ᠨᠡᠯᠦᠬᠡᠷ ᠮᠠᠩᠬ᠎ᠠ ᠡᠴᠡ 《ᠡᠷᠳᠡᠨᠢ》 ᠱᠦᠭᠦᠵᠦ ᠰᠢᠷᠭᠠᠯ ᠡᠯᠡᠰᠦ ᠡᠴᠡ 《ᠠᠯᠳᠠ》 ᠲᠤᠩᠭᠠᠭᠰᠠᠨ ᠳᠡᠮᠳᠡᠭᠯᠡᠯ
2026-07-14 09:40:55
ᠵᠣᠬᠢᠶᠠᠭ᠍ᠴᠢ᠄
ᠼᠠᠢ ᠬᠤᠡᠭ ᠢᠳᠡᠷᠡᠭᠦᠨ ᠨᠠᠢᠷᠠᠭ ᠡᡁᠦ᠋ᠸᠸ ᠰᠢᠶᠤᠤ ᠴᠢᠡᠭ ᠪᠤᠤ ᠴᠢᠡᠭ ᠱᠸᠡᠭ
ᠣᠩᠱᠢᠭ᠍ᠰᠠᠨ ᠣᠳᠠᠭ᠎ᠠ᠄
★★★☆☆

— ᠡᠯᠡᠰᠦ ᠮᠠᠡᠭᠬ᠎ᠠ ᠵᠢ ᠠᠵᠤ ᠦᠢᠯᠡᠰᠵᠢᠭᠦᠯᠦᠨ ᠠᠰᠢᠭᠯᠠᠭᠰᠠᠨ ᠲᠦᠡᠭᠯᠢᠶᠤᠤ ᠬᠤᠲᠠ ᠶ᠋ᠢᠨ ᠬᠠᠢᠨ ᠰᠦᠪᠡᠭᠴᠢᠯᠡᠯᠲᠡ


ᠬᠤᠷᠴᠢᠨ ᠤ᠋ ᠡᠯᠡᠰᠦ ᠬᠤᠷᠤ᠎ᠠ ᠳᠡᠯᠡᠬᠡᠢ ᠳ᠋ᠦ ᠠᠯᠳᠠᠷᠲᠠᠢ᠃ ᠲᠦᠡᠭᠯᠢᠶᠤᠤ ᠬᠤᠲᠠ ᠬᠤᠷᠴᠢᠨ ᠤ᠋ ᠡᠯᠡᠰᠦᠷᠭᠡᠭ ᠭᠠᠵᠠᠷ ᠤ᠋ᠨ ᠦᠷᠦᠴᠡᠨ ᠳ᠋ᠦ ᠪᠠᠢᠷᠢᠯᠠᠵᠤ᠂ ᠬᠠᠷᠢᠶᠠᠨ ᠳ᠋ᠡᠬᠢ ᠡᠯᠡᠰᠦᠷᠬᠡᠭ ᠭᠠᠵᠠᠷ ᠨᠢ ᠬᠤᠷᠴᠢᠨ ᠤ᠋ ᠡᠯᠡᠰᠦᠷᠬᠡᠭ ᠭᠠᠵᠠᠷ ᠤ᠋ᠨ ᠶᠠᠷᠦᠡᠭᠬᠡᠢ ᠲᠠᠯᠠᠪᠠᠢ ᠶ᠋ᠢᠨ 50% ᠵᠢ ᠡᠵᠡᠯᠡᠨ᠂ ᠦᠩᠬᠡᠷᠡᠭᠰᠡᠨ ᠳ᠋ᠤ ᠭᠦᠯᠢᠢᠮ᠎ᠡ ᠴᠠᠭᠠᠨ ᠮᠠᠡᠭᠬ᠎ᠠ ᠨᠡᠯᠦᠭᠡᠷ ᠳᠠᠯᠠᠢ ᠮᠡᠲᠦ ᠳᠠᠪᠠᠯᠭᠠᠯᠠᠨ ᠬᠦᠪᠡᠬᠡ ᠵᠠᠬ᠎ᠠ ᠨᠢ ᠬᠠᠷᠠᠭᠳᠠᠬᠤ ᠦᠭᠡᠢ ᠦᠷᠬᠦᠯᠵᠢᠯᠡᠵᠦ ᠪᠠᠢᠵᠠᠢ᠃ ᠡᠯᠡᠰᠦᠨ ᠰᠢᠭᠤᠷᠭ᠎ᠠ ᠶ᠋ᠢᠨ ᠭᠠᠰᠢᠭᠤᠨ ᠵᠤᠪᠠᠯᠠᠡᠭ ᠢ᠋ ᠬᠠᠰᠢᠷᠠᠲᠠᠯ᠎ᠠ ᠠᠮᠰᠠᠭᠰᠠᠨ ᠲᠦᠡᠭᠯᠢᠶᠤᠤ ᠵᠢᠨ ᠠᠷᠠᠳ ᠲᠦᠮᠡᠨ ᠡᠷᠴᠢ ᠵᠤᠷᠢᠭ ᠶ᠋ᠢᠡᠨ ᠬᠦᠪᠴᠢᠯᠡᠨ ᠡᠮᠨᠢᠭ ᠡᠯᠡᠰᠦ ᠲᠠᠢ ᠡᠷᠡᠮᠡᠬᠡᠢᠯᠡᠨ ᠪᠠᠢᠯᠳᠤᠵᠤ᠂ 《ᠡᠯᠡᠰᠦ ᠤᠷᠤᠭᠰᠢᠯᠠᠵᠤ ᠬᠦᠮᠦᠨ ᠤᠬᠤᠷᠢᠵᠤ》 ᠪᠠᠢᠭᠰᠠᠨ ᠡᠴᠡ ᠪᠠᠨ 《ᠨᠤᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ》 ᠠᠮᠢ ᠠᠬᠤᠢ ᠶ᠋ᠢᠨ ᠭᠠᠢᠬᠠᠮᠰᠢᠭᠳᠤ ᠬᠤᠪᠢᠷᠠᠯᠲᠠ ᠵᠢ ᠪᠡᠶᠡᠯᠡᠭᠦᠯᠪᠡ᠃

ᠲᠦᠡᠭᠯᠢᠶᠤᠤ ᠬᠤᠲᠠ ᠶ᠋ᠢᠨ ᠬᠢᠨ ᠦᠡᠭᠭᠡᠷᠡᠭᠰᠡᠨ ᠳ᠋ᠦ ᠨᠢᠴᠦᠭᠦᠨ ᠡᠯᠡᠰᠦ ᠵᠢ ᠦᠯᠡᠳᠡᠭᠡᠯ ᠦᠭᠡᠢ ᠵᠠᠰᠬᠠᠤ ᠪᠡᠷ ᠰᠢᠳᠦ ᠵᠠᠭᠤᠨ ᠴᠢᠷᠮᠠᠢᠵᠤ ᠪᠠᠢᠭᠰᠠᠨ ᠪᠤᠯ ᠤᠳᠤ ᠬᠠᠷᠢᠨ 《ᠠᠮᠢ ᠠᠬᠤᠢ ᠶ᠋ᠢ ᠠᠵᠤ ᠦᠢᠯᠡᠰᠵᠢᠭᠦᠯᠬᠦ᠂ ᠠᠵᠤ ᠦᠢᠯᠡᠰ ᠢ᠋ ᠠᠮᠢ ᠠᠬᠤᠢᠵᠢᠭᠤᠯᠬᠤ》 ᠵᠠᠮ ᠶ᠋ᠢᠡᠷ ᠭᠤᠢᠪᠢᠰᠢ ᠦᠭᠡᠢ ᠵᠠᠮᠨᠠᠵᠤ᠂ ᠡᠯᠡᠰᠦᠷᠬᠡᠭ ᠤᠷᠤᠨ ᠤ᠋ ᠦᠪᠡᠷᠮᠢᠴᠡ ᠡᠬᠢ ᠪᠠᠶᠠᠯᠢᠭ ᠶ᠋ᠢᠡᠨ ᠰᠢᠨᠵᠢᠯᠡᠬᠦ ᠤᠬᠠᠭᠠᠨᠴᠢ ᠪᠡᠷ ᠠᠮᠢᠯᠠᠭᠤᠯᠤᠨ᠂ ᠨᠡᠯᠦᠬᠡᠷ ᠮᠠᠩᠬ᠎ᠠ ᠡᠴᠡ 《ᠡᠷᠳᠡᠨᠢ》 ᠱᠦᠭᠦᠵᠤ᠂ ᠰᠢᠷᠭᠠᠯ ᠡᠯᠡᠰᠦ ᠡᠴᠡ 《ᠠᠯᠳᠠ》 ᠳᠤᠩᠭᠠᠨ᠂ ᠨᠤᠭᠤᠭᠠᠷᠠᠭᠤᠯᠬᠤ ᠬᠢᠭᠡᠳ ᠪᠠᠶᠠᠵᠢᠭᠤᠯᠬᠤ ᠵᠢ ᠤᠶᠠᠯᠳᠤᠭᠤᠯᠤᠭᠰᠠᠨ ᠰᠢᠨ᠎ᠠ ᠵᠠᠮ ᠶ᠋ᠢᠡᠷ ᠵᠠᠮᠨᠠᠵᠤ ᠡᠬᠢᠯᠡᠪᠡ᠃

ᠨᠡᠯᠦᠭᠡᠷ ᠮᠠᠩᠬ᠎ᠠ ᠵᠢ ᠡᠯᠪᠡᠭ ᠪᠠᠶᠠᠨ ᠠᠮᠢᠳᠤᠷᠠᠯ ᠤ᠋ᠨ 《ᠡᠷᠳᠡᠨᠢᠳᠤ ᠬᠦᠮᠦᠷᠭᠡ》 ᠪᠤᠯᠭᠠᠨ ᠬᠤᠪᠢᠷᠠᠭᠤᠯᠪᠠ

ᠵᠤᠨ ᠤ᠋ ᠡᠬᠢᠨ ᠰᠠᠷ᠎ᠠ ᠪᠡᠷ ᠨᠠᠢ᠍ᠮᠠᠨ ᠬᠤᠰᠢᠭᠤᠨ ᠤ᠋ ᠡᠯᠡᠰᠦ ᠵᠢ ᠲᠤᠭᠤᠯᠤᠭᠰᠠᠨ ᠵᠠᠰᠠᠮᠠᠯ ᠵᠠᠮ ᠶ᠋ᠢᠡᠷ ᠪᠤᠭᠲᠤ ᠶ᠋ᠢᠨ ᠡᠯᠡᠰᠦ ᠵᠢ ᠵᠤᠷᠢᠵᠤ ᠳᠠᠪᠬᠢᠭᠤᠯᠬᠤ ᠳ᠋ᠦ᠂ ᠵᠠᠮ ᠤ᠋ᠨ ᠬᠠᠵᠠᠭᠤ ᠪᠡᠷ ᠬᠡᠰᠡᠭ ᠬᠡᠰᠡᠭ ᠨᠤᠭᠤᠭᠠᠨ ᠤᠢ ᠡᠯᠡᠰᠦ ᠮᠠᠡᠭᠬ᠎ᠠ ᠵᠢ ᠪᠦᠰᠡᠯᠡᠨ ᠬᠤᠴᠢᠵᠤ᠂ ᠠᠢᠯ ᠡᠷᠦᠬᠡ ᠵᠢᠨ ᠰᠠᠭᠤᠷᠢᠰᠢᠯ ᠨᠤᠮᠢᠨ ᠪᠦᠷᠢᠳᠦ ᠶ᠋ᠢᠨ ᠳᠤᠮᠳᠠ ᠡᠴᠡ ᠪᠦᠷᠲᠦᠯᠵᠡᠨ ᠬᠠᠷᠠᠭᠳᠠᠵᠤ᠂ ᠡᠨᠡ ᠨᠤᠲᠤᠭ ᠤ᠋ᠨ ᠠᠷᠠᠳ ᠲᠦᠮᠡᠨ ᠠᠵᠢᠯᠴᠢ ᠬᠤᠶᠠᠷ ᠭᠠᠷ ᠶ᠋ᠢᠡᠷ ᠵᠢᠡᠨ ᠠᠷᠳᠠᠭ ᠡᠯᠡᠰᠤ ᠵᠢ ᠵᠠᠰᠠᠵᠤ ᠵᠢᠷᠭᠠᠯᠳᠤ ᠠᠮᠢᠳᠤᠷᠠᠯ ᠵᠢᠡᠨ ᠴᠤᠭᠴᠠᠯᠠᠵᠤ ᠶᠠᠪᠤᠭ᠎ᠠ ᠵᠢ ᠤᠢᠯᠠᠭᠠᠨ᠎ᠠ᠃

ᠪᠤᠭᠲᠤ ᠶ᠋ᠢᠨ ᠡᠯᠡᠰᠦ ᠵᠢᠨ ᠦᠵᠡᠮᠵᠢ ᠶ᠋ᠢᠨ ᠤᠷᠤᠨ ᠳ᠋ᠦ ᠨᠡᠯᠦᠭᠡᠷ ᠡᠯᠡᠰᠦ ᠰᠢᠵᠢᠷᠳᠦᠨ ᠰᠢᠷᠭᠠᠯᠳᠤᠵᠤ᠂ ᠰᠦᠮᠪᠦᠷᠯᠡᠨ ᠰᠦᠨᠳᠡᠷᠯᠡᠭᠰᠡᠨ ᠮᠠᠡᠭᠬᠠᠨ ᠤᠷᠤᠢ ᠪᠡᠷ ᠲᠡᠮᠡᠭᠡᠨ ᠵᠢᠡᠭ ᠤ᠋ᠨ ᠴᠤᠪᠤᠭ᠎ᠠ ᠰᠤᠨᠤᠯᠵᠠᠨ᠂ ᠬᠤᠳᠠᠴᠢ ᠬᠠᠯᠲᠠᠷ ᠨᠤᠬᠠᠢ ᠴᠤᠪᠤᠭ᠎ᠠ ᠳᠠᠭᠠᠨ ᠡᠷᠬᠢᠯᠳᠦᠵᠦ᠂ ᠠᠷᠠᠳ ᠤ᠋ᠨ ᠳᠠᠭᠤᠴᠢᠨ ᠲᠡᠮᠡᠭᠡᠨ ᠳᠡᠭᠡᠷ᠎ᠡ ᠡᠴᠡ 《ᠨᠤᠭᠤᠨᠵᠠᠶᠠᠭ᠎ᠠ》 ᠪᠠᠨ ᠠᠶᠠᠯᠠᠭᠤᠯᠵᠤ᠂ 《ᠲᠢᠡᠭᠭᠠᠷ ᠲᠤᠡᠭᠭᠠᠷ》 ᠲᠡᠮᠡᠭᠡᠨ ᠵᠢᠡᠭ ᠤ᠋ᠨ ᠬᠤᠡᠭᠬᠤᠨ ᠳᠠᠭᠤᠨ ᠲᠠᠢ ᠠᠶᠠᠯᠭᠤ ᠨᠠᠢᠯᠡᠨ ᠠᠯᠤᠰ ᠲᠦ᠍ ᠤᠶᠠᠡᠭᠭᠠᠷᠠᠵᠤ᠂ ᠪᠤᠭᠲᠤ ᠶ᠋ᠢᠨ ᠡᠯᠡᠰᠦ ᠵᠢᠨ ᠦᠨᠢ ᠡᠷᠲᠡᠨ ᠤ᠋ ᠦᠯᠢᠭᠡᠷ ᠲᠡᠤᠬᠡ ᠵᠢ ᠬᠦᠤᠷᠨᠢᠬᠦ ᠮᠡᠲᠦ᠃ ᠠᠯᠤᠰ ᠬᠤᠯᠠ ᠬᠠᠷᠠᠮᠦ᠋ᠷᠡᠨ ᠮᠤᠵᠢ ᠶ᠋ᠢᠨ ᠳ᠋ᠠᠴᠢᠡᠭ ᠬᠤᠲᠠ ᠡᠴᠡ ᠢᠷᠡᠭᠰᠡᠨ ᠭᠡᠷᠡᠯ ᠵᠢᠷᠤᠭᠴᠢᠳ ᠤ᠋ᠨ ᠨᠡᠢᠭᠡᠮᠯᠢᠭ ᠤ᠋ᠨ ᠭᠡᠰᠢᠭᠦᠳ ᠵᠢᠷᠭᠠᠬᠤ ᠨᠠᠷᠠᠨ ᠤ᠋ ᠠᠯᠲᠠᠨ ᠲᠤᠶᠠᠭᠠᠨ ᠳ᠋ᠦ ᠰᠢᠵᠢᠷᠲᠦᠨ ᠰᠢᠷᠭᠠᠯᠳᠤᠬᠤ ᠨᠡᠯᠦᠭᠡᠷ ᠡᠯᠡᠰᠦᠨ ᠤ᠋ ᠵᠡᠭᠦᠳᠦ ᠵᠡᠷᠭᠡᠯᠭᠡᠨ ᠰᠢᠭ ᠬᠠᠴᠢᠨ ᠨᠢᠭᠤᠴᠠᠬᠠᠢ ᠦᠵᠡᠮᠵᠢ ᠵᠢ ᠰᠤᠨᠢᠷᠬᠠᠨ ᠰᠡᠭᠦᠳᠡᠷᠯᠡᠵᠦ ᠬᠦᠬᠡᠷᠦᠯᠳᠦᠵᠡᠬᠡᠨ᠎ᠠ᠃

《ᠪᠢ ᠵᠢᠷᠤᠭᠯᠠᠭᠠᠴᠢ ᠶ᠋ᠢᠨ ᠠᠵᠢᠯ ᠬᠢᠭᠡᠳ ᠬᠠᠭᠠᠰ ᠵᠠᠭᠤᠨ ᠤ᠋ ᠨᠢᠭᠤᠷ ᠦᠵᠡᠵᠦ᠂ ᠵᠢᠯ ᠤ᠋ᠨ ᠳᠦᠷᠪᠡᠨ ᠤᠯᠠᠷᠢᠯ ᠶ᠋ᠢᠡᠷ ᠪᠦᠬᠦ ᠤᠯᠤᠰ ᠤ᠋ᠨ ᠡᠯ᠎ᠡ ᠭᠠᠵᠠᠷ ᠲᠦ᠍ ᠬᠦᠷᠴᠦ ᠵᠢᠷᠤᠭ ᠰᠡᠭᠦᠳᠡᠷ ᠲᠠᠲᠠᠳᠠᠭ᠃ ᠪᠤᠭᠳᠤ ᠶ᠋ᠢᠨ ᠡᠯᠡᠰᠦᠨ ᠳ᠋ᠦ ᠤᠯᠠᠨ ᠤᠳᠠᠭ᠎ᠠ ᠢᠷᠡᠵᠦ ᠪᠠᠢᠭᠰᠠᠨ᠂ ᠡᠨᠡ ᠤᠳᠠᠭ᠎ᠠ ᠭᠡᠷᠡᠯ ᠵᠢᠷᠤᠭᠴᠢᠳ ᠤ᠋ᠨ ᠨᠠᠢᠭᠡᠮᠯᠢᠭ ᠤ᠋ᠨ ᠬᠡᠰᠢᠭᠦᠳ ᠶ᠋ᠢᠨᠨ ᠳᠠᠭᠠᠭᠤᠯᠤᠭᠠᠳ ᠢᠷᠡᠵᠠᠢ᠃ ᠡᠨᠳᠡᠬᠢ ᠶ᠋ᠢᠨ ᠡᠯᠡᠰᠦ ᠮᠠᠡᠭᠬ᠎ᠠ ᠨᠢ ᠦᠪᠡᠷ ᠤ᠋ᠨ ᠭᠡᠰᠡᠨ ᠵᠠᠩ ᠠᠷᠠᠨᠰᠢᠨ᠂ ᠦᠯᠢᠭᠡᠷ ᠳᠤᠮᠤᠭ᠂ ᠰᠤᠶᠤᠯ ᠢᠷᠭᠡᠨᠰᠢᠯ ᠶ᠋ᠢᠡᠷ ᠤᠯᠠᠨ ᠡᠴᠡ ᠤᠨᠴᠠᠯᠢᠭᠳᠠᠵᠤ᠂ ᠵᠢᠷᠤᠭᠯᠠᠭᠠᠴᠢ ᠪᠦᠬᠦᠨ ᠤ᠋ ᠬᠦᠰᠡᠯ ᠤ᠋ᠨ ᠤᠷᠤᠨ ᠪᠤᠯᠬᠤ ᠶᠤᠮ》 ᠭᠡᠵᠦ ᠳ᠋ᠠᠴᠢᠡᠭ ᠬᠤᠲᠠ ᠶ᠋ᠢᠨ ᠵᠢᠷᠤᠭᠯᠠᠭᠠᠴᠢ ᠶ᠋ᠢᠨ ᠨᠡᠢᠭᠡᠮᠯᠢᠭ ᠤ᠋ᠨ ᠲᠡᠷᠢᠭᠦᠯᠡᠭᠴᠢ ᠯᠢᠦ ᠸᠸᠢ ᠴᠢᠶᠠᠡᠭ ᠰᠡᠳᠬᠢᠯ ᠳᠤᠭᠳᠤᠯᠤᠨ ᠶᠠᠷᠢᠵᠤ ᠪᠠᠢᠯ᠎ᠠ᠃

ᠪᠤᠭᠲᠤ ᠶ᠋ᠢᠨ ᠡᠯᠡᠰᠦ ᠨᠢ ᠨᠠᠢ᠍ᠮᠠᠨ ᠬᠤᠰᠢᠭᠤᠨ ᠤ᠋ ᠪᠠᠶᠠᠨᠲᠠᠯ᠎ᠠ ᠰᠤᠮᠤ ᠳ᠋ᠦ ᠪᠠᠢᠷᠢᠯᠠᠨ᠂ ᠶᠡᠷᠦᠡᠭᠬᠡᠢ ᠲᠠᠯᠠᠪᠠᠢ ᠨᠢ 1000 ᠲᠡᠭᠰᠢ ᠳᠦᠷᠪᠡᠯᠵᠢᠨ ᠺᠢᠯᠤᠮᠸᠲᠷ ᠲᠦ᠍ ᠬᠦᠷᠴᠦ᠂ ᠤᠯᠤᠰ ᠤ᠋ᠨ ᠡᠯᠡᠰᠦ ᠮᠠᠡᠭᠬᠠᠨ ᠤ᠋ ᠴᠡᠴᠡᠷᠯᠢᠭ᠂ ᠤᠯᠤᠰ ᠤ᠋ᠨ 4A ᠳᠡᠰ ᠤ᠋ᠨ ᠵᠢᠭᠤᠯᠴᠢᠯᠠᠯ ᠤ᠋ᠨ ᠤᠷᠤᠨ ᠪᠠᠢᠵᠤ᠂ 《ᠬᠠᠮᠤᠭ ᠤ᠋ᠨ ᠭᠤᠶᠤ ᠵᠢᠭᠤᠯᠴᠢᠯᠠᠯ ᠤ᠋ᠨ ᠭᠡᠷᠡᠯ ᠵᠢᠷᠤᠭ ᠲᠠᠲᠠᠬᠤ ᠬᠠᠷᠠᠯᠲᠠᠲᠤ ᠭᠠᠵᠠᠷ ᠤ᠋ᠨ ᠨᠢᠭᠡ》᠂ 《ᠳᠤᠮᠳᠠᠳᠤ ᠤᠯᠤᠰ ᠤ᠋ᠨ ᠵᠡᠭᠦᠨ ᠬᠤᠢᠲᠤ ᠶ᠋ᠢᠨ ᠬᠠᠮᠤᠭ ᠤ᠋ᠨ ᠶᠡᠬᠡ ᠡᠯᠡᠰᠦ ᠮᠠᠡᠭᠬ᠎ᠠ》 ᠬᠡᠰᠡᠨ ᠠᠯᠳᠠᠷ ᠲᠠᠢ᠃ ᠪᠤᠭᠲᠤ ᠶ᠋ᠢᠨ ᠡᠯᠡᠰᠦ ᠵᠢ ᠦᠡᠭᠭᠡᠷᠡᠭᠰᠡᠨ ᠳ᠋ᠦ ᠤᠢᠷ᠎ᠡ ᠬᠠᠪᠢ ᠶ᠋ᠢᠨ ᠮᠠᠯᠴᠢᠨ ᠲᠠᠷᠢᠶᠠᠴᠢᠨ ᠪᠡᠶ᠎ᠡ ᠪᠠᠨ ᠳᠠᠭᠠᠭᠠᠵᠤ ᠡᠵᠡᠡᠭᠨᠡᠵᠦ ᠪᠠᠢᠭᠰᠠᠨ ᠪᠤᠯ 2019 ᠤᠨ ᠡᠴᠡ ᠡᠬᠢᠯᠡᠨ ᠬᠤᠰᠢᠭᠤ ᠵᠠᠰᠠᠭ ᠡᠴᠡ ᠨᠢᠭᠡᠳᠦᠯᠲᠡᠢ ᠲᠦᠯᠦᠪᠵᠢᠭᠦᠯᠵᠦ᠂ ᠠᠵᠤ ᠠᠬᠤᠢᠯᠠᠯ ᠡᠴᠡ ᠨᠢᠭᠡᠲᠦᠯᠲᠡᠢ ᠡᠵᠡᠡᠭᠨᠡᠨ᠂ 2.7 ᠳ᠋ᠦ᠋ᠡᠭᠰᠢᠭᠤᠷ ᠲᠦᠭᠦᠷᠢᠭ ᠤ᠋ᠨ ᠪᠡᠯᠡ ᠤᠷᠤᠭᠤᠯᠵᠤ᠂ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠬᠤᠸᠠᠷᠠᠨ᠂ ᠪᠤᠳᠠᠰ ᠤ᠋ᠨ ᠪᠤᠰᠤ ᠰᠤᠶᠤᠯ ᠤ᠋ᠨ ᠦᠵᠡᠭᠦᠯᠭᠡ ᠶ᠋ᠢᠨ ᠤᠷᠳᠤᠨ᠂ ᠤᠯᠤᠰ ᠤ᠋ᠨ ᠪᠠᠲᠤᠯᠠᠨ ᠬᠠᠮᠠᠭᠠᠯᠠᠯᠲᠠ ᠶ᠋ᠢᠨ ᠰᠤᠷᠭᠠᠨ ᠬᠦᠮᠦᠵᠢᠯ ᠤ᠋ᠨ ᠦᠵᠡᠭᠦᠯᠭᠡ ᠶ᠋ᠢᠨ ᠤᠷᠳᠤᠨ᠂ ᠴᠡᠴᠡᠭ ᠤ᠋ᠨ ᠳᠠᠯᠠᠢ᠂ ᠮᠤᠷᠢᠨ ᠤᠷᠤᠯᠳᠤᠭᠠᠨ ᠤ᠋ ᠲᠠᠯᠠᠪᠠᠢ᠂ ᠤᠳᠤᠨ ᠤᠭᠲᠠᠷᠭᠤᠢ ᠶ᠋ᠢᠨ ᠬᠡᠭᠡᠷᠡᠯᠡᠨ ᠬᠤᠨᠤᠭᠯᠠᠬᠤ ᠲᠤᠭᠤᠷᠢᠭ᠂ ᠬᠡᠭᠡᠷᠡᠯᠡᠨ ᠠᠶᠠᠯᠠᠬᠤ ᠮᠠᠰᠢᠨ ᠲᠡᠷᠭᠡᠨ ᠤ᠋ ᠲᠤᠭᠤᠷᠢᠭ᠂ ᠵᠢᠭᠤᠯᠴᠢᠯᠠᠭᠰᠠᠳ ᠤ᠋ᠨ ᠦᠢᠯᠡᠴᠢᠯᠡᠭᠡᠨ ᠤ᠋ ᠲᠦᠪ ᠵᠡᠷᠭᠡ ᠤᠯᠠᠨ ᠡᠰᠢᠵᠢᠭᠰᠡᠨ ᠴᠢᠳᠠᠮᠵᠢᠲᠦ ᠤᠷᠤᠨ ᠢ᠋ ᠪᠦᠲᠦᠭᠡᠨ ᠪᠠᠢᠭᠤᠯᠵᠤ᠂ ᠡᠯᠡᠰᠦ ᠮᠠᠡᠭᠬᠠᠨ ᠤ᠋ ᠨᠠᠭᠠᠳᠤᠮ᠂ ᠪᠠᠷᠲᠠᠭ᠎ᠠ ᠳᠠᠪᠠᠬᠤ ᠤᠷᠤᠯᠳᠤᠭᠠᠨ᠂ ᠰᠤᠶᠤᠯ ᠵᠢᠭᠤᠯᠴᠢᠯᠠᠯ ᠤ᠋ᠨ ᠨᠠᠢᠷ᠂ ᠭᠡᠷᠡᠯ ᠵᠢᠷᠤᠭ ᠤ᠋ᠨ ᠪᠤᠯᠪᠠᠰᠤᠷᠠᠯ ᠤ᠋ᠨ ᠠᠡᠭᠬᠢ ᠵᠡᠷᠭᠡ ᠶᠡᠬᠡ ᠬᠡᠪᠴᠢᠶᠡᠨ ᠤ᠋ ᠠᠵᠢᠯᠯᠠᠭ᠎ᠠ ᠵᠢ ᠤᠳᠠᠭ᠎ᠠ ᠳᠠᠷᠠᠭᠠᠯᠠᠨ ᠳᠠᠭᠠᠭᠠᠴᠢᠯᠡᠨ ᠦᠷᠨᠢᠭᠦᠯᠥᠭᠰᠡᠭᠡᠷ ᠢᠷᠡᠵᠡᠢ᠃

《ᠵᠢᠭᠤᠯᠴᠢᠯᠠᠭᠰᠠᠳ ᠡᠨᠳᠡ ᠡᠯᠡᠰᠦᠨ ᠳ᠋ᠦ ᠭᠤᠯᠭᠤᠬᠤ᠂ ᠲᠡᠮᠡᠭᠡ ᠤᠨᠤᠬᠤ᠂ ᠮᠠᠰᠢᠨ ᠲᠡᠷᠭᠡ ᠪᠡᠷ ᠡᠯᠡᠰᠦᠨ ᠴᠦᠯ ᠳ᠋ᠦ ᠬᠡᠭᠡᠷᠡᠯᠡᠨ ᠠᠶᠠᠯᠠᠬᠤ ᠬᠠᠪᠤ ᠴᠡᠡᠭᠭᠡᠯ ᠢ᠋ ᠡᠳ᠋ᠯᠡᠬᠦ ᠶ᠋ᠢᠨ ᠬᠠᠮᠲᠤ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠵᠡᠭᠦᠯᠭᠡ ᠶ᠋ᠢᠨ ᠤᠷᠳᠤᠨ ᠳ᠋ᠦ ᠬᠦᠷᠴᠦ ᠮᠤᠡᠭᠭᠤᠯ ᠦᠨᠳᠦᠰᠦᠲᠡᠨ ᠤ᠋ ᠬᠠᠳᠬᠤᠮᠠᠯ᠂ ᠨᠠᠢ᠍ᠮᠠᠨ ᠤ᠋ ᠪᠠᠷ ᠵᠢᠷᠤᠭ᠂ ᠠᠷᠠᠰᠤᠨ ᠤᠷᠠᠯᠠᠯ᠂ ᠮᠤᠷᠢᠨ ᠬᠤᠭᠤᠷ ᠬᠢᠬᠦ ᠮᠡᠷᠭᠡᠵᠢᠯ ᠢ᠋ ᠪᠡᠶᠡᠴᠢᠯᠡᠨ ᠤᠢᠯᠠᠭᠠᠵᠤ᠂ ᠦᠯᠢᠭᠡᠷᠲᠦ ᠠᠷᠠᠳ ᠤ᠋ᠨ ᠳᠠᠭᠤᠤ ᠵᠢ ᠰᠤᠨᠢᠷᠬᠠᠨ ᠡᠨᠡ ᠨᠤᠲᠤᠭ ᠤ᠋ᠨ ᠦᠤᠬᠡ ᠲᠡᠤᠬᠡ ᠵᠢ ᠮᠡᠳᠡᠷᠡᠵᠦ ᠪᠤᠯᠤᠨ᠎ᠠ᠃ ᠮᠠᠨ ᠤ᠋ ᠡᠨᠳᠡᠬᠢ ᠶ᠋ᠢᠨ ᠵᠢᠭᠤᠯᠴᠢᠯᠠᠭᠰᠠᠳ ᠲᠦ᠍ ᠤᠨᠤᠭᠤᠯᠵᠤ ᠪᠠᠢᠭ᠎ᠠ ᠲᠡᠮᠡᠭᠡ ᠪᠤᠯ ᠴᠦᠮ ᠤᠢᠷ᠎ᠡ ᠬᠠᠪᠢ ᠶ᠋ᠢᠨ ᠮᠠᠯᠴᠢᠳ ᠤ᠋ᠨ ᠲᠡᠮᠡᠭᠡ᠂ ᠡᠡᠭ ᠤ᠋ᠨ ᠡᠳᠦᠷ ᠲᠡᠭᠡᠨ 75 ᠲᠡᠮᠡᠭᠡ ᠲᠠᠢ᠂ ᠠᠮᠠᠷᠠᠯᠲᠠ ᠶ᠋ᠢᠨ ᠡᠳᠦᠷ ᠲᠦ᠍ 200 ᠰᠢᠬᠠᠮ ᠲᠡᠮᠡᠬᠡ ᠲᠠᠢ ᠪᠠᠢᠵᠤ᠂ ᠮᠠᠯᠴᠢᠳ ᠦᠪᠡᠷ ᠶ᠋ᠢᠡᠨ ᠡᠵᠡᠡᠭᠨᠡᠵᠦ ᠤᠷᠤᠯᠭ᠎ᠠ ᠪᠠᠨ ᠨᠡᠮᠡᠭᠳᠡᠭᠦᠯᠵᠦ ᠪᠠᠢᠨ᠎ᠠ᠃ ᠨᠢᠳᠤᠨᠤᠨ ᠪᠢᠳᠡ ᠨᠡᠢᠲᠡ 7 ᠲᠦᠮᠡ ᠭᠠᠷᠤᠢ ᠵᠢᠭᠤᠯᠴᠢᠯᠠᠭᠴᠢ ᠵᠢ ᠬᠦᠯᠢᠶᠡᠨ ᠠᠪᠴᠦ᠂ 158 ᠲᠦᠮᠡᠨ ᠲᠦᠭᠦᠷᠢᠭ ᠤ᠋ᠨ ᠤᠷᠤᠯᠭ᠎ᠠ ᠤᠯᠪᠠ》 ᠭᠡᠵᠦ ᠪᠤᠭᠲᠤ ᠶ᠋ᠢᠨ ᠡᠯᠡᠰᠦ ᠵᠢᠨ ᠵᠢᠭᠤᠯᠴᠢᠯᠠᠯ ᠤ᠋ᠨ ᠤᠷᠤᠨ ᠤ᠋ ᠠᠯᠪᠠᠨ ᠭᠡᠷ ᠤ᠋ᠨ ᠡᠷᠬᠢᠯᠡᠭᠴᠢ ᠸᠠᠡᠭ ᠰᠢᠶᠤᠤ ᠸᠸᠢ ᠶᠠᠷᠢᠨ᠎ᠠ᠃

ᠪᠤᠭᠳᠤ ᠶ᠋ᠢᠨ ᠡᠯᠡᠰᠦ ᠲᠠᠢ ᠠᠳᠠᠯᠢ ᠪᠡᠷ ᠬᠤᠯᠠ ᠤᠢᠷ᠎ᠡ ᠳ᠋ᠠᠭᠠᠨ ᠠᠯᠳᠠᠷᠰᠢᠭᠰᠠᠨ᠂ ᠬᠡᠬᠡᠷᠡᠯᠡᠨ ᠠᠶᠠᠯᠠᠬᠤ ᠮᠠᠰᠢᠨ ᠲᠡᠷᠭᠡᠨ ᠤ᠋ ᠪᠠᠬᠠᠲᠠᠳ ᠤ᠋ᠨ ᠪᠠᠷᠳᠠᠭ᠎ᠠ ᠳᠠᠪᠠᠬᠤ ᠵᠢᠭᠤᠯᠴᠢᠯᠠᠯ ᠤ᠋ᠨ ᠬᠦᠭᠵᠢᠶᠡᠨᠲᠦ ᠭᠠᠵᠠᠷ ᠪᠤᠯᠤᠭᠰᠠᠨ ᠮᠦᠡᠭᠭᠦᠨ ᠲᠤᠬᠤᠢ ᠵᠢᠨ ᠡᠯᠡᠰᠦᠨ ᠤ᠋ ᠵᠢᠭᠤᠯᠴᠢᠯᠠᠯ ᠤ᠋ᠨ ᠤᠷᠤᠨ ᠤ᠋ ᠠᠷᠤ ᠶ᠋ᠢᠨ ᠮᠠᠡᠭᠬᠠᠨ ᠳ᠋ᠤ ᠬᠡᠭᠡᠷᠡᠯᠡᠨ ᠠᠶᠠᠯᠠᠬᠤ ᠮᠠᠰᠢᠨ ᠲᠡᠷᠭᠡᠨ ᠤ᠋ ᠪᠠᠬᠠᠲᠠᠳ ᠪᠠᠷᠳᠠᠭ᠎ᠠ ᠳᠠᠪᠠᠨ ᠬᠦᠭᠡᠷᠦᠯᠳᠦᠵᠦ᠂ ᠬᠦᠷ ᠬᠦᠭᠵᠢᠶᠡᠨ ᠶᠡᠬᠡᠲᠡᠢ ᠪᠠᠢᠯ᠎ᠠ᠃

《ᠵᠡᠭᠦᠨ ᠬᠤᠢᠲᠤ ᠶ᠋ᠢᠨ ᠨᠢᠭᠡᠳᠦᠭᠡᠷ ᠡᠯᠡᠰᠦ》 ᠬᠡᠮᠡᠭᠳᠡᠭᠰᠡᠨ ᠮᠦᠡᠭᠭᠦᠨᠲᠤᠬᠤᠢ ᠵᠢᠨ ᠡᠯᠡᠰᠦ ᠨᠢ 5.3 ᠲᠦᠮᠡᠨ ᠮᠦ᠍ ᠭᠠᠵᠠᠷ ᠡᠵᠡᠯᠡᠨ᠂ ᠬᠦᠷᠢᠶ᠎ᠡ ᠬᠤᠰᠢᠭᠤᠨ ᠳ᠋ᠡᠬᠢ ᠬᠤᠷᠴᠢᠨ ᠤ᠋ ᠡᠯᠡᠰᠦᠷᠬᠡᠭ ᠭᠠᠵᠠᠷ ᠤ᠋ᠨ ᠪᠠᠷᠠᠭᠤᠨ ᠡᠮᠦᠨ᠎ᠡ ᠪᠡᠶ᠎ᠡ ᠳ᠋ᠦ ᠪᠠᠢᠷᠢᠯᠠᠵᠤ᠂ ᠡᠯᠡᠰᠤ ᠨᠢ ᠴᠠᠭᠠᠨ ᠮᠦᠷᠲᠡᠭᠡᠨ ᠰᠢᠷᠬᠡᠭ ᠨᠢ ᠨᠢᠭᠲᠠ ᠪᠠᠢᠵᠤ᠂ ᠬᠤᠯᠠ ᠡᠴᠡ ᠬᠠᠷᠠᠬᠤ ᠳ᠋ᠦ ᠮᠦᠡᠭᠭᠦᠨ ᠴᠠᠭᠠᠨ ᠬᠠᠳᠠᠭ ᠲᠠᠮᠤ ᠶ᠋ᠢᠨ ᠴᠠᠭᠠᠨ ᠡᠯᠡᠰᠦᠨ ᠳ᠋ᠦ ᠤᠭᠠᠯᠵᠠᠯᠠᠭᠰᠠᠨ ᠮᠡᠲᠦ᠂ ᠬᠦᠪᠡᠭᠡ ᠵᠠᠬ᠎ᠠ ᠪᠡᠷ ᠨᠢ ᠤᠢ ᠬᠦᠪᠴᠢ ᠨᠤᠭᠤᠭᠠᠷᠠᠨ᠂ ᠶᠠᠡᠭᠰᠢᠪ ᠤ᠋ᠨ ᠭᠤᠤᠯ ᠡᠯᠡᠰᠦ ᠪᠠᠨ ᠳᠠᠭᠠᠨ ᠳᠠᠬᠢᠷᠯᠠᠨ ᠤᠷᠤᠰᠴᠤ᠂ ᠤᠢ ᠰᠢᠭᠤᠢ᠂ ᠡᠯᠡᠰᠦ ᠮᠠᠡᠭᠬ᠎ᠠ᠂ ᠭᠤᠤᠯ ᠭᠤᠷᠤᠭ᠎ᠠ᠂ ᠨᠤᠭᠤ ᠭᠠᠵᠠᠷ ᠤ᠋ᠨ ᠨᠢᠭᠡ ᠴᠤᠭᠴᠠᠳᠤ ᠭᠤᠢᠳᠠ ᠰᠠᠢᠬᠠᠨ ᠪᠠᠢᠭᠠᠯᠢ ᠵᠢᠨ ᠵᠢᠷᠤᠭ ᠢ᠋ ᠪᠦᠷᠢᠯᠳᠦᠭᠦᠯᠪᠡ᠃

ᠵᠢᠭᠤᠯᠴᠢᠯᠠᠯ ᠤ᠋ᠨ ᠤᠷᠤᠨ ᠤ᠋ ᠬᠢᠨ ᠰᠠᠭᠠᠭ ᠤ᠋ᠨ ᠰᠤᠶᠤᠯ᠂ ᠮᠤᠡᠭᠭᠤᠯ ᠡᠮ ᠡᠮᠨᠡᠯᠭᠡ ᠶ᠋ᠢᠨ ᠰᠤᠶᠤᠯ᠂ ᠠᠨᠳᠠᠢ ᠪᠦᠵᠢᠭ ᠤ᠋ᠨ ᠪᠤᠳᠠᠰ ᠤ᠋ᠨ ᠪᠤᠰᠤ ᠰᠤᠶᠤᠯ ᠵᠡᠷᠭᠡ ᠤᠷᠤᠨ ᠨᠤᠲᠤᠭ ᠤ᠋ᠨ ᠰᠤᠶᠤᠯ ᠳ᠋ᠠᠭᠠᠨ ᠰᠠᠭᠤᠷᠢᠯᠠᠨ ᠰᠠᠭᠠᠭ ᠤ᠋ᠨ ᠰᠤᠶᠤᠯ ᠢ᠋ ᠤᠯᠠᠮᠵᠢᠯᠠᠨ ᠰᠤᠷᠤᠯᠴᠠᠬᠤ ᠤᠷᠳᠤᠨ᠂ ᠠᠨᠳᠠᠢ ᠪᠦᠵᠢᠭ ᠤ᠋ᠨ ᠲᠤᠭᠯᠠᠯᠲᠠ ᠶ᠋ᠢᠨ ᠲᠢᠶᠠᠲ᠋ᠷ᠂ ᠮᠤᠡᠭᠭᠤᠯ ᠡᠮ ᠡᠮᠨᠡᠯᠭᠡ ᠶ᠋ᠢᠨ ᠪᠡᠶᠡᠴᠢᠯᠡᠨ ᠤᠢᠯᠠᠭᠠᠬᠤ ᠤᠷᠳᠤᠨ᠂ ᠡᠯᠡᠰᠦᠨ ᠳ᠋ᠦ ᠨᠠᠭᠠᠳᠬᠤ ᠲᠦᠷᠦᠯ ᠵᠦᠢᠯ ᠤ᠋ᠨ ᠲᠤᠭᠤᠷᠢᠭ᠂ ᠬᠤᠨᠤᠭ ᠪᠠᠭᠤᠳᠠᠯ ᠤ᠋ᠨ ᠲᠤᠭᠤᠷᠢᠭ ᠵᠡᠷᠭᠡ ᠵᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ᠂ ᠲᠠᠪᠠᠳᠠᠢ ᠰᠠᠢᠬᠠᠨ ᠵᠢᠭᠤᠯᠴᠢᠯᠠᠯ ᠤ᠋ᠨ ᠤᠷᠤᠨ ᠵᠠᠢ ᠬᠠᠡᠭᠭᠠᠵᠤ ᠪᠤᠢ᠃ ᠵᠢᠭᠤᠯᠴᠢᠯᠠᠭᠰᠠᠳ ᠡᠨᠳᠡ ᠡᠳᠦᠷ ᠲᠡᠭᠡᠨ ᠮᠠᠰᠢᠨ ᠲᠡᠷᠭᠡ ᠪᠡᠷ ᠪᠠᠷᠲᠠᠭ᠎ᠠ ᠳᠠᠪᠠᠵᠤ᠂ ᠲᠡᠮᠡᠭᠡ ᠤᠨᠤᠨ᠂ ᠡᠯᠡᠰᠦᠨ ᠳ᠋ᠦ ᠭᠤᠯᠭᠤᠵᠤ᠂ ᠰᠤᠳᠤᠯᠤᠨ ᠰᠤᠷᠤᠯᠴᠠᠬᠤ ᠶ᠋ᠢᠨ ᠬᠠᠮᠲᠤ ᠡᠷᠡᠭᠦᠯᠵᠢᠯ ᠰᠤᠪᠢᠯᠠᠯᠲᠠ ᠬᠢᠵᠦ᠂ ᠪᠠᠰᠠ ᠠᠮᠳᠠᠳᠤ ᠰᠠᠢᠬᠠᠨ ᠰᠠᠭᠠᠭ ᠤ᠋ᠨ ᠬᠤᠭᠤᠯᠠ ᠡᠴᠡ ᠵᠤᠭᠤᠭᠯᠠᠵᠤ ᠪᠤᠯᠤᠨ᠎ᠠ᠃ ᠤᠷᠤᠢ ᠳ᠋ᠠᠭᠠᠨ ᠳᠠᠭᠤᠤ ᠪᠦᠵᠢᠭ ᠤ᠋ᠨ ᠲᠤᠭᠯᠠᠯᠲᠠ᠂ ᠲᠦᠳᠡᠭ ᠭᠠᠯ ᠤ᠋ᠨ ᠦᠳᠡᠰᠢᠯᠡᠭᠡ᠂ ᠬᠤᠸᠠᠷ ᠫᠤᠤᠵᠢᠡᠭ ᠤ᠋ᠨ ᠦᠵᠡᠭᠦᠯᠭᠡ ᠵᠢ ᠰᠤᠨᠢᠷᠬᠠᠨ᠂ ᠤᠳᠤᠨ ᠤᠭᠲᠠᠷᠭᠤᠢ ᠰᠤᠨᠢᠷᠬᠠᠬᠤ ᠮᠠᠢᠬᠠᠨ᠂ ᠮᠤᠳᠤᠨ ᠦᠷᠦᠭᠡ᠂ ᠮᠠᠰᠢᠨ ᠲᠡᠷᠭᠡᠨ ᠤ᠋ ᠪᠠᠭᠤᠴᠠ᠂ ᠰᠢᠯ ᠭᠡᠷ ᠵᠡᠷᠭᠡ ᠤᠯᠠᠨ ᠡᠰᠢᠲᠦ ᠠᠮᠠᠷᠠᠯᠲᠠ ᠶ᠋ᠢᠨ ᠪᠠᠭᠤᠳᠠᠯ ᠳ᠋ᠦ ᠬᠤᠨᠤᠭᠯᠠᠵᠤ᠂ ᠡᠯᠡᠰᠦᠨ ᠨᠤᠳᠤᠭ ᠤ᠋ᠨ ᠮᠠᠨᠳᠤᠬᠤ ᠵᠢᠷᠭᠠᠬᠤ ᠨᠠᠷᠠᠨ ᠪᠠ ᠤᠳᠤᠨ ᠮᠡᠴᠢᠳ ᠵᠡᠷᠭᠡ ᠤᠨᠴᠠ ᠦᠵᠡᠮᠵᠢ ᠵᠢ ᠰᠤᠨᠢᠷᠬᠠᠵᠤ ᠪᠤᠯᠤᠨ᠎ᠠ᠃

《ᠮᠠᠨ ᠤ᠋ ᠵᠢᠭᠤᠯᠴᠢᠯᠠᠯ ᠤ᠋ᠨ ᠤᠷᠤᠨ ᠨᠢᠳᠤᠨᠤᠨ 28 ᠲᠦᠮᠡᠨ ᠬᠦᠮᠦᠨ ᠤᠳᠠᠭ᠎ᠠ ᠶ᠋ᠢᠨ ᠵᠢᠭᠤᠯᠴᠢᠯᠠᠭᠴᠢ ᠵᠢ ᠬᠦᠯᠢᠶᠡᠨ ᠠᠪᠤᠭᠠᠳ 3300 ᠲᠦᠮᠡᠨ ᠲᠦᠬᠦᠷᠢᠭ ᠤ᠋ᠨ ᠡᠵᠡᠡᠭᠨᠡᠯᠲᠡ ᠶ᠋ᠢᠨ ᠤᠷᠤᠯᠭ᠎ᠠ ᠤᠯᠵᠤ᠂ ᠡᠨᠡ ᠵᠢᠯ ᠵᠦᠪᠬᠡᠨ 〈ᠲᠠᠪᠤᠨ ᠰᠠᠷ᠎ᠠ ᠶ᠋ᠢᠨ ᠨᠢᠬᠡᠨ ᠤ᠋ ᠠᠮᠠᠷᠠᠯᠲᠠ〉 ᠳ᠋ᠤ ᠲᠠᠷᠤᠢ 4 ᠲᠦᠮᠡᠨ ᠬᠦᠮᠦᠨ ᠤᠳᠠᠭ᠎ᠠ ᠵᠢᠨ ᠵᠢᠭᠤᠯᠴᠢᠯᠠᠭᠴᠢ ᠵᠢ ᠬᠦᠯᠢᠶᠡᠨ ᠠᠪᠴᠦ᠂ 400 ᠲᠦᠮᠡᠨ ᠲᠦᠭᠦᠷᠢᠭ ᠤ᠋ᠨ ᠤᠷᠤᠯᠭ᠎ᠠ ᠤᠯᠪᠠ》 ᠭᠡᠵᠦ ᠮᠦᠡᠭᠭᠦᠨᠲᠤᠬᠤᠢ ᠵᠢᠨ ᠡᠯᠡᠰᠦᠨ ᠤ᠋ ᠵᠢᠭᠤᠯᠴᠢᠯᠠᠯ ᠤ᠋ᠨ ᠦᠵᠡᠮᠵᠢ ᠶ᠋ᠢᠨ ᠤᠷᠤᠨ ᠤ᠋ ᠪᠤᠷᠤᠯᠠᠭᠤᠯᠭ᠎ᠠ ᠶ᠋ᠢᠨ ᠳᠠᠭᠠᠭᠠᠮᠠᠯ ᠯᠢᠦ ᠴᠢᠶᠠᠨ ᠶᠠᠷᠢᠵᠤ ᠪᠠᠢᠯ᠎ᠠ᠃

ᠡᠯᠡᠰᠦ ᠮᠠᠡᠭᠬ᠎ᠠ ᠨᠢᠬᠡᠨᠳᠡ ᠲᠦᠡᠭᠯᠢᠶᠤᠤ ᠬᠤᠲᠠ ᠶ᠋ᠢᠨ ᠵᠢᠭᠤᠯᠴᠢᠯᠠᠯ ᠤ᠋ᠨ ᠴᠢᠬᠤᠯᠠ ᠨᠢᠬᠡᠨ ᠡᠬᠢ ᠪᠠᠶᠠᠯᠢᠭ ᠪᠤᠯᠵᠤ᠂ ᠪᠤᠭᠲᠤ ᠶ᠋ᠢᠨ ᠡᠯᠡᠰᠦ᠂ ᠮᠦᠡᠭᠭᠦᠨᠲᠤᠬᠤᠢ ᠵᠢᠨ ᠡᠯᠡᠰᠦ ᠡᠴᠡ ᠭᠠᠳᠠᠨ᠎ᠠ ᠪᠠᠰᠠ ᠲᠠᠮᠤ ᠶ᠋ᠢᠨ ᠴᠠᠭᠠᠨ᠂ ᠰᠤᠭᠤᠨ ᠡᠯᠡᠰᠦ ᠮᠡᠲᠦ ᠶ᠋ᠢᠨ ᠡᠯᠡᠰᠦ ᠮᠠᠡᠭᠬᠠᠨ ᠤ᠋ ᠵᠢᠭᠤᠯᠴᠢᠯᠠᠯ ᠤ᠋ᠨ ᠤᠷᠤᠨ ᠲᠠᠢ ᠪᠠᠢᠵᠤ᠂ ᠡᠴᠢᠨ᠎ᠡ ᠭᠠᠢᠬᠠᠮᠰᠢᠭᠲᠦ ᠦᠡᠭᠭᠡ ᠦᠵᠡᠮᠵᠢ ᠪᠡᠷ ᠶ᠋ᠢᠡᠨ ᠤᠷᠤᠨ ᠤ᠋ ᠳᠤᠲᠤᠨ᠎ᠠ ᠭᠠᠳᠠᠨᠠᠬᠢ ᠵᠢᠭᠤᠯᠴᠢᠯᠠᠭᠰᠠᠳ ᠤ᠋ᠨ ᠠᠡᠭᠬᠠᠷᠤᠯ ᠢ᠋ ᠲᠠᠲᠠᠵᠤ᠂ ᠡᠯᠡᠰᠦᠷᠬᠡᠭ ᠭᠠᠵᠠᠷ ᠤ᠋ᠨ ᠠᠮᠢ ᠠᠬᠤᠢ ᠶ᠋ᠢᠨ ᠵᠢᠭᠤᠯᠴᠢᠯᠠᠯ ᠤ᠋ᠨ ᠵᠢᠯ ᠤ᠋ᠨ ᠬᠦᠯᠢᠶᠡᠨ ᠠᠪᠬᠤ ᠵᠢᠭᠤᠯᠴᠢᠯᠠᠭᠰᠠᠳ 200 ᠲᠦᠮᠡᠨ ᠬᠦᠮᠦᠨ ᠤᠳᠠᠭ᠎ᠠ ᠵᠢ ᠳᠠᠪᠠᠵᠤ᠂ ᠦᠢᠯᠡᠳᠬᠦᠨ ᠤ᠋ ᠦᠷᠳᠡᠭ ᠨᠢ 16 ᠳ᠋ᠦᠡᠭᠰᠢᠭᠤᠷ ᠲᠦᠭᠦᠷᠢᠭ ᠲᠦ᠍ ᠬᠦᠷᠴᠦ᠂ ᠨᠡᠯᠦᠭᠡᠷ ᠮᠠᠩᠬ᠎ᠠ ᠵᠢ ᠵᠢᠭᠤᠯᠴᠢᠯᠠᠯ ᠤ᠋ᠨ ᠬᠠᠯᠠᠭᠤᠨ ᠦᠷᠳᠡᠬᠡ ᠬᠠᠷᠠᠯᠳᠠᠳᠦ ᠤᠷᠤᠨ ᠪᠤᠯᠭᠠᠨ ᠬᠦᠭᠵᠢᠭᠦᠯᠵᠦ᠂ ᠤᠯᠠᠨ ᠲᠦᠮᠡᠨ ᠤ᠋ ᠪᠠᠨ ᠡᠯᠪᠡᠭ ᠪᠠᠶᠠᠨ ᠠᠮᠢᠳᠤᠷᠠᠯ ᠤ᠋ᠨ 《ᠡᠷᠳᠡᠨᠢᠳᠤ ᠬᠦᠮᠦᠷᠭᠡ》 ᠪᠤᠯᠭᠠᠨ ᠬᠤᠪᠢᠷᠠᠭᠤᠯᠪᠠ᠃

ᠰᠢᠷᠭᠠᠯ ᠡᠯᠡᠰᠦ ᠵᠢ ᠰᠢᠨ᠎ᠠ ᠮᠠᠲᠸᠷᠢᠶᠠᠯ ᠤ᠋ᠨ ᠪᠦᠯᠦᠭᠵᠢᠯ ᠤ᠋ᠨ 《ᠰᠢᠵᠢᠷ ᠠᠯᠲᠠ》 ᠪᠤᠯᠭᠠᠨ ᠬᠤᠪᠢᠷᠠᠭᠤᠯᠪᠠ

ᠪᠥᠬᠥ᠌ ᠤᠯᠤᠰ ᠤ᠋ᠨ ᠴᠢᠬᠤᠯᠠ ᠴᠠᠬᠢᠭᠤᠷᠲᠤ᠌ ᠡᠯᠡᠰᠦᠨ ᠤ᠋ ᠡᠬᠢ ᠪᠠᠶᠠᠯᠢᠭ ᠤ᠋ᠨ ᠰᠠᠭᠤᠷᠢᠨ ᠪᠣᠯᠤᠭᠰᠠᠨ ᠤ᠋ ᠬᠤᠪᠢ ᠳ᠋ᠤ᠂ ᠲᠦᠩᠯᠢᠶᠣᠤ ᠬᠣᠲᠠ ᠵᠢᠨ ᠬᠠᠶ᠋ᠢᠨ ᠳᠣᠲᠣᠯᠠᠭᠰᠠᠨ ᠴᠠᠬᠢᠭᠤᠷᠲᠤ᠌ ᠡᠯᠡᠰᠦᠨ ᠤ᠋ ᠬᠠᠳᠠᠭᠠᠯᠠᠭᠳᠠᠴᠠ 550 ᠳ᠋ᠦᠩᠰᠢᠭᠤᠷ ᠲᠣᠨ ᠳ᠋ᠤ ᠬᠦᠷᠴᠦ᠍᠂ ᠡᠬᠢ ᠪᠠᠶᠠᠯᠢᠭ ᠤ᠋ᠨ ᠲᠣᠪᠣᠶ᠋ᠢᠮ᠎ᠠ ᠳᠠᠪᠠᠭᠤᠯᠢᠭ ᠲᠠᠢ ᠶᠤᠮ᠃ ᠦᠪᠡᠷᠮᠢᠴᠠ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠰᠢᠭᠯᠡᠵᠤ᠂ ᠲᠦᠩᠯᠢᠶᠣᠤ ᠬᠤᠲᠠ ᠴᠠᠬᠢᠭᠤᠷ ᠶ᠋ᠢᠡᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠢ᠋ ᠪᠥᠬᠥ᠌ ᠬᠣᠲᠠ ᠵᠢᠨ ᠵᠢᠡᠨ ᠭᠤᠤᠯᠳᠠᠯᠭ᠎ᠠ ᠲᠠᠶ ᠠᠵᠤ ᠦᠢᠯᠡᠰ ᠪᠤᠯᠭᠠᠨ ᠠᠳᠬᠤᠵᠤ᠂ ᠠᠵᠤ ᠦᠢᠯᠡᠰ ᠤ᠋ᠨ ᠡᠬᠢᠨ ᠤ᠋ ᠦᠢᠯᠡᠳᠬᠦᠨ ᠪᠠ ᠡᠴᠦᠰ ᠤ᠋ᠨ ᠦᠢᠯᠡᠳᠬᠦᠨ ᠤ᠋ ᠠᠵᠤ ᠦᠢᠯᠡᠰ ᠤ᠋ᠨ ᠬᠡᠯᠬᠢᠶ᠎ᠡ ᠵᠢ ᠨᠢᠭᠡ ᠴᠤᠭᠴᠠᠵᠢᠭᠤᠯᠤᠨ ᠬᠦᠭᠵᠢᠭᠦᠯᠵᠦ᠂ ᠴᠠᠬᠢᠭᠤᠷ ᠶ᠋ᠢᠡᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤ᠋ᠨ ᠠᠵᠤ ᠦᠢᠯᠡᠰ ᠤ᠋ᠨ ᠪᠦᠯᠦᠭᠵᠢᠯ ᠢ᠋ ᠪᠥᠬᠥ᠌ ᠬᠦᠴᠦᠨ ᠵᠢᠡᠷ ᠶ᠋ᠢᠡᠨ ᠴᠤᠭᠴᠠᠯᠠᠵᠤ ᠪᠠᠢᠨ᠎ᠠ᠃ 2025 ᠣᠨ ᠳ᠋ᠤ ᠲᠣᠰ ᠠᠵᠤ ᠦᠢᠯᠡᠰ ᠤ᠋ᠨ ᠦᠢᠯᠡᠳᠬᠦᠨ ᠤ᠋ ᠦᠷᠳᠡᠭ ᠨᠢ 24.2 ᠳ᠋ᠦᠩᠰᠢᠭᠤᠷ ᠲᠥᠭᠥᠷᠢᠭ ᠲᠦ᠍ ᠬᠦᠷᠴᠦ᠂ ᠲᠦᠡᠭᠯᠢᠶᠤᠤ ᠬᠤᠲᠠ ᠶ᠋ᠢᠨ ᠠᠵᠤ ᠦᠢᠯᠡᠰ ᠤ᠋ᠨ ᠬᠦᠭᠵᠢᠯᠲᠡ ᠳ᠋ᠦ ᠬᠦᠴᠦᠷᠬᠡᠭ ᠶᠡᠬᠡ ᠬᠦᠳᠡᠯᠭᠡᠬᠦ ᠬᠦᠴᠦᠨ ᠨᠡᠮᠡᠷᠢᠯᠡᠪᠡ᠃

ᠬᠤᠷᠴᠢᠨ ᠵᠡᠭᠦᠨ ᠭᠠᠷᠤᠨ ᠬᠤᠢᠲᠦ ᠬᠤᠰᠢᠭᠤᠨ ᠳ᠋ᠦ ᠪᠠᠢᠷᠢᠯᠠᠭ᠎ᠠ ᠳᠤᠮᠳᠠᠳᠤ ᠤᠯᠤᠰ ᠤ᠋ᠨ ᠪᠠᠷᠢᠯᠭ᠎ᠠ ᠶ᠋ᠢᠨ ᠮᠠᠲᠸᠷᠢᠶᠠᠯ ᠤ᠋ᠨ ᠲᠦᠡᠭᠯᠢᠶᠤᠤ ᠶ᠋ᠢᠨ ᠴᠠᠬᠢᠭᠤᠷᠲᠦ ᠡᠯᠡᠰᠦᠨ ᠤ᠋ ᠦᠢᠯᠡᠳᠪᠦᠷᠢ ᠶ᠋ᠢᠨ ᠬᠢᠵᠠᠭᠠᠷᠲᠤ ᠺᠤᠮᠫᠠᠨᠢ ᠶ᠋ᠢᠨ ᠦᠢᠯᠡᠳᠪᠦᠷᠢᠯᠡᠯ ᠤ᠋ᠨ ᠲᠠᠰᠤᠭ ᠲᠦ᠍ ᠮᠠᠰᠢᠨ ᠲᠦᠭᠦᠭᠡᠷᠦᠮᠵᠢ ᠬᠦᠷᠴᠢᠬᠢᠨᠡᠨ᠂ ᠬᠤᠷᠴᠢᠨ ᠤ᠋ ᠡᠯᠡᠰᠦᠷᠬᠡᠭ ᠭᠠᠵᠠᠷ ᠡᠴᠡ ᠠᠪᠤᠭᠰᠠᠨ ᠡᠯᠡᠰᠦ ᠵᠢ ᠤᠰᠤ ᠪᠡᠷ ᠤᠬᠢᠶᠠᠬᠤ᠂ ᠰᠠᠢᠰᠠᠳᠠᠬᠤ᠂ ᠬᠦᠪᠦᠭᠦᠯᠦᠨ ᠰᠤᠡᠭᠭᠤᠬᠤ ᠪᠠ ᠴᠡᠪᠡᠷᠰᠢᠭᠦᠯᠬᠦ ᠵᠡᠷᠭᠡ ᠤᠯᠠᠨ ᠶᠠᠪᠤᠴᠠ ᠪᠡᠷ ᠳᠠᠮᠵᠢᠨ ᠦᠨᠳᠦᠷ ᠴᠡᠪᠡᠷᠴᠡᠲᠦ ᠭᠡᠷᠡᠯᠴᠢ ᠴᠡᠨᠡᠭ ᠤ᠋ᠨ ᠬᠡᠷᠡᠭᠯᠡᠭᠡᠨ ᠤ᠋ ᠴᠠᠬᠢᠭᠤᠷᠲᠦ ᠡᠯᠡᠰᠦ ᠪᠤᠯᠭᠠᠨ ᠦᠢᠯᠡᠳᠪᠦᠷᠢᠯᠡᠨ᠎ᠠ᠃

ᠲᠤᠰ ᠺᠤᠮᠫᠠᠨᠢ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠰᠠᠯᠬᠢᠨ ᠳ᠋ᠦ ᠬᠤᠷᠠᠭᠰᠠᠨ ᠴᠠᠬᠢᠭᠤᠷᠲᠤ ᠡᠯᠡᠰᠦᠨ ᠤ᠋ ᠡᠬᠢ ᠪᠠᠶᠠᠯᠢᠭ ᠲᠦ᠍ ᠲᠦᠰᠢᠭᠯᠡᠨ ᠴᠠᠬᠢᠭᠤᠷᠲᠤ ᠡᠯᠡᠰᠦ ᠵᠢ ᠨᠠᠷᠢᠯᠢᠭ ᠪᠤᠯᠪᠠᠰᠤᠷᠠᠭᠤᠯᠬᠤ ᠲᠠᠯ᠎ᠠ ᠪᠡᠷ ᠬᠦᠴᠦᠨ ᠶ᠋ᠢᠡᠨ ᠲᠦᠪᠯᠡᠷᠡᠭᠦᠯᠵᠤ᠂ ᠹᠯᠤᠷ ᠦᠭᠡᠢ ᠪᠡᠷ ᠬᠦᠪᠦᠬᠦᠯᠦᠨ ᠰᠤᠡᠭᠭᠤᠵᠤ ᠨᠠᠷᠢᠯᠢᠭ ᠴᠡᠪᠡᠷᠰᠢᠭᠦᠯᠬᠦ ᠤᠷ᠎ᠡ ᠮᠡᠷᠭᠡᠵᠢᠯ ᠢ᠋ ᠠᠰᠢᠭᠯᠠᠨ ᠲᠤᠬᠠᠢ ᠶ᠋ᠢᠨ ᠭᠠᠵᠠᠷ ᠤ᠋ᠨ ᠡᠯᠡᠰᠦ ᠵᠢ ᠴᠡᠪᠡᠷᠰᠢᠭᠦᠯᠦᠭᠡᠳ ᠴᠠᠬᠢᠭᠤᠷ ᠤ᠋ᠨ ᠳᠠᠪᠬᠤᠷ ᠢᠰᠦᠯ ᠤ᠋ᠨ ᠠᠭᠤᠯᠤᠭᠳᠠᠴᠠ ᠵᠢ 99.6% ᠡᠴᠡ ᠳᠠᠪᠠᠭᠤᠯᠵᠤ᠂ ᠢᠰᠦᠯᠳᠦᠬᠦ ᠲᠡᠮᠦᠷ ᠤ᠋ᠨ ᠠᠭᠤᠯᠤᠭᠳᠠᠴᠠ ᠵᠢ 0.01% ᠡᠴᠡ ᠳᠤᠤᠷ᠎ᠠ ᠪᠠᠢᠯᠭᠠᠨ᠂ ᠳᠡᠭᠡᠳᠦ ᠳᠡᠰ ᠤ᠋ᠨ ᠭᠡᠷᠡᠯᠴᠢ ᠴᠡᠨᠡᠭ ᠤ᠋ᠨ ᠬᠡᠷᠡᠭᠯᠡᠭᠡ ᠵᠢᠨ ᠡᠯᠡᠰᠦᠨ ᠤ᠋ ᠲᠦᠢᠯ ᠤ᠋ᠨ ᠪᠠᠷᠢᠮᠵᠢᠶ᠎ᠡ ᠳ᠋ᠦ ᠬᠦᠷᠭᠡᠵᠦ᠂ ᠡᠯᠡᠰᠦ ᠵᠢ ᠴᠡᠪᠡᠷᠰᠢᠭᠦᠯᠬᠦ ᠮᠡᠷᠭᠡᠵᠢᠯ ᠤ᠋ᠨ ᠳᠠᠪᠠᠯᠳᠠᠳᠤ ᠮᠠᠶᠢᠭ ᠤ᠋ᠨ ᠰᠢᠪᠲᠤᠯᠤᠯᠲᠠ ᠵᠢ ᠪᠡᠶᠡᠯᠡᠭᠦᠯᠵᠦ᠂ ᠠᠵᠢᠯ ᠲᠦᠷᠦᠯ ᠤ᠋ᠨ ᠤᠷ᠎ᠡ ᠮᠡᠷᠭᠡᠵᠢᠯ ᠤ᠋ᠨ ᠳᠡᠰ ᠳᠡᠪᠰᠢᠯᠲᠡ ᠵᠢ ᠬᠦᠲᠦᠯᠦᠨ ᠳᠠᠭᠠᠭᠤᠯᠵᠤ ᠪᠠᠢᠨ᠎ᠠ᠃

ᠤᠳᠤᠬᠠᠨ ᠳ᠋ᠦ ᠲᠤᠰ ᠺᠤᠮᠫᠠᠨᠢ ᠶ᠋ᠢᠨ ᠬᠢᠨ 30 ᠲᠦᠮᠡᠨ ᠳᠤᠨ ᠭᠡᠷᠡᠯᠴᠢ ᠴᠡᠨᠡᠭ ᠤ᠋ᠨ ᠡᠯᠡᠰᠦ᠂ 20 ᠲᠦᠮᠡᠨ ᠳᠤᠨ ᠲᠡᠮᠦᠷ ᠤ᠋ᠨ ᠠᠭᠤᠯᠤᠭᠳᠠᠴᠠ ᠪᠡᠷ ᠳᠤᠤᠷ᠎ᠠ ᠵᠤᠡᠭᠰᠢ ᠦᠢᠯᠡᠳᠪᠦᠷᠢᠯᠡᠬᠦ ᠴᠢᠳᠠᠮᠵᠢ ᠵᠢ ᠪᠦᠷᠢᠯᠳᠦᠭᠦᠯᠦᠭᠰᠡᠨ 2 ᠵᠤᠷᠪᠤᠰ ᠪᠠᠷᠢᠮᠵᠢᠶᠠᠵᠢᠭᠰᠡᠨ ᠦᠢᠯᠡᠳᠪᠦᠷᠢᠯᠡᠯ ᠤ᠋ᠨ ᠱᠤᠭᠤᠮ ᠢ᠋ ᠨᠢᠬᠡᠨᠳᠡ ᠠᠰᠢᠭᠯᠠᠯᠲᠠ ᠳ᠋ᠦ ᠤᠷᠤᠭᠤᠯᠵᠤ᠂ ᠭᠤᠤᠯᠯᠠᠬᠤ ᠮᠡᠷᠭᠡᠵᠢᠯ᠂ ᠢᠵᠢ ᠪᠦᠷᠢᠨ ᠲᠤᠨᠤᠭᠯᠠᠯ᠂ ᠠᠵᠤ ᠦᠢᠯᠡᠰᠵᠢᠯᠲᠠ ᠵᠢ ᠨᠠᠢᠳᠠᠪᠤᠷᠢᠵᠢᠭᠤᠯᠬᠤ ᠪᠦᠬᠦ ᠲᠠᠯ᠎ᠠ ᠶ᠋ᠢᠨ ᠰᠢᠪᠲᠤᠯᠤᠯᠲᠠ ᠵᠢ ᠪᠡᠶᠡᠯᠡᠭᠦᠯᠵᠦ᠂ ᠤᠯᠤᠰ ᠤ᠋ᠨ ᠭᠡᠷᠡᠯᠴᠢ ᠴᠡᠨᠡᠭ ᠤ᠋ᠨ ᠠᠵᠤ ᠦᠢᠯᠡᠰ ᠤ᠋ᠨ ᠪᠦᠬᠦ ᠬᠡᠯᠬᠢᠶᠡᠨ ᠤ᠋ ᠰᠢᠰᠲᠸᠮ ᠢ᠋ ᠲᠡᠭᠦᠯᠳᠡᠷᠵᠢᠭᠦᠯᠬᠦ ᠳ᠋ᠦ ᠬᠦᠴᠦᠨ ᠨᠡᠮᠡᠷᠢᠯᠡᠪᠡ᠃ ᠡᠬᠦᠨ ᠤ᠋ ᠬᠠᠮᠳᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ᠋ ᠬᠠᠮᠵᠢᠯᠴᠠᠭ᠎ᠠ ᠵᠢ ᠦᠷᠬᠦᠯᠵᠢᠯᠡᠨ ᠭᠦᠨᠵᠡᠭᠡᠢᠷᠡᠭᠦᠯᠵᠦ᠂ ᠴᠠᠬᠢᠭᠤᠷ ᠤ᠋ᠨ ᠠᠭᠤᠯᠤᠭᠳᠠᠴᠠ ᠪᠡᠷ ᠦᠨᠳᠦᠷ ᠬᠡᠳᠦ ᠴᠠᠭᠠᠨ ᠡᠯᠡᠰᠦ᠂ ᠭᠡᠷᠡᠯᠴᠢ ᠴᠡᠨᠡᠭ ᠤ᠋ᠨ ᠲᠤᠰᠬᠠᠢ ᠬᠡᠷᠡᠭᠯᠡᠭᠡᠨ ᠤ᠋ ᠡᠯᠡᠰᠦ᠂ ᠵᠤᠡᠭᠰᠢ᠂ ᠼᠢᠷᠺᠤᠨ ᠴᠠᠭᠠᠨ ᠡᠯᠡᠰᠤᠨ ᠤ᠋ ᠤᠯᠠᠨ ᠡᠰᠢᠲᠦ ᠦᠢᠯᠡᠳᠬᠦᠨ ᠤ᠋ ᠰᠢᠰᠲᠸᠮ ᠢ᠋ ᠪᠠᠢᠭᠤᠯᠵᠤ᠂ 5 ᠶᠡᠬᠡ ᠰᠢᠷᠢᠰ ᠦᠢᠯᠡᠳᠬᠦᠨ ᠨᠢ ᠰᠢᠯ ᠬᠢᠬᠦ᠂ ᠴᠢᠳᠬᠤᠨ ᠦᠢᠯᠡᠳᠬᠦ᠂ ᠲᠤᠰᠤ ᠬᠡᠢ ᠵᠢ ᠨᠡᠬᠡᠭᠡᠨ ᠠᠰᠢᠭᠯᠠᠬᠤ᠂ ᠸᠠᠭᠠᠷ ᠱᠠᠭᠠᠵᠠᠡᠭ ᠤ᠋ᠨ ᠪᠠᠷᠢᠯᠭ᠎ᠠ ᠶ᠋ᠢᠨ ᠮᠠᠲᠸᠷᠢᠶᠠᠯ᠂ ᠰᠢᠨ᠎ᠡ ᠡᠨ᠋ᠸᠷᠬᠢ ᠵᠡᠷᠭᠡ ᠤᠯᠤᠰ ᠤ᠋ᠨ ᠤᠯᠠᠨ ᠭᠤᠤᠯᠳᠠᠯᠭ᠎ᠠ ᠲᠠᠢ ᠠᠵᠤ ᠦᠢᠯᠡᠰ ᠲᠦ᠍ ᠦᠷᠭᠡᠨ ᠶ᠋ᠢᠡᠷ ᠬᠡᠷᠡᠭᠯᠡᠭᠳᠡᠵᠦ ᠪᠠᠢᠨ᠎ᠠ᠃

《ᠨᠢᠳᠤᠨᠤᠨ ᠮᠠᠨ ᠤ᠋ ᠠᠵᠤ ᠠᠬᠤᠶ᠋ᠢᠯᠠᠯ 203 ᠲᠦᠮᠡᠨ ᠲᠣᠨ ᠦᠢᠯᠡᠳᠬᠦᠨ ᠪᠤᠷᠤᠯᠠᠭᠤᠯᠵᠤ᠂ ᠵᠢᠯ ᠤ᠋ᠨ ᠦᠢᠯᠡᠳᠬᠦᠨ ᠤ᠋ ᠥᠷᠲᠡᠭ 3.6 ᠳ᠋ᠦᠩᠰᠢᠭᠤᠷ ᠲᠥᠭᠥᠷᠢᠭ ᠲᠦ᠍ ᠬᠦᠷᠴᠠᠢ᠃ ᠣᠳᠣᠬᠠᠨ ᠳ᠋ᠤ ᠠᠵᠤ ᠠᠬᠤᠶ᠋ᠢᠯᠠᠯ ᠤ᠋ᠨ ᠬᠥᠮᠥᠷᠭᠡᠯᠡᠨ ᠬᠠᠳᠠᠭᠠᠯᠠᠵᠤ ᠪᠠᠶ᠋ᠢᠭ᠎ᠠ ᠡᠯᠡᠰᠦᠨ ᠤ᠋ ᠬᠡᠮᠵᠢᠶ᠎ᠡ 90 ᠲᠦᠮᠡᠨ ᠲᠣᠨ ᠳ᠋ᠤ ᠬᠦᠷᠴᠦ᠍᠂ ᠵᠢᠯ ᠤ᠋ᠨ ᠦᠢᠯᠡᠳᠪᠦᠷᠢᠯᠡᠯ ᠤ᠋ᠨ ᠴᠢᠳᠠᠪᠤᠷᠢ 325 ᠲᠦᠮᠡᠨ ᠲᠣᠨ ᠳ᠋ᠤ ᠬᠦᠷᠴᠦ᠍᠂ ᠪᠥᠬᠥ᠌ ᠤᠯᠤᠰ ᠤ᠋ᠨ ᠰᠢᠶᠠᠨ ᠤ᠋ ᠱᠠᠲᠤᠨ ᠤ᠋ ᠢᠵᠢᠯ ᠠᠵᠢᠯ ᠲᠥᠷᠥᠯ ᠤ᠋ᠨ ᠬᠦᠷᠢᠶᠡᠨ ᠳ᠋ᠦ ᠲᠦᠷᠦᠭᠦᠯᠡᠵᠦ ᠪᠠᠢᠨ᠎ᠠ》 ᠭᠡᠵᠦ ᠺᠤᠮᠫᠠᠨᠢ ᠶ᠋ᠢᠨ ᠶᠡᠷᠦᠡᠭᠬᠡᠢ ᠳᠠᠭᠠᠭᠠᠮᠠᠯ ᠯᠢᠦ ᠶᠦᠡᠭ ᠴᠢᠶᠠᠡᠭ ᠶᠠᠷᠢᠵᠤ ᠪᠠᠢᠯ᠎ᠠ᠃

ᠳᠤᠮᠳᠠᠳᠤ ᠤᠯᠤᠰ ᠤ᠋ᠨ ᠪᠠᠷᠢᠯᠭ᠎ᠠ ᠶ᠋ᠢᠨ ᠮᠠᠲᠸᠷᠢᠶᠠᠯ ᠤ᠋ᠨ ᠲᠦᠡᠭᠯᠢᠶᠤᠤ ᠶ᠋ᠢᠨ ᠴᠠᠬᠢᠭᠤᠷᠲᠦ ᠡᠯᠡᠰᠦᠨ ᠤ᠋ ᠦᠢᠯᠡᠳᠪᠦᠷᠢ ᠶ᠋ᠢᠨ ᠬᠢᠵᠠᠭᠠᠷᠲᠤ ᠺᠤᠮᠫᠠᠨᠢ ᠵᠢ ᠲᠦᠡᠭᠯᠢᠶᠤᠤ ᠬᠤᠲᠠ ᠶ᠋ᠢᠨ ᠴᠠᠬᠢᠭᠤᠷ ᠵᠢᠡᠷ ᠰᠠᠭᠤᠷᠢ ᠪᠤᠯᠭᠠᠭᠰᠠᠨ ᠠᠵᠤ ᠦᠢᠯᠡᠰ ᠤ᠋ᠨ 《ᠲᠦᠭᠦᠬᠡᠢ ᠮᠠᠲᠸᠷᠢᠶᠠᠯ ᠤ᠋ᠨ ᠦᠢᠯᠡᠳᠪᠦᠷᠢᠯᠡᠯ ᠤ᠋ᠨ ᠲᠠᠰᠤᠭ》 ᠬᠡᠪᠡᠯ᠂ ᠨᠠᠢ᠍ᠮᠠᠨ ᠬᠤᠰᠢᠭᠤᠨ ᠳ᠋ᠦ ᠪᠠᠢᠷᠢᠯᠠᠭ᠎ᠠ ᠦᠪᠦᠷ ᠮᠤᠡᠭᠭᠤᠯ ᠤ᠋ᠨ ᠰᠢᠡᠭ ᠭᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠪᠤᠯ ᠳᠡᠭᠡᠳᠦ ᠳᠡᠰ ᠤ᠋ᠨ ᠰᠢᠨ᠎ᠡ ᠮᠠᠲ᠋ᠸᠷᠢᠶᠠᠯ ᠦᠢᠯᠡᠳᠪᠦᠷᠢᠯᠡᠬᠦ 《ᠪᠡᠯᠡᠨ ᠦᠢᠯᠡᠳᠬᠦᠨ ᠤ᠋ ᠦᠢᠯᠡᠳᠪᠦᠷᠢᠯᠡᠯ ᠤ᠋ᠨ ᠲᠠᠰᠤᠭ》 ᠪᠤᠯᠤᠨ᠎ᠠ᠃

ᠦᠪᠦᠷ ᠮᠤᠡᠭᠭᠤᠯ ᠤ᠋ᠨ ᠰᠢᠡᠭ ᠭᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ 2020 ᠤᠨ ᠳ᠋ᠦ ᠪᠠᠢᠭᠤᠯᠤᠭᠳᠠᠵᠤ᠂ ᠴᠠᠬᠢᠭᠤᠷ ᠶ᠋ᠢᠡᠷ ᠰᠠᠭᠤᠷᠢ ᠪᠤᠯᠭᠠᠭᠰᠠᠨ ᠰᠢᠨ᠎ᠡ ᠮᠠᠲᠸᠷᠢᠶᠠᠯ ᠤ᠋ᠨ ᠡᠴᠦᠰ ᠤ᠋ᠨ ᠦᠢᠯᠡᠳᠬᠦᠨ ᠤ᠋ ᠠᠵᠤ ᠦᠢᠯᠡᠰ ᠤ᠋ᠨ ᠬᠦᠷᠢᠶᠡᠨ ᠳ᠋ᠦ ᠭᠦᠨᠵᠡᠭᠡᠢ ᠰᠤᠳᠤᠯᠭᠠᠨ ᠬᠢᠵᠦ᠂ ᠪᠡᠶ᠎ᠡ ᠪᠠᠨ ᠳᠠᠭᠠᠭᠠᠭᠰᠠᠨ ᠭᠤᠤᠯᠯᠠᠬᠤ ᠲᠦᠷᠦᠯ ᠲᠡᠮᠲᠡᠭᠲᠦ ᠪᠤᠯᠬᠤ 《ᠳ᠋ᠦ᠋ᠡᠭ ᠹᠠᠡᠭ ᠲᠠᠯᠠᠰᠲᠤ ᠴᠠᠬᠢᠭᠤᠷ》 ᠢ᠋ ᠴᠤᠭᠴᠠᠯᠠᠵᠤ᠂ 《ᠲᠦᠭᠦᠬᠡᠢ ᠮᠠᠲᠸᠷᠢᠶᠠᠯ ᠪᠤᠷᠤᠯᠠᠭᠤᠯᠬᠤ》 ᠡᠴᠡ 《ᠦᠢᠯᠡᠳᠬᠦᠨ ᠦᠢᠯᠡᠳᠪᠦᠷᠢᠯᠡᠬᠦ᠂ ᠲᠦᠷᠦᠯ ᠲᠡᠮᠲᠡᠭ ᠢ᠋ ᠴᠤᠭᠴᠠᠯᠠᠬᠤ᠂ ᠵᠠᠬ᠎ᠠ ᠳᠡᠯᠭᠡᠭᠦᠷ ᠶ᠋ᠢᠡᠨ ᠦᠷᠭᠡᠳᠭᠡᠬᠦ》 ᠳᠡᠰ ᠳᠡᠪᠰᠢᠯᠲᠡ ᠶ᠋ᠢᠨ ᠵᠠᠮ ᠶ᠋ᠢᠡᠷ ᠵᠠᠮᠨᠠᠵᠤ ᠪᠠᠢᠨ᠎ᠠ᠃

ᠰᠢᠡᠭ ᠭᠦ ᠺᠤᠮᠫᠠᠨᠢ ᠶ᠋ᠢᠨ ᠬᠦᠷᠢᠶᠡᠨ ᠳ᠋ᠦ ᠤᠷᠤᠬᠤ ᠳ᠋ᠤ᠂ ᠬᠡᠳᠦᠨ ᠦᠢᠯᠡᠳᠪᠦᠷᠢᠯᠡᠯ ᠤ᠋ᠨ ᠲᠠᠰᠤᠭ ᠤ᠋ᠨ ᠬᠤᠭᠤᠷᠤᠨᠳᠤ ᠴᠠᠭᠠᠨ ᠬᠠᠪᠳᠠᠰᠤ ᠲᠡᠭᠡᠭᠡᠭᠰᠡᠨ ᠠᠦ᠋ᠲ᠋ᠦ᠌ ᠮᠠᠰᠢᠨ ᠨᠠᠭᠠᠰᠢ ᠴᠠᠭᠠᠰᠢ ᠰᠦᠯᠵᠢᠯᠳᠦᠨ᠂ ᠡᠯ᠎ᠠ ᠦᠢᠯᠡᠳᠪᠦᠷᠢᠯᠡᠯ ᠤ᠋ᠨ ᠲᠠᠰᠤᠭ ᠲᠦ᠍ ᠠᠳᠠᠯᠢ ᠪᠤᠰᠤ ᠶ᠋ᠢᠨ ᠮᠠᠰᠢᠨ ᠲᠦᠬᠦᠭᠡᠷᠦᠮᠵᠢ ᠬᠦᠷᠴᠢᠭᠢᠨᠡᠵᠦ᠂ 1500 ᠼᠸᠯᠰ ᠭᠷᠡᠳᠦ᠋ᠰ ᠡᠴᠨ ᠳᠡᠭᠡᠭᠰᠢᠬᠢ ᠦᠨᠳᠦᠷ ᠬᠠᠯᠠᠭᠤᠨ ᠵᠤᠤᠬ᠎ᠠ ᠪᠡᠷ ᠬᠠᠢᠯᠤᠭᠤᠯᠵᠤ ᠭᠠᠷᠭᠠᠭᠰᠠᠨ ᠮᠠᠲᠸᠷᠢᠶᠠᠯ ᠢ᠋ ᠳᠦᠷᠰᠦ ᠪᠦᠲᠦᠭᠡᠬᠦ ᠤᠷ᠎ᠡ ᠮᠡᠷᠭᠡᠵᠢᠯ ᠶ᠋ᠢᠡᠷ 6 — 36 ᠮᠢᠯᠢᠮᠸᠲ᠋ᠷ ᠤ᠋ᠨ ᠬᠤᠭᠤᠷᠤᠨᠳᠤᠬᠢ ᠠᠳᠠᠯᠢ ᠪᠤᠰᠤ ᠵᠤᠵᠠᠭᠠᠨ ᠬᠠᠪᠳᠠᠰᠤ ᠪᠤᠯᠭᠠᠨ ᠳᠠᠷᠤᠰᠢᠭᠤᠯᠵᠤ᠂ ᠢᠯᠴᠢ ᠵᠢ ᠪᠠᠭᠤᠷᠠᠭᠤᠯᠵᠤ ᠴᠡᠪᠡᠷᠰᠢᠭᠦᠯᠬᠦ ᠪᠡᠷ ᠳᠠᠮᠵᠢᠨ ᠦᠨᠳᠦᠰᠦᠨ ᠬᠡᠷᠡᠭᠯᠡᠭᠡᠨ ᠤ᠋ ᠴᠠᠭᠠᠨ ᠬᠠᠪᠳᠠᠰᠤ ᠪᠤᠯᠭᠠᠵᠤ᠂ ᠲᠠᠬᠢᠨ ᠬᠡᠷᠡᠭᠯᠡᠭᠴᠢᠳ ᠤ᠋ᠨ ᠬᠡᠷᠡᠭᠴᠡᠭᠡ ᠱᠠᠭᠠᠷᠳᠠᠯᠭ᠎ᠠ ᠪᠡᠷ ᠵᠦᠰᠤᠵᠦ ᠤᠭᠲᠤᠯᠤᠨ ᠬᠦᠮᠦᠷᠭᠡᠯᠡᠨ ᠬᠠᠳᠠᠭᠠᠯᠠᠨ᠎ᠠ᠃ ᠴᠠᠭᠠᠳᠤᠬᠢ ᠦᠢᠯᠡᠳᠪᠦᠷᠢᠯᠡᠯ ᠤ᠋ᠨ ᠲᠠᠰᠤᠭ ᠲᠤᠨᠢ ᠪᠠᠰᠠ ᠬᠡᠷᠡᠮ ᠬᠠᠨ᠎ᠠ ᠳᠡᠭᠡᠷ᠎ᠡ ᠨᠠᠭᠠᠬᠤ ᠴᠠᠭᠠᠨ ᠬᠠᠪᠲᠠᠰᠤᠨ ᠳᠡᠭᠡᠷ᠎ᠡ ᠵᠢᠷᠤᠭ ᠳᠦᠷᠰᠦ ᠳᠠᠷᠤᠮᠠᠯᠯᠠᠬᠤ᠂ ᠲᠠᠪᠢᠯᠭ᠎ᠠ ᠬᠢᠬᠦ᠂ ᠤᠬᠢᠶᠠᠯᠭ᠎ᠠ ᠶ᠋ᠢᠨ ᠦᠷᠦᠭᠡᠨ ᠤ᠋ ᠡᠳ᠋ᠯᠡᠯ ᠬᠡᠷᠡᠭᠰᠡᠯ ᠬᠢᠵᠦ ᠶᠠᠭᠠᠷᠠᠯᠳᠤᠨ᠎ᠠ᠃

2025 ᠤᠨ ᠤ᠋ 11 ᠰᠠᠷ᠎ᠠ ᠶ᠋ᠢᠨ 9 ᠤ᠋ ᠡᠳᠦᠷ᠂ ᠤᠯᠤᠰ ᠤ᠋ᠨ ᠳᠤᠲᠤᠭᠠᠳᠤ ᠶ᠋ᠢᠨ ᠠᠡᠭᠬᠠᠳᠠᠭᠴᠢ 《ᠨᠢᠭᠡ ᠵᠤᠤᠬ᠎ᠠ ᠬᠤᠶᠠᠷ ᠱᠤᠭᠤᠮ》 ᠤ᠋ᠨ ᠤᠷ᠎ᠡ ᠮᠡᠷᠭᠡᠵᠢᠯ ᠢ᠋ ᠰᠢᠨ᠎ᠡ ᠵᠢ ᠡᠭᠦᠳᠦᠨ ᠠᠰᠢᠭᠯᠠᠭᠰᠠᠨ ᠬᠤᠶᠠᠳᠤᠭᠠᠷ ᠬᠤᠭᠤᠴᠠᠭᠠᠨ ᠤ᠋ ᠲᠦᠷᠦᠯ ᠵᠦᠢᠯ ᠨᠢ ᠪᠠᠷᠢᠯᠭ᠎ᠠ ᠳᠠᠭᠤᠰᠴᠤ ᠭᠠᠯ ᠬᠦᠭᠵᠢᠭᠡᠨ ᠠᠰᠢᠭᠯᠠᠯᠲᠠ ᠳ᠋ᠦ ᠤᠷᠤᠬᠤ ᠵᠢ ᠳᠠᠭᠠᠯᠳᠤᠨ ᠰᠢᠡᠭ ᠭᠦ ᠺᠤᠮᠫᠠᠨᠢ ᠵᠢᠨ ᠬᠢᠨ 350 ᠲᠤᠨ ᠤ᠋ ᠦᠢᠯᠡᠳᠪᠦᠷᠢᠯᠡᠯ ᠤ᠋ᠨ ᠴᠢᠳᠠᠪᠤᠷᠢ ᠬᠢᠭᠡᠳ 800 ᠲᠤᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠦᠷᠢᠯᠳᠦᠭᠦᠯᠦᠭᠰᠡᠨ᠂ ᠲᠤᠰ ᠪᠦᠷᠢ 1.25 ᠺᠢᠯᠤᠮᠸᠲᠷ ᠤᠷᠳᠤ 3 ᠵᠤᠷᠪᠤᠰ ᠦᠢᠯᠡᠳᠪᠦᠷᠢᠯᠡᠯ ᠤ᠋ᠨ ᠱᠤᠭᠤᠮ ᠲᠠᠢ ᠪᠤᠯᠵᠠᠢ᠃

《ᠮᠠᠨ ᠤ᠋ ᠺᠤᠮᠫᠠᠨᠢ ᠶ᠋ᠢᠨ ᠳ᠋ᠦᠡᠭ ᠹᠠᠡᠭ ᠲᠠᠯᠠᠰᠲᠤ᠌ ᠴᠠᠬᠢᠭᠤᠷ ᠤ᠋ᠨ ᠰᠢᠨ᠎ᠡ ᠮᠠᠲ᠋ᠧᠷᠢᠶᠠᠯ ᠨᠢ ᠰᠢᠷᠭᠤᠯᠵᠢᠨ ᠠᠯᠳ᠋ᠸᠬᠢᠳ᠋ ᠠᠭᠤᠯᠤᠭᠳᠠᠬᠤ ᠦᠭᠡᠢ᠂ ᠰᠠᠴᠤᠷᠠᠭ ᠰᠠᠷᠨᠢᠭᠤᠯᠬᠤ ᠦᠭᠡᠢ᠂ ᠢᠳᠡᠭᠡᠨ ᠤ᠋ ᠳᠡᠰ ᠤ᠋ᠨ ᠬᠦᠷᠦᠯᠴᠡᠵᠦ ᠪᠤᠯᠬᠤᠢᠴᠠ᠂ ᠥᠨᠳᠥᠷ ᠳᠤᠯᠠᠭᠠᠨ ᠳ᠋ᠤ ᠳᠠᠭᠠᠭᠠᠮᠠᠭᠠᠶ᠂ ᠤᠰᠤ ᠰᠢᠩᠭᠡᠭᠡᠬᠦ᠌ ᠦᠭᠡᠢ ᠵᠡᠷᠭᠡ ᠳᠠᠪᠠᠭᠤᠯᠢᠭᠲᠦ ᠤᠨᠴᠠᠯᠢᠭ ᠶ᠋ᠢᠡᠷ ᠶ᠋ᠢᠡᠨ ᠪᠠᠷᠢᠯᠭ᠎ᠠ᠂ ᠬᠡᠷ ᠤ᠋ᠨ ᠴᠢᠮᠡᠭᠯᠡᠯ᠂ ᠡᠮ ᠡᠮᠨᠡᠯᠭᠡ᠂ ᠴᠡᠷᠢᠭ ᠤ᠋ᠨ ᠠᠵᠤ ᠦᠢᠯᠡᠳᠪᠦᠷᠢ᠂ ᠠᠭᠠᠷ ᠤ᠋ᠨ ᠠᠶᠠᠯᠠᠯ ᠰᠠᠨᠰᠠᠷ ᠤ᠋ᠨ ᠠᠶᠠᠯᠠᠯ ᠵᠡᠷᠭᠡ ᠣᠯᠠᠨ ᠬᠦᠷᠢᠶᠡᠨ ᠳ᠋ᠤ ᠥᠷᠭᠡᠨ ᠵᠢᠡᠷ ᠬᠡᠷᠡᠭᠯᠡᠭᠳᠡᠵᠦ᠍ ᠪᠤᠢ᠃ ᠪᠢᠳᠡ ᠦᠢᠯᠡᠳᠬᠦᠨ ᠶ᠋ᠢᠡᠨ ᠭᠤᠸᠠᠩᠳᠦ᠋ᠩ᠂ ᠹᠦᠵᠢᠶᠠᠨ᠂ ᠵᠧᠵᠢᠶᠠᠩ᠂ ᠾᠧᠨᠠᠨ ᠵᠡᠷᠬᠡ ᠣᠯᠠᠨ ᠮᠤᠵᠢ ᠬᠣᠲᠠ ᠪᠠ ᠭᠠᠵᠠᠷ ᠣᠷᠣᠨ ᠳ᠋ᠤ ᠪᠤᠷᠤᠯᠠᠭᠤᠯᠵᠤ ᠪᠠᠶ᠋ᠢᠬᠤ ᠪᠠᠷ ᠪᠠᠷᠠᠬᠤ ᠦᠭᠡᠶ ᠪᠠᠰᠠ ᠪᠷᠠᠽᠢᠯ᠂ ᠠᠮᠧᠷᠢᠺᠠ᠂ ᠢᠲ᠋ᠠᠯᠢ᠂ ᠡᠨᠡᠳᠬᠡᠭ᠂ ᠲᠠᠶ ᠤᠯᠤᠰ᠂ ᠢᠨᠳᠣᠨᠧᠰᠢᠶ᠎ᠠ᠂ ᠮᠣᠩᠭᠣᠯ ᠤᠯᠤᠰ ᠵᠡᠷᠭᠡ ᠳᠡᠯᠡᠬᠡᠢ ᠶ᠋ᠢᠨ 40 ᠭᠠᠷᠤᠶ ᠤᠯᠤᠰ ᠲᠤ᠌ ᠪᠤᠷᠤᠯᠠᠭᠤᠯᠵᠤ ᠪᠠᠢᠨ᠎ᠠ》 ᠭᠡᠵᠦ ᠰᠢᠡᠭ ᠭᠦ ᠺᠤᠮᠫᠠᠨᠢ ᠶ᠋ᠢᠨ ᠰᠤᠳᠤᠯᠤᠨ ᠨᠡᠬᠡᠭᠡᠬᠦ ᠬᠡᠯᠲᠡᠰ ᠤ᠋ᠨ ᠡᠷᠬᠢᠯᠡᠭᠴᠢ ᠱᠢᠡᠭ ᠱᠢᠦ ᠭᠦᠸᠸ ᠶᠠᠷᠢᠵᠤ ᠪᠠᠢᠯ᠎ᠠ᠃

ᠤᠳᠤ ᠲᠦᠡᠭᠯᠢᠶᠤᠤ ᠬᠤᠲᠠ ᠳ᠋ᠦ ᠳᠤᠮᠳᠠᠳᠤ ᠤᠯᠤᠰ ᠤ᠋ᠨ ᠪᠠᠷᠢᠯᠭ᠎ᠠ ᠶ᠋ᠢᠨ ᠮᠠᠲᠸᠷᠢᠶᠠᠯ ᠤ᠋ᠨ ᠲᠦᠡᠭᠯᠢᠶᠤᠤ ᠶ᠋ᠢᠨ ᠴᠠᠬᠢᠭᠤᠷᠲᠦ ᠡᠯᠡᠰᠦᠨ ᠤ᠋ ᠦᠢᠯᠡᠳᠪᠦᠷᠢ ᠶ᠋ᠢᠨ ᠬᠢᠵᠠᠭᠠᠷᠲᠤ ᠺᠤᠮᠫᠠᠨᠢ᠂ ᠦᠪᠦᠷ ᠮᠤᠡᠭᠭᠤᠯ ᠤ᠋ᠨ ᠰᠢᠡᠭ ᠭᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠪᠡᠷ ᠲᠤᠯᠤᠭᠠᠢᠯᠠᠭᠤᠯᠤᠭᠰᠠᠨ ᠬᠡᠪᠴᠢᠶᠡᠵᠢᠯ ᠡᠴᠡ ᠳᠡᠭᠡᠭᠰᠢᠬᠢ 22 ᠠᠵᠤ ᠦᠢᠯᠡᠳᠪᠦᠷᠢ ᠶ᠋ᠢᠨ ᠠᠵᠤ ᠠᠬᠤᠢᠯᠠᠯ ᠲᠠᠢ ᠪᠤᠯᠵᠤ᠂ ᠦᠷᠢᠰᠦᠯᠳᠦᠬᠦ ᠬᠦᠴᠦᠨ ᠶ᠋ᠢᠡᠷ ᠴᠢᠡᠭᠭ᠎ᠠ ᠴᠠᠬᠢᠭᠤᠷ ᠶ᠋ᠢᠡᠷ ᠰᠠᠭᠤᠷᠢ ᠪᠤᠯᠭᠠᠭᠰᠠᠨ ᠰᠢᠨ᠎ᠡ ᠮᠠᠲᠸᠷᠢᠶᠠᠯ ᠤ᠋ᠨ ᠠᠵᠤ ᠦᠢᠯᠡᠰ ᠤ᠋ᠨ ᠪᠦᠯᠦᠭᠵᠢᠯ ᠢ᠋ ᠪᠦᠷᠢᠯᠳᠦᠭᠦᠯᠦᠨ᠂ ᠵᠢᠯ ᠤ᠋ᠨ ᠴᠠᠬᠢᠭᠤᠷᠲᠤ ᠡᠯᠡᠰᠦᠨ ᠤ᠋ ᠦᠢᠯᠡᠳᠪᠦᠷᠢᠯᠡᠯ ᠤ᠋ᠨ ᠬᠡᠪᠴᠢᠶ᠎ᠡ ᠨᠢ 500 ᠲᠦᠮᠡᠨ ᠳᠤᠨ ᠳ᠋ᠦ ᠬᠦᠷᠴᠦ᠂ ᠦᠡᠭᠭᠡᠷᠡᠭᠰᠡᠨ ᠤ᠋ ᠡᠯᠡᠰᠦᠷᠬᠡᠭ ᠭᠠᠵᠠᠷ ᠤ᠋ᠨ ᠡᠬᠢ ᠪᠠᠶᠠᠯᠢᠭ ᠤ᠋ᠨ ᠦᠷᠳᠡᠭ ᠳᠤᠤᠷ᠎ᠠ᠂ ᠪᠦᠳᠦᠭᠦᠯᠢᠭ ᠶ᠋ᠢᠡᠷ ᠠᠰᠢᠭᠯᠠᠵᠤ ᠪᠠᠢᠭᠰᠠᠨ ᠪᠠᠢᠳᠠᠯ ᠢ᠋ ᠦᠨᠳᠦᠰᠦᠨ ᠡᠴᠡ ᠨᠢ ᠬᠤᠪᠢᠷᠠᠭᠤᠯᠵᠤ᠂ ᠰᠢᠷᠭᠠᠯ ᠡᠯᠡᠰᠦ ᠵᠢ ᠠᠵᠤ ᠦᠢᠯᠡᠰ ᠤ᠋ᠨ ᠡᠬᠢ ᠪᠠᠶᠠᠯᠢᠭ ᠪᠤᠯᠭᠠᠨ ᠬᠦᠭᠵᠢᠬᠦᠯᠵᠤ᠂ ᠪᠦᠬᠦ ᠬᠤᠳᠠ ᠵᠢᠨ ᠵᠢᠡᠨ ᠰᠢᠨ᠎ᠠ ᠮᠠᠲᠸᠷᠢᠶᠠᠯ ᠤ᠋ᠨ ᠪᠦᠯᠦᠭᠵᠢᠯ ᠤ᠋ᠨ 《ᠰᠢᠵᠢᠷ ᠠᠯᠲᠠ》 ᠪᠤᠯᠭᠠᠨ ᠬᠤᠪᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号