ᠡᠳ᠋᠎ᠦᠨ ᠵᠠᠰᠠᠭ ᠤ᠋ᠨ ᠪᠠᠲᠤᠯᠠᠭ᠎ᠠ ᠢ᠋ᠢ ᠴᠢᠨᠭᠭᠠᠳᠬᠠᠨ ᠥᠪᠥᠷ ᠮᠣᠩᠭᠣᠯ ᠤ᠋ᠨ ᠨᠡᠭᠡᠭᠡᠯᠲᠡᠲᠦ᠍ ᠬᠥᠭᠵᠢᠯᠲᠡ ᠢ᠋ᠢᠨ ᠰᠢᠨ᠎ᠡ ᠥᠨᠳᠥᠷᠯᠢᠭ ᠢ᠋ ᠪᠠᠲᠤ᠌ ᠴᠤᠭᠴᠠᠯᠠᠨ᠎ᠠ
2026-07-14 09:22:30
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠳ᠋᠎ᠦᠨ ᠵᠠᠰᠠᠭ ᠤ᠋ᠨ ᠲᠢᠩᠬᠢᠮ᠎ᠦᠨ ᠨᠠᠮ ᠤ᠋ᠨ ᠤᠳᠤᠷᠢᠳᠬᠤ ᠳᠤᠭᠤᠶ᠋ᠢᠯᠠᠩ ᠤ᠋ᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠦ᠋ ᠵᠢᠶᠠᠨ᠎ᠢ ᠰᠤᠷᠪᠤᠯᠵᠢᠯᠠᠭᠰᠠᠨ᠎ᠨᠢ

 

ᠮᠠᠨᠵᠤᠤᠷ᠂ ᠡᠷᠢᠶᠡᠨ ᠬᠣᠲᠠ ᠢ᠋ᠢᠨ ᠤᠶᠤᠨᠴᠢ ᠬᠢᠯᠢ ᠢ᠋ᠢᠨ ᠪᠣᠭᠣᠮᠲᠠ ᠢ᠋ᠢᠨ ᠪᠦᠲᠦᠭᠡᠨ ᠪᠠᠶ᠋ᠢᠭᠤᠯᠤᠯᠲᠠ ᠢ᠋ᠢ ᠭᠦᠨᠵᠡᠭᠡᠶ ᠠᠬᠢᠭᠤᠯᠵᠤ᠂  ᠪᠣᠭᠣᠮᠲᠠ ᠢ᠋ᠢᠨ ᠰᠠᠭᠤᠷᠢ ᠲᠦᠬᠦᠬᠡᠷᠤᠮᠵᠢ ᠪᠠ ᠰᠢᠯᠭᠠᠨ ᠪᠠᠢᠴᠠᠭᠠᠬᠤ ᠢᠵᠢ ᠪᠦᠷᠢᠳᠦᠭᠦᠯᠬᠦ᠌ ᠲᠦᠬᠦᠬᠡᠷᠤᠮᠵᠢ ᠢ᠋ᠢᠨ ᠪᠦᠲᠦᠭᠡᠨ ᠪᠠᠶ᠋ᠢᠭᠤᠯᠤᠯᠲᠠ᠂ ᠠᠵᠢᠯᠯᠠᠭᠠᠨ ᠤ᠋ ᠬᠠᠮᠠᠭᠠᠯᠠᠯᠳᠡ᠂ ᠳᠡᠰ ᠳᠡᠪᠰᠢᠭᠦᠯᠬᠦ ᠦᠬᠡᠷᠡᠴᠢᠯᠡᠯᠳᠡ ᠢ᠋ᠢ ᠳᠡᠮᠵᠢᠨ᠎ᠡ᠃

— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠶᠡᠷᠦᠩᠬᠡᠢ ᠲᠥᠰᠦᠯ》 ᠡᠴᠡ



2026 ᠣᠨ ᠤ᠋ 4 ᠰᠠᠷ᠎ᠠ ᠢ᠋ᠢᠨ 9  ᠤ᠋ ᠡᠳᠦᠷ᠂  ᠲᠥᠷᠥ ᠢ᠋ᠢᠨ ᠶᠠᠪᠤᠳᠠᠯ ᠤ᠋ᠨ ᠬᠤᠷᠢᠶ᠎ᠡ ᠢ᠋ᠢᠨ ᠳᠠᠷᠤᠮᠠᠯᠯᠠᠵᠤ ᠲᠠᠷᠬᠠᠭᠠᠭᠰᠠᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠶᠡᠷᠦᠩᠬᠡᠶ ᠲᠥᠰᠦᠯ》 (ᠳᠣᠷᠣᠭᠰᠢ 《ᠶᠡᠷᠦᠩᠬᠡᠶ ᠲᠥᠰᠦᠯ》 ᠭᠡᠵᠦ᠍ ᠲᠣᠪᠴᠢᠯᠠᠨ᠎ᠠ) ᠢ᠋ ᠨᠡᠶ᠋ᠢᠲᠡᠯᠡᠪᠡ᠃ ᠡᠳ᠋ ᠤ᠋ᠨ ᠵᠠᠰᠠᠭ ᠤ᠋ᠨ ᠰᠢᠰᠲ᠋ᠸᠮ ᠤ᠋ᠨ ᠬᠢᠨ ᠦᠪᠤᠷ ᠮᠤᠨᠭᠭᠤᠯ ᠤ᠋ᠨ ᠴᠢᠯᠦᠬᠡᠳᠤ ᠠᠷᠠᠯᠵᠢᠶᠡᠨ ᠤ᠋ ᠪᠦᠳᠦᠬᠡᠨ ᠪᠠᠢᠭᠤᠯᠤᠯᠳᠡ ᠳ᠋ᠤ᠌ ᠬᠡᠷᠬᠢᠨ ᠤᠢᠯᠡᠴᠢᠯᠡᠵᠤ᠂ ᠦᠨᠳᠤᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠢ᠋ᠢ ᠤᠯᠠᠮ ᠨᠢᠬᠡ ᠠᠯᠬᠤᠮ ᠠᠬᠢᠭᠤᠯᠬᠤ ᠲᠤᠬᠠᠢ ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠳ᠋᠎ᠦᠨ ᠵᠠᠰᠠᠭ ᠤ᠋ᠨ ᠲᠢᠩᠬᠢᠮ᠎ᠦᠨ ᠨᠠᠮ ᠤ᠋ᠨ ᠤᠳᠤᠷᠢᠳᠬᠤ ᠳᠤᠭᠤᠶ᠋ᠢᠯᠠᠩ ᠤ᠋ᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠦ᠋ ᠵᠢᠶᠠᠨ᠎ᠢ ᠰᠤᠷᠪᠤᠯᠵᠢᠯᠠᠪᠠ᠃

ᠦ᠋ ᠵᠢᠶᠠᠨ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠳᠡ ᠪᠣᠯ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠪᠠᠶ᠋ᠢᠯᠳᠤᠬᠤ ᠪᠣᠳᠣᠯᠭ᠎ᠠ ᠳ᠋ᠤ᠌ ᠤᠢᠯᠡᠴᠢᠯᠡᠬᠦ᠂ ᠬᠢᠯᠢ ᠳᠠᠭᠠᠤ ᠨᠡᠭᠡᠭᠡᠯᠲᠡ ᠬᠢᠬᠦ᠌ ᠪᠠᠶ᠋ᠢᠷᠢᠰᠢᠯ᠎ᠢ ᠲᠡᠭᠦᠯᠳᠡᠷᠵᠢᠭᠦᠯᠬᠦ᠌ ᠴᠢᠬᠤᠯᠠ ᠶᠡᠬᠡ ᠤᠯᠤᠰ ᠲᠥᠷᠥ ᠢ᠋ᠢᠨ ᠡᠭᠦᠷᠭᠡ ᠪᠣᠯᠤᠨ᠎ᠠ᠃ ᠡᠳ᠋᠎ᠦᠨ ᠵᠠᠰᠠᠭ᠎ᠨᠢ ᠤᠯᠤᠰ ᠤ᠋ᠨ ᠵᠠᠰᠠᠯᠲᠠ ᠢ᠋ᠢᠨ ᠰᠠᠭᠤᠷᠢ ᠪᠠ ᠴᠢᠬᠤᠯᠠ ᠲᠤᠯᠭᠠᠭᠤᠷᠢ ᠪᠣᠯᠤᠭᠰᠠᠨ ᠤ᠋ ᠬᠤᠪᠢ ᠳ᠋ᠤ᠌᠂ ᠢᠮᠠᠭᠲᠠ 《ᠤᠯᠤᠰ ᠤ᠋ᠨ ᠶᠡᠬᠡ ᠶᠠᠪᠤᠳᠡᠯ》᠎ᠢ᠋ ᠬᠡᠬᠦᠳᠡᠭ ᠴᠡᠭᠡᠵᠢᠨ᠎ᠳᠡᠭᠡᠨ ᠪᠠᠭᠲᠠᠭᠠᠵᠤ᠂ 《ᠶᠡᠷᠦᠩᠬᠡᠶ ᠲᠥᠰᠦᠯ》 ᠤ᠋ᠨ ᠱᠠᠭᠠᠷᠳᠠᠯᠭ᠎ᠠ ᠢ᠋ᠢ ᠴᠢᠩᠭ᠎ᠠ ᠡᠵᠡᠮᠳᠡᠨ᠂ ᠰᠢᠰᠲ᠋ᠧᠮ ᠲᠠᠢ ᠲᠥᠯᠥᠪᠵᠢᠭᠦᠯᠵᠦ᠍᠂ ᠣᠨᠣᠴᠠᠳᠠᠢ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠥᠷᠥ ᠢ᠋ᠢᠨ ᠪᠣᠳᠣᠯᠭ᠎ᠠ᠎ᠪᠡᠷ ᠬᠦᠴᠦᠨ ᠣᠯᠭᠣᠬᠤ᠂ ᠪᠠᠯᠠ ᠮᠥᠩᠭᠥ ᠢ᠋ᠢᠨ ᠪᠠᠲᠤᠯᠠᠭ᠎ᠠ ᠬᠠᠩᠭᠠᠬᠤ᠂ ᠮᠥᠩᠭᠥᠨ ᠬᠦᠢᠯᠬᠡᠬᠡᠨ ᠢ᠋ᠢᠡᠷ ᠬᠠᠮᠵᠢᠯᠴᠠᠬᠤ᠌᠂ ᠠᠮᠵᠢᠯᠲᠠ ᠪᠦᠲᠦᠮᠵᠢ ᠢ᠋ᠢᠨ ᠬᠠᠮᠢᠶᠠᠷᠤᠯᠲᠠ ᠬᠢᠬᠦ᠌ 《ᠳᠥᠷᠪᠡ ᠢ᠋ᠢ ᠨᠢᠭᠡ ᠴᠣᠭᠴᠠᠵᠢᠭᠤᠯᠤᠭᠰᠠᠨ》 ᠡᠳ᠋᠎ᠦᠨ ᠵᠠᠰᠠᠭ ᠤ᠋ᠨ ᠪᠠᠲᠤᠯᠠᠭ᠎ᠠ ᠢ᠋ᠢᠨ ᠰᠢᠰᠲ᠋ᠧᠮ᠎ᠢ᠋ ᠪᠠᠶ᠋ᠢᠭᠤᠯᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠴᠢᠨᠠᠷ ᠰᠠᠶ᠋ᠢᠲᠠᠶ ᠬᠥᠭᠵᠢᠯᠲᠡ᠎ᠳᠦ ᠪᠠᠲᠤ᠌ ᠪᠠᠬᠢ ᠨᠠᠶ᠋ᠢᠳᠠᠪᠤᠷᠢᠲᠠᠶ ᠡᠳ᠋᠎ᠦᠨ ᠵᠠᠰᠠᠭ ᠤ᠋ᠨ ᠲᠤᠯᠭᠠᠭᠤᠷᠢᠯᠠᠯ᠎ᠬᠠᠨᠭᠭᠠᠵᠤ ᠪᠠᠢᠨ᠎ᠡ᠃

ᠲᠥᠷᠥ ᠢ᠋ᠢᠨ ᠪᠣᠳᠣᠯᠭ᠎ᠠ ᠪᠡᠷ ᠬᠦᠴᠦᠨ ᠤᠯᠭᠤᠬᠤ ᠪᠡᠷ ᠤᠳᠤᠷᠢᠳᠤᠮᠵᠢ ᠪᠣᠯᠭᠠᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠡᠳ᠋᠎ᠦᠨ ᠵᠠᠰᠠᠭ ᠤ᠋ᠨ ᠪᠠᠲᠤᠯᠠᠭ᠎ᠠ ᠢ᠋ᠢᠨ ᠲᠤᠯᠭᠠᠭᠤᠷᠢᠯᠠᠯ᠎ᠢ ᠪᠡᠬᠢᠵᠢᠬᠦᠯᠪᠠ᠃ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠵᠢᠩᠬᠢᠨᠢ᠎ᠪᠡᠷ ᠵᠥᠪᠰᠢᠶᠡᠷᠡᠭᠳᠡᠭᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠡᠳ᠋᠎ᠦᠨ ᠵᠠᠰᠠᠭ ᠤ᠋ᠨ ᠲᠢᠩᠬᠢᠮ ᠎ᠤ᠋ᠨ ᠬᠢᠨ ᠡᠩ ᠲᠡᠷᠢᠭᠦᠨ᠎ᠳᠦ ᠶᠡᠷᠦᠩᠬᠡᠶ ᠲᠥᠰᠦᠯ ᠵᠢᠡᠷ ᠪᠠᠷᠢᠮᠵᠢᠶᠠᠯᠠᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠪᠠᠶ᠋ᠢᠯᠳᠤᠬᠤ ᠪᠣᠳᠣᠯᠭ᠎ᠠ ᠢ᠋ᠢᠨ ᠪᠠᠶ᠋ᠢᠷᠢᠯᠠᠭᠤᠯᠤᠯᠲᠠ ᠢ᠋ᠢᠨ ᠲᠤᠭᠤᠷᠢᠨ ᠳ᠋ᠤ᠌ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠬᠡᠰᠡᠭ ᠲᠤᠭᠤᠷᠢᠭ ᠤ᠋ᠨ ᠪᠠᠶ᠋ᠢᠯᠳᠤᠬᠤ ᠪᠣᠳᠣᠯᠭ᠎ᠠ ᠢ᠋ᠢᠨ ᠪᠠᠶ᠋ᠢᠷᠢ ᠲᠣᠭᠲᠠᠭᠠᠯᠲᠠ᠂ ᠴᠢᠳᠠᠮᠵᠢ ᠢ᠋ᠢᠨ ᠬᠤᠪᠢᠶᠠᠷᠢᠯᠠᠯ᠂ ᠭᠤᠤᠯ ᠡᠭᠦᠷᠭᠡ ᠵᠡᠷᠭᠡ ᠳ᠋ᠤ᠌ ᠠᠩᠬᠠᠷᠤᠯ᠎ᠢᠶᠠᠨ ᠲᠥᠪᠯᠡᠷᠡᠭᠦᠯᠵᠤ᠂ ᠭᠤᠷᠪᠠᠨ ᠶᠡᠬᠡ ᠬᠡᠰᠡᠭ ᠵᠢᠴᠢ ᠪᠣᠭᠣᠮᠲᠠ ᠳ᠋ᠤ᠌ ᠬᠠᠨᠳᠤᠭᠤᠯᠤᠭᠰᠠᠨ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠥᠷᠥ ᠢ᠋ᠢᠨ ᠪᠣᠳᠣᠯᠭ᠎ᠠ ᠢ᠋ᠢᠨ ᠬᠡᠷᠡᠭᠴᠡᠭᠡ ᠱᠠᠭᠠᠷᠳᠠᠯᠭ᠎ᠠ ᠢ᠋ᠢᠨ ᠪᠠᠶ᠋ᠢᠴᠠᠭᠠᠨ ᠰᠤᠳᠤᠯᠤᠯᠲᠠ ᠥᠷᠨᠢᠭᠦᠯᠵᠤ᠂ ᠵᠤᠷᠪᠤᠰ ᠳᠠᠷᠠᠭᠠᠯᠠᠨ ᠲᠥᠷᠥ ᠢ᠋ᠢᠨ ᠪᠣᠳᠣᠯᠭ᠎ᠠ ᠪᠤᠯᠤᠨ ᠪᠠᠯᠠ ᠮᠥᠩᠭᠥᠨ᠎ᠦ ᠬᠡᠷᠡᠭᠴᠡᠭᠡ ᠱᠠᠭᠠᠷᠳᠠᠯᠭ᠎ᠠ ᠵᠢᠨ 85 ᠵᠦᠢᠯ ᠢ᠋ ᠡᠮᠬᠢᠯᠡᠬᠦ᠌ ᠢ᠋ᠢᠨ ᠬᠠᠮᠲᠤ᠌ ᠰᠢᠰᠲ᠋ᠧᠮ ᠲᠠᠢ ᠴᠤᠭᠯᠠᠭᠤᠯᠵᠤ᠂ ᠡᠳ᠋᠎ᠦᠨ ᠵᠠᠰᠠᠭ ᠤ᠋ᠨ ᠳᠡᠮᠵᠢᠯᠭᠡ ᠢ᠋ᠢᠨ ᠭᠣᠣᠯᠳᠠᠯᠭ᠎ᠠ᠎ᠲᠠᠶ ᠴᠢᠭᠯᠡᠯ ᠪᠠ ᠪᠠᠲᠤᠯᠠᠭ᠎ᠠ ᠢ᠋ᠢᠨ ᠰᠡᠳᠬᠢᠴᠡ ᠢ᠋ᠢ ᠠᠩᠬ᠎ᠠ ᠠᠯᠬᠤᠮ ᠪᠦᠷᠢᠯᠳᠦᠭᠦᠯᠪᠡ᠂ ᠡᠭᠦᠨ᠎ᠦ ᠬᠠᠮᠲᠤ᠌ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠢ᠋ᠢ ᠪᠠᠷᠢᠮᠲᠠᠯᠠᠨ᠂ ᠭᠤᠷᠪᠠᠨ ᠶᠡᠬᠡ ᠬᠡᠰᠡᠭ ᠎ᠵᠢᠡᠷ ᠭᠦᠨᠵᠡᠭᠡᠶ᠋ᠢᠷᠡᠨ ᠲᠤᠬᠠᠶ ᠢ᠋ᠢᠨ ᠭᠠᠵᠠᠷ᠎ᠲᠤᠨᠢ ᠪᠠᠶ᠋ᠢᠴᠠᠭᠠᠨ ᠰᠤᠳᠤᠯᠤᠯᠲᠠ ᠬᠢᠵᠤ᠂ ᠡᠳ᠋᠎ᠦᠨ ᠵᠠᠰᠠᠭ ᠤ᠋ᠨ ᠳᠡᠮᠵᠢᠯᠭᠡ ᠢ᠋ᠢᠨ ᠠᠷᠭ᠎ᠠ ᠬᠡᠮᠵᠢᠶ᠎ᠡ ᠢ᠋ᠢ ᠤᠯᠠᠮ ᠨᠢᠭᠡ ᠠᠯᠬᠤᠮ ᠪᠠᠲᠤᠳᠬᠠᠨ᠂ ᠨᠠᠷᠢᠯᠢᠭ ᠣᠨᠣᠪᠴᠢᠲᠠᠶ ᠪᠥᠭᠡᠳ ᠬᠦᠴᠦᠲᠡᠶ ᠡᠳ᠋᠎ᠦᠨ ᠵᠠᠰᠠᠭ ᠤ᠋ᠨ ᠲᠥᠷᠥ ᠢ᠋ᠢᠨ ᠪᠣᠳᠣᠯᠭ᠎ᠠ ᠪᠡᠷ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠪᠡ᠃

ᠪᠡᠯᠡ ᠮᠥᠩᠭᠥ ᠢ᠋ᠢᠨ ᠪᠠᠲᠤᠯᠠᠭ᠎ᠠ ᠪᠡᠷ ᠰᠠᠭᠤᠷᠢ ᠪᠣᠯᠭᠠᠵᠤ᠂ ᠬᠢᠯᠢ ᠢ᠋ᠢᠨ ᠪᠣᠭᠣᠮᠲᠠ ᠢ᠋ᠢᠨ ᠨᠡᠭᠡᠭᠡᠨ ᠬᠥᠭᠵᠢᠭᠦᠯᠵᠦ᠍ ᠨᠡᠭᠡᠭᠡᠯᠲᠡ ᠬᠢᠬᠦ᠌ ᠴᠢᠳᠠᠪᠤᠷᠢ ᠢ᠋ᠢ ᠲᠡᠭᠡᠭᠰᠢᠯᠡᠬᠦᠯᠪᠠ᠃ ᠮᠠᠨᠵᠤᠤᠷ᠂ ᠡᠷᠢᠶᠡᠨ ᠬᠣᠲᠠ ᠢ᠋ᠢᠨ ᠤᠶᠤᠨᠴᠢ ᠬᠢᠯᠢ ᠢ᠋ᠢᠨ ᠪᠣᠭᠣᠮᠲᠠ ᠢ᠋ᠢᠨ ᠪᠥᠲᠥᠭᠡᠨ ᠪᠠᠶ᠋ᠢᠭᠤᠯᠤᠯᠲᠠ ᠢ᠋ᠢ ᠠᠬᠢᠭᠤᠯᠬᠤ ᠪᠣᠯ ᠶᠡᠷᠦᠩᠬᠡᠶ ᠲᠥᠰᠦᠯ᠎ᠡᠴᠡ ᠡᠳ᠋᠎ᠦᠨ ᠵᠠᠰᠠᠭ ᠤ᠋ᠨ ᠰᠠᠯᠠᠭ᠎ᠠ ᠮᠥᠴᠢᠷ ᠲᠦ᠍ ᠣᠯᠭᠣᠭᠰᠠᠨ ᠲᠦᠷᠦᠭᠦᠯᠡᠨ ᠬᠢᠬᠦ᠌ ᠥᠭᠡᠷᠡᠴᠢᠯᠡᠯᠲᠡ ᠢ᠋ᠢᠨ ᠡᠭᠦᠷᠭᠡ ᠪᠣᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ᠋ ᠡᠳ᠋᠎ᠦᠨ ᠵᠠᠰᠠᠭ ᠤ᠋ᠨ ᠲᠥᠰᠦᠪ᠎ᠦᠨ ᠲᠣᠬᠢᠷᠠᠭᠤᠯᠤᠯᠲᠠ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ᠎ᠡᠴᠡ 15.2% ᠢ᠋ᠢᠡᠷ ᠨᠡᠮᠡᠭᠳᠡᠵᠦ᠍᠂ ᠡᠬᠢ ᠪᠠᠶᠠᠯᠢᠭ ᠤ᠋ᠨ ᠬᠦᠴᠦᠨ ᠢ᠋ ᠬᠢᠯᠢ ᠢ᠋ᠢᠨ ᠪᠣᠭᠣᠮᠲᠠ ᠢ᠋ᠢᠨ ᠭᠤᠤᠯᠳᠠᠯᠭ᠎ᠠ᠎ᠲᠠᠶ ᠲᠥᠷᠥᠯ ᠵᠦᠢᠯ ᠲᠡᠢᠰᠢ ᠬᠡᠯᠪᠡᠶ᠋ᠢᠯᠭᠡᠬᠦ᠌ ᠢ᠋ᠢ ᠠᠬᠢᠭᠤᠯᠤᠨ ᠂ ᠬᠢᠯᠢ ᠢ᠋ᠢᠨ ᠪᠣᠭᠣᠮᠲᠠ ᠢ᠋ᠢᠨ ᠦᠨᠳᠦᠰᠦᠨ ᠪᠥᠲᠥᠭᠡᠨ ᠪᠠᠶ᠋ᠢᠭᠤᠯᠤᠯᠲᠠ᠂ ᠣᠶᠤᠨᠴᠢ ᠪᠡᠷ ᠦᠨᠭᠬᠡᠷᠡᠬᠦ᠂ ᠲᠤᠨᠤᠭ ᠲᠦᠬᠦᠬᠡᠷᠤᠮᠵᠢ ᠢ᠋ᠢ ᠰᠢᠯᠭᠠᠨ ᠪᠠᠢᠴᠠᠭᠠᠬᠤ᠂ ᠡᠳ᠋ ᠪᠠᠷᠠᠭᠠᠨ ᠤ᠋ ᠲᠡᠭᠡᠭᠡᠪᠦᠷᠢ ᠢ᠋ᠢᠨ ᠲᠠᠯᠠᠪᠠᠶ ᠥᠷᠲᠡᠭᠡ᠂ ᠣᠶᠤᠨᠴᠢ ᠪᠡᠷ ᠬᠢᠨᠠᠨ ᠬᠠᠮᠢᠶᠠᠷᠬᠤ ᠲᠥᠬᠥᠭᠡᠷᠦᠮᠵᠢ ᠢ᠋ᠢ ᠲᠠᠰ ᠳᠡᠪᠰᠢᠭᠦᠯᠦᠨ ᠥᠭᠡᠷᠡᠴᠢᠯᠡᠬᠦ᠌ ᠵᠡᠷᠭᠡ ᠢ᠋ᠢ ᠳᠡᠮᠵᠢᠵᠦ᠍᠂ ᠪᠣᠭᠣᠮᠲᠠ ᠪᠡᠷ ᠦᠨᠭᠬᠡᠷᠡᠬᠦ ᠴᠠᠭ᠎ᠢ ᠶᠡᠬᠡ᠎ᠪᠡᠷ ᠪᠠᠭᠠᠰᠬᠠᠨ᠂ ᠠᠵᠤ ᠠᠬᠤᠶ᠋ᠢᠯᠠᠯ ᠤ᠋ᠨ ᠪᠣᠭᠣᠮᠲᠠ ᠪᠡᠷ ᠦᠨᠭᠬᠡᠷᠡᠬᠦ ᠥᠪᠡᠷ᠎ᠦᠨ ᠥᠷᠲᠡᠭ᠎ᠢ ᠪᠠᠭᠤᠷᠠᠭᠤᠯᠵᠤ᠂ ᠪᠣᠭᠣᠮᠲᠠ ᠪᠡᠷ ᠥᠩᠭᠡᠷᠡᠬᠦ᠌ ᠦᠷ᠎ᠡ ᠪᠦᠲᠦᠮᠵᠢ ᠪᠠ ᠶᠡᠷᠦᠩᠬᠡᠶ᠋ᠢᠯᠡᠭᠰᠡᠨ ᠤᠢᠯᠡᠴᠢᠯᠡᠬᠡᠨ᠎ᠦ ᠴᠢᠳᠠᠪᠤᠷᠢ ᠢ᠋ᠢ ᠲᠡᠭᠡᠭᠰᠢᠯᠡᠬᠦᠯᠵᠤ ᠪᠠᠢᠨ᠎ᠠ᠃ 《ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠬᠢᠯᠢ ᠢ᠋ᠢᠨ ᠪᠣᠭᠣᠮᠲᠠ ᠢ᠋ᠢᠨ ᠠᠵᠢᠯ ᠤ᠋ᠨ ᠡᠷᠴᠢᠮᠯᠢᠭ ᠦᠷ᠎ᠡ ᠪᠦᠲᠦᠮᠵᠢᠲᠡᠶ ᠬᠥᠭᠵᠢᠬᠦ᠌ ᠢ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ ᠤ᠋ ᠲᠥᠰᠦᠯ (2026 —2028 ᠣᠨ)》 ᠤ᠋ᠨ ᠱᠠᠭᠠᠷᠳᠠᠯᠭ᠎ᠠ ᠶᠣᠰᠣᠭᠠᠷ᠂ ᠬᠢᠯᠢ ᠢ᠋ᠢᠨ ᠪᠣᠭᠣᠮᠲᠠ ᠢ᠋ᠢᠨ ᠬᠥᠭᠵᠢᠯᠲᠡ ᠢ᠋ᠢᠨ ᠲᠤᠰᠬᠠᠶ ᠪᠠᠯᠠ ᠮᠥᠩᠭᠥ ᠢ᠋ᠢ ᠪᠦᠬᠦᠨ᠎ᠢ ᠮᠠᠨᠵᠤᠤᠷ ᠬᠢᠯᠢ ᠢ᠋ᠢᠨ ᠪᠣᠭᠣᠮᠲᠠ᠂ ᠡᠷᠢᠶᠡᠨ ᠬᠢᠯᠢ ᠢ᠋ᠢᠨ ᠪᠣᠭᠣᠮᠲᠠ ᠵᠡᠷᠭᠡ ᠭᠤᠤᠯᠳᠠᠯᠭ᠎ᠠ᠎ᠲᠠᠶ ᠬᠢᠯᠢ ᠢ᠋ᠢᠨ ᠪᠣᠭᠣᠮᠲᠠ ᠢ᠋ᠢᠨ ᠰᠠᠭᠤᠷᠢ ᠲᠦᠬᠦᠬᠡᠷᠤᠮᠵᠢ ᠪᠤᠯᠤᠨ ᠣᠶᠤᠨᠴᠢᠯᠠᠭᠰᠠᠨ ᠲᠥᠷᠥᠯ ᠵᠦᠢᠯ ᠤ᠋ᠨ ᠪᠥᠲᠥᠭᠡᠨ ᠪᠠᠶ᠋ᠢᠭᠤᠯᠤᠯᠲᠠ ᠢ᠋ᠢ ᠳᠡᠮᠵᠢᠬᠦ᠌᠎ᠳᠦ ᠬᠡᠷᠡᠭᠯᠡᠵᠦ᠍᠂ ᠪᠣᠭᠣᠮᠲᠠ ᠢ᠋ᠢᠨ ᠡᠷᠴᠢᠮᠯᠢᠭ ᠦᠷ᠎ᠡ ᠪᠦᠲᠦᠮᠵᠢᠲᠡᠶ ᠬᠥᠭᠵᠢᠯᠲᠡ ᠢ᠋ᠢ ᠪᠡᠶᠡᠯᠡᠬᠦᠯᠬᠦ ᠪᠤᠯᠤᠨ᠎ᠡ᠃

ᠮᠥᠩᠭᠥᠨ ᠭᠦᠢᠯᠭᠡᠭᠡᠨ᠎ᠦ ᠬᠠᠮᠵᠢᠯᠴᠠᠭ᠎ᠠ ᠪᠡᠷ ᠭᠠᠷᠳᠠᠴᠠ ᠪᠣᠯᠭᠠᠵᠤ᠂ ᠠᠵᠤ ᠦᠢᠯᠡᠰ᠎ᠦᠨ ᠰᠢᠨ᠎ᠡ ᠢ᠋ᠢ ᠡᠭᠦᠳᠬᠦ᠌ ᠬᠥᠭᠵᠢᠯᠲᠡ ᠢ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠦᠭᠵᠢᠬᠡᠪᠡ᠃ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠮᠡᠳᠡᠭᠡ ᠵᠠᠩᠭᠢ ᠢ᠋ᠢᠨ ᠰᠣᠯᠢᠯᠴᠠᠭ᠎ᠠ᠂ ᠵᠠᠮ ᠬᠠᠷᠢᠯᠴᠠᠭ᠎ᠠ ᠡᠳ᠋ ᠪᠠᠷᠠᠭᠠᠨ ᠤ᠋ ᠬᠦᠢᠯᠬᠡᠬᠡ᠂ ᠴᠢᠬᠤᠯᠠ ᠡᠯᠧᠮᠧᠨ᠋ᠲ᠎ᠦᠨ ᠲᠣᠬᠢᠷᠠᠭᠤᠯᠤᠯᠲᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠬᠦᠳᠤᠯᠳᠠ᠂ ᠠᠵᠤ ᠤᠢᠯᠡᠰ᠎ᠦᠨ ᠬᠠᠮᠲᠤᠷᠠᠯᠴᠠᠭ᠎ᠠ᠎ᠵᠢᠨ 《ᠲᠠᠪᠤᠨ ᠶᠡᠬᠡ ᠲᠥᠪ》 ᠤ᠋ᠨ ᠪᠠᠶ᠋ᠢᠷᠢ ᠲᠣᠭᠲᠠᠭᠠᠯᠲᠠ᠎ᠲᠠᠶ ᠨᠢᠭᠲᠠ ᠤᠶᠠᠯᠳᠤᠭᠤᠯᠤᠨ᠂ ᠲᠤᠰᠬᠠᠶ ᠪᠠᠯᠠ ᠮᠥᠩᠭᠥ᠌ ᠬᠢᠭᠡᠳ ᠠᠵᠤ ᠤᠢᠯᠡᠰ᠎ᠦᠨ ᠰᠠᠭᠤᠷᠢ ᠮᠥᠩᠭᠥ ᠢ᠋ᠢ ᠨᠢᠭᠡᠳᠦᠯᠲᠡᠶ ᠲᠦᠯᠦᠪᠵᠢᠬᠦᠯᠵᠤ᠂ ᠨᠥᠬᠥᠪᠥᠷᠢ ᠤᠯᠭᠤᠬᠤ᠂ ᠳᠠᠮ ᠬᠦᠦ ᠮᠥᠩᠭᠥ᠌ ᠥᠭᠬᠦ᠌᠂ ᠱᠠᠩᠨᠠᠯ᠎ᠢᠶᠠᠷ ᠨᠥᠬᠥᠪᠥᠷᠢ ᠢ᠋ᠢ ᠣᠷᠣᠯᠠᠭᠤᠯᠬᠤ᠂ ᠲᠦᠭᠰᠢᠭᠦᠷᠢ ᠢ᠋ᠢᠨ ᠲᠥᠯᠥᠪᠦᠷᠢ ᠥᠭᠬᠦ᠌᠂ ᠪᠠᠯᠠ ᠬᠤᠷᠠᠮᠳᠤᠭᠤᠯᠭ᠎ᠠ ᠢ᠋ᠢᠨ ᠪᠠᠳᠤᠯᠠᠨ ᠳᠠᠭᠠᠭᠠᠯᠲᠠ ᠬᠢᠬᠦ᠌ ᠵᠡᠷᠭᠡ ᠣᠯᠠᠨ ᠡᠰᠢᠲᠦ᠍ ᠮᠥᠩᠭᠥᠨ ᠬᠦᠢᠯᠬᠡᠬᠡᠨ᠎ᠦ ᠪᠠᠭᠠᠵᠢ ᠢ᠋ᠢ ᠰᠠᠶ᠋ᠢᠲᠤᠷ ᠬᠡᠷᠡᠭᠯᠡᠵᠦ᠍᠂ ᠬᠢᠯᠢ ᠠᠯᠤᠰᠯᠠᠭᠰᠠᠨ ᠲᠣᠭ᠎ᠠ ᠪᠠᠷᠢᠮᠲᠠ᠂ ᠣᠯᠠᠨ ᠤᠯᠤᠰ ᠤ᠋ᠨ ᠡᠳ᠋ ᠪᠠᠷᠠᠭᠠᠨ ᠤ᠋ ᠬᠦᠢᠯᠬᠡᠬᠡ᠂ ᠪᠥᠭᠡᠮ ᠵᠢᠡᠷ ᠪᠤᠷᠤᠯᠠᠭᠤᠯᠬᠤ ᠲᠠᠸᠠᠷ ᠤ᠋ᠨ ᠠᠷᠠᠯᠵᠢᠶ᠎ᠠ᠂ ᠭᠠᠳᠠᠭᠠᠳᠤ ᠬᠠᠨᠳᠤᠯᠭᠠᠳᠤ ᠠᠵᠤ ᠤᠢᠯᠡᠰ ᠵᠡᠷᠭᠡ ᠭᠤᠤᠯᠳᠠᠯᠭ᠎ᠠ᠎ᠲᠠᠶ ᠬᠦᠷᠢᠶ᠎ᠡ ᠢ᠋ᠢ ᠳᠡᠮᠵᠢᠵᠦ᠍᠂ ᠴᠢᠬᠤᠯᠠ ᠡᠯᠧᠮᠧᠨ᠋ᠲ᠎ᠦᠨ ᠬᠦᠢᠯᠬᠡᠬᠡ᠂ ᠠᠵᠤ ᠤᠢᠯᠡᠰ ᠤ᠋ᠨ ᠲᠥᠪᠯᠡᠷᠡᠯ᠎ᠵᠡᠷᠭᠡ᠎ᠵᠢ ᠠᠬᠢᠭᠤᠯᠪᠡ᠃ ᠡᠳ᠋᠎ᠦᠨ ᠵᠠᠰᠠᠭ ᠮᠥᠩᠭᠥᠨ ᠬᠦᠢᠯᠬᠡᠬᠡᠨ᠎ᠦ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠲᠣᠭᠲᠠᠴᠠ ᠢ᠋ᠢ ᠭᠦᠨᠵᠡᠭᠡᠶ᠋ᠢᠷᠡᠭᠦᠯᠵᠦ᠍᠂ ᠡᠳ᠋᠎ᠦᠨ ᠵᠠᠰᠠᠭ ᠤ᠋ᠨ ᠲᠦᠭᠰᠢᠭᠦᠷᠢ ᠢ᠋ᠢᠨ ᠨᠥᠬᠥᠪᠥᠷᠢ᠂ ᠪᠠᠳᠤᠯᠠᠨ ᠳᠠᠭᠠᠭᠠᠯᠲᠠ ᠬᠢᠵᠦ᠍ ᠢᠲᠡᠭᠡᠮᠵᠢ ᠨᠡᠮᠡᠭᠳᠡᠭᠦᠯᠬᠦ᠌ ᠵᠡᠷᠭᠡ᠎ᠳᠦ ᠲᠦᠰᠢᠭᠯᠡᠨ ᠨᠡᠶ᠋ᠢᠭᠡᠮ᠎ᠦᠨ ᠬᠥᠷᠥᠩᠭᠡ᠎ᠳ᠋ᠤ᠌ ᠲᠦᠰᠢᠭᠯᠡᠨ᠂ ᠵᠠᠬ᠎ᠠ ᠳᠡᠯᠭᠡᠭᠦᠷ᠎ᠦᠨ ᠭᠤᠤᠯ ᠴᠣᠭᠴᠠ ᠢ᠋ᠢᠨ ᠪᠠᠯᠠ ᠬᠤᠷᠠᠮᠳᠤᠭᠤᠯᠬᠤ ᠠᠷᠭ᠎ᠠ ᠵᠠᠮ᠎ᠢ ᠥᠷᠭᠡᠳᠬᠡᠵᠤ᠂ ᠡᠳ᠋᠎ᠦᠨ ᠵᠠᠰᠠᠭ ᠤ᠋ᠨ ᠪᠠᠯᠠ ᠮᠥᠩᠭᠥ ᠢ᠋ᠢᠨ ᠬᠥᠰᠢᠭᠦᠷᠭᠡ ᠢ᠋ᠢᠨ ᠤᠢᠯᠡᠳᠤᠯ᠎ᠢ ᠪᠠᠳᠠᠷᠠᠭᠤᠯᠵᠤ᠂ ᠣᠷᠣᠰ ᠮᠣᠩᠭᠣᠯ ᠳ᠋ᠤ᠌ ᠬᠠᠨᠳᠤᠭᠤᠯᠤᠭᠰᠠᠨ ᠥᠨᠳᠥᠷ ᠲᠦᠪᠰᠢᠨ ᠪᠥᠬᠥᠶ ᠭᠠᠳᠠᠭᠠᠳᠤ ᠨᠡᠭᠡᠭᠡᠯᠲᠡ ᠢ᠋ᠢᠨ ᠠᠵᠤ ᠤᠢᠯᠡᠰ᠎ᠦᠨ ᠲᠠᠪᠴᠠᠩ᠎ᠢ ᠪᠠᠶ᠋ᠢᠭᠤᠯᠬᠤ ᠳ᠋ᠤ᠌ ᠬᠦᠴᠦᠨ ᠨᠡᠮᠡᠷᠢᠯᠡᠪᠡ᠃ ᠡᠭᠦᠨ᠎ᠦ ᠬᠠᠮᠲᠤ᠌᠂ ᠲᠥᠪ ᠤ᠋ᠨ ᠬᠢᠯᠢ ᠬᠢᠵᠠᠭᠠᠷ ᠣᠷᠣᠨ ᠳ᠋ᠤ᠌ ᠰᠢᠯᠵᠢᠭᠦᠯᠦᠨ ᠥᠭᠬᠦ᠌ ᠪᠡᠯᠡ ᠮᠦᠨᠭᠬᠦ ᠵᠢᠴᠢ ᠡᠯ᠎ᠡ ᠲᠥᠷᠥᠯ᠎ᠦᠨ ᠲᠤᠰᠬᠠᠶ ᠪᠠᠯᠠ ᠮᠥᠩᠭᠥ ᠢ᠋ᠢ ᠴᠢᠷᠮᠠᠢᠨ ᠣᠯᠵᠤ᠂ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭᠵᠢᠭᠦᠯᠬᠦ᠌᠂ ᠬᠢᠯᠢ ᠢ᠋ᠢᠨ ᠠᠷᠠᠳ ᠤ᠋ᠨ ᠵᠠᠬ᠎ᠠ ᠢ᠋ᠢᠨ ᠠᠷᠠᠯᠵᠢᠶ᠎ᠠ ᠢ᠋ᠢᠨ ᠭᠠᠶ᠋ᠢᠯᠢ ᠢ᠋ᠢ ᠬᠡᠯᠲᠦᠷᠢᠭᠦᠯᠬᠦ᠌ ᠵᠡᠷᠭᠡ ᠭᠠᠶ᠋ᠢᠯᠢ ᠲᠠᠲᠠᠪᠤᠷᠢ ᠢ᠋ᠢᠨ ᠬᠠᠷᠠᠭᠠᠯᠵᠠᠯ ᠤ᠋ᠨ ᠲᠥᠷᠥ ᠢ᠋ᠢᠨ ᠪᠣᠳᠣᠯᠭ᠎ᠠ ᠢ᠋ᠢ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ ᠤ᠋ᠨ ᠡᠵᠡᠩᠨᠡᠯᠲᠡ ᠢ᠋ᠢᠨ ᠳᠠᠷᠤᠭᠠᠰᠤ ᠢ᠋ᠢ ᠦᠷᠭᠦᠯᠵᠢᠯᠡᠨ ᠬᠥᠩᠭᠡᠷᠡᠭᠦᠯᠦᠨ᠎ᠡ᠃

ᠠᠮᠵᠢᠯᠲᠠ ᠪᠦᠲᠦᠮᠵᠢ ᠢ᠋ᠢᠨ ᠬᠠᠮᠢᠶᠠᠷᠤᠯᠲᠠ ᠪᠡᠷ ᠪᠠᠷᠢᠮᠵᠢᠶ᠎ᠠ ᠪᠣᠯᠭᠠᠵᠤ᠂ ᠡᠳ᠋᠎ᠦᠨ ᠵᠠᠰᠠᠭ ᠤ᠋ᠨ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ ᠢ᠋ᠢ ᠲᠡᠭᠡᠭᠰᠢᠯᠡᠬᠦᠯᠪᠡ᠃ ᠪᠥᠬᠥ᠌ ᠶᠠᠪᠤᠴᠡ ᠳ᠋ᠤ᠌ ᠪᠢᠲᠡᠭᠦᠮᠵᠢᠯᠡᠭᠰᠡᠨ ᠠᠵᠢᠯ ᠤ᠋ᠨ ᠠᠮᠵᠢᠯᠲᠠ ᠪᠦᠲᠦᠮᠵᠢ ᠢ᠋ᠢᠨ ᠬᠠᠮᠢᠶᠠᠷᠤᠯᠲᠠ ᠢ᠋ᠢᠨ ᠰᠢᠰᠲ᠋ᠧᠮ᠎ᠢ᠋ ᠪᠠᠶ᠋ᠢᠭᠤᠯᠤᠨ ᠪᠦᠷᠢᠨᠰᠢᠭᠦᠯᠵᠦ᠍᠂ ᠬᠢᠯᠢ ᠢ᠋ᠢᠨ ᠪᠣᠭᠣᠮᠲᠠ ᠢ᠋ᠢᠨ ᠪᠥᠲᠥᠭᠡᠨ ᠪᠠᠶ᠋ᠢᠭᠤᠯᠤᠯᠲᠠ ᠢ᠋ᠢᠨ ᠦᠷ᠎ᠡ ᠪᠦᠲᠦᠮᠵᠢ᠂ ᠠᠵᠤ ᠤᠢᠯᠡᠰ ᠢ᠋ ᠪᠣᠶ᠋ᠢᠵᠢᠭᠤᠯᠬᠤ ᠠᠬᠢᠴᠠ᠂ ᠪᠠᠯᠠ ᠮᠥᠩᠭᠥ ᠢ᠋ᠢᠨ ᠬᠡᠷᠡᠭᠯᠡᠯᠲᠡ ᠢ᠋ᠢᠨ ᠦᠷ᠎ᠡ ᠠᠰᠢᠭ᠂ ᠰᠢᠨ᠎ᠡ ᠢ᠋ᠢ ᠡᠭᠦᠳᠦᠨ ᠨᠠᠶ᠋ᠢᠳᠠᠪᠤᠷᠢᠵᠢᠭᠤᠯᠤᠭᠰᠠᠨ ᠦᠷ᠎ᠡ ᠪᠦᠲᠦᠭᠡᠯ ᠵᠡᠷᠭᠡ ᠢ᠋ᠢ ᠲᠥᠰᠦᠪ᠎ᠦᠨ ᠠᠵᠢᠯ ᠤ᠋ᠨ ᠠᠮᠵᠢᠯᠲᠠ ᠪᠦᠲᠦᠮᠵᠢ ᠢ᠋ᠢ ᠦᠨᠡᠯᠡᠬᠦ᠌ ᠬᠦᠢᠴᠡᠳᠬᠡᠯ ᠲᠣᠭ᠎ᠠ ᠳ᠋ᠤ᠌ ᠤᠷᠤᠭᠤᠯᠪᠡ᠃ ᠬᠡᠷᠡᠭ᠎ᠦᠨ ᠡᠮᠦᠨ᠎ᠡ ᠠᠵᠢᠯ ᠤ᠋ᠨ ᠠᠮᠵᠢᠯᠲᠠ ᠪᠦᠲᠦᠮᠵᠢ ᠢ᠋ᠢ ᠦᠨᠡᠯᠡᠨ ᠵᠢᠱ᠌ᠢᠬᠦ᠌᠂ ᠬᠡᠷᠡᠭ᠎ᠦᠨ ᠳᠤᠮᠳᠠ ᠬᠥᠳᠡᠯᠦᠩᠭᠦᠶ᠎ᠪᠡᠷ ᠬᠢᠨᠠᠨ ᠡᠵᠡᠮᠳᠡᠬᠦ᠌᠂ ᠬᠡᠷᠡᠭ᠎ᠦᠨ ᠳᠠᠷᠠᠭ᠎ᠠ ᠠᠵᠢᠯ ᠤ᠋ᠨ ᠠᠮᠵᠢᠯᠲᠠ ᠪᠦᠲᠦᠮᠵᠢ ᠢ᠋ᠢ ᠦᠨᠡᠯᠡᠬᠦ᠌ ᠪᠥᠬᠥ᠌ ᠬᠡᠯᠬᠢᠶ᠎ᠡ᠎ᠪᠡᠷ ᠬᠠᠮᠢᠶᠠᠷᠤᠨ ᠡᠵᠡᠮᠳᠡᠬᠦ᠌ ᠢ᠋ᠢ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠤᠷᠤᠨ ᠤ᠋ ᠡᠯ᠎ᠡ ᠲᠥᠷᠥᠯ᠎ᠦᠨ ᠲᠡᠳᠬᠦᠨ ᠳᠡᠮᠵᠢᠬᠦ᠌ ᠪᠠᠯᠠ ᠮᠥᠩᠭᠥ᠎ᠳᠦ ᠪᠥᠬᠥ᠌ ᠶᠠᠪᠤᠴᠠ᠎ᠪᠡᠷ ᠮᠥᠷᠳᠡᠨ ᠦᠷ᠎ᠡ ᠪᠦᠲᠦᠮᠵᠢ ᠢ᠋ᠢ᠎ᠨᠢ ᠠᠰᠠᠭᠤᠬᠤ ᠢ᠋ᠢ ᠬᠡᠷᠡᠭᠵᠢᠭᠦᠯᠪᠡ᠃ ᠬᠠᠲᠠᠭᠤ ᠴᠢᠩᠭ᠎ᠠ ᠠᠮᠵᠢᠯᠲᠠ ᠪᠦᠲᠦᠮᠵᠢ ᠢ᠋ᠢᠨ ᠬᠢᠵᠠᠭᠠᠷᠯᠠᠯ᠎ᠢᠶᠠᠷ ᠳᠠᠮᠵᠢᠭᠤᠯᠤᠨ ᠪᠠᠯᠠ ᠮᠥᠩᠭᠥ ᠢ᠋ᠢᠨ ᠣᠷᠣᠭᠤᠯᠤᠯᠲᠠ ᠢ᠋ᠢᠨ ᠬᠠᠨᠳᠤᠰᠢ ᠢ᠋ᠢ ᠰᠢᠯᠢᠳᠡᠭᠵᠢᠭᠦᠯᠵᠦ᠍᠂ ᠰᠢᠯᠵᠢᠭᠦᠯᠦᠨ ᠥᠭᠬᠦ᠌ ᠲᠠᠷᠠᠭᠠᠯᠠᠯ ᠢ᠋ ᠵᠢᠷᠤᠮᠵᠢᠭᠤᠯᠤᠨ᠂ ᠲᠥᠷᠥ ᠢ᠋ᠢᠨ ᠪᠣᠳᠣᠯᠭ᠎ᠠ ᠢ᠋ᠢᠨ ᠪᠣᠳᠠᠲᠠᠶ᠋ᠢᠵᠢᠭᠤᠯᠬᠤ ᠢ᠋ᠢ ᠲᠦᠷᠭᠡᠳᠬᠡᠵᠦ᠍᠂ ᠠᠵᠤ ᠠᠬᠤᠶ᠋ᠢᠯᠠᠯ ᠳ᠋ᠤ᠌ ᠠᠰᠢᠭ ᠬᠦᠷᠲᠡᠭᠡᠬᠦ᠌ ᠪᠠᠯᠠ ᠮᠥᠩᠭᠥ ᠢ᠋ᠢ ᠰᠢᠭᠤᠳ ᠬᠦᠷᠭᠡᠬᠦ᠌ ᠲᠣᠭᠲᠠᠴᠠ ᠢ᠋ᠢ ᠬᠡᠷᠡᠭᠵᠢᠭᠦᠯᠦᠨ᠂ ᠪᠠᠯᠠ ᠮᠥᠩᠭᠥ ᠢ᠋ᠢ ᠰᠤᠯᠠ ᠪᠠᠶ᠋ᠢᠯᠭᠠᠵᠤ ᠦᠷ᠎ᠡ ᠠᠰᠢᠭ᠎ᠢᠶᠠᠷ ᠳᠤᠤᠷ᠎ᠠ ᠪᠠᠶ᠋ᠢᠯᠭᠠᠬᠤ ᠢ᠋ᠢ ᠬᠣᠷᠢᠭᠯᠠᠵᠤ᠂ ᠡᠳ᠋᠎ᠦᠨ ᠵᠠᠰᠠᠭ ᠤ᠋ᠨ ᠡᠬᠢ ᠪᠠᠶᠠᠯᠢᠭ ᠨᠢᠭᠡᠪᠦᠷᠢ ᠢ᠋ᠢ ᠥᠭᠡᠷᠡᠴᠢᠯᠡᠯᠲᠡ ᠢ᠋ᠢᠨ ᠵᠠᠩᠭᠢᠯᠠᠭ᠎ᠠ ᠢ᠋ᠢᠨ ᠭᠠᠵᠠᠷ᠎ᠲᠤ᠌ ᠣᠨᠣᠪᠴᠢᠲᠠᠶ ᠬᠡᠷᠡᠭᠯᠡᠬᠦ᠌ ᠢ᠋ᠢ ᠦᠨᠡᠨ ᠬᠦ᠌ ᠪᠠᠲᠤᠯᠠᠨ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠤᠷᠤᠨ ᠤ᠋ ᠪᠥᠲᠥᠭᠡᠨ ᠪᠠᠶ᠋ᠢᠭᠤᠯᠤᠯᠲᠠ ᠳ᠋ᠤ᠌ ᠤᠢᠯᠡᠴᠢᠯᠡᠬᠦ ᠡᠳ᠋᠎ᠦᠨ ᠵᠠᠰᠠᠭ ᠤ᠋ᠨ ᠶᠡᠷᠦᠩᠬᠡᠶ᠋ᠢᠯᠡᠭᠰᠡᠨ ᠬᠦᠴᠦᠨ ᠴᠢᠳᠠᠪᠤᠷᠢ ᠢ᠋ᠢ ᠦᠨᠡᠨ ᠬᠦ᠌ ᠲᠡᠭᠡᠭᠰᠢᠯᠡᠬᠦᠯᠵᠤ ᠪᠠᠢᠨ᠎ᠡ ᠭᠡᠪᠠ᠃

ᠢᠯᠠᠯᠲᠠ ᠢ᠋ᠢᠨ ᠡᠷᠴᠢᠨ ᠳᠡᠭᠡᠷ᠎ᠡ ᠡᠷᠡᠮᠡᠬᠡᠢᠯᠡᠨ ᠤᠷᠤᠭᠰᠢᠯᠠᠵᠤ᠂ ᠰᠢᠨ᠎ᠡ ᠠᠮᠵᠢᠯᠳᠡ ᠪᠦᠳᠦᠮᠵᠢ ᠢ᠋ᠢ ᠡᠬᠦᠳᠤᠨ᠎ᠠ᠃ 《ᠲᠠᠷᠠᠭᠠᠴᠢ ᠢ᠋ᠢᠨ ᠠᠯᠬᠤᠮ ᠳ᠋ᠤ᠌᠂ ᠪᠥᠬᠥ᠌ ᠣᠷᠣᠨ ᠤ᠋ ᠡᠳ᠋᠎ᠦᠨ ᠵᠠᠰᠠᠭ ᠤ᠋ᠨ ᠰᠢᠰᠲ᠋ᠧᠮ᠎ᠦᠨ᠎ᠬᠢᠨ ᠤᠯᠤᠰ ᠤ᠋ᠨ ᠪᠠᠶ᠋ᠢᠯᠳᠤᠬᠤ ᠪᠣᠳᠣᠯᠭ᠎ᠠ ᠳ᠋ᠤ᠌ ᠤᠢᠯᠡᠴᠢᠯᠡᠬᠦ ᠤᠯᠤᠰ ᠲᠥᠷᠥ ᠢ᠋ᠢᠨ ᠬᠠᠷᠢᠭᠤᠴᠠᠯᠭ᠎ᠠ ᠢ᠋ᠢ ᠢᠮᠠᠭᠲᠠ ᠪᠠᠲᠤ᠌ ᠡᠭᠦᠷᠭᠡᠯᠡᠵᠦ᠍᠂ ᠡᠳ᠋᠎ᠦᠨ ᠬᠦᠴᠦᠨ᠎ᠢ ᠨᠢᠭᠡᠳᠦᠯᠲᠡᠶ ᠲᠥᠯᠥᠪᠵᠢᠭᠦᠯᠬᠦ᠌ ᠲᠣᠭᠲᠠᠴᠠ ᠢ᠋ᠢ ᠦᠷᠭᠦᠯᠵᠢᠯᠡᠨ ᠰᠢᠯᠢᠳᠡᠭᠵᠢᠭᠦᠯᠵᠦ᠍᠂ ᠡᠳ᠋᠎ᠦᠨ ᠵᠠᠰᠠᠭ ᠭᠠᠶ᠋ᠢᠯᠢ ᠢ᠋ᠢᠨ ᠬᠦᠴᠦᠨ ᠣᠯᠭᠣᠬᠤ ᠠᠷᠭ᠎ᠠ ᠵᠠᠮ ᠢ᠋ ᠰᠢᠨᠡᠴᠢᠯᠠᠵᠤ᠂ ᠪᠣᠳᠠᠲᠠᠶ ᠢ᠋ᠢ ᠡᠷᠬᠢᠮᠯᠡᠭᠰᠡᠨ ᠪᠦᠲᠦᠮᠵᠢᠲᠡᠶ ᠡᠳ᠋᠎ᠦᠨ ᠵᠠᠰᠠᠭ ᠤ᠋ᠨ ᠪᠠᠲᠤᠯᠠᠭ᠎ᠠ ᠪᠡᠷ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠡᠯ᠎ᠡ ᠵᠦᠢᠯ ᠤ᠋ᠨ ᠥᠭᠡᠷᠡᠴᠢᠯᠡᠯᠲᠡ ᠢ᠋ᠢᠨ ᠡᠭᠦᠷᠭᠡ ᠢ᠋ᠢ ᠪᠣᠳᠠᠲᠠᠶ ᠳ᠋ᠤ᠌ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠢ᠋ᠢ ᠠᠬᠢᠭᠤᠯᠵᠤ᠂ ᠳᠤᠮᠳᠠᠳᠤ ᠤᠯᠤᠰ ᠤ᠋ᠨ ᠮᠠᠶᠢᠭ᠎ᠤᠨ ᠣᠳᠣᠬᠢᠴᠢᠯᠠᠯᠳᠠ᠎ᠵᠢᠨ ᠥᠪᠥᠷ ᠮᠣᠩᠭᠣᠯ ᠤ᠋ᠨ ᠰᠢᠨ᠎ᠡ ᠬᠠᠭᠤᠳᠠᠰᠤ ᠢ᠋ᠢ ᠪᠢᠴᠢᠭᠯᠡᠬᠦ᠌᠎ᠳᠦ ᠪᠠᠲᠤ᠌ ᠪᠠᠬᠢ ᠡᠳ᠋᠎ᠦᠨ ᠵᠠᠰᠠᠭ ᠤ᠋ᠨ ᠲᠤᠯᠭᠠᠭᠤᠷᠢᠯᠠᠯ ᠬᠠᠩᠭᠠᠨ᠎ᠠ》 ᠭᠡᠵᠦ᠍ ᠦ᠋ ᠵᠢᠶᠠᠨ ᠶᠠᠷᠢᠵᠤ ᠪᠠᠢᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号