ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ
2026-07-14 09:33:17
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠣᠶ᠋ᠢᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠲᠤᠭᠤᠰᠢᠯᠠᠭᠤᠯᠵᠤ᠂ ᠪᠥᠬᠥ᠌ ᠣᠷᠣᠨ᠎ᠤ ᠦᠶᠡᠷ᠎ᠢ ᠰᠡᠷᠭᠡᠶ᠋ᠢᠯᠡᠵᠦ᠍ ᠭᠠᠮᠰᠢᠭ ᠡᠴᠡ ᠠᠪᠤᠷᠠᠬᠤ ᠪᠠ ᠠᠶᠤᠯᠭᠦᠢ ᠦᠢᠯᠡᠳᠪᠦᠷᠢᠯᠡᠯ᠎ᠦᠨ ᠬᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃

ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠬᠦᠯᠦᠨ ᠱᠠᠩᠨᠠᠬᠤ ᠶᠡᠬᠡ ᠬᠤᠷᠠᠯ᠂ ᠬᠣᠶᠠᠷ ᠬᠦᠷᠢᠶᠡᠯᠡᠩ᠎ᠦᠨ ᠠᠺᠠᠳ᠋ᠸᠮᠢᠴᠢ᠎ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠬᠣᠪᠣᠷ ᠰᠢᠷᠣᠶ᠂ ᠠᠮᠢᠳᠤ ᠪᠣᠳᠠᠰ ᠤ᠋ᠨ ᠦᠢᠯᠡᠳᠬᠦ ᠦᠢᠯᠡᠰ ᠵᠡᠷᠭᠡ ᠳᠠᠪᠠᠭᠤᠯᠢᠭ ᠠᠵᠤ ᠦᠢᠯᠡᠰ ᠲᠤ᠌ ᠠᠩᠬᠠᠷᠤᠯ ᠵᠢᠡᠨ ᠲᠦᠪᠯᠡᠷᠡᠭᠦᠯᠦᠨ ᠰᠢᠨ᠎ᠡ᠎ᠶᠢ ᠡᠭᠦᠳᠬᠦ᠌ ᠬᠡᠯᠬᠢᠶ᠎ᠡ᠎ᠶᠢ ᠰᠠᠶ᠋ᠢᠲᠤᠷ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠣᠷᠣᠭᠤᠯᠤᠯᠲᠠ᠎ᠶᠢᠨ ᠡᠷᠴᠢᠮ᠎ᠢ ᠴᠢᠩᠭᠠᠷᠠᠭᠤᠯᠵᠤ᠂ ᠮᠠᠨ᠎ᠤ ᠣᠷᠣᠨ᠎ᠤ ᠤᠯᠤᠰ᠎ᠤᠨ 3 ᠭᠤᠤᠯᠳᠠᠯᠭ᠎ᠠ᠎ᠲᠠᠶ ᠲᠤᠷᠰᠢᠯᠲᠠ᠎ᠶᠢᠨ ᠲᠠᠰᠤᠭ ᠪᠠ ᠰᠦ ᠵᠢᠨ ᠦᠢᠯᠡᠰ᠂ ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠥᠪ᠎ᠦᠨ ᠪᠦᠲᠦᠭᠡᠨ ᠪᠠᠶ᠋ᠢᠭᠤᠯᠤᠯᠲᠠ ᠵᠢ ᠦᠨᠳᠦᠷ ᠪᠠᠷᠢᠮᠵᠢᠶ᠎ᠠ ᠪᠡᠷ ᠰᠠᠢᠳᠤᠷ ᠠᠳᠬᠤᠵᠤ᠂ ᠬᠥᠬᠡᠬᠣᠲᠠ ᠪᠤᠭᠤᠲᠤ᠌ ᠣᠷᠳᠣᠰ ᠲᠡᠬᠢ ᠤᠯᠤᠰ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠢ ᠲᠦᠷᠭᠡᠳᠬᠡᠨ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ ᠳ᠋ᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃

ᠬᠤᠷᠠᠯ ᠡᠴᠡ ᠣᠳᠣᠬᠠᠨ᠎ᠳᠤ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶᠢᠨ ᠬᠤᠭᠤᠴᠠᠭᠠᠨ᠎ᠳᠤ ᠪᠤᠢ᠂ ᠶᠡᠷᠦᠩᠬᠡᠢ ᠱᠦᠵᠢ ᠰᠢ ᠵᠢᠨ ᠫᠢᠩ᠎ᠦᠨ ᠦᠶᠡᠷ᠎ᠢ ᠰᠡᠷᠭᠡᠶ᠋ᠢᠯᠡᠵᠦ᠍ ᠭᠠᠮᠰᠢᠭ ᠡᠴᠡ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠪᠠᠴᠢᠮ ᠪᠠᠶ᠋ᠢᠳᠠᠯ᠎ᠢ ᠠᠷᠭᠠᠴᠠᠭᠠᠬᠤ ᠰᠣᠷᠢᠯᠲᠠ᠎ᠶᠢ ᠴᠢᠩᠭᠠᠳᠬᠠᠵᠤ᠂ ᠠᠶᠤᠯ ᠭᠡᠮ᠎ᠲᠡᠶ ᠤᠰᠤᠨ ᠴᠥᠭᠥᠷᠥᠮ᠂ ᠨᠦᠯᠦᠮᠡᠯ ᠭᠠᠵᠠᠷ᠎ᠤᠨ ᠬᠠᠰᠢᠯᠭ᠎ᠠ᠂ ᠠᠭᠤᠯᠠᠨ ᠦᠶᠡᠷ᠎ᠦᠨ ᠭᠤᠤ᠎ᠶᠢᠨ ᠠᠮᠠ᠂ ᠦᠯᠡᠳᠡᠭᠳᠡᠯ ᠬᠦᠳᠡᠷ᠎ᠦᠨ ᠬᠥᠮᠥᠷᠭᠡ᠂ ᠬᠤᠳᠠ᠎ᠶᠢᠨ ᠠᠮᠠᠷᠬᠠᠨ ᠤᠰᠤᠲᠤᠬᠤ ᠣᠷᠣᠨ ᠵᠡᠷᠭᠡ ᠭᠠᠵᠠᠷ᠎ᠢ ᠴᠢᠩᠭ᠎ᠠ ᠠᠩᠬᠠᠷᠴᠤ᠌᠂ ᠦᠨᠴᠦᠭ ᠪᠤᠯᠤᠩ ᠦᠯᠡᠳᠡᠬᠡᠬᠦ ᠦᠬᠡᠢ ᠪᠡᠷ ᠵᠢᠭᠰᠠᠭᠠᠨ ᠪᠠᠶ᠋ᠢᠴᠠᠭᠠᠵᠦ᠍ ᠠᠶᠤᠯ ᠲᠦᠭᠰᠢᠭᠦᠷᠢ᠎ᠶᠢ ᠠᠷᠢᠯᠭᠠᠵᠤ᠂ ᠦᠶᠡᠷ᠎ᠦᠨ ᠬᠤᠭᠤᠴᠠᠭᠠᠨ᠎ᠳᠤ 24 ᠴᠠᠭ᠎ᠢᠶᠠᠷ ᠵᠢᠵᠢᠭᠦᠷᠯᠡᠬᠦ᠌ ᠪᠠ ᠤᠳᠤᠷᠢᠳᠤᠯᠭ᠎ᠠ ᠳᠤᠭᠤᠢᠯᠠᠩ ᠳᠠᠭᠠᠭᠤᠯᠤᠨ ᠠᠵᠢᠯᠯᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠪᠤᠷᠠᠨ ᠲᠤᠰᠠᠯᠠᠬᠤ ᠬᠦᠴᠦᠨ ᠪᠣᠯᠤᠨ ᠭᠠᠮᠰᠢᠭ ᠡᠴᠡ ᠠᠪᠤᠷᠠᠬᠤ ᠡᠳ᠋ ᠪᠣᠳᠠᠰ᠎ᠢ ᠰᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠴᠠᠬᠢᠯᠭᠠᠨ ᠬᠦᠴᠦ᠍ᠨ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ ᠵᠡᠷᠭᠡ ᠲᠤᠨᠤᠭ ᠲᠥᠬᠥᠭᠡᠷᠦᠮᠵᠢ᠎ᠶᠢᠨ ᠠᠮᠤᠷ ᠲᠦᠪᠰᠢᠨ᠎ᠢ ᠪᠠᠲᠤᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶᠢᠨ ᠠᠮᠤᠷ ᠲᠦᠪᠰᠢᠨ᠎ᠢ ᠬᠠᠮᠠᠭᠠᠯᠠᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃

ᠬᠤᠷᠠᠯ ᠡᠴᠡ ᠪᠥᠬᠥ᠌ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠶᠡᠬᠡ ᠪᠠᠶ᠋ᠢᠴᠠᠭᠠᠯᠲᠠ ᠶᠡᠬᠡ ᠬᠢᠨᠠᠨ ᠪᠠᠶ᠋ᠢᠴᠠᠭᠠᠯᠲᠠ ᠵᠢᠨ 12 ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠢᠯᠡᠷᠡᠭᠦᠯᠦᠭᠰᠡᠨ ᠠᠰᠠᠭᠤᠳᠠᠯ᠎ᠢ ᠡᠴᠦᠰ ᠲᠤᠨᠢ ᠲᠤᠯᠳᠠᠯ᠎ᠠ ᠠᠩᠬᠠᠷᠴᠤ᠌᠂ ᠡᠴᠦᠰ ᠲᠤᠨᠢ ᠲᠤᠯᠳᠠᠯ᠎ᠠ ᠰᠠᠶ᠋ᠢᠵᠢᠷᠠᠭᠤᠯᠵᠤ᠂ ᠲᠦᠷᠢᠮ ᠲᠣᠭᠲᠠᠭᠠᠯ ᠬᠠᠤᠯᠢ ᠴᠠᠭᠠᠵᠠ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠢᠯᠡᠴᠢᠯᠡᠬᠦ᠌᠂ ᠵᠠᠯᠬᠠᠭᠠᠨ ᠴᠡᠭᠡᠷᠯᠡᠭᠦᠯᠬᠦ᠌ ᠪᠤᠯᠤᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠡ ᠡᠷᠡᠭᠦᠦ ᠵᠢᠨ ᠭᠡᠷᠡᠭ᠎ᠤᠨ ᠬᠠᠤᠯᠢ ᠪᠠᠷᠢᠬᠤ ᠵᠢ ᠵᠣᠯᠭᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠎ᠶᠢᠨ ᠲᠤᠮᠳᠠ 《ᠨᠠᠢᠷ ᠬᠠᠶᠠᠬᠤ》 ᠠᠰᠠᠭᠤᠳᠠᠯ᠎ᠢ ᠴᠢᠩᠭ᠎ᠠ ᠪᠠᠶ᠋ᠢᠴᠠᠭᠠᠵᠤ᠂ ᠬᠡᠮ ᠰᠤᠭᠤᠭ᠎ᠢ ᠪᠦᠬᠦᠨ᠎ᠢ ᠠᠷᠢᠯᠭᠠᠬᠤ᠎ᠶᠢ ᠪᠠᠲᠤᠯᠠᠬᠤ ᠬᠡᠷᠡᠭᠲᠡᠶ᠃ ᠤᠢ᠌ᠷ᠎ᠠ᠎ᠶᠢᠨ ᠬᠤᠭᠤᠴᠠᠭᠠᠨ ᠳ᠋ᠤ ᠡᠬᠦᠰᠦᠭᠰᠡᠨ ᠠᠶᠤᠯᠭᠦᠢ ᠦᠢᠯᠡᠳᠪᠦᠷᠢᠯᠡᠯ᠎ᠦᠨ ᠡᠨᠳᠡᠯ᠎ᠡᠴᠡ ᠰᠤᠷᠭᠠᠮᠵᠢ ᠠᠪᠴᠤ᠌᠂ ᠨᠢᠭᠡ ᠡᠴᠡ ᠨᠦᠭᠦᠭᠡ ᠵᠢ ᠵᠦᠢᠴᠢᠯᠡᠨ ᠮᠡᠳᠡᠵᠤ᠂ ᠠᠭᠤᠷᠬᠠᠢ᠂ ᠠᠶᠤᠯᠲᠠᠢ ᠬᠢᠮᠢ᠎ᠶᠢᠨ ᠪᠣᠳᠠᠰ᠂ ᠲᠡᠮᠦᠷᠯᠢᠭ ᠬᠠᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠥᠨᠳᠥᠷ ᠪᠠᠷᠢᠯᠭ᠎ᠠ᠂ 《ᠶᠢᠰᠦᠨ ᠵᠢᠵᠢᠭ ᠲᠠᠯᠠᠪᠤᠷ ᠭᠠᠵᠠᠷ》᠂ ᠵᠠᠮ ᠬᠠᠷᠢᠯᠴᠠᠭ᠎ᠠ ᠵᠡᠷᠭᠡ ᠬᠦᠷᠢᠶᠡᠨ ᠳ᠋ᠡᠬᠢ ᠠᠶᠤᠯ ᠲᠦᠭᠰᠢᠭᠦᠷᠢ ᠵᠢᠨ ᠭᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠶ᠋ᠢᠯᠡᠬᠦ᠌ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ ᠡᠴᠡ ᠪᠠᠰᠠ ᠣᠷᠣᠨ ᠨᠤᠲᠤᠭ᠎ᠤᠨ ᠬᠠᠤᠯᠢ᠎ᠶᠢᠨ ᠡᠷᠬᠡᠲᠡᠨ ᠪᠥᠬᠥᠢ ᠪᠠᠩᠬᠢ᠎ᠶᠢᠨ ᠥᠭᠡᠷᠡᠴᠢᠯᠡᠯᠲᠡ ᠬᠢᠵᠤ ᠠᠶᠤᠯ ᠲᠦᠭᠰᠢᠭᠦᠷᠢ ᠵᠢ ᠰᠢᠢᠳᠪᠦᠷᠢᠯᠡᠬᠦ ᠶᠠᠪᠤᠳᠠᠯ᠎ᠢ ᠰᠤᠳᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号