ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠬᠤ ᠡᠴᠡ ᠡᠮᠦᠨ᠎ᠡ ᠥᠪᠥᠷ ᠮᠣᠩᠭᠣᠯ ᠣᠷᠣᠨ ᠤ᠋ ᠮᠠᠯᠵᠢᠬᠤ ᠣᠷᠣᠨ ᠳ᠋ᠤ ᠤᠷᠳᠤ ᠬᠤᠭᠤᠴᠠᠭᠠᠨ ᠤ᠋ ᠲᠤᠷᠰᠢ ᠬᠦᠨᠳᠦ ᠨᠣᠴᠢᠲᠠᠢ ᠹᠸᠤᠳᠠᠯ ᠤ᠋ᠨ ᠮᠥᠯᠵᠢᠯ ᠳᠠᠷᠤᠯᠠᠯ ᠣᠷᠣᠰᠢᠵᠤ᠂ ᠹᠸᠤᠳᠠᠯ ᠤ᠋ᠨ ᠪᠠᠶ᠋ᠢᠭᠤᠯᠤᠯ ᠨᠢ ᠮᠠᠯ ᠠᠵᠤ ᠠᠬᠤᠢ ᠶ᠋ᠢᠨ ᠬᠥᠭᠵᠢᠯᠲᠡ ᠵᠢ ᠬᠠᠷᠰᠢᠯᠠᠨ᠂ ᠥᠷᠭᠡᠨ ᠤᠯᠠᠨ ᠮᠠᠯᠴᠢᠳ ᠢ᠋ ᠲᠤᠶ᠋ᠢᠯ ᠤ᠋ᠨ ᠶᠠᠳᠠᠭᠤ ᠵᠦᠳᠡᠭᠦᠦ ᠤᠷᠴᠢᠨ ᠳᠤᠮᠳᠠ ᠲᠡᠯᠴᠢᠯᠡᠭᠦᠯᠵᠦ ᠪᠠᠢᠵᠠᠢ᠃ ᠮᠠᠯᠵᠢᠬᠤ ᠣᠷᠣᠨ ᠤ᠋ ᠨᠡᠶ᠋ᠢᠭᠡᠮ ᠤ᠋ᠨ ᠦᠢᠯᠡᠳᠪᠦᠷᠢᠯᠡᠯ ᠤ᠋ᠨ ᠬᠦᠴᠦᠨ ᠢ᠋ ᠴᠢᠯᠥᠭᠡᠯᠡᠨ ᠬᠥᠭᠵᠢᠭᠦᠯᠵᠦ᠍᠂ ᠥᠷᠭᠡᠨ ᠤᠯᠠᠨ ᠮᠠᠯᠴᠢᠳ ᠢ᠋ ᠴᠢᠯᠥᠭᠡᠯᠡᠶᠡ ᠭᠡᠪᠡᠯ ᠡᠷᠬᠡᠪᠰᠢ ᠦᠢᠯᠡᠳᠪᠦᠷᠢᠯᠡᠯ ᠤ᠋ᠨ ᠬᠠᠷᠢᠴᠠᠭ᠎ᠠ ᠳ᠋ᠤ ᠲᠤᠶ᠋ᠢᠯᠪᠤᠷᠢᠲᠠᠢ ᠬᠤᠪᠢᠰᠤᠯᠲᠠ ᠭᠠᠷᠭᠠᠬᠤ ᠴᠢᠬᠤᠯᠠᠳᠠᠢ ᠪᠠᠢᠪᠠ᠃
ᠲᠠᠷᠢᠶᠠᠯᠠᠬᠤ ᠣᠷᠣᠨ ᠤ᠋ ᠭᠠᠵᠠᠷ ᠲᠠᠷᠢᠶᠠᠨ ᠤ᠋ ᠥᠭᠡᠷᠡᠴᠢᠯᠡᠯᠲᠡ ᠲᠡᠶ ᠠᠳᠠᠯᠢᠳᠬᠠᠪᠠᠯ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠳ᠋ᠦ ᠨᠡᠩ ᠪᠤᠳᠤᠯᠢᠶᠠᠨᠲᠠᠢ ᠪᠠᠶ᠋ᠢᠳᠠᠯ ᠲᠤᠯᠭᠠᠷᠠᠵᠤ ᠪᠠᠢᠵᠠᠢ᠃ ᠮᠠᠯ ᠤᠨᠤᠭ᠎ᠠ ᠪᠣᠯ ᠦᠢᠯᠡᠳᠪᠦᠷᠢᠯᠡᠯ ᠤ᠋ᠨ ᠡᠬᠢ ᠪᠠᠶᠠᠯᠢᠭ ᠮᠥᠷᠲᠡᠭᠡᠨ ᠠᠮᠢᠳᠤᠷᠠᠯ ᠤ᠋ᠨ ᠦᠪ ᠬᠦᠷᠦᠡᠭᠭᠡ ᠮᠥᠨ᠂ ᠮᠠᠯ ᠤᠨᠤᠭ᠎ᠠ ᠵᠢᠨ ᠳᠣᠲᠣᠭᠠᠳᠤ ᠳ᠋ᠤ ᠪᠠᠰᠠ ᠪᠦᠲᠦᠴᠡ ᠶ᠋ᠢᠨ ᠱᠠᠭᠠᠷᠳᠠᠯᠭ᠎ᠠ ᠲᠠᠢ ᠪᠠᠶ᠋ᠢᠳᠠᠭ᠃ ᠮᠠᠯ ᠤ᠋ᠨ ᠡᠵᠡᠳ ᠤ᠋ᠨ ᠮᠠᠯᠴᠢᠳ ᠤ᠋ᠨ ᠲᠤᠬᠠᠢ ᠮᠦᠯᠵᠢᠯ ᠨᠢ ᠹᠸᠤᠳᠠᠯ ᠤ᠋ᠨ ᠴᠢᠨᠠᠷ ᠶ᠋ᠢᠡᠷ ᠴᠢᠩᠭ᠎ᠠ ᠮᠥᠷᠲᠡᠭᠡᠨ ᠬᠥᠷᠥᠩᠭᠡᠲᠦ᠍ ᠶᠣᠰᠣᠨ ᠤ᠋ ᠬᠥᠯᠥᠰᠥᠨ ᠬᠥᠳᠡᠯᠮᠦᠷᠢ ᠶ᠋ᠢᠨ ᠰᠢᠨᠵᠢ ᠪᠠᠶ᠋ᠢᠳᠠᠯ ᠲᠠᠢ ᠪᠠᠶ᠋ᠢᠳᠠᠭ᠃ ᠮᠠᠯᠴᠢᠳ ᠠᠵᠤ ᠠᠬᠤᠶ ᠶ᠋ᠢᠨ ᠲᠠᠯ᠎ᠠ ᠪᠠᠷ ᠬᠢ ᠮᠥᠯᠵᠢᠭᠳᠡᠭᠴᠢ ᠮᠦᠷᠲᠡᠭᠡᠨ ᠬᠤᠪᠢ ᠪᠡᠶ᠎ᠡ ᠶ᠋ᠢᠨ ᠲᠠᠯ᠎ᠠ ᠪᠡᠷ ᠪᠠᠰᠠ ᠮᠠᠯ ᠤ᠋ᠨ ᠡᠵᠡᠳ ᠢ᠋ ᠵᠤᠬᠢᠬᠤ ᠬᠡᠮᠵᠢᠶ᠎ᠡ ᠪᠡᠷ ᠲᠦᠰᠢᠭᠯᠡᠳᠡᠭ᠃ ᠡᠬᠦᠨ ᠳ᠋ᠤ ᠥᠪᠥᠷ ᠮᠣᠩᠭᠣᠯ ᠤ᠋ᠨ ᠡᠪ ᠬᠠᠮᠲᠤ᠌ ᠨᠠᠮ ᠤ᠋ᠨ ᠠᠵᠢᠯ ᠤ᠋ᠨ ᠬᠣᠷᠢᠶ᠎ᠠ ᠮᠠᠯᠵᠢᠬᠤ ᠣᠷᠣᠨ ᠳ᠋ᠤ ᠠᠵᠢᠯ ᠥᠷᠨᠢᠭᠦᠯᠬᠦ᠌ ᠳ᠋ᠡᠭᠡᠨ ᠮᠠᠯ ᠠᠵᠤ ᠠᠬᠤᠶ ᠶ᠋ᠢᠨ ᠦᠢᠯᠡᠳᠪᠦᠷᠢᠯᠡᠯ ᠢ᠋ ᠰᠡᠷᠭᠦᠭᠡᠨ ᠬᠥᠭᠵᠢᠭᠦᠯᠬᠦ᠌᠂ ᠮᠠᠯᠴᠢᠳ ᠤ᠋ᠨ ᠠᠮᠢᠳᠤᠷᠠᠯ ᠢ᠋ ᠰᠠᠶ᠋ᠢᠵᠢᠷᠠᠭᠤᠯᠬᠤ ᠳ᠋ᠤ ᠠᠰᠢᠭᠲᠠᠶ ᠲᠠᠯ᠎ᠠ ᠡᠴᠡ ᠭᠠᠷᠳᠠᠬᠤ ᠬᠡᠷᠡᠭᠲᠡᠢ ᠭᠡᠵᠦ᠍ ᠲᠣᠳᠣᠷᠬᠠᠶ ᠳᠤᠷᠠᠳᠴᠠᠢ᠃
1947 ᠣᠨ ᠤ᠋ 10 ᠰᠠᠷ᠎ᠠ ᠳ᠋ᠤ᠂ 《ᠳᠤᠮᠳᠠᠳᠤ ᠤᠯᠤᠰ ᠤ᠋ᠨ ᠭᠠᠵᠠᠷ ᠰᠢᠷᠣᠶ ᠶ᠋ᠢᠨ ᠬᠠᠤᠯᠢ ᠶ᠋ᠢᠨ ᠬᠥᠲᠥᠯᠪᠦᠷᠢ 》 ᠵᠢ ᠨᠡᠶ᠋ᠢᠲᠡᠯᠡᠪᠡ᠃ ᠥᠪᠥᠷ ᠮᠣᠩᠭᠣᠯ ᠤ᠋ᠨ ᠡᠪ ᠬᠠᠮᠲᠤ᠌ ᠨᠠᠮ ᠤ᠋ᠨ ᠠᠵᠢᠯ ᠤ᠋ᠨ ᠬᠣᠷᠢᠶ᠎ᠠ ᠪᠣᠯᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠤᠷᠤᠨᠦ ᠵᠠᠰᠠᠭ ᠤ᠋ᠨ ᠣᠷᠳᠣᠨ ᠮᠠᠯᠵᠢᠬᠤ ᠣᠷᠣᠨ ᠤ᠋ ᠠᠵᠤ ᠠᠬᠤᠶ ᠶ᠋ᠢᠨ ᠣᠨᠴᠠᠯᠢᠭ ᠲᠦ᠍ ᠲᠤᠬᠢᠷᠠᠭᠤᠯᠵᠤ᠂ 《ᠳᠤᠮᠳᠠᠳᠤ ᠤᠯᠤᠰ ᠤ᠋ᠨ ᠭᠠᠵᠠᠷ ᠰᠢᠷᠣᠶ ᠶ᠋ᠢᠨ ᠬᠠᠤᠯᠢ ᠶ᠋ᠢᠨ ᠬᠥᠲᠥᠯᠪᠦᠷᠢ 》 ᠶ᠋ᠢᠨ ᠵᠣᠷᠢᠭ ᠰᠠᠨᠠᠭ᠎ᠠ ᠵᠢ ᠦᠨᠳᠦᠰᠦᠯᠡᠨ 1947 ᠣᠨ ᠤ᠋ 10 ᠰᠠᠷ᠎ᠠ ᠶ᠋ᠢᠨ 10 ᠤ᠋ ᠡᠳᠦᠷ 《ᠥᠪᠥᠷ ᠮᠣᠩᠭᠣᠯ ᠤ᠋ᠨ ᠭᠠᠵᠠᠷ ᠰᠢᠷᠣᠶ ᠶ᠋ᠢᠨ ᠳᠦᠷᠢᠮ ᠤ᠋ᠨ ᠥᠭᠡᠷᠡᠴᠢᠯᠡᠯᠲᠡ ᠶ᠋ᠢᠨ ᠬᠠᠤᠯᠢ ᠵᠠᠷᠯᠠᠯ》 ᠢ᠋ ᠨᠡᠶ᠋ᠢᠲᠡᠯᠡᠵᠤ᠂ 《ᠥᠪᠥᠷ ᠮᠣᠩᠭᠣᠯ ᠤ᠋ᠨ ᠮᠠᠯᠵᠢᠬᠤ ᠣᠷᠣᠨ ᠳ᠋ᠤ ᠮᠠᠯ ᠮᠠᠯᠵᠢᠬᠤ ᠡᠷᠬᠡ ᠴᠢᠯᠥᠭᠡ ᠵᠢ ᠬᠡᠷᠡᠭᠵᠢᠭᠦᠯᠵᠦ᠂ ᠬᠣᠰᠢᠭᠤ ᠴᠢᠭᠤᠯᠭᠠᠨ ᠤ᠋ ᠵᠠᠰᠠᠭ ᠵᠠᠬᠢᠷᠭᠠᠨ ᠤ᠋ ᠣᠷᠣᠨ ᠤ᠋ ᠬᠤᠪᠢᠶᠠᠷᠢᠯᠠᠯ ᠶᠣᠰᠣᠭᠠᠷ ᠲᠤᠰ ᠣᠷᠣᠨ ᠤ᠋ ᠳᠣᠲᠣᠷᠠᠬᠢ ᠨᠤᠲᠤᠭ ᠪᠡᠯᠴᠢᠭᠡᠷ᠂ ᠮᠠᠯᠵᠢᠯ ᠤ᠋ᠨ ᠲᠠᠯᠠᠪᠠᠶ ᠶ᠋ᠢᠨ ᠪᠦᠬᠦ ᠮᠠᠯᠴᠢᠳ ᠴᠥᠮ ᠮᠠᠯ ᠮᠠᠯᠵᠢᠬᠤ ᠡᠷᠬᠡ ᠴᠢᠯᠥᠭᠡ ᠲᠡᠶ》 ᠬᠡᠵᠤ ᠲᠤᠭᠳᠠᠭᠠᠪᠠ᠃
1947 ᠣᠨ ᠤ᠋ 11 ᠰᠠᠷ᠎ᠠ ᠳ᠋ᠤ᠂ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠡᠬᠢᠨ ᠤ᠋ ᠦᠶ᠎ᠡ ᠳ᠋ᠦ ᠥᠪᠥᠷ ᠮᠣᠩᠭᠣᠯ ᠤ᠋ᠨ ᠵᠠᠷᠢᠮ ᠭᠠᠵᠠᠷ ᠣᠷᠣᠨ ᠤ᠋ ᠬᠢᠨ ᠲᠠᠷᠢᠶᠠᠯᠠᠬᠤ ᠣᠷᠣᠨ ᠤ᠋ ᠭᠠᠵᠠᠷ ᠰᠢᠷᠣᠶ ᠶ᠋ᠢᠨ ᠥᠭᠡᠷᠡᠴᠢᠯᠡᠯᠲᠡ ᠶ᠋ᠢᠨ ᠠᠵᠢᠯ ᠤ᠋ᠨ ᠠᠷᠭ᠎ᠠ ᠵᠢ ᠰᠣᠬᠣᠷ ᠪᠠᠯᠠᠶ ᠪᠠᠷ ᠲᠡᠷᠡ ᠬᠡᠪ ᠶ᠋ᠢᠡᠷ ᠨᠢ ᠨᠡᠭᠦᠯᠭᠡᠨ ᠬᠡᠷᠡᠭᠯᠡᠵᠦ᠍᠂ 《ᠮᠠᠯᠴᠢᠨ ᠬᠦᠮᠦᠨ ᠳ᠋ᠤ ᠵᠠᠪᠠᠯ ᠮᠠᠯ ᠲᠠᠢ ᠪᠠᠢᠬᠤ》᠂ 《ᠹᠸᠤᠳᠠᠯ ᠢ᠋ ᠲᠤᠶ᠋ᠢᠯᠪᠤᠷᠢᠲᠠᠶ ᠤᠰᠠᠳᠬᠠᠬᠤ》 ᠵᠡᠷᠭᠡ ᠤᠷᠢᠶ᠎ᠠ ᠵᠢ ᠳᠤᠷᠠᠳᠤᠨ ᠭᠠᠷᠭᠠᠵᠤ᠂ ᠪᠣᠳᠠᠲᠤ᠌ ᠪᠠᠶ᠋ᠢᠳᠠᠯ ᠯᠤᠭ᠎ᠠ ᠦᠯᠦ ᠨᠡᠶ᠋ᠢᠴᠡᠬᠦ᠌ 《ᠵᠡᠭᠦᠨ》 ᠤ᠋ ᠠᠷᠭ᠎ᠠ ᠵᠢ ᠠᠪᠴᠤ᠌᠂ ᠮᠠᠯᠵᠢᠬᠤ ᠣᠷᠣᠨ ᠳ᠋ᠤ ᠮᠠᠯ ᠰᠦᠷᠦᠭ ᠤ᠋ᠨ ᠪᠦᠲᠦᠴᠡ ᠡᠪᠳᠡᠭᠳᠡᠭᠰᠡᠨ ᠪᠠᠶ᠋ᠢᠳᠠᠯ ᠭᠠᠷᠴᠤ᠌᠂ ᠪᠠᠰᠠ ᠮᠠᠯ ᠨᠢᠲᠤᠯᠬᠤ᠂ ᠰᠢᠯᠵᠢᠭᠦᠯᠬᠦ᠌᠂ ᠬᠤᠳᠠᠯᠳᠤᠬᠤ ᠵᠡᠷᠭᠡ ᠬᠡᠪ ᠤ᠋ᠨ ᠪᠤᠰᠤ ᠠᠰᠠᠭᠤᠳᠠᠯ ᠭᠠᠷᠴᠤ᠌᠂ ᠮᠠᠯ ᠠᠵᠤ ᠠᠬᠤᠶ ᠬᠦᠨᠳᠦ ᠨᠣᠴᠢᠲᠠᠶ ᠬᠣᠬᠢᠷᠠᠯ ᠳ᠋ᠤ ᠤᠴᠠᠷᠠᠪᠠ᠃
ᠡᠨᠡ ᠬᠦ᠌ ᠪᠠᠶ᠋ᠢᠳᠠᠯ ᠳ᠋ᠤ ᠴᠢᠭᠯᠡᠭᠦᠯᠦᠨ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠦᠪ ᠬᠤᠷᠢᠶ᠎ᠠ ᠶ᠋ᠢᠨ ᠵᠡᠭᠦᠨ ᠬᠣᠶ᠋ᠢᠲᠤ ᠶ᠋ᠢᠨ ᠲᠣᠪᠴᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠥᠪᠥᠷ ᠮᠣᠩᠭᠣᠯ ᠤ᠋ᠨ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠠᠵᠢᠯ ᠳ᠋ᠤ ᠠᠯᠢ ᠤᠯᠠᠨ ᠵᠢᠭᠠᠪᠤᠷᠢ ᠥᠭᠴᠦ᠍᠂ ᠥᠪᠥᠷ ᠮᠣᠩᠭᠣᠯ ᠤ᠋ᠨ ᠡᠪ ᠬᠠᠮᠲᠤ᠌ ᠨᠠᠮ ᠤ᠋ᠨ ᠠᠵᠢᠯ ᠤ᠋ᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ ᠢ᠋ ᠦᠨᠳᠦᠰᠦᠨ ᠱᠠᠲᠤᠨ ᠳ᠋ᠤ ᠭᠦᠨᠵᠡᠭᠡᠶ᠋ᠢᠷᠡᠨ᠂ ᠤᠯᠠᠨ ᠲᠦᠮᠡᠨ ᠤ᠋ ᠳᠤᠮᠳᠠ ᠭᠦᠨᠵᠡᠭᠡᠶ᠋ᠢᠷᠡᠵᠦ᠍᠂ ᠠᠰᠠᠭᠤᠳᠠᠯ ᠢ᠋ ᠪᠣᠯᠭᠣᠮᠵᠢᠲᠠᠶ ᠰᠢᠢᠳᠪᠦᠷᠢᠯᠡᠨ᠂ ᠯᠠᠪᠳᠠᠭᠤᠨ ᠪᠠᠲᠤᠲᠠᠶ ᠠᠵᠢᠯᠯᠠᠵᠤ᠂ ᠡᠷᠬᠡᠪᠰᠢ ᠮᠣᠩᠭᠣᠯ ᠦᠨᠳᠦᠰᠦᠲᠡᠨ ᠤ᠋ ᠣᠯᠠᠩᠬᠢ ᠲᠤᠭᠠᠨ ᠤ᠋ ᠬᠦᠮᠦᠰ ᠲᠠᠢ ᠪᠦᠯᠬᠦᠮᠳᠡᠵᠦ᠍᠂ ᠡᠷᠬᠡᠪᠰᠢ ᠪᠣᠯᠭᠣᠮᠵᠢᠲᠠᠶ ᠠᠯᠭᠤᠷ ᠤᠷᠤᠭᠰᠢᠯᠠᠬᠤ ᠴᠢᠭᠯᠡᠯᠲᠡ ᠵᠢ ᠠᠪᠬᠤ ᠬᠡᠷᠡᠭᠲᠡᠶ ᠭᠡᠵᠦ᠍ ᠱᠠᠭᠠᠷᠳᠠᠵᠠᠢ᠃ 1948 ᠣᠨ ᠤ᠋ 3 ᠰᠠᠷ᠎ᠠ ᠳ᠋ᠤ ᠬᠢᠩᠭᠠᠨ ᠠᠶ᠋ᠢᠮᠠᠭ ᠤ᠋ᠨ ᠤᠯᠠᠨ ᠲᠦᠮᠡᠨ ᠤ᠋ ᠠᠵᠢᠯ ᠤ᠋ᠨ ᠪᠦᠯᠬᠦᠮ ᠤ᠋ᠨ ᠳᠠᠷᠤᠭ᠎ᠠ ᠨᠠᠷ ᠤ᠋ᠨ ᠬᠤᠷᠠᠯ ᠬᠤᠷᠠᠯᠳᠤᠵᠤ᠂ ᠬᠤᠷᠠᠯ ᠡᠴᠡ ᠡᠯ᠎ᠡ ᠭᠠᠵᠠᠷ ᠲᠦ᠍ ᠭᠠᠷᠤᠭᠰᠠᠨ 《ᠵᠡᠭᠦᠨ》 ᠤ᠋ ᠬᠡᠯᠪᠡᠷᠢᠯ ᠤ᠋ᠨ ᠰᠤᠷᠭᠠᠮᠵᠢ ᠵᠢ ᠳ᠋ᠦᠩᠨᠡᠨ᠂ ᠪᠠᠶ᠋ᠢᠳᠠᠯ ᠢ᠋ ᠲᠣᠭᠲᠠᠪᠤᠷᠢᠵᠢᠭᠤᠯᠵᠤ᠂ ᠮᠠᠯ ᠠᠵᠤ ᠠᠬᠤᠶ ᠶ᠋ᠢᠨ ᠦᠢᠯᠡᠳᠪᠦᠷᠢᠯᠡᠯ ᠢ᠋ ᠰᠡᠷᠭᠦᠭᠡᠨ ᠬᠥᠭᠵᠢᠭᠦᠯᠬᠦ᠌ ᠦᠨᠳᠦᠰᠦᠨ ᠴᠢᠭᠯᠡᠯᠲᠡ ᠵᠢ ᠠᠩᠬ᠎ᠠ ᠠᠯᠬᠤᠮ ᠲᠣᠭᠲᠠᠭᠠᠪᠠ᠃ 1948 ᠣᠨ ᠤ᠋ 6 ᠰᠠᠷ᠎ᠠ ᠶ᠋ᠢᠨ 23 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠲᠤ᠌ ᠨᠠᠮ ᠤ᠋ᠨ ᠲᠥᠪ ᠬᠤᠷᠢᠶ᠎ᠠ ᠶ᠋ᠢᠨ ᠵᠡᠭᠦᠨ ᠬᠣᠶ᠋ᠢᠲᠤ ᠶ᠋ᠢᠨ ᠲᠣᠪᠴᠢᠶ᠎ᠠ 《ᠲᠥᠪ ᠤ᠋ᠨ ᠭᠠᠵᠠᠷ ᠰᠢᠷᠣᠶ ᠶ᠋ᠢᠨ ᠥᠭᠡᠷᠡᠴᠢᠯᠡᠯᠲᠡ ᠪᠠ ᠨᠠᠮ ᠤ᠋ᠨ ᠴᠡᠭᠴᠡᠯᠡᠯᠲᠡ ᠶ᠋ᠢᠨ ᠵᠢᠭᠠᠪᠤᠷᠢ ᠲᠥᠯᠥᠪᠯᠡᠭᠡ ᠵᠢ ᠬᠡᠷᠡᠭᠵᠢᠭᠦᠯᠬᠦ᠌ ᠲᠤᠬᠠᠶ ᠨᠠᠮ ᠤ᠋ᠨ ᠲᠥᠪ ᠬᠤᠷᠢᠶ᠎ᠠ ᠳ᠋ᠤ ᠥᠭᠭᠦᠭᠰᠡᠨ ᠮᠡᠳᠡᠭᠦᠯᠦᠯᠲᠡ》 ᠳ᠋ᠡᠭᠡᠨ ᠄ 《 ᠮᠣᠩᠭᠣᠯ ᠣᠷᠣᠨ ᠤ᠋ ᠬᠣᠶ᠋ᠢᠰᠢᠳᠠ ᠶ᠋ᠢᠨ ᠭᠣᠣᠯ ᠠᠰᠠᠭᠤᠳᠠᠯ ᠪᠣᠯ ᠺᠠᠳ᠋ᠷ ᠢ᠋ ᠬᠥᠮᠦᠵᠢᠭᠦᠯᠦᠨ ᠦᠨᠳᠦᠰᠦᠲᠡᠨ ᠤ᠋ ᠲᠦᠷᠦ ᠶ᠋ᠢᠨ ᠪᠤᠳᠤᠯᠭ᠎ᠠ ᠵᠢ ᠤᠢᠯᠠᠭᠠᠭᠤᠯᠬᠤ ᠵᠢᠴᠢ ᠮᠣᠩᠭᠣᠯ ᠰᠢᠨ᠎ᠡ ᠺᠠᠳ᠋ᠷ ᠢ᠋ ᠬᠥᠮᠦᠵᠢᠭᠦᠯᠵᠦ᠍᠂ ᠠᠳᠠᠯᠢ ᠪᠤᠰᠤ ᠭᠠᠵᠠᠷ ᠣᠷᠣᠨ ( ᠲᠠᠷᠢᠶᠠᠯᠠᠬᠤ ᠤᠷᠤᠨ ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ᠂ ᠮᠠᠯᠵᠢᠬᠤ ᠤᠷᠤᠨ ) ᠤ᠋ ᠠᠳᠠᠯᠢ ᠪᠤᠰᠤ ᠲᠦᠷᠦ ᠶ᠋ᠢᠨ ᠪᠤᠳᠤᠯᠭ᠎ᠠ ᠶ᠋ᠢᠨ ᠢᠯᠭᠠᠭ᠎ᠠ ᠵᠢ ᠤᠢᠯᠠᠭᠠᠭᠤᠯᠵᠤ᠂ ᠮᠣᠩᠭᠣᠯ ᠣᠷᠣᠨ ᠳ᠋ᠤ ᠡᠷᠬᠡᠪᠰᠢ ᠪᠣᠯᠭᠣᠮᠵᠢᠲᠠᠶ ᠠᠯᠭᠤᠷ ᠤᠷᠤᠭᠰᠢᠯᠠᠬᠤ ᠴᠢᠭᠯᠡᠯᠲᠡ ᠵᠢ ᠬᠡᠷᠡᠭᠵᠢᠭᠦᠯᠬᠦ ᠵᠢ ᠤᠢᠯᠠᠭᠠᠭᠤᠯᠵᠤ᠂ ᠠᠷᠠᠳᠴᠢᠯᠠᠭᠰᠠᠨ ᠥᠭᠡᠷᠡᠴᠢᠯᠡᠯᠲᠡ ᠵᠢ ᠠᠯᠬᠤᠮ ᠠᠯᠬᠤᠮ ᠶ᠋ᠢᠡᠷ ᠬᠢᠬᠦ᠌ ᠬᠡᠷᠡᠭᠲᠡᠶ᠃ ᠤᠳᠤ ᠶᠠᠭ ᠺᠠᠳ᠋ᠷ ᠨᠡᠷ ᠤ᠋ᠨ ᠬᠤᠷᠠᠯ ᠢ᠋ ᠬᠤᠷᠠᠯᠳᠤᠭᠤᠯᠵᠤ ᠂ ᠬᠡᠯᠪᠡᠷᠢᠯ ᠢ᠋ ᠪᠤᠷᠤᠭᠤᠰᠢᠶᠠᠨ ᠵᠠᠯᠠᠷᠠᠭᠤᠯᠬᠤ ᠪᠠᠷ ᠪᠡᠯᠡᠳᠬᠡᠵᠦ᠍ ᠂ ᠬᠣᠶ᠋ᠢᠰᠢᠳᠠ ᠶ᠋ᠢᠨ ᠮᠠᠯ ᠠᠵᠤ ᠠᠬᠤᠢ ᠪᠠ ᠲᠠᠷᠢᠶᠠᠯᠠᠡᠭ ᠤ᠋ᠨ ᠦᠢᠯᠡᠳᠪᠦᠷᠢᠯᠡᠯ ᠢ᠋ ᠰᠡᠷᠭᠦᠭᠡᠨ ᠬᠥᠭᠵᠢᠭᠦᠯᠬᠦ᠌ ᠳ᠋ᠦ ᠪᠦᠬᠦ᠌ ᠬᠦᠴᠦᠨ ᠶ᠋ᠢᠡᠷ ᠶ᠋ᠢᠡᠨ ᠣᠷᠣᠯᠴᠠᠬᠤ ᠳ᠋ᠦ ᠰᠠᠭᠤᠷᠢ ᠲᠠᠯᠪᠢᠵᠤ ᠪᠠᠢᠨ᠎ᠠ》 ᠭᠡᠵᠦ ᠳᠤᠷᠠᠳᠴᠤ ᠭᠠᠷᠭᠠᠪᠠ᠃ 7 ᠰᠠᠷ᠎ᠠ ᠶ᠋ᠢᠨ 5 ᠤ᠋ ᠡᠳᠦᠷ᠂《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠦᠪ ᠬᠤᠷᠢᠶ᠎ᠠ ᠡᠴᠡ ᠵᠡᠭᠦᠨ ᠬᠤᠢᠲᠤ ᠶ᠋ᠢᠨ ᠲᠤᠪᠴᠢᠶ᠎ᠡ ᠵᠢᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠦᠪ ᠬᠤᠷᠢᠶ᠎ᠠ ᠶ᠋ᠢᠨ1948 ᠣᠨ ᠤ᠋ ᠭᠠᠵᠠᠷ ᠰᠢᠷᠤᠢ ᠶ᠋ᠢᠨ ᠦᠬᠡᠷᠡᠴᠢᠯᠡᠯᠲᠡ ᠪᠤᠯᠤᠨ ᠨᠡᠮ ᠤ᠋ᠨ ᠴᠡᠭᠴᠡᠯᠡᠯᠲᠡ ᠶ᠋ᠢᠨ ᠠᠵᠢᠯ ᠤ᠋ᠨ ᠵᠢᠭᠠᠪᠤᠷᠢ ᠶ᠋ᠢ ᠬᠡᠷᠡᠭᠵᠢᠬᠦᠯᠦᠭᠰᠡᠨ ᠪᠠᠢᠳᠠᠯ ᠪᠤᠯᠤᠨ ᠲᠦᠯᠦᠪᠯᠡᠭᠡ ᠳ᠋ᠦ ᠦᠭᠭᠦᠭᠰᠡᠨ ᠴᠤᠬᠤᠯᠠᠪᠤᠷᠢ 》 ᠳ᠋ᠦ ᠄ 《ᠵᠢᠷᠭᠤᠳᠤᠭᠠᠷ ᠰᠠᠷ᠎ᠠ ᠶ᠋ᠢᠨ ᠬᠣᠷᠢᠨ ᠭᠤᠷᠪᠠᠨ ᠤ᠋ ᠡᠳᠦᠷ ᠤ᠋ᠨ ᠮᠡᠳᠡᠭᠦᠯᠦᠯᠲᠡ ᠵᠢ ᠣᠶ᠋ᠢᠯᠠᠭᠠᠪᠠ᠃ 1948 ᠣᠨ ᠤ᠋ ᠭᠠᠵᠠᠷ ᠰᠢᠷᠤᠢ ᠶ᠋ᠢᠨ ᠥᠭᠡᠷᠡᠴᠢᠯᠡᠯᠲᠡ ᠪᠤᠯᠤᠨ ᠨᠠᠮ ᠤ᠋ᠨ ᠴᠡᠭᠴᠡᠯᠡᠯᠲᠡ ᠶ᠋ᠢᠨ ᠲᠤᠬᠠᠢ ᠲᠥᠪ ᠬᠤᠷᠢᠶ᠎ᠠ ᠶ᠋ᠢᠨ ᠵᠢᠭᠠᠪᠤᠷᠢ ᠵᠢ ᠬᠡᠷᠡᠭᠵᠢᠭᠦᠯᠬᠦ᠌ ᠵᠢᠴᠢ ᠡᠾᠸᠪᠸᠢ ᠴᠠᠬᠠᠷ ᠷᠸ ᠾᠸ ᠯᠢᠶᠣᠤᠨᠢᠩ ᠣᠷᠣᠨ ᠪᠤᠯᠤᠨ ᠥᠪᠥᠷ ᠮᠣᠩᠭᠣᠯ ᠣᠷᠣᠨ ᠳ᠋ᠤ ᠠᠪᠤᠭᠰᠠᠨ ᠠᠵᠢᠯ ᠤ᠋ᠨ ᠴᠢᠭᠯᠡᠯᠲᠡ ᠵᠢ ᠴᠢᠨᠢ ᠵᠥᠪᠰᠢᠶᠡᠷᠡᠵᠦ᠍ ᠪᠠᠶ᠋ᠢᠨ᠎ᠠ》 ᠭᠡᠵᠦ ᠳᠤᠳᠤᠷᠬᠠᠢ ᠵᠢᠭᠠᠵᠤ ᠭᠠᠷᠭᠠᠪᠠ᠃
1948 ᠣᠨ ᠤ᠋ 7 ᠰᠠᠷ᠎ᠠ ᠳ᠋ᠤ ᠥᠪᠥᠷ ᠮᠣᠩᠭᠣᠯ ᠤ᠋ᠨ ᠺᠠᠳ᠋ᠷᠴᠤᠳ ᠤ᠋ᠨ ᠬᠤᠷᠠᠯᠢ ᠬᠠᠷᠪᠢᠨ ᠳ᠋ᠤ ᠬᠤᠷᠠᠯᠳᠤᠵᠤ᠂ ᠬᠤᠷᠠᠯ ᠡᠴᠡ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠠᠰᠠᠭᠤᠳᠠᠯ ᠤ᠋ᠨ ᠲᠣᠭᠣᠷᠢᠨ ᠳ᠋ᠤ ᠭᠦᠨᠵᠡᠭᠡᠶ ᠰᠤᠳᠤᠯᠤᠨ ᠶᠠᠷᠢᠯᠴᠠᠵᠤ᠂ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠡᠭᠦᠷᠭᠡ ᠪᠠ ᠠᠯᠬᠤᠮ ᠳᠠᠷᠠᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃ 7 ᠰᠠᠷ᠎ᠠ ᠶ᠋ᠢᠨ 30 ᠤ᠋ ᠡᠳᠦᠷ ᠤᠯᠠᠭᠠᠨᠬᠦᠦ ᠮᠡᠳᠡᠭᠦᠯᠦᠯᠲᠡ ᠬᠢᠪᠡ᠃ ᠲᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠤᠯᠠᠭᠠᠨᠬᠦᠦ ᠬᠣᠶ᠋ᠢᠰᠢᠳᠠ ᠶ᠋ᠢᠨ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠴᠢᠭᠯᠡᠯᠲᠡ ᠲᠦᠷᠦ ᠶ᠋ᠢᠨ ᠪᠤᠳᠤᠯᠭ᠎ᠠ ᠵᠢ ᠵᠢᠭᠠᠵᠤ ᠭᠠᠷᠭᠠᠵᠠᠢ᠄ 《ᠹᠸᠤᠳᠡᠯ ᠤ᠋ᠨ ᠣᠨᠴᠠ ᠡᠷᠬᠡ ᠵᠢ ᠬᠦᠴᠦᠨ ᠦᠭᠡᠢ ᠪᠣᠯᠭᠠᠵᠤ᠂ ᠬᠥᠯᠥᠰᠥᠨ ᠮᠠᠯᠴᠢᠨ ᠤ᠋ ᠴᠠᠯᠢᠩ ᠢ᠋ ᠵᠣᠬᠢᠰᠲᠠᠢ ᠪᠠᠷ ᠨᠡᠮᠡᠭᠳᠡᠭᠦᠯᠵᠦ᠍᠂ ᠮᠠᠯᠵᠢᠬᠤ ᠲᠦᠷᠢᠮ ᠢ᠋ ᠰᠠᠶ᠋ᠢᠵᠢᠷᠠᠭᠤᠯᠤᠨ᠎ᠠ᠃ ᠮᠠᠯᠴᠢᠳ ᠪᠠ ᠮᠠᠯ ᠤ᠋ᠨ ᠡᠵᠡᠳ ᠲᠦ᠍ ᠴᠦᠮ ᠠᠰᠢᠭᠲᠠᠶ ᠪᠠᠶ᠋ᠢᠬᠤ ᠤᠷᠢᠲᠠᠯ ᠳᠣᠣᠷ᠎ᠠ᠂ ᠮᠠᠯ ᠠᠵᠤ ᠠᠬᠤᠶ ᠵᠢ ᠠᠯᠬᠤᠮ ᠳᠠᠷᠠᠭ᠎ᠠ ᠲᠠᠢ ᠪᠠᠷ ᠬᠥᠭᠵᠢᠭᠦᠯᠵᠦ᠍᠂ ᠮᠠᠯᠴᠢᠳ ᠤ᠋ᠨ ᠠᠮᠢᠳᠤᠷᠠᠯ ᠢ᠋ ᠰᠠᠶ᠋ᠢᠵᠢᠷᠠᠭᠤᠯᠤᠨ᠎ᠠ》᠂ 《ᠴᠢᠭᠤᠯᠭᠠᠨ ᠡᠴᠡ ᠳᠡᠭᠡᠭᠰᠢᠬᠢ ᠵᠠᠰᠠᠭ ᠤ᠋ᠨ ᠣᠷᠳᠣᠨ ᠶ᠋ᠢᠡᠷ ᠵᠥᠪᠰᠢᠶᠡᠷᠡᠭᠦᠯᠦᠭᠰᠡᠨ ᠤ᠋ ᠲᠠᠷᠠᠭ᠎ᠠ ᠶᠡᠬᠡ ᠶᠠᠯ᠎ᠠ ᠲᠠᠢ ᠮᠣᠩᠭᠣᠯ ᠤ᠋ᠨ ᠵᠠᠯᠢᠬᠠᠢ ᠬᠠᠷᠭᠢᠰᠴᠤᠳ ᠤ᠋ᠨ ᠮᠠᠯ ᠤᠨᠤᠭ᠎ᠠ ᠵᠢ ᠬᠤᠷᠢᠶᠠᠨ ᠠᠪᠴᠤ᠂ ᠡᠳ᠋ ᠬᠦᠷᠦᠨᠭᠭᠡ ᠵᠢ ᠨᠢ ᠵᠠᠰᠠᠭ ᠤ᠋ᠨ ᠤᠷᠳᠤᠨ ᠡᠴᠡ ᠰᠢᠢᠳᠪᠦᠷᠢᠯᠡᠵᠦ᠂ ᠡᠩ ᠤ᠋ᠨ ᠲᠤᠮᠤ ᠮᠠᠯ ᠤ᠋ᠨ ᠡᠵᠡᠳ ᠢ᠋ ᠲᠡᠮᠡᠴᠡᠬᠦ᠌ ᠦᠭᠡᠢ᠂ ᠮᠠᠯ ᠤᠨᠤᠭ᠎ᠠ ᠡᠳ᠋ ᠬᠦᠷᠦᠡᠭᠭᠡ ᠵᠢ ᠨᠢ ᠬᠤᠪᠢᠶᠠᠬᠤ ᠦᠭᠡᠢ》᠂ 《ᠠᠷᠠᠳᠴᠢᠯᠠᠭᠰᠠᠨ ᠥᠭᠡᠷᠡᠴᠢᠯᠡᠯᠲᠡ ᠬᠢᠵᠦ᠍᠂ ᠠᠷᠠᠳᠴᠢᠯᠠᠭᠰᠠᠨ ᠵᠠᠰᠠᠭ ᠢ᠋ ᠠᠯᠬᠤᠮ ᠳᠠᠷᠠᠭ᠎ᠠ ᠲᠠᠢ ᠪᠠᠷ ᠪᠠᠶ᠋ᠢᠭᠤᠯᠵᠤ᠂ ᠨᠡᠭᠦᠳᠡᠯ ᠮᠠᠯᠵᠢᠯ ᠤ᠋ᠨ ᠣᠷᠣᠨ ᠤ᠋ ᠠᠵᠤ ᠠᠬᠤᠶ ᠵᠢ ᠬᠥᠭᠵᠢᠭᠦᠯᠦᠨ᠎ᠡ》᠃ ᠡᠨᠡ ᠪᠣᠯ 《ᠭᠤᠷᠪᠠ ᠦᠭᠡᠶ ᠬᠣᠶᠠᠷ ᠲᠦ᠍ ᠠᠰᠢᠭᠲᠠᠶ》 ᠲᠥᠷᠥ ᠶ᠋ᠢᠨ ᠪᠣᠳᠣᠯᠭ᠎ᠠ ᠶ᠋ᠢᠨ ᠲᠤᠬᠠᠶ ᠠᠩᠬ᠎ᠠ ᠤᠳᠠᠭ᠎ᠠ ᠨᠡᠯᠢᠶᠡᠳ ᠰᠢᠰᠲ᠋ᠧᠮ ᠲᠡᠶ ᠪᠦᠬᠦ᠌ ᠲᠠᠯ᠎ᠠ ᠶ᠋ᠢᠨ ᠥᠭᠦᠯᠡᠯᠲᠡ ᠪᠣᠯᠤᠨ᠎ᠠ᠃
ᠥᠪᠥᠷ ᠮᠣᠩᠭᠣᠯ ᠤ᠋ᠨ ᠺᠠᠳ᠋ᠷᠴᠤᠳ ᠤ᠋ᠨ ᠬᠤᠷᠠᠯ ᠤ᠋ᠨ ᠳᠠᠷᠠᠭ᠎ᠠ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠬᠤᠷᠠᠯ ᠤ᠋ᠨ ᠵᠣᠷᠢᠭ ᠰᠠᠨᠠᠭ᠎ᠠ ᠵᠢ ᠦᠨᠡᠨ ᠬᠦ᠌ ᠲᠤᠭᠤᠰᠢᠯᠠᠭᠤᠯᠵᠤ᠂ ᠪᠣᠳᠠᠲᠠᠶ ᠪᠠᠢᠳᠠᠯ ᠲᠠᠢ ᠨᠡᠶ᠋ᠢᠴᠡᠭᠰᠡᠨ ᠪᠣᠳᠠᠲᠠᠶ ᠠᠷᠭ᠎ᠠ ᠵᠢ ᠲᠣᠭᠲᠠᠭᠠᠵᠤ᠂ ᠮᠠᠯ ᠠᠵᠤ ᠠᠬᠤᠶ ᠶ᠋ᠢᠨ ᠰᠡᠷᠭᠦᠯᠲᠡ ᠪᠠ ᠬᠥᠭᠵᠢᠯᠲᠡ ᠵᠢ ᠠᠬᠢᠭᠤᠯᠪᠠ᠃ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠲᠠᠰᠤᠷᠠᠯᠲᠠ ᠦᠭᠡᠢ ᠭᠦᠨᠵᠡᠭᠡᠶ᠋ᠢᠷᠡᠭᠰᠡᠨ ᠦᠢᠯᠡᠳᠦᠯᠭᠡ ᠶ᠋ᠢᠨ ᠳᠤᠮᠳᠠ《 ᠮᠠᠯᠵᠢᠯ ᠤ᠋ᠨ ᠲᠠᠯᠠᠪᠠᠢ ᠵᠢ ᠬᠠᠮᠲᠤ ᠪᠡᠷ ᠦᠮᠴᠢᠯᠡᠵᠤ᠂ ᠡᠷᠬᠡ ᠴᠢᠯᠥᠭᠡᠲᠡᠢ ᠮᠠᠯ ᠮᠠᠯᠵᠢᠬᠤ 》 ᠂ 《ᠲᠡᠮᠡᠴᠡᠬᠦ᠌ ᠦᠭᠡᠢ ᠬᠤᠪᠢᠶᠠᠬᠤ ᠦᠭᠡᠢ᠂ ᠠᠩᠭᠢ ᠢᠯᠭᠠᠬᠤ ᠦᠭᠡᠢ》᠂ 《ᠬᠥᠯᠥᠰᠥᠨ ᠮᠠᠯᠴᠢᠨ ᠮᠠᠯ ᠤ᠋ᠨ ᠡᠵᠡᠨ ᠬᠣᠶᠠᠭᠤᠯᠠ ᠳ᠋ᠤ ᠠᠰᠢᠭᠲᠠᠶ》 ᠪᠡᠷ ᠭᠣᠣᠯ ᠠᠭᠤᠯᠭ᠎ᠠ ᠪᠣᠯᠭᠠᠭᠰᠠᠨ《ᠭᠤᠷᠪᠠ ᠦᠭᠡᠢ ᠬᠣᠶᠠᠷ ᠲᠤ᠌ ᠠᠰᠢᠭᠲᠠᠶ 》 ᠲᠦᠷᠦ ᠶ᠋ᠢᠨ ᠪᠤᠳᠤᠯᠭ᠎ᠠ ᠵᠢ ᠠᠭᠠᠵᠢᠮ ᠶ᠋ᠢᠡᠷ ᠪᠦᠷᠢᠯᠳᠦᠭᠦᠯᠪᠡ᠃
《ᠭᠤᠷᠪᠠ ᠦᠭᠡᠶ ᠬᠣᠶᠠᠷ ᠲᠦ᠍ ᠠᠰᠢᠭᠲᠠᠶ》ᠲᠥᠷᠥ ᠶ᠋ᠢᠨ ᠪᠣᠳᠣᠯᠭ᠎ᠠ ᠶ᠋ᠢᠨ ᠵᠢᠯᠣᠭᠣᠳᠤᠯᠭ᠎ᠠ ᠳᠣᠣᠷ᠎ᠠ ᠡᠯ᠎ᠡ ᠠᠶ᠋ᠢᠮᠠᠭ᠂ ᠬᠣᠰᠢᠭᠤ ᠲᠤᠬᠠᠢ ᠶ᠋ᠢᠨ ᠭᠠᠵᠠᠷ ᠤ᠋ᠨ ᠶ᠋ᠢᠡᠨ ᠪᠣᠳᠠᠲᠤ᠌ ᠪᠠᠶ᠋ᠢᠳᠠᠯ ᠡᠴᠡ ᠭᠠᠷᠳᠠᠨ ᠮᠠᠯ ᠠᠵᠤ ᠠᠬᠤᠶ ᠶ᠋ᠢᠨ ᠬᠠᠭᠤᠴᠢᠨ ᠦᠢᠯᠡᠳᠪᠦᠷᠢᠯᠡᠯ ᠤ᠋ᠨ ᠬᠠᠷᠢᠴᠠᠭ᠎ᠠ ᠳ᠋ᠤ ᠬᠤᠪᠢᠰᠤᠯᠲᠠ ᠭᠠᠷᠭᠠᠵᠤ᠂ ᠰᠢᠨ᠎ᠡ ᠰᠦᠷᠦᠭ ᠲᠠᠯᠪᠢᠬᠤ ᠬᠡᠯᠪᠡᠷᠢ ᠵᠢ ᠨᠡᠶ᠋ᠢᠳᠡᠮ ᠬᠡᠷᠡᠭᠵᠢᠭᠦᠯᠪᠡ᠄ ᠮᠠᠯ ᠤ᠋ᠨ ᠡᠵᠡᠳ ᠮᠠᠯᠴᠢᠳ ᠯᠤᠭ᠎ᠠ ᠮᠠᠯ ᠰᠦᠷᠦᠭ ᠤ᠋ᠨ ᠡᠵᠡᠩᠨᠡᠯᠲᠡ ᠶ᠋ᠢᠨ ᠬᠥᠳᠡᠯᠮᠦᠷᠢ ᠶ᠋ᠢᠨ ᠬᠥᠯᠥᠰᠥ᠍ ᠣᠯᠭᠣᠮᠵᠢ᠂ ᠠᠰᠢᠭ ᠣᠷᠣᠯᠭ᠎ᠠ ᠵᠢᠨ ᠬᠤᠪᠢᠶᠠᠷᠢᠯᠠᠯᠳᠠ ᠵᠢᠨ ᠪᠠᠷᠢᠮᠵᠢᠶ᠎ᠠ ᠵᠡᠷᠭᠡ ᠵᠢ ᠵᠥᠪᠳᠡᠯᠴᠡᠨ ᠲᠣᠭᠲᠠᠭᠠᠵᠤ᠂ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠡᠴᠡ ᠬᠢᠨᠠᠯᠲᠠ ᠲᠠᠯᠪᠢᠵᠤ᠂ ᠥᠩᠭᠡᠷᠡᠭᠰᠡᠨ ᠤ᠋ ᠮᠠᠯ ᠤ᠋ᠨ ᠡᠵᠡᠨ ᠤ᠋ ᠭᠠᠭᠴᠠ ᠲᠠᠯ᠎ᠠ ᠡᠴᠡ ᠲᠣᠭᠲᠠᠭᠠᠭᠰᠠᠨ ᠬᠠᠭᠤᠴᠢᠨ ᠰᠦᠷᠦᠭ ᠤ᠋ᠨ ᠬᠡᠯᠪᠡᠷᠢ ᠵᠢ ᠬᠤᠪᠢᠷᠠᠭᠤᠯᠵᠠᠶ᠃ ᠰᠢᠨ᠎ᠡ ᠰᠦᠷᠦᠭ ᠤ᠋ᠨ ᠬᠡᠯᠪᠡᠷᠢ ᠵᠢ ᠬᠡᠷᠡᠭᠵᠢᠭᠦᠯᠦᠭᠰᠡᠨ ᠨᠢ ᠮᠠᠯ ᠤ᠋ᠨ ᠡᠵᠡᠳ ᠤ᠋ᠨ ᠮᠠᠯᠴᠢᠳ ᠤ᠋ᠨ ᠲᠤᠬᠠᠢ ᠮᠦᠯᠵᠢᠯ ᠢ᠋ ᠶᠡᠬᠡ ᠪᠡᠷ ᠬᠥᠩᠭᠡᠷᠡᠭᠦᠯᠵᠦ᠍᠂ ᠮᠠᠯᠴᠢᠳ ᠤ᠋ᠨ ᠬᠥᠳᠡᠯᠮᠦᠷᠢ ᠶ᠋ᠢᠨ ᠬᠥᠯᠥᠰᠥ᠍ ᠣᠯᠭᠣᠮᠵᠢ ᠵᠢ ᠨᠡᠮᠡᠭᠳᠡᠭᠦᠯᠦᠭᠰᠡᠨ ᠪᠥᠭᠡᠳ ᠮᠠᠯ ᠤ᠋ᠨ ᠡᠵᠡᠳ ᠤ᠋ᠨ ᠣᠯᠪᠠᠰᠤ ᠵᠣᠬᠢᠬᠤ ᠠᠰᠢᠭ ᠲᠤᠰᠠ ᠵᠢ ᠴᠤ᠌ ᠪᠠᠲᠤᠯᠠᠵᠤ᠂ ᠮᠠᠯᠵᠢᠬᠤ ᠣᠷᠣᠨ ᠤ᠋ ᠡᠯ᠎ᠡ ᠳᠠᠪᠬᠤᠷᠭ᠎ᠠ ᠶ᠋ᠢᠨ ᠥᠷᠭᠡᠨ ᠬᠦᠷᠢᠶᠡᠯᠡᠯ ᠢ᠋ ᠤᠯᠪᠠ᠃ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠠᠬᠢᠴᠠ ᠵᠢ ᠳᠠᠭᠠᠯᠳᠤᠨ ᠹᠸᠤᠳᠠᠯ ᠤ᠋ᠨ ᠣᠨᠴᠠ ᠡᠷᠬᠡ ᠠᠭᠠᠵᠢᠮ ᠶ᠋ᠢᠡᠷ ᠤᠰᠠᠳᠴᠦ᠂ ᠥᠷᠭᠡᠨ ᠤᠯᠠᠨ ᠮᠠᠯᠴᠢᠳ ᠢᠯᠠᠩᠭᠤᠶ᠎ᠠ ᠶᠠᠳᠠᠭᠤ ᠵᠦᠳᠡᠭᠦᠦ ᠮᠠᠯᠴᠢᠳ ᠹᠸᠤᠳᠠᠯ ᠤ᠋ᠨ ᠮᠥᠯᠵᠢᠯ ᠳᠠᠷᠤᠯᠠᠯ ᠡᠴᠡ ᠠᠭᠠᠵᠢᠮ ᠶ᠋ᠢᠡᠷ ᠠᠩᠭᠢᠵᠢᠷᠠᠵᠤ ᠂ ᠤᠯᠤᠰ ᠲᠦᠷᠦ᠍ ᠪᠠ ᠠᠵᠤ ᠠᠬᠤᠶ ᠶ᠋ᠢᠨ ᠲᠠᠯ᠎ᠠ ᠪᠠᠷ ᠪᠦᠷ ᠴᠢᠯᠥᠭᠡᠯᠡᠭᠳᠡᠵᠦ᠍ ᠂ ᠪᠠᠰᠠ ᠬᠦᠯᠢᠶᠡᠰᠦᠯᠡᠭᠳᠡᠵᠦ᠍ ᠪᠠᠶ᠋ᠢᠭᠰᠠᠨ ᠨᠡᠶ᠋ᠢᠭᠡᠮ ᠤ᠋ᠨ ᠦᠢᠯᠡᠳᠪᠦᠷᠢᠯᠡᠯ ᠤ᠋ᠨ ᠬᠦᠴᠦᠨ ᠢ᠋ ᠶᠡᠬᠡ ᠪᠡᠷ ᠴᠢᠯᠥᠭᠡᠯᠡᠵᠦ᠍ ᠂ ᠮᠠᠯ ᠠᠵᠤ ᠠᠬᠤᠶ ᠵᠢ ᠢᠯᠡᠳᠲᠡ ᠰᠡᠷᠭᠦᠭᠡᠨ ᠬᠥᠭᠵᠢᠭᠦᠯᠪᠡ᠃
ᠥᠪᠥᠷ ᠮᠣᠩᠭᠣᠯ 《ᠭᠤᠷᠪᠠ ᠦᠭᠡᠢ ᠬᠣᠶᠠᠷ ᠲᠦ᠍ ᠠᠰᠢᠭᠲᠠᠢ 》 ᠲᠦᠷᠦ ᠶ᠋ᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠵᠢ ᠬᠦᠴᠦᠲᠡᠢ ᠠᠬᠢᠭᠤᠯᠵᠤ᠂ ᠮᠠᠯᠵᠢᠬᠤ ᠣᠷᠣᠨ ᠤ᠋ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠤᠷᠤᠭᠰᠢᠲᠠᠢ ᠪᠥᠭᠡᠳ ᠲᠣᠭᠲᠠᠭᠤᠨ ᠶ᠋ᠢᠡᠷ ᠶᠠᠪᠤᠭᠳᠠᠬᠤ ᠵᠢ ᠪᠠᠲᠤᠯᠠᠨ᠂ ᠡᠯ᠎ᠡ ᠳᠠᠪᠬᠤᠷᠭ᠎ᠠ ᠶ᠋ᠢᠨ ᠢᠳᠡᠪᠬᠢᠵᠢᠯ ᠢ᠋ ᠭᠦᠢᠴᠡᠳ ᠳᠠᠢ᠌ᠴᠢᠯᠠᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠢ᠋ ᠪᠦᠲᠦᠭᠡᠨ ᠪᠠᠶ᠋ᠢᠭᠤᠯᠬᠤ ᠪᠠ ᠴᠢᠯᠥᠭᠡᠯᠡᠬᠦ᠌ ᠳᠠᠢ᠌ᠨ ᠢ᠋ ᠳᠡᠮᠵᠢᠬᠦ᠌ ᠲᠠᠯ᠎ᠠ ᠪᠡᠷ ᠴᠢᠬᠤᠯᠠ ᠦᠢᠯᠡᠳᠦᠯ ᠦᠵᠡᠭᠦᠯᠦᠭᠰᠡᠨ ᠶ᠋ᠢᠡᠷ ᠪᠠᠷᠠᠬᠤ ᠦᠭᠡᠢ ᠪᠦᠬᠦ᠌ ᠤᠯᠤᠰ ᠤ᠋ᠨ ᠪᠤᠰᠤᠳ ᠮᠠᠯᠵᠢᠬᠤ ᠣᠷᠣᠨ ᠳ᠋ᠤ ᠠᠷᠠᠳᠴᠢᠯᠠᠭᠰᠠᠨ ᠥᠭᠡᠷᠡᠴᠢᠯᠡᠯᠲᠡ ᠵᠢ ᠥᠷᠨᠢᠭᠦᠯᠬᠦ᠌ ᠳ᠋ᠦ ᠴᠢᠬᠤᠯᠠ ᠵᠢᠱ᠌ᠢᠶ᠎ᠡ ᠦᠵᠡᠭᠦᠯᠦᠭᠰᠡᠨ ᠪᠦᠬᠡᠳ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶ᠋ᠢᠨ᠎ᠠ᠃