《ᠠᠨᠠᠷ᠎ᠤᠨ ᠦᠷ᠎ᠡ ᠮᠡᠲᠦ ᠨᠢᠭ᠍ᠲᠠᠷᠠᠨ ᠪᠦᠯᠬᠦᠮᠳᠡᠵᠦ ᠵᠢᠱ᠌ᠢᠶᠡᠴᠢ ᠯᠤᠭᠡ ᠮᠥᠷᠥ ᠵᠡᠷᠭᠡᠴᠡᠨ ᠤᠷᠤᠭᠰᠢᠯᠠᠶ᠎ᠠ》
2026-07-15 16:52:00
ᠵᠣᠬᠢᠶᠠᠭ᠍ᠴᠢ᠄
ᠪᠢᠯᠢᠭ᠌ᠪᠠᠭᠠᠲᠤᠷ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠡᠴᠡ ᠭᠣᠣᠯᠯᠠᠨ ᠡᠷᠭᠢᠯᠡᠭᠰᠡᠨ 《ᠠᠨᠠᠷ᠎ᠤᠨ ᠦᠷ᠎ᠡ ᠮᠡᠲᠦ ᠨᠢᠭ᠍ᠲᠠᠷᠠᠨ ᠪᠦᠯᠬᠦᠮᠳᠡᠵᠦ᠂ᠵᠢᠱ᠌ᠢᠶᠡᠴᠢ ᠯᠤᠭᠡ ᠮᠥᠷᠥ ᠵᠡᠷᠭᠡᠴᠡᠨ ᠤᠷᠤᠭᠰᠢᠯᠠᠶ᠎ᠠ》 ᠲᠥᠷᠥ᠎ᠶᠢᠨ ᠪᠣᠳᠣᠯᠭ᠎ᠠ ᠮᠡᠷᠭᠡᠵᠢᠯ ᠦᠢᠯᠡᠴᠢᠯᠡᠭᠡ ᠶ᠋ᠢ ᠦᠨᠳᠦᠰᠦᠨ ᠱᠠᠲᠤᠨ᠎ᠳᠤ ᠬᠦᠷᠭᠡᠬᠦ ᠠᠵᠢᠯᠯᠠᠭ᠎ᠠ ᠵᠢᠨ ᠲᠤᠬᠠᠢ ᠲᠡᠮᠳᠡᠭᠯᠡᠯ


7 ᠰᠠᠷ᠎ᠠ ᠵᠢᠨ 2᠎ᠤᠨ ᠡᠳᠦᠷ᠎ᠡᠴᠡ 4᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠡᠴᠡ ᠭᠣᠣᠯᠯᠠᠨ ᠡᠷᠭᠢᠯᠡᠭᠰᠡᠨ 《ᠠᠨᠠᠷ᠎ᠤᠨ ᠦᠷ᠎ᠡ ᠮᠡᠲᠦ ᠨᠢᠭ᠍ᠲᠠᠷᠠᠨ ᠪᠦᠯᠬᠦᠮᠳᠡᠵᠦ᠂ ᠵᠢᠱ᠌ᠢᠶᠡᠴᠢ ᠯᠤᠭᠡ ᠮᠥᠷᠥ ᠵᠡᠷᠭᠡᠴᠡᠨ ᠤᠷᠤᠭᠰᠢᠯᠠᠶ᠎ᠠ》 ᠲᠥᠷᠥ᠎ᠶᠢᠨ ᠪᠣᠳᠣᠯᠭ᠎ᠠ ᠮᠡᠷᠭᠡᠵᠢᠯ ᠦᠢᠯᠡᠴᠢᠯᠡᠭᠡ ᠶ᠋ᠢ ᠦᠨᠳᠦᠰᠦᠨ ᠱᠠᠲᠤᠨ᠎ᠳᠤ ᠬᠦᠷᠭᠡᠬᠦ ᠠᠵᠢᠯᠯᠠᠭ᠎ᠠ ᠰᠢᠯᠢ ᠵᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ᠎ᠳᠤ ᠪᠣᠯᠵᠤ᠂ ᠠᠯᠪᠠᠨ ᠵᠢᠷᠤᠮ᠎ᠤᠨ ᠡᠮᠴᠢᠯᠡᠭᠡ᠂ ᠮᠡᠷᠭᠡᠵᠢᠯ᠎ᠤᠨ ᠪᠣᠯᠪᠠᠰᠤᠷᠠᠯ᠂ ᠲᠦᠷᠦ ᠵᠢᠨ ᠪᠣᠳᠣᠯᠭ᠎ᠠ ᠵᠢᠨ ᠶᠠᠷᠢᠶ᠎ᠠ ᠲᠠᠢᠯᠤᠮᠵᠢ ᠵᠡᠷᠭᠡ ᠦᠢᠯᠡᠴᠢᠯᠡᠭᠡ ᠶ᠋ᠢ ᠦᠨᠳᠦᠰᠦᠨ ᠱᠠᠲᠤᠨ᠎ᠤ ᠮᠠᠯᠴᠢᠳ᠂ ᠴᠡᠴᠡᠷᠯᠢᠭ᠎ᠤᠨ ᠪᠠᠭᠠᠴᠤᠤᠯ᠂ ᠺᠠᠳ᠋ᠷ ᠤᠯᠠᠨ ᠲᠦᠮᠡᠨ᠎ᠳᠦ ᠬᠦᠷᠭᠡᠵᠦ᠂ ᠦᠨᠡᠨ ᠪᠣᠳᠠᠲᠠᠢ ᠦᠢᠯᠡ ᠠᠵᠢᠯᠯᠠᠭ᠎ᠠ ᠪᠡᠷ ᠵᠢᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠵᠢᠱ᠌ᠢᠶᠡᠴᠢ ᠣᠷᠣᠨ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠡᠢ᠃


QQ截图20260715165329.png


ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠠᠮᠲᠤ᠎ᠶᠢᠨ ᠰᠤᠷᠤᠯᠴᠠᠯᠭ᠎ᠠ ᠵᠢᠨ ᠠᠵᠢᠯᠯᠠᠭ᠎ᠠ ᠨᠢ ᠰᠥᠨᠢᠳ ᠪᠠᠷᠠᠭᠤᠨ ᠬᠣᠰᠢᠭᠤᠨ᠎ᠤ ᠨᠢᠭᠡᠳᠦᠭᠡᠷ ᠬᠡᠦᠬᠡᠳ᠎ᠤᠨ ᠴᠡᠴᠡᠷᠯᠢᠭ᠎ᠲᠦ ᠣᠨᠴᠠᠯᠢᠭ᠍ᠲᠤ ᠬᠥᠳᠡᠯᠭᠡᠭᠡᠨ ᠥᠷᠨᠢᠭᠦᠯᠪᠡ


QQ截图20260715165346.png


ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠭᠳᠡᠬᠦᠨ — ᠮᠣᠷᠢᠨ ᠬᠤᠭᠤᠷ᠎ᠤᠨ ᠲᠣᠭᠯᠠᠭᠠᠮ ᠨᠢ ᠴᠡᠴᠡᠷᠯᠢᠭ᠎ᠤᠨ ᠪᠠᠭᠠᠴᠤᠤᠯ᠎ᠤᠨ ᠣᠨᠴᠠᠯᠢᠭ᠍ᠲᠤ ᠬᠢᠴᠢᠶᠡᠯ᠎ᠳᠤ ᠣᠷᠣᠪᠠ


ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ ᠶ᠋ᠢ ᠴᠢᠩᠭᠠᠳᠬᠠᠵᠤ᠂ ᠵᠢᠱ᠌ᠢᠶᠡᠴᠢ᠎ᠪᠡᠷ ᠬᠥᠲᠥᠯᠥᠨ ᠳᠠᠭᠠᠭᠤᠯᠵᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠃ ᠲᠤᠰ ᠤᠳᠠᠭᠠᠨ᠎ᠤ ᠠᠵᠢᠯᠯᠠᠭ᠎ᠠ ᠨᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠬᠡᠷᠡᠭᠵᠢᠭᠦᠯᠬᠦ᠎ᠪᠡᠷ ᠠᠵᠠ ᠲᠣᠭᠢᠶᠠᠯ ᠪᠤᠯᠭᠠᠵᠤ᠂ ᠲᠤᠰᠬᠠᠢ ᠮᠡᠷᠭᠡᠵᠢᠯᠲᠡᠨ᠎ᠦ ᠬᠠᠤᠯᠢ ᠲᠦᠭᠡᠮᠡᠯᠵᠢᠭᠦᠯᠬᠦ ᠪᠠ ᠵᠢᠱ᠌ᠢᠶᠡᠴᠢ᠎ᠪᠡᠷ ᠬᠥᠲᠥᠯᠥᠨ ᠳᠠᠭᠠᠭᠤᠯᠬᠤ᠎ᠶᠢ ᠤᠶᠠᠯᠳᠤᠭᠤᠯᠵᠤ᠂ 10 ᠵᠢᠱ᠌ᠢᠶᠡᠴᠢ ᠲᠥᠯᠥᠭᠡᠯᠡᠭᠴᠢ ᠵᠢᠨ ᠲᠡᠷᠢᠭᠦᠨ᠎ᠦ ᠦᠢᠯᠡ ᠠᠵᠢᠯᠯᠠᠭ᠎ᠠ᠎ᠶᠢ ᠤᠬᠠᠭᠤᠯᠤᠨ ᠲᠠᠢᠯᠪᠤᠷᠢᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ᠎ᠢ ᠨᠠᠷᠢᠯᠢᠭ᠋ ᠤᠨᠤᠪᠴᠢᠳᠠᠢ ᠲᠠᠢᠯᠪᠤᠷᠢᠯᠠᠪᠠ᠃ ᠪᠦᠭᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠬᠠᠮᠲᠤ᠎ᠶᠢᠨ ᠲᠥᠯᠥᠭᠡᠯᠡᠭᠴᠢ ᠼᠤᠤ ᠰᠢᠶᠠ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠮᠣᠩᠭᠣᠯ ᠭᠡᠷ᠎ᠦᠨ ᠦᠢᠯᠡᠳᠬᠡᠯ᠎ᠤᠨ ᠥᠪᠯᠡᠨ ᠤᠯᠠᠮᠵᠢᠯᠠᠭ᠍ᠴᠢ ᠪᠠᠨ ᠹᠧᠩ ᠪᠢᠨ ᠵᠡᠷᠭᠡ 6 ᠲᠥᠯᠥᠭᠡᠯᠡᠭᠴᠢ ᠡᠴᠡ ᠥᠪᠡᠷᠰᠡᠳ᠎ᠤᠨ ᠵᠢᠡᠨ ᠠᠳᠠᠯ ᠦᠢᠯᠡᠰ ᠪᠣᠰᠬᠠᠵᠤ ᠠᠮᠵᠢᠯᠲᠠ ᠭᠠᠷᠭᠠᠭᠰᠠᠨ ᠰᠡᠳᠬᠢᠭᠳᠡᠯ ᠵᠢᠡᠨ ᠬᠤᠪᠢᠶᠠᠯᠴᠠᠵᠤ᠂ ᠦᠨᠳᠦᠰᠦᠨ ᠱᠠᠲᠤᠨ᠎ᠤ ᠵᠠᠰᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠵᠠᠯᠭᠠᠮᠵᠢᠯᠠᠬᠤ ᠵᠡᠷᠭᠡ ᠲᠠᠯ᠎ᠠ᠎ᠡᠴᠡ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠤᠨ ᠠᠮᠵᠢᠯᠲᠠᠲᠠᠢ ᠲᠤᠷᠰᠢᠯᠭ᠎ᠠ ᠶ᠋ᠢ ᠤᠯᠠᠨ ᠲᠦᠮᠡᠨ᠎ᠳᠤ ᠰᠤᠷᠲᠠᠯᠴᠢᠯᠠᠵᠠᠢ᠃ ᠰᠥᠨᠢᠳ ᠪᠠᠷᠠᠭᠤᠨ ᠬᠣᠰᠢᠭᠤᠨ᠎ᠤ ᠠᠴᠠᠳᠤᠠᠠᠭᠤᠯᠠ ᠰᠤᠮᠤ᠎ᠶᠢᠨ ᠨᠢᠭᠡᠳᠦᠮᠡᠯ ᠹᠷᠣᠨᠲ᠎ᠤᠨ ᠭᠡᠰᠢᠭᠦᠨ ᠰᠣ᠌ ᠯᠢ ᠯᠢ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠂ ᠠᠮᠢ ᠠᠬᠤᠢ᠎ᠶᠢ ᠬᠠᠮᠲᠤᠪᠠᠷ ᠪᠠᠶ᠋ᠢᠭᠤᠯᠬᠤ᠂ ᠠᠵᠤ ᠦᠢᠯᠡᠰ ᠵᠢᠡᠷ ᠴᠢᠨᠡᠭᠡᠯᠢᠭ ᠠᠮᠢᠳᠤᠷᠠᠯ ᠵᠢᠠᠨ ᠴᠣᠭᠴᠠᠯᠠᠬᠤ᠂ ᠠᠷᠠᠳ᠎ᠤᠨ ᠠᠮᠢᠳᠤᠷᠠᠯ᠎ᠤᠨ ᠵᠠᠰᠠᠯᠲᠠ ᠵᠡᠷᠭᠡ ᠳᠥᠷᠪᠡᠨ ᠲᠠᠯ᠎ᠠ᠎ᠡᠴᠡ ᠦᠨᠳᠦᠰᠦᠨ ᠱᠠᠲᠤᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠪᠠᠢᠳᠠᠯ᠎ᠢ ᠲᠠᠨᠢᠯᠴᠠᠭᠤᠯᠤᠭᠰᠠᠨ ᠨᠢ ᠪᠦᠭᠦ ᠲᠠᠯᠠᠪᠠᠶ᠎ᠳᠤ ᠴᠢᠩᠭ᠎ᠠ ᠲᠤᠰᠬᠠᠯ ᠭᠠᠷᠴᠠᠢ᠃


QQ截图20260715165403.png


ᠰᠦᠯᠵᠢᠶᠡᠨ ᠣᠳᠣᠳ 《ᠤᠯᠠᠭᠠᠨ ᠪᠣᠭᠴᠣ᠌》 ᠰᠢᠭᠤᠳ ᠨᠡᠪᠲᠡᠷᠡᠭᠦᠯᠭᠡ ᠪᠡᠷ ᠮᠠᠯᠵᠢᠬᠤ ᠣᠷᠣᠨ᠎ᠤ ᠣᠨᠴᠠ ᠭᠠᠷᠤᠯᠲᠠ ᠶ᠋ᠢ ᠲᠠᠨᠢᠯᠴᠠᠭᠤᠯᠤᠨ᠎ᠠ


QQ截图20260715170220.png


《ᠤᠯᠠᠭᠠᠨ ᠪᠣᠭᠴᠣ᠌》 ᠰᠠᠢᠨ ᠲᠤᠷᠠᠴᠤᠤᠯ᠎ᠤᠨ ᠪᠦᠯᠭᠦᠮ᠎ᠤᠨ ᠠᠬᠠᠮᠠᠳ ᠭᠡᠰᠢᠭᠦᠳ᠎ᠲᠦ ᠬᠦᠨᠳᠦᠳᠬᠡᠯ ᠳᠡᠪᠰᠢᠭᠦᠯᠦᠨ᠎ᠡ


ᠮᠡᠷᠭᠡᠵᠢᠯ᠎ᠦᠨ ᠪᠣᠯᠪᠠᠰᠤᠷᠠᠯ ᠬᠥᠷᠳᠡᠭᠡᠵᠦ᠂ ᠠᠵᠤ ᠦᠢᠯᠡᠰ᠎ᠢ ᠬᠥᠭᠵᠢᠭᠦᠯᠦᠨ ᠠᠷᠠᠳ ᠤᠯᠠᠨ᠎ᠤ ᠪᠠᠶᠠᠵᠢᠨ ᠴᠢᠨᠡᠭᠡᠯᠢᠭᠵᠢᠭᠦ᠎ᠳᠤ ᠬᠥᠲᠥᠴᠢ ᠪᠣᠯᠣᠨ᠎ᠠ᠃ ᠲᠤᠰ ᠤᠳᠠᠭᠠᠨ᠎ᠤ ᠠᠵᠢᠯᠯᠠᠭ᠎ᠠ ᠨᠢ ᠦᠨᠳᠦᠰᠦᠨ ᠱᠠᠲᠤᠨ᠎ᠤ ᠪᠣᠳᠠᠲᠤ ᠬᠡᠷᠡᠭᠴᠡᠭᠡ᠎ᠳᠦ ᠰᠠᠭᠤᠷᠢᠯᠠᠨ᠂ ᠠᠳᠤᠭᠤᠨ᠎ᠤ ᠠᠵᠤ ᠦᠢᠯᠡᠰ᠎ᠦᠨ ᠬᠥᠭᠵᠢᠯᠲᠡ᠎ᠶᠢᠨ ᠲᠤᠰᠬᠠᠢ ᠰᠡᠳᠦᠪ ᠵᠢᠡᠷ ᠰᠤᠳᠤᠯᠤᠨ ᠶᠠᠷᠢᠯᠴᠠᠬᠤ᠂ ᠲᠡᠷᠢᠭᠦᠨ᠎ᠦ ᠨᠡᠢᠲᠡᠯᠢᠭ ᠲᠤᠷᠰᠢᠯᠭ᠎ᠠ᠎ᠶᠢ ᠬᠤᠪᠢᠶᠠᠯᠴᠠᠬᠤ ᠬᠣᠶᠠᠷ ᠲᠠᠯᠠᠪᠤᠷ ᠲᠤᠰᠬᠠᠢ ᠲᠠᠢᠯᠤᠮᠵᠢ ᠡᠷᠭᠢᠯᠡᠵᠠᠢ᠃ ᠠᠳᠤᠭᠤᠨ᠎ᠤ ᠠᠵᠤ ᠦᠢᠯᠡᠰ᠎ᠦᠨ ᠲᠤᠬᠠᠢ ᠰᠤᠳᠤᠯᠤᠭ᠍ᠴᠢ ᠥᠨᠢᠷᠬᠦᠦ ᠡᠴᠡ ᠮᠠᠨ᠎ᠤ ᠤᠯᠤᠰ᠎ᠤᠨ ᠠᠳᠤᠭᠤᠨ᠎ᠤ ᠠᠵᠤ ᠦᠢᠯᠡᠰ᠎ᠦᠨ ᠬᠥᠭᠵᠢᠯᠲᠡ᠎ᠶᠢᠨ ᠶᠠᠪᠤᠴᠠ᠂ ᠰᠤᠳᠤᠯᠭᠠᠨ᠎ᠤ ᠣᠳᠣᠬᠢ ᠪᠠᠢᠳᠠᠯ᠂ ᠠᠵᠢᠯ ᠲᠥᠷᠥᠯ᠎ᠦᠨ ᠲᠣᠢᠮᠣ᠌ ᠪᠠᠢᠳᠠᠯ ᠵᠢᠴᠢ ᠠᠳᠤᠭᠤᠨ᠎ᠤ ᠠᠵᠤ ᠦᠢᠯᠡᠰ᠎ᠤᠨ ᠨᠡᠮᠡᠯᠲᠡ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ ᠲᠤᠬᠠᠢ ᠨᠠᠷᠢᠯᠢᠭ᠋ ᠲᠠᠢᠯᠤᠮᠵᠢ ᠬᠢᠵᠦ᠂ ᠮᠠᠯᠴᠢᠳ᠎ᠤᠨ ᠬᠥᠭᠵᠢᠯᠲᠡ᠎ᠶᠢᠨ ᠰᠡᠳᠬᠢᠮᠵᠢ᠎ᠶᠢ ᠰᠢᠯᠤᠭᠤᠳᠬᠠᠵᠤ᠂ ᠲᠡᠳᠡᠨᠡᠷ᠎ᠤᠨ ᠠᠵᠤ ᠦᠢᠯᠡᠰ ᠲᠡᠭᠡᠨ ᠬᠠᠨᠳᠤᠬᠤ ᠢᠲᠡᠭᠡᠯ ᠵᠣᠷᠢᠭ᠋᠎ᠢ ᠬᠥᠪᠴᠢᠯᠡᠵᠡᠢ᠃ ᠰᠥᠨᠢᠳ ᠪᠠᠷᠠᠭᠤᠨ ᠬᠣᠰᠢᠭᠤᠨ᠎ᠤ ᠰᠠᠩᠪᠤᠯᠠᠭ ᠰᠤᠮᠤᠨ᠎ᠤ ᠮᠠᠯᠴᠢᠨ ᠴᠢᠩᠪᠠᠲᠤ᠄ 《ᠶᠠᠷᠢᠶ᠎ᠠ ᠲᠠᠢᠯᠤᠮᠵᠢ ᠨᠢ ᠠᠵᠤ ᠠᠮᠢᠳᠤᠷᠠᠯ᠎ᠳᠤ ᠣᠢᠷᠠᠲᠤᠭᠰᠠᠨ᠂ ᠮᠠᠯᠴᠢᠳ᠎ᠤᠨ ᠣᠢᠯᠠᠭᠠᠵᠤ ᠡᠵᠡᠮᠰᠢᠬᠦ᠎ᠳᠤ ᠲᠦᠭᠦᠮ ᠰᠢᠨ᠎ᠡ ᠮᠡᠳᠡᠯᠭᠡ ᠰᠢᠨ᠎ᠡ ᠲᠠᠨᠢᠯᠲᠠ ᠶ᠋ᠢ ᠳᠡᠯᠭᠡᠷᠡᠩᠭᠦᠢ ᠰᠠᠢᠬᠠᠨ ᠶᠠᠷᠢᠵᠤ ᠦᠭᠭᠦᠯ᠎ᠡ᠂ ᠬᠣᠢᠰᠢᠳᠠ ᠪᠠᠰᠠ ᠪᠣᠯᠣᠮᠵᠢ ᠪᠠᠢᠪᠠᠯ  ᠡᠢᠮᠦ ᠲᠦᠷᠦᠯ᠎ᠤᠨ ᠲᠠᠢᠯᠤᠮᠵᠢ ᠪᠣᠯᠪᠠᠰᠤᠷᠠᠯ ᠢᠳᠡᠪᠬᠢᠯᠡᠨ ᠣᠷᠣᠯᠴᠠᠨ᠎ᠠ》 ᠭᠡᠯ᠎ᠡ᠃


QQ截图20260715170235.png


ᠠᠬᠤᠢ ᠲᠠᠯᠠᠪᠠᠢ ᠳ᠋ᠡᠭᠢ ᠬᠥᠭᠵᠢᠮᠳᠡᠭᠦᠷ᠂ ᠨᠣᠮ ᠪᠢᠴᠢᠭ᠎ᠤᠨ ᠳᠡᠯᠭᠡᠨ ᠪᠣᠷᠤᠯᠠᠭᠤᠯᠭ᠎ᠠ


QQ截图20260715170254.png


ᠠᠯᠪᠠᠨ ᠵᠢᠷᠤᠮ᠎ᠤᠨ ᠡᠮᠴᠢᠯᠡᠭᠡᠨ᠎ᠤ ᠪᠦᠯᠭᠦᠮ᠎ᠤᠨ ᠭᠢᠨ ᠰᠠᠩᠪᠤᠯᠠᠭ ᠰᠤᠮᠤᠨ᠎ᠤ ᠪᠠᠶᠠᠠᠠᠠᠭᠤᠯᠠ ᠭᠠᠴᠠᠭᠠᠨ᠎ᠳᠤ ᠬᠦᠷᠴᠦ ᠮᠠᠯᠴᠢᠳ᠎ᠲᠦ ᠡᠮᠴᠢᠯᠡᠭᠡ ᠬᠢᠵᠦ ᠥᠭᠴᠦ ᠪᠠᠢᠭ᠎ᠠ ᠨᠢ


ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠨᠢ ᠬᠥᠮᠥᠨ᠎ᠦ ᠰᠡᠳᠬᠢᠯ᠎ᠢ ᠳᠤᠯᠠᠭᠠᠴᠠᠭᠤᠯᠵᠤ᠂ ᠠᠷᠠᠳ ᠤᠯᠠᠨ᠎ᠳᠤ ᠦᠨᠡᠨ ᠬᠦ᠌ ᠪᠣᠳᠠᠲᠤ ᠶᠠᠪᠤᠳᠠᠯ᠎ᠢ ᠬᠢᠵᠦ ᠥᠭᠭᠦᠨ᠎ᠡ᠃ ᠡᠨᠡ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ ᠨᠢ ᠥᠪᠥᠷ ᠮᠣᠩᠭᠣᠯ᠎ᠤᠨ ᠤᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶ᠎ᠠ ᠵᠡᠷᠭᠡ ᠡᠮᠴᠢᠯᠡᠭᠡᠨ᠎ᠤ ᠪᠠᠢᠭᠤᠯᠤᠮᠵᠢ ᠵᠢᠨ ᠲᠤᠰᠬᠠᠢ ᠮᠡᠷᠭᠡᠵᠢᠯᠲᠡᠨ ᠨᠡᠷᠡᠳᠤ ᠡᠮᠴᠢ ᠨᠠᠷ ᠵᠢᠡᠷ ᠪᠦᠷᠢᠯᠳᠦᠭᠰᠡᠨ ᠠᠯᠪᠠᠨ ᠵᠢᠷᠤᠮ᠎ᠤᠨ ᠡᠮᠴᠢᠯᠡᠭᠡᠨ᠎ᠤ ᠪᠠᠭ᠎ᠢ ᠵᠣᠬᠢᠶᠠᠨ ᠪᠠᠢᠭᠤᠯᠵᠤ᠂ ᠰᠥᠨᠢᠳ ᠪᠠᠷᠠᠭᠤᠨ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠪᠣᠯᠣᠨ ᠰᠠᠩᠪᠤᠯᠠᠭ ᠰᠤᠮᠤᠨ᠎ᠤ ᠪᠠᠶᠠᠠᠠᠠᠭᠤᠯᠠ ᠭᠠᠴᠠᠭᠠᠨ᠎ᠳᠤ ᠬᠦᠷᠴᠦ᠂ ᠠᠯᠪᠠᠨ ᠵᠢᠷᠤᠮ᠎ᠤᠨ ᠡᠮᠴᠢᠯᠡᠭᠡᠨ᠎ᠤ ᠦᠢᠯᠡᠴᠢᠯᠡᠭᠡ ᠥᠷᠨᠢᠭᠦᠯᠦᠭᠰᠡᠨ ᠪᠦᠭᠡᠳ ᠲᠤᠬᠠᠢ᠎ᠶᠢᠨ ᠲᠠᠯᠠᠪᠠᠶ᠎ᠳᠤ ᠰᠦᠢᠳᠬᠡᠯ ᠬᠤᠷᠢᠶᠠᠬᠤ ᠦᠭᠡᠢ᠎ᠪᠡᠷ ᠰᠦᠯᠵᠢᠶ᠎ᠡ᠎ᠪᠡᠷ ᠳ᠋ᠤᠭᠠᠷᠯᠠᠬᠤ ᠵᠠᠮ ᠱᠤᠭᠤᠮ᠎ᠢ ᠨᠠᠪᠲᠠᠷᠡᠭᠦᠯᠵᠦ᠂ ᠡᠪᠡᠳᠴᠢᠨ᠎ᠤ ᠪᠠᠢᠳᠠᠯ᠎ᠤᠨ ᠲᠤᠬᠠᠢ ᠠᠰᠠᠭᠤᠵᠤ ᠯᠠᠪᠯᠠᠬᠤ᠂ ᠡᠪᠡᠳᠴᠢᠨ ᠦᠵᠡᠭᠦᠯᠭᠦ᠂ ᠡᠮ ᠲᠠᠡᠭ᠎ᠢ ᠬᠡᠷᠬᠢᠨ ᠠᠶᠤᠯᠭᠦᠢ ᠬᠡᠷᠡᠭᠯᠡᠬᠦ ᠵᠡᠷᠭᠡ ᠪᠡᠷ ᠦᠢᠯᠡᠴᠢᠯᠡᠭᠡ ᠬᠦᠷᠲᠡᠭᠡᠭᠰᠡᠨ ᠪᠠᠢᠨ᠎ᠠ᠃ ᠪᠠᠴᠢᠮ ᠪᠠᠢᠳᠠᠯ᠎ᠢ ᠠᠷᠭᠠᠴᠠᠭᠠᠬᠤ ᠪᠠᠭ᠎ᠤᠨ ᠭᠢᠨ ᠪᠠᠴᠢᠮ ᠠᠪᠤᠷᠠᠯᠳᠠ᠎ᠶᠢᠨ ᠮᠡᠳᠡᠯᠭᠡ᠎ᠶᠢ ᠲᠦᠭᠡᠮᠡᠯᠵᠢᠭᠦᠯᠵᠦ᠂ ᠲᠤᠰᠬᠠᠢ ᠮᠡᠷᠭᠡᠵᠢᠯ᠎ᠦᠨ ᠪᠦᠯᠭᠦᠮ᠎ᠡᠴᠡ ᠰᠥᠨᠢᠳ ᠪᠠᠷᠠᠭᠤᠨ ᠬᠣᠰᠢᠭᠤᠨ᠎ᠤ ᠳᠥᠷᠪᠡᠨ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠤᠰᠤᠨ᠎ᠤ ᠴᠢᠨᠠᠷ᠎ᠢ ᠰᠢᠯᠭᠠᠨ ᠪᠠᠢᠴᠠᠭᠠᠬᠤ ᠠᠵᠢᠯ᠎ᠢ ᠥᠷᠨᠢᠭᠦᠯᠦᠭᠰᠡᠨ ᠪᠥᠭᠡᠳ ᠬᠠᠭᠤᠴᠢᠷᠠᠭᠰᠠᠨ ᠤᠤᠭᠤᠬᠤ ᠤᠰᠤᠨ᠎ᠤ ᠮᠠᠰᠢᠨ᠎ᠤ ᠱᠦᠭᠦᠭᠦᠷ᠎ᠢ ᠰᠢᠨᠡᠳᠬᠡᠨ ᠰᠣᠯᠢᠵᠤ ᠥᠭᠴᠡᠢ᠃


QQ截图20260715165424.png


ᠬᠡᠦᠬᠡᠳ᠎ᠤᠨ ᠴᠡᠴᠡᠷᠯᠢᠭ᠎ᠤᠨ ᠬᠠᠷᠢᠭᠤᠴᠠᠯᠭᠠᠲᠠᠨ ᠡᠴᠡ ᠪᠡᠭᠡᠵᠢᠨᠭ ᠥᠪᠥᠷ ᠮᠣᠩᠭᠣᠯ᠎ᠤᠨ ᠬᠠᠮᠵᠢᠯᠴᠠᠭ᠎ᠠ ᠪᠡᠷ ᠬᠦᠷᠦᠯᠴᠡᠨ ᠢᠷᠡᠵᠦ ᠵᠢᠭᠠᠨ ᠰᠤᠷᠭᠠᠯᠲᠠ ᠵᠢᠨ ᠲᠡᠮᠵᠢᠯᠭᠡ ᠬᠠᠩᠭᠠᠭᠰᠠᠨ ᠪᠡᠭᠡᠵᠢᠩ᠎ᠤᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋᠎ᠤᠨ ᠴᠡᠴᠡᠷᠯᠢᠭ᠎ᠤᠨ ᠪᠠᠭ᠍ᠰᠢ᠎ᠳᠦ ᠳᠤᠷᠠᠰᠬᠠᠯ᠎ᠤᠨ ᠪᠡᠯᠡᠭ ᠭᠠᠷᠳᠠᠭᠤᠯᠪᠠ


QQ截图20260715170321.png


ᠣᠶᠤᠨᠲᠤ ᠮᠠᠰᠢᠨ ᠨᠣᠬᠠᠢ ᠵᠢᠨ ᠦᠵᠡᠭᠦᠯᠭᠡ ᠨᠢ ᠴᠡᠴᠡᠷᠯᠢᠭ᠎ᠤᠨ ᠬᠡᠥᠬᠡᠳ᠎ᠤᠨ ᠰᠣᠨᠢᠭᠤᠴᠢ ᠰᠡᠳᠬᠢᠯ᠎ᠢ ᠲᠠᠲᠠᠨ᠎ᠠ


QQ截图20260715165501.png


ᠲᠡᠷᠢᠭᠦᠨ᠎ᠤ ᠵᠢᠱ᠌ᠢᠶᠡᠴᠢᠳ᠎ᠤᠨ ᠲᠤᠷᠰᠢᠯᠭ᠎ᠠ ᠪᠡᠨ ᠬᠤᠪᠢᠶᠠᠯᠴᠠᠬᠤ ᠬᠤᠷᠠᠯ᠎ᠤᠨ ᠠᠬᠤᠢ ᠲᠠᠯᠠᠪᠠᠢ


ᠡᠭᠦᠨ ᠡᠴᠡ ᠭᠠᠳᠠᠨ᠎ᠠ ᠪᠠᠰᠠ ᠰᠦᠯᠵᠢᠶᠡᠨ ᠣᠳᠣᠳ᠎ᠤᠨ ᠪᠦᠯᠭᠦᠮ᠎ᠢ ᠠᠪᠴᠢᠷᠠᠨ ᠰᠥᠨᠢᠳ ᠪᠠᠷᠠᠭᠤᠨ ᠬᠣᠰᠢᠭᠤᠨ᠎ᠤ 《ᠤᠯᠠᠭᠠᠨ ᠪᠣᠭᠴᠣ᠌》 ᠰᠢᠭᠤᠳ ᠨᠡᠪᠲᠡᠷᠡᠭᠦᠯᠭᠡ᠎ᠶᠢᠨ ᠲᠠᠪᠴᠠᠩ ᠵᠢᠡᠷ ᠣᠨᠴᠠᠯᠢᠭ᠍ᠲᠤ ᠭᠠᠷ ᠤᠷᠠᠯᠠᠯ᠎ᠤᠨ ᠪᠦᠲᠦᠭᠡᠭᠳᠡᠬᠦᠨ᠎ᠢ ᠰᠢᠭᠤᠳ ᠪᠣᠷᠣᠯᠠᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠪᠡ᠃ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠭᠠᠷ ᠤᠷᠠᠯᠠᠯ᠎ᠤᠨ ᠲᠣᠭᠯᠠᠭᠠᠮ᠂ ᠵᠢᠷᠤᠭᠲᠤ ᠳᠡᠪᠲᠡᠷ ᠵᠢᠴᠢ ᠪᠢᠴᠢᠭ᠎ᠦᠨ ᠬᠡᠷᠡᠭᠰᠡᠯ ᠬᠠᠨᠳᠢᠪᠯᠡᠵᠤ᠂ ᠪᠡᠭᠡᠵᠢᠩ᠎ᠦᠨ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠎ᠤᠨ ᠲᠠᠪᠤᠳᠤᠭᠠᠷ ᠬᠡᠦᠬᠡᠳ᠎ᠦᠨ ᠴᠡᠴᠡᠷᠯᠢᠭ ᠪᠣᠯᠣᠨ ᠲᠤᠬᠠᠢ᠎ᠶᠢᠨ ᠭᠠᠵᠠᠷ᠎ᠤᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠠᠮᠲᠤ᠎ᠶᠢᠨ ᠰᠤᠷᠤᠯᠴᠠᠯᠭ᠎ᠠ ᠥᠷᠨᠢᠭᠦᠯᠵᠦ᠂ ᠣᠶᠤᠨᠲᠤ ᠮᠠᠰᠢᠨ ᠬᠥᠮᠥᠨ᠎ᠤ ᠦᠵᠡᠭᠦᠯᠭᠡ ᠨᠢ ᠬᠡᠦᠬᠡᠳ᠎ᠦᠨ ᠰᠢᠨᠵᠢᠯᠡᠬᠦ ᠤᠬᠠᠭᠠᠨ᠎ᠤ ᠬᠦᠰᠡᠯ ᠵᠡᠭᠦᠳᠦ᠎ᠶᠢ  ᠭᠡᠷᠡᠯᠲᠦᠭᠦᠯᠵᠦ᠂ ᠪᠣᠳᠠᠰ ᠎ᠤᠨ ᠪᠤᠰᠤ ᠰᠣᠶᠣᠯ᠎ᠤᠨ ᠥᠪ᠎ᠦᠨ ᠥᠪᠯᠡᠨ ᠤᠯᠠᠮᠵᠢᠯᠠᠭ᠍ᠴᠢ ᠡᠴᠡ ᠮᠣᠷᠢᠨ ᠬᠤᠭᠤᠷ᠎ᠤᠨ ᠭᠠᠷ ᠤᠷᠠᠯᠠᠯ᠎ᠤᠨ ᠲᠣᠭᠯᠠᠭᠠᠮ᠎ᠤᠨ ᠲᠠᠩᠬᠢᠮ ᠨᠡᠭᠡᠭᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤᠳᠬᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号