢ᠎ᠳᠤ ᠦᠨ᠎ᠡ ᠲᠥᠯᠥᠪᠦᠷᠢ ᠥᠬᠡᠶ᠎ᠪᠡᠷ ᠡᠷᠡᠭᠦᠯ ᠮᠡᠨᠳᠦ᠎ᠶᠢᠨ ᠪᠠᠶ᠋ᠢᠴᠠᠭᠠᠯᠲᠠ ᠬᠢᠬᠦ᠌ ᠪᠡᠯᠡᠭ ᠬᠦᠷᠭᠡᠵᠦ᠍᠂ ᠡᠷᠬᠡ ᠠᠰᠢᠭ᠎ᠤᠨ ᠬᠠᠮᠠᠭᠠᠯᠠᠯᠲᠠ᠂ ᠠᠮᠤᠷ ᠲᠦᠪᠰᠢᠨ᠎ᠦ ᠮᠡᠳᠡᠯᠭᠡ᠎ᠶᠢᠨ ᠤᠬᠠᠭᠤᠯᠤᠨ ᠲᠠᠶ᠋ᠢᠯᠪᠤᠷᠢᠯᠠᠯᠳᠠ᠎ᠶᠢ ᠪᠠᠶ᠋ᠢᠩᠭᠤ ᠥᠷᠨᠢᠭᠦᠯᠵᠦ᠍᠂ ᠡᠯ᠎ᠡ ᠲᠥᠷᠥᠯ᠎ᠦᠨ ᠬᠠᠯᠠᠮᠵᠢᠯᠠᠨ ᠬᠠᠶ᠋ᠢᠷᠠᠯᠠᠬᠤ ᠦᠢᠯᠡᠴᠢᠯᠡᠭᠡᠨ᠎ᠦ ᠠᠵᠢᠯᠯᠠᠭ᠎ᠠ᠎ᠶᠢ ᠨᠡᠶ᠋ᠢᠲᠡ 40 ᠭᠠᠷᠤᠶ ᠲᠠᠯᠠᠪᠤᠷ ᠥᠷᠨᠢᠭᠦᠯᠵᠦ᠍᠂ ᠰᠦᠯᠵᠢᠶᠡᠨ ᠪᠤᠯᠵᠤᠭ᠎ᠠ᠎ᠲᠤ ᠮᠠᠰᠢᠨ ᠲᠡᠷᠭᠡᠨ᠎ᠦ ᠡᠮᠡᠭᠲᠡᠶ ᠵᠢᠯᠣᠭᠣᠴᠢ ᠵᠢᠴᠢ ᠬᠡᠷ ᠪᠦᠯᠢᠶᠢᠨᠬᠢᠨᠳᠦ 2000 ᠭᠠᠷᠤᠶ ᠬᠥᠮᠦᠨ ᠤᠳᠠᠭ᠎ᠠ ᠠᠰᠢᠭ ᠬᠦᠷᠲᠡᠭᠡᠪᠡ᠃
ᠬᠦᠴᠦ᠎ᠪᠡᠨ ᠲᠥᠪᠯᠡᠷᠡᠭᠦᠯᠦᠨ ᠦᠢᠯᠡᠴᠢᠯᠡᠭᠡᠨ᠎ᠤ ᠶᠠᠰᠤ ᠴᠢᠨᠠᠷ ᠪᠠ ᠴᠢᠳᠠᠪᠤᠷᠢ᠎ᠪᠡᠨ ᠳᠡᠭᠡᠭᠰᠢᠯᠡᠭᠦᠯᠵᠦ᠍᠂ ᠡᠮᠡᠭᠲᠡᠶ᠋ᠢᠴᠦᠳ᠎ᠦᠨ ᠪᠣᠯᠪᠠᠰᠤᠨ ᠦᠢᠯᠡᠴᠢᠯᠡᠭᠡᠨ᠎ᠦ ᠲᠥᠷᠥᠯ ᠲᠡᠮᠳᠡᠭ᠎ᠢ ᠪᠤᠢ ᠪᠤᠯᠭᠠᠪᠠ᠃ ᠪᠣᠯᠪᠠᠰᠤᠨ ᠶᠣᠰᠣᠯᠠᠯ᠂ ᠵᠢᠷᠤᠮᠵᠢᠭᠰᠠᠨ ᠦᠢᠯᠡᠴᠢᠯᠡᠭᠡ᠂ ᠵᠠᠭᠤᠷᠠᠯᠳᠤᠭᠠᠨ᠎ᠢ ᠡᠶᠡᠳᠡᠭᠦᠯᠦᠨ ᠰᠢᠢᠳᠪᠦᠷᠢᠯᠡᠬᠦ᠌᠂ ᠠᠮᠤᠷ ᠲᠦᠪᠰᠢᠨ᠎ᠢᠶᠡᠷ ᠵᠢᠯᠣᠭᠣᠳᠬᠤ ᠲᠤᠰᠬᠠᠶ ᠰᠡᠳᠦᠪᠲᠦ᠍ ᠪᠣᠯᠪᠠᠰᠤᠷᠠᠯ᠎ᠢ ᠪᠠᠶ᠋ᠢᠩᠭᠤᠵᠢᠭᠤᠯᠤᠨ ᠥᠷᠨᠢᠭᠦᠯᠵᠦ᠍ ᠂ ᠰᠢᠨ᠎ᠡ ᠡᠵᠡᠩᠨᠡᠯᠲᠡ᠎ᠶᠢᠨ ᠬᠡᠯᠪᠡᠷᠢ ᠵᠢᠨ ᠡᠮᠡᠭᠲᠡᠶ᠋ᠢᠴᠦᠳ᠎ᠦᠨ ᠠᠵᠢᠯ ᠮᠡᠷᠭᠡᠵᠢᠯ᠎ᠦᠨ ᠬᠡᠪ ᠪᠣᠯᠪᠠᠰᠤᠷᠠᠯ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠪᠡ᠃ 《 ᠡᠮᠡᠭᠲᠡᠶ᠋ᠢᠴᠦᠳ᠎ᠦᠨ ᠠᠨᠠᠷ᠎ᠤᠨ ᠤᠯᠠᠭᠠᠨ ᠮᠠᠰᠢᠨ ᠲᠡᠷᠭᠡᠨ᠎ᠦ ᠠᠩᠭᠢ》 ᠨᠢ ᠨᠢᠭᠡᠳᠦᠯᠲᠡᠶ ᠢᠯᠡᠳᠬᠡᠮᠵᠢ ᠲᠡᠮᠳᠡᠭ ᠲᠠᠯᠪᠢᠬᠤ᠂ ᠨᠢᠭᠡᠳᠦᠯᠲᠡᠶ ᠪᠠᠷᠢᠮᠵᠢᠶ᠎ᠠ ᠲᠣᠭᠲᠠᠭᠠᠬᠤ᠂ ᠨᠢᠭᠡᠳᠦᠯᠲᠡᠶ ᠵᠢᠷᠤᠮᠵᠢᠭᠤᠯᠬᠤ᠂ ᠵᠢᠱ᠌ᠢᠶ᠎ᠡ ᠦᠵᠡᠭᠦᠯᠦᠨ ᠪᠣᠯᠪᠠᠰᠤᠨ ᠦᠨᠡᠨᠴᠢ ᠢᠲᠡᠭᠡᠮᠵᠢᠲᠡᠶ ᠦᠢᠯᠡᠴᠢᠯᠡᠭᠡ᠎ᠶᠢ ᠬᠡᠷᠡᠭᠵᠢᠭᠦᠯᠵᠦ᠍᠂ ᠨᠡᠶ᠋ᠢᠲᠡ 500 ᠭᠠᠷᠤᠶ ᠵᠤᠷᠪᠤᠰ ᠣᠯᠠᠨ ᠲᠦᠮᠡᠨ᠎ᠦ ᠰᠢᠯᠢᠳᠡᠭ ᠰᠠᠶ᠋ᠢᠨ ᠦᠨᠡᠯᠡᠯᠲᠡ᠎ᠶᠢ ᠣᠯᠵᠤ᠂ ᠠᠳᠠᠯᠢᠳᠬᠠᠬᠤ ᠰᠤᠷᠤᠯᠴᠠᠬᠤ ᠭᠦᠢᠴᠡᠬᠦ᠌ ᠳᠠᠪᠠᠬᠤ᠂ ᠪᠣᠯᠪᠠᠰᠤᠨ᠎ᠢᠶᠠᠷ ᠠᠵᠢᠯᠯᠠᠬᠤ ᠰᠠᠶ᠋ᠢᠨ ᠰᠠᠶ᠋ᠢᠬᠠᠨ ᠠᠵᠢᠯ ᠲᠥᠷᠥᠯ᠎ᠦᠨ ᠠᠭᠤᠷ ᠠᠮᠢᠰᠬᠤᠯ᠎ᠢ ᠪᠣᠶ ᠪᠣᠯᠭᠠᠪᠠ᠃
ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠡᠮᠡᠭᠲᠡᠶ᠋ᠢᠴᠦᠳ᠎ᠦᠨ ᠬᠦᠴᠦᠨ᠎ᠢ ᠬᠥᠭᠵᠢᠭᠡᠪᠡ᠃ ᠰᠦᠯᠵᠢᠶᠡᠨ ᠪᠣᠯᠵᠣᠭᠠᠲᠤ ᠡᠮᠡᠭᠲᠡᠶ ᠵᠢᠯᠣᠭᠣᠴᠢ᠎ᠶᠢᠨ ᠬᠣᠲᠠ᠎ᠶᠢᠨ ᠦᠨᠳᠦᠰᠦᠨ ᠱᠠᠲᠤᠨ᠎ᠤ ᠵᠠᠰᠠᠯᠲᠠ᠎ᠳᠤ ᠰᠠᠨᠠᠭᠠᠴᠢᠯᠠᠭ᠎ᠠᠡᠴᠠ᠎ᠪᠠᠨ ᠣᠷᠣᠯᠴᠠᠬᠤ᠎ᠶᠢ ᠢᠳᠡᠪᠬᠢᠲᠡᠶ ᠬᠥᠲᠥᠯᠥᠨ ᠵᠢᠯᠣᠭᠣᠳᠴᠤ᠂ ᠪᠣᠯᠪᠠᠰᠤᠨ᠎ᠢ ᠡᠭᠦᠳᠦᠨ ᠪᠠᠶ᠋ᠢᠭᠤᠯᠬᠤ᠂ ᠮᠡᠬᠡᠯᠡᠯ ᠢ ᠡᠰᠡᠷᠭᠦᠴᠡᠬᠦ᠌ ᠤᠬᠠᠭᠤᠯᠭ᠎ᠠ᠂ ᠦᠨ᠎ᠡ ᠲᠥᠯᠥᠪᠦᠷᠢ ᠥᠬᠡᠶ᠎ᠪᠡᠷ ᠴᠢᠰᠤᠬᠠᠨᠳᠢᠪᠯᠠᠬᠤ ᠵᠡᠷᠭᠡ ᠨᠡᠶ᠋ᠢᠲᠡ᠎ᠶᠢᠨ ᠠᠰᠠᠷᠠᠮᠵᠢ᠎ᠶᠢᠨ ᠰᠠᠶ᠋ᠢᠨ ᠳᠤᠷ᠎ᠠ ᠶᠢᠨ ᠦᠢᠯᠡᠴᠢᠯᠡᠭᠡ᠎ᠶᠢ ᠪᠠᠶ᠋ᠢᠩᠭᠤ ᠥᠷᠨᠢᠭᠦᠯᠵᠦ᠍᠂ ᠬᠣᠲᠠ᠎ᠶᠢᠨ《ᠨᠡᠭᠦᠳᠡᠯ ᠲᠤᠤᠷᠵᠢᠯ᠎ᠤᠨ ᠠᠵᠢᠯᠳᠠᠨ》᠂ 《ᠨᠡᠭᠦᠳᠡᠯ ᠤᠬᠠᠭᠤᠯᠤᠭᠴᠢ》 ᠪᠣᠯᠵᠣ᠂ ᠨᠡᠢᠳᠡ 5000 ᠭᠠᠷᠤᠢ ᠴᠠᠭ᠎ᠤᠨ ᠰᠠᠢᠨ ᠲᠤᠷ᠎ᠠ ᠵᠢᠨ ᠦᠢᠯᠡᠴᠢᠯᠡᠭᠡ ᠬᠠᠩᠭᠠᠨ᠂ ᠬᠣᠲᠠ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠭᠤᠢᠳᠠ ᠰᠠᠢᠬᠠᠨ ᠦᠵᠡᠮᠵᠢ ᠵᠢ ᠪᠦᠷᠢᠳᠦᠬᠦᠯᠦᠭᠰᠡᠨ ᠪᠠᠶ᠋ᠢᠨ᠎ᠠ᠃