ᠳᠥᠷᠪᠡᠳ ᠬᠣᠰᠢᠭᠤ ᠰᠢᠯᠢᠳᠡᠭ ᠡᠭᠦᠯᠳᠡᠷ᠎ᠦᠨ ᠬᠤᠨᠢ ᠲᠡᠵᠢᠬᠡᠬᠦ ᠠᠵᠤ ᠤᠢᠯᠡᠰ᠎ᠢᠶᠡᠷ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠌᠎ᠶᠢ ᠲᠠᠢᠴᠢᠯᠠᠵᠤ ᠪᠤᠢ
2026-07-15 09:13:36
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 30 ᠎ᠤ ᠡᠳᠦᠷ᠂ ᠰᠤᠷᠪᠤᠯᠵᠢᠯᠠᠭᠴᠢ ᠳᠥᠷᠪᠡᠳ ᠬᠣᠰᠢᠭᠤ ᠡᠴᠡ ᠤᠢᠯᠠᠭᠠᠭᠰᠠᠨ ᠵᠢᠡᠷ᠂ ᠲᠤᠰ ᠬᠣᠰᠢᠭᠤ  ᠭᠠᠵᠠᠷ ᠣᠷᠣᠨ᠎ᠤ ᠲᠠᠭᠠᠭᠤᠯᠤᠬᠴᠢ ᠠᠵᠤ ᠠᠬᠤᠶ᠋ᠢᠯᠠᠯ ᠪᠣᠯᠬᠤ ᠥᠪᠥᠷ ᠮᠣᠩᠭᠣᠯ᠎ᠤᠨ ᠰᠠᠢ ᠨᠦᠸᠸ ᠦᠷ᠎ᠠ ᠵᠢᠨ ᠬᠤᠨᠢᠨ ᠤ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠳᠤ ᠲᠦᠰᠢᠭᠯᠡᠨ᠂ ᠰᠢᠯᠢᠳᠡᠭ ᠡᠭᠦᠯᠳᠡᠷ᠎ᠢ ᠪᠣᠶ᠋ᠢᠵᠢᠭᠤᠯᠬᠤ᠎ᠪᠠᠷ ᠭᠣᠣᠯ ᠭᠠᠷᠳᠠᠴᠠ ᠪᠣᠯᠭᠠᠵᠤ᠂ ᠮᠠᠯᠴᠢᠨ ᠲᠠᠷᠢᠶᠠᠴᠢᠨ᠎ᠲᠠᠶ ᠬᠣᠯᠪᠣᠭᠠᠯᠠᠨ ᠮᠠᠯᠴᠢᠨ ᠲᠠᠷᠢᠶᠠᠴᠢᠨ ᠢ᠋ ᠳᠠᠶ᠋ᠢᠴᠢᠯᠠᠬᠤ ᠪᠦᠷᠢᠨ ᠪᠦᠲᠦᠨ  ᠠᠵᠤ ᠦᠢᠯᠡᠰ᠎ᠦᠨ ᠰᠢᠰᠲᠸᠮ᠎ᠢ ᠪᠠᠶ᠋ᠢᠭᠤᠯᠵᠤ᠂ 4 ᠲᠦᠷᠦᠯ᠎ᠦᠨ ᠪᠣᠯᠪᠠᠰᠤᠷᠠᠩᠭᠤᠢ ᠲᠣᠭᠲᠠᠭᠤᠨ ᠬᠠᠮᠲᠤᠷᠠᠯᠴᠠᠭᠠᠨ᠎ᠤ ᠵᠠᠭᠪᠤᠷ᠎ᠢ ᠭᠠᠷᠭᠠᠵᠤ᠂ ᠮᠠᠯᠵᠢᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ᠎ᠤ ᠮᠠᠯᠴᠢᠨ ᠲᠠᠷᠢᠶᠠᠴᠢᠨ᠎ᠤ ᠲᠣᠭᠲᠠᠭᠤᠨ᠎ᠢᠶᠠᠷ ᠣᠷᠣᠯᠭ᠎ᠠ᠎ᠪᠠᠨ ᠨᠡᠮᠡᠭᠳᠡᠭᠦᠯᠵᠦ᠍ ᠴᠢᠨᠡᠭᠡᠯᠢᠭᠵᠢᠬᠦ᠌᠎ᠶᠢ  ᠲᠠᠢ᠌ᠴᠢᠯᠠᠵᠤ ᠪᠤᠢ᠃

ᠥᠪᠥᠷ ᠮᠣᠩᠭᠣᠯ᠎ᠤᠨ ᠰᠠᠶ ᠨᠦᠸᠸ ᠦᠷ᠎ᠡ᠎ᠶᠢᠨ ᠬᠤᠨᠢᠨ ᠤ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ ︵ᠳᠥᠭᠥᠮᠴᠢᠯᠡᠭᠡᠳ ᠰᠠᠶ ᠨᠦᠸᠸ ᠺᠣᠮᠫᠠᠨᠢ ᠭᠡᠳᠡᠭ︶1997 ᠣᠨ᠎ᠳᠤ ᠪᠠᠶ᠋ᠢᠭᠤᠯᠤᠭᠳᠠᠵᠤ᠂ ᠮᠢᠬᠠᠨ ᠬᠣᠨᠢ ᠵᠢᠨ ᠡᠭᠦᠯᠳᠡᠷ ᠪᠣᠶ᠋ᠢᠵᠢᠭᠤᠯᠬᠤ᠂ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ᠂ ᠬᠦᠪᠦᠷᠡᠯ᠎ᠦᠨ ᠠᠮᠢᠳᠤ ᠪᠣᠳᠠᠰ᠎ᠤᠨ ᠮᠡᠷᠭᠡᠵᠢᠯ᠎ᠢ ᠰᠤᠳᠤᠯᠤᠨ ᠨᠡᠭᠡᠭᠡᠬᠦ᠌᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌᠂ ᠪᠥᠬᠥ᠌ ᠬᠡᠯᠬᠢᠶ᠎ᠡ᠎ᠳᠦ ᠲᠠᠷᠢᠶᠠᠯᠠᠩ ᠮᠠᠯ ᠠᠵᠤ ᠠᠬᠤᠶ᠎ᠶᠢᠨ ᠮᠡᠷᠭᠡᠵᠢᠯ᠎ᠦᠨ ᠦᠢᠯᠡᠴᠢᠯᠡᠭᠡ ᠬᠠᠡᠭᠭᠠᠬᠤ ᠵᠢ ᠨᠢᠭᠡ ᠴᠣᠭᠴᠠᠵᠢᠭᠤᠯᠤᠭᠰᠠᠨ ᠤᠯᠤᠰ᠎ᠤᠨ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠦᠷ᠎ᠡ᠎ᠶᠢᠨ ᠤᠢᠯᠡᠰ᠎ᠦᠨ ᠬᠥᠲᠥᠴᠢ ᠠᠵᠤ ᠠᠬᠤᠶ᠋ᠢᠯᠠᠯ ᠪᠣᠯᠤᠨ᠎ᠠ᠃ ᠠᠵᠤ ᠠᠬᠤᠶ᠋ᠢᠯᠠᠯ ᠨᠢ ᠬᠠᠷ᠎ᠠ ᠲᠤᠯᠤᠭᠠᠢ ᠲᠠᠢ ᠳ᠋ᠦ᠋ ᠪᠥᠸᠧ᠂ ᠰᠠᠹᠤᠯᠺ ᠵᠡᠷᠭᠡ ᠲᠡᠯᠡᠬᠡᠢ ᠵᠢᠨ ᠰᠢᠯᠢᠳᠡᠭ ᠬᠤᠨᠢᠨ ᠤ᠋ ᠡᠭᠦᠯᠳᠡᠷ᠎ᠢ ᠣᠷᠣᠭᠤᠯᠤᠨ ᠠᠪᠴᠢᠷᠠᠵᠤ ᠭᠤᠤᠯ  ᠦᠷᠡᠵᠢᠭᠦᠯᠦᠨ ᠪᠣᠶ᠋ᠢᠵᠢᠭᠤᠯᠬᠤ ᠡᠭᠦᠯᠳᠡᠷ᠎ᠦᠨ ᠰᠦᠷᠦᠭ᠎ᠢ ᠪᠠᠶ᠋ᠢᠭᠤᠯᠤᠨ᠂ 18 ᠵᠢᠯ ᠴᠦᠭᠦᠷᠡᠰᠢ ᠦᠭᠡᠢ ᠴᠢᠷᠮᠠᠢᠵᠤ ᠪᠠᠢᠭᠠᠳ ᠳ᠋ᠦ᠋ ᠮᠧᠩ ᠮᠢᠬᠠᠨ᠎ᠤ ᠬᠣᠨᠢ᠎ᠶᠢ ᠪᠡᠶ᠎ᠡ᠎ᠪᠡᠨ ᠳᠠᠭᠠᠭᠠᠨ ᠪᠣᠶ᠋ᠢᠵᠢᠭᠤᠯᠵᠤ᠂ 2022 ᠣᠨ ᠎ᠳᠤ ᠲᠠᠷᠢᠶᠠᠯᠠᠡᠭ ᠬᠥᠳᠡᠭᠡ ᠲᠣᠰᠬᠣᠨ᠎ᠤ ᠶᠠᠮᠤᠨ᠎ᠤ ᠰᠢᠨ᠎ᠡ ᠡᠭᠦᠯᠳᠡᠷ ᠤ᠋ᠨ ᠬᠢᠨᠠᠨ ᠲᠣᠭᠲᠠᠭᠠᠯᠲᠠ᠎ᠶᠢ ᠤᠷᠤᠭᠰᠢᠲᠠᠶ ᠦᠡᠭᠭᠡᠷᠡᠭᠡᠵᠤ᠂ ᠤᠯᠠᠭᠠᠨᠴᠠᠪ᠎ᠤᠨ ᠪᠡᠶ᠎ᠡ᠎ᠪᠡᠨ ᠳᠠᠭᠠᠭᠠᠭᠰᠠᠨ ᠮᠢᠬᠠᠨ᠎ᠤ ᠬᠣᠨᠢᠨ᠎ᠤ ᠡᠭᠦᠯᠳᠡᠷ ᠤ᠋ᠨ ᠬᠣᠭᠣᠰᠣᠨ᠎ᠢ ᠨᠥᠬᠥᠪᠥᠷᠢᠯᠡᠪᠡ᠃

ᠮᠠᠯᠴᠢᠨ ᠲᠠᠷᠢᠶᠠᠴᠢᠨ ᠤ᠋ ᠲᠡᠵᠢᠭᠡᠨ ᠦᠷᠡᠵᠢᠭᠦᠯᠦᠭᠰᠡᠨ ᠬᠤᠨᠢᠨ᠎ᠤ ᠪᠣᠷᠣᠯᠠᠭᠤᠯᠭ᠎ᠠ᠎ᠶᠢᠨ ᠠᠷᠭ᠎ᠠ ᠵᠠᠮ ᠲᠣᠭᠲᠠᠭᠤᠨ ᠪᠤᠰᠤ ᠪᠠᠶ᠋ᠢᠬᠤ᠂ ᠠᠰᠢᠭ ᠣᠷᠣᠯᠭ᠎ᠠ᠎ᠶᠢᠨ ᠬᠡᠯᠪᠡᠯᠵᠡᠯ ᠶᠡᠬᠡ ᠵᠡᠷᠭᠡ ᠬᠦᠴᠢᠷ ᠠᠰᠠᠭᠤᠳᠠᠯ᠎ᠢ᠋ ᠰᠢᠢᠳᠪᠤᠷᠢᠯᠡᠬᠦ᠎ᠶᠢᠨ ᠲᠥᠯᠥᠭᠡ ᠰᠠᠢ ᠨᠦᠸᠸ ᠺᠣᠮᠫᠠᠨᠢ 《ᠠᠵᠤ ᠠᠬᠤᠢᠯᠠᠯ ᠰᠠᠶ᠋ᠢᠨ ᠡᠭᠦᠯᠳᠡᠷ ᠬᠠᠩᠭᠠᠨ᠂ ᠮᠡᠷᠭᠡᠵᠢᠯ ᠬᠦᠷᠭᠡᠬᠦ᠂ ᠬᠤᠳᠠᠯᠳᠤᠨ ᠠᠪᠬᠤ᠎ᠶᠢ ᠪᠠᠲᠤᠯᠠᠬᠤ᠂ ᠠᠰᠢᠭ ᠣᠷᠣᠯᠭ᠎ᠠ ᠬᠤᠪᠢᠶᠠᠬᠤ》 ᠪᠢᠲᠡᠭᠦᠦ ᠴᠠᠭᠠᠷᠢᠭᠲᠤ᠌ ᠮᠠᠯᠴᠢᠨ ᠲᠠᠷᠢᠶᠠᠴᠢᠨ᠎ᠲᠠᠶ ᠬᠣᠯᠪᠣᠭᠠᠯᠠᠨ ᠮᠠᠯᠴᠢᠨ ᠲᠠᠷᠢᠶᠠᠴᠢᠨ ᠢ᠋ ᠳᠠᠶ᠋ᠢᠴᠢᠯᠠᠬᠤ ᠰᠢᠰᠲ᠋ᠧᠮ ᠢ᠋ ᠪᠠᠢᠭᠤᠯᠵᠤ᠂ ᠦᠷ᠎ᠡ᠎ᠶᠢᠨ ᠬᠣᠨᠢ ᠦᠷᠡᠵᠢᠭᠦᠯᠬᠦ  ᠬᠣᠯᠪᠣᠭᠠᠲᠤ᠌ ᠴᠣᠭᠴᠠ᠂ ᠮᠢᠬᠠᠨ ᠬᠣᠨᠢ ᠦᠷᠡᠵᠢᠭᠦᠯᠬᠦ ᠬᠣᠯᠪᠣᠭᠠᠲᠤ᠌ ᠴᠣᠭᠴᠠ᠂ ᠰᠠᠢ ᠨᠦᠸᠸ ᠵᠢᠨ ᠠᠵᠤ ᠤᠢᠯᠡᠰ᠎ᠢᠶᠡᠷ ᠶᠠᠳᠠᠭᠤ᠎ᠶᠢ  ᠲᠡᠳᠬᠦᠬᠦ᠌ ᠬᠡᠪ ᠵᠠᠭᠪᠤᠷ᠂ ᠳ᠋ᠦ᠋ ᠮᠸᠩ ᠮᠢᠬᠠᠨ ᠬᠣᠨᠢᠨ᠎ᠤ ᠡᠭᠦᠯᠳᠡᠷ ᠪᠣᠶ᠋ᠢᠵᠢᠭᠤᠯᠬᠤ ᠬᠣᠯᠪᠣᠭᠠᠲᠤ᠌ ᠴᠣᠭᠴᠠ ᠵᠡᠷᠭᠡ  4 ᠲᠥᠷᠥᠯ᠎ᠦᠨ ᠠᠳᠠᠯᠢ ᠪᠤᠰᠤ ᠬᠠᠮᠲᠤᠷᠠᠯᠴᠠᠭᠠᠨ᠎ᠤ ᠵᠠᠭᠪᠤᠷ ᠢ᠋ ᠭᠠᠷᠭᠠᠵᠤ᠂ ᠰᠤᠯᠠ ᠲᠡᠵᠢᠭᠡᠬᠦ᠌ ᠡᠷᠦᠬᠡ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ᠌  ᠡᠷᠦᠬᠡ᠂ ᠭᠠᠴᠠᠭᠠᠨ᠎ᠤ ᠬᠠᠮᠲᠤ᠎ᠶᠢᠨ ᠬᠤᠷᠰᠢᠶ᠎ᠠ᠂ ᠶᠠᠳᠠᠭᠤ᠎ᠠᠴᠠ ᠠᠩᠭᠢᠵᠢᠷᠠᠭᠰᠠᠨ ᠣᠯᠠᠨ ᠲᠦᠮᠡᠨ ᠢ᠋ ᠬᠠᠮᠤᠷᠴᠤ᠂ ᠳᠦᠷᠢᠮᠵᠢᠭᠰᠡᠨ ᠬᠠᠮᠲᠤᠷᠠᠨ ᠠᠵᠢᠯᠯᠠᠬᠤ ᠬᠡᠷ᠎ᠠ ᠲᠣᠭᠲᠠᠵᠤ᠂ ᠨᠠᠭᠠᠳᠤ ᠵᠠᠬ᠎ᠠ ᠵᠢᠨ ᠪᠠᠲᠤᠯᠠᠭᠠᠳᠤ ᠦᠨ᠎ᠡ᠎ᠪᠡᠷ ᠬᠤᠳᠠᠯᠳᠤᠨ ᠠᠪᠴᠤ᠂ ᠰᠦᠢᠳᠬᠡᠯ ᠬᠤᠷᠢᠶᠠᠬᠤ ᠦᠭᠡᠢ᠎ᠪᠡᠷ ᠭᠡᠷ᠎ᠲᠦᠨᠢ ᠣᠴᠢᠬᠤ ᠮᠡᠷᠭᠡᠵᠢᠯ᠎ᠦᠨ ᠦᠢᠯᠡᠴᠢᠯᠡᠭᠡ ᠬᠠᠡᠭᠭᠠᠵᠤ᠂ ᠠᠵᠤ ᠠᠬᠤᠶ᠋ᠢᠯᠠᠯ ᠭᠤᠤᠯ ᠪᠣᠯᠬᠤ ᠵᠠᠬ᠎ᠠ ᠳᠡᠯᠭᠡᠭᠦᠷ᠎ᠦᠨ ᠲᠦᠭᠰᠢᠭᠦᠷᠢ᠎ᠶᠢ ᠡᠭᠦᠷᠭᠡᠯᠡᠨ᠂ ᠮᠠᠯᠴᠢᠨ ᠲᠠᠷᠢᠶᠠᠴᠢᠨ᠎ᠤ  ᠠᠰᠢᠭ  ᠣᠷᠣᠯᠭ᠎ᠠ᠎ᠶᠢ  ᠪᠦᠬᠦ᠌ ᠲᠠᠯ᠎ᠠ᠎ᠪᠠᠷ ᠪᠠᠲᠤᠯᠠᠨ᠎ᠠ᠃

ᠦᠷ᠎ᠡ᠎ᠶᠢᠨ ᠬᠣᠨᠢ ᠦᠷᠡᠵᠢᠭᠦᠯᠬᠦ ᠬᠣᠯᠪᠣᠭᠠᠲᠤ᠌ ᠴᠣᠭᠴᠠ᠎ᠶᠢᠨ ᠲᠠᠯ᠎ᠠ᠎ᠪᠠᠷ᠂ ᠰᠠᠶ ᠨᠦᠸᠸ ᠺᠣᠮᠫᠠᠨᠢ᠎ᠶᠢᠨ ᠮᠡᠷᠭᠡᠵᠢᠯ᠎ᠢᠶᠡᠷ ᠲᠦᠰᠢᠭ ᠪᠣᠯᠭᠠᠵᠤ᠂ ᠬᠠᠮᠲᠤᠷᠠᠯᠴᠠᠭᠰᠠᠨ ᠡᠷᠦᠬᠡ᠎ᠳᠦ ᠴᠡᠪᠡᠷ ᠡᠭᠦᠯᠳᠡᠷ᠎ᠦᠨ ᠳ᠋ᠦ᠋ ᠪᠥᠸᠧ ᠬᠣᠨᠢᠨ᠎ᠤ ᠬᠦᠪᠦᠷᠡᠯ ᠰᠢᠯᠵᠢᠭᠦᠯᠦᠨ ᠤᠷᠭᠤᠭᠤᠯᠬᠤ ᠮᠡᠷᠭᠡᠵᠢᠯ᠂ ᠲᠡᠵᠢᠭᠡᠯ ᠡᠪᠡᠰᠦ ᠪᠣᠷᠳᠣᠭᠠᠨ᠎ᠤ ᠨᠠᠶ᠋ᠢᠷᠠᠯᠭ᠎ᠠ ᠪᠠ ᠤᠢᠯᠡᠳᠪᠤᠷᠢᠯᠡᠯ᠎ᠦᠨ ᠬᠠᠮᠢᠶᠠᠷᠤᠯᠲᠠ᠎ᠶᠢᠨ ᠮᠡᠷᠭᠡᠵᠢᠯ᠎ᠦᠨ ᠤᠢᠯᠡᠴᠢᠯᠡᠭᠡ ᠬᠠᠩᠭᠠᠵᠤ᠂ ᠬᠠᠮᠲᠤᠷᠠᠯᠴᠠᠭᠰᠠᠨ ᠡᠷᠦᠬᠡ᠎ᠶᠢᠨ ᠦᠷᠡᠵᠢᠭᠦᠯᠦᠨ ᠪᠣᠶ᠋ᠢᠵᠢᠭᠤᠯᠤᠭᠰᠠᠨ ᠦᠷ᠎ᠡ᠎ᠶᠢᠨ ᠬᠤᠷᠠᠭ᠎ᠠ 4 ᠰᠠᠷ᠎ᠠ ᠪᠤᠯᠬᠤ ᠎ᠳᠦ ᠳᠤᠮᠳᠠᠴᠢ ᠪᠡᠶ᠎ᠡ᠎ᠶᠢᠨ ᠬᠦᠨᠳᠦ ᠨᠢ 80 ᠵᠢᠩ ᠡᠴᠡ ᠳᠡᠭᠡᠭᠰᠢ ᠪᠤᠯᠪᠠᠯ᠂ ᠺᠣᠮᠫᠠᠨᠢ ᠨᠢ ᠬᠤᠷᠠᠭ᠎ᠠ ᠪᠦᠷᠢ ᠵᠢ 1700 ᠲᠥᠭᠥᠷᠢᠭ ᠤ᠋ᠨ ᠦᠨ᠎ᠡ᠎ᠪᠡᠷ ᠬᠤᠳᠠᠯᠳᠤᠨ ᠠᠪᠤᠨ᠎ᠠ᠃ ᠣᠳᠣᠬᠠᠨ᠎ᠳᠤ 45 ᠡᠷᠦᠬᠡ ᠬᠠᠮᠲᠤᠷᠠᠨ ᠠᠵᠢᠯᠯᠠᠵᠤ᠂ ᠡᠷᠦᠬᠡ ᠪᠦᠷᠢ᠎ᠶᠢᠨ ᠵᠢᠯ᠎ᠦᠨ ᠣᠷᠣᠯᠭ᠎ᠠ᠎ᠨᠢ 15 ᠲᠦᠮᠡᠨ ᠲᠥᠭᠥᠷᠢᠭ᠎ᠲᠦ᠍ ᠬᠦᠷᠴᠤ ᠪᠤᠢ᠃

ᠮᠢᠬᠠᠨ ᠬᠣᠨᠢ ᠦᠷᠡᠵᠢᠭᠦᠯᠬᠦ ᠬᠣᠯᠪᠣᠭᠠᠲᠤ᠌ ᠴᠣᠭᠴᠠ᠎ᠶᠢᠨ ᠲᠠᠯ᠎ᠠ᠎ᠪᠠᠷ᠂ ᠰᠠᠶ ᠨᠦᠸᠸ ᠺᠣᠮᠫᠠᠨᠢ ᠮᠠᠯᠴᠢᠨ ᠲᠠᠷᠢᠶᠠᠴᠢᠨ᠎ᠳᠤ ᠴᠢᠨᠠᠷ ᠰᠠᠶ᠋ᠢᠲᠠᠶ ᠬᠤᠴᠠ ᠬᠠᠩᠭᠠᠵᠤ᠂ ᠮᠡᠷᠭᠡᠵᠢᠯ᠎ᠦᠨ ᠤᠢᠯᠡᠴᠢᠯᠡᠭᠡᠨ᠎ᠦ ᠪᠦᠯᠬᠦᠮ ᠲᠣᠰᠬᠣᠨ᠎ᠳᠤ ᠰᠠᠭᠤᠵᠤ᠂ ᠡᠷᠦᠬᠡ ᠳᠠᠷᠠᠭᠠᠯᠠᠨ ᠵᠢᠯᠣᠭᠣᠳᠣᠯᠭ᠎ᠠ ᠪᠠ ᠤᠢᠯᠡᠴᠢᠯᠡᠭᠡ ᠬᠠᠡᠭᠭᠠᠵᠤ᠂ ᠺᠣᠮᠫᠠᠨᠢ ᠵᠠᠬᠢᠶᠠᠯᠠᠭ᠎ᠠ ᠵᠢᠨ ᠭᠡᠷ᠎ᠠ ᠵᠢᠨ ᠬᠤᠳᠠᠯᠳᠤᠨ ᠠᠪᠬᠤ ᠪᠠᠷᠢᠮᠵᠢᠶ᠎ᠠ ᠶᠣᠰᠣᠭᠠᠷ ᠬᠢᠷᠢ ᠲᠡᠩᠴᠡᠭᠰᠡᠨ ᠡᠷᠯᠢᠰᠡ ᠬᠤᠷᠠᠭ᠎ᠠ᠎ᠶᠢ ᠬᠤᠳᠠᠯᠳᠤᠨ ᠠᠪᠴᠤ᠌᠂ ᠮᠠᠯᠴᠢᠨ ᠲᠠᠷᠢᠶᠠᠴᠢᠨ᠎ᠤ ᠲᠡᠵᠢᠭᠡᠨ ᠦᠷᠡᠵᠢᠭᠦᠯᠦᠭᠰᠡᠨ ᠣᠷᠣᠯᠭ᠎ᠠ᠎ᠶᠢ ᠨᠠᠩ ᠪᠠᠲᠤᠯᠠᠭ᠎ᠠ᠎ᠲᠠᠶ ᠪᠣᠯᠭᠠᠪᠠ᠃ ᠣᠳᠣᠬᠠᠨ᠎ᠳᠤ ᠨᠢᠭᠡᠨᠲᠡ 1800 ᠡᠷᠤᠬᠡ ᠲᠠᠢ ᠮᠢᠬᠠᠨ ᠬᠣᠨᠢ ᠦᠷᠡᠵᠢᠭᠦᠯᠬᠦ ᠬᠣᠯᠪᠣᠭᠠᠲᠤ᠌ ᠴᠣᠭᠴᠠ᠎ᠶᠢ ᠪᠠᠶ᠋ᠢᠭᠤᠯᠵᠤ᠂ ᠵᠢᠯ᠎ᠳᠦ 20 ᠲᠦᠮᠡᠨ ᠮᠢᠬᠠᠨ ᠬᠣᠨᠢ ᠦᠷᠡᠵᠢᠭᠦᠯᠵᠤ ᠪᠤᠢ᠃

ᠬᠣᠩᠭᠣᠷ ᠰᠤᠮᠤᠨ᠎ᠤ ᠬᠠᠨ ᠠᠭᠤᠯᠠ ᠭᠠᠴᠠᠭ᠎ᠠ᠎ᠳᠤ᠂ ᠮᠠᠯᠴᠢᠳ ᠰᠠᠶ ᠨᠦᠸᠸ ᠺᠣᠮᠫᠠᠨᠢ᠎ᠶᠢᠨ ᠪᠣᠶ᠋ᠢᠵᠢᠭᠤᠯᠤᠭᠰᠠᠨ ᠰᠢᠯᠢᠳᠡᠭ ᠡᠭᠦᠯᠳᠡᠷ᠎ᠦᠨ ᠮᠢᠬᠠᠨ ᠬᠣᠨᠢ᠎ᠶᠢ ᠲᠡᠵᠢᠭᠡᠵᠤ ᠪᠠᠶᠠᠵᠢᠯ᠎ᠤᠨ ᠵᠠᠮ᠎ᠢᠶᠠᠷ ᠵᠠᠮᠨᠠᠵᠤ ᠪᠠᠶ᠋ᠢᠨ᠎ᠠ᠃ ᠮᠠᠯᠴᠢᠨ ᠭᠤᠤ ᠬᠠᠢ ᠵᠢᠶᠦ᠋ᠨ᠄ 《 ᠪᠢ 2021 ᠣᠨ᠎ᠠᠴᠠ ᠡᠬᠢᠯᠡᠨ ᠳ᠋ᠦ᠋ ᠮᠸᠩ ᠬᠤᠨᠢ ᠲᠡᠵᠢᠭᠡᠪᠡ᠂ ᠡᠨᠡ ᠬᠤᠨᠢ᠎ᠶᠢᠨ ᠥᠰᠥᠯᠲᠡ ᠨᠢ ᠲᠦᠷᠭᠡᠨ᠂ ᠤᠯᠠᠨ ᠬᠡᠭᠡᠯᠲᠦᠬᠦ᠌ ᠨᠤᠷᠮ᠎ᠠ ᠨᠢ ᠥᠨᠳᠥᠷ᠂ ᠦᠨ᠎ᠡ ᠨᠢ ᠴᠦ᠍ ᠥᠨᠳᠥᠷ᠂ ᠰᠠᠢ ᠨᠦᠸᠸ ᠺᠣᠮᠫᠠᠨᠢ᠎ᠲᠠᠶ ᠵᠠᠬᠢᠶᠠᠯᠠᠭ᠎ᠠ᠎ᠶᠢᠨ ᠭᠡᠷ᠎ᠡ ᠲᠣᠭᠲᠠᠭᠰᠠᠨ᠎ᠤ ᠲᠠᠷᠠᠭ᠎ᠠ ᠬᠤᠷᠠᠭ᠎ᠠ᠎ᠪᠠᠨ ᠪᠣᠷᠣᠯᠠᠭᠤᠯᠬᠤ᠎ᠳᠤ ᠵᠣᠪᠠᠬᠤ ᠦᠭᠡᠢ ᠪᠣᠯᠪᠠ᠃ ᠣᠲᠣ ᠮᠠᠨ᠎ᠤ ᠬᠢᠨ170 ᠭᠠᠷᠤᠶ ᠮᠢᠬᠠᠨ ᠬᠣᠨᠢ ᠲᠠᠵᠢᠭᠡᠵᠤ᠂ ᠵᠢᠯ᠎ᠳᠦ 11 ᠲᠦᠮᠡᠨ ᠲᠥᠭᠥᠷᠢᠭ᠎ᠦᠨ ᠴᠡᠪᠡᠷ ᠣᠷᠣᠯᠭ᠎ᠠ ᠤᠯᠵᠤ ᠪᠤᠢ᠂ ᠡᠨᠡ ᠬᠣᠨᠢ ᠨᠢ ᠣᠷᠣᠯᠭ᠎ᠠ᠎ᠶᠢ ᠨᠡᠮᠡᠭᠳᠡᠭᠦᠯᠵᠤ ᠪᠠᠶᠠᠵᠢᠭᠤᠯᠤᠭᠰᠠᠨ᠎ᠢᠶᠡᠷ ᠪᠠᠷᠠᠬᠤ ᠥᠬᠡᠶ ᠪᠠᠰᠠ ᠪᠡᠯᠴᠢᠭᠡᠷ᠎ᠦᠨ ᠰᠠᠢᠵᠢᠷᠠᠯᠳᠠ ᠵᠢ  ᠠᠬᠢᠭᠤᠯᠵᠤ ᠪᠤᠢ》 ᠬᠡᠵᠤ ᠶᠠᠷᠢᠨ᠎ᠠ᠃

ᠳ᠋ᠦ᠋ ᠮᠸᠩ ᠮᠢᠬᠠᠨ ᠬᠣᠨᠢᠨ᠎ᠤ ᠡᠭᠦᠯᠳᠡᠷ ᠪᠣᠶ᠋ᠢᠵᠢᠭᠤᠯᠬᠤ ᠬᠣᠯᠪᠣᠭᠠᠲᠤ᠌ ᠴᠣᠭᠴᠠ᠎ᠶᠢᠨ ᠲᠠᠯ᠎ᠠ᠎ᠪᠠᠷ᠂ ᠺᠣᠮᠫᠠᠨᠢ ᠬᠤᠨᠢ ᠪᠦᠷᠢ ᠵᠢ 3200 ᠲᠥᠭᠥᠷᠢᠭ ᠤ᠋ᠨ ᠦᠨ᠎ᠠ ᠪᠡᠷ ᠮᠠᠯᠴᠢᠨ ᠲᠠᠷᠢᠶᠠᠴᠢᠨ ᠡᠷᠦᠬᠡ᠎ᠳᠦ ᠬᠠᠩᠭᠠᠵᠤ᠂ ᠮᠠᠯᠴᠢᠨ ᠲᠠᠷᠢᠶᠠᠴᠢᠨ ᠡᠷᠦᠬᠡ ᠥᠪᠡᠰᠦᠪᠡᠨ 1200 ᠲᠥᠭᠥᠷᠢᠭ ᠴᠤᠭᠯᠠᠭᠤᠯᠵᠤ᠂ ᠵᠠᠰᠠᠭ᠎ᠤᠨ ᠣᠷᠳᠣᠨ᠎ᠠᠴᠠ 2000 ᠲᠥᠭᠥᠷᠢᠭ᠎ᠦᠨ ᠪᠠᠲᠤᠯᠠᠭ᠎ᠠ᠎ᠶᠢᠨ ᠮᠥᠩᠭᠥ᠌ ᠬᠠᠩᠭᠠᠨ᠎ᠠ; ᠮᠠᠯᠴᠢᠨ ᠲᠠᠷᠢᠶᠠᠴᠢᠨ ᠡᠷᠦᠬᠡ  ᠡᠳᠦᠷ   ᠲᠤᠲᠤᠮ᠎ᠤᠨ ᠠᠷᠠᠴᠢᠯᠠᠨ ᠬᠠᠮᠠᠭᠠᠯᠠᠬᠤ ᠎ᠶᠢ ᠬᠠᠷᠢᠭᠤᠴᠠᠨ᠎ᠠ; 2 ᠰᠠᠷ᠎ᠠ ᠲᠡᠵᠢᠭᠡᠭᠰᠡᠨ ᠬᠤᠷᠠᠭ᠎ᠠ ᠵᠢᠨ ᠵᠢᠩ ᠨᠢ  ᠪᠠᠷᠢᠮᠵᠢᠶ᠎ᠠ ᠳ᠋ᠤ ᠬᠦᠷᠦᠭᠰᠡᠨ ᠎ᠦ ᠳᠠᠷᠠᠭ᠎ᠠ᠂ ᠺᠣᠮᠫᠠᠨᠢ ᠨᠢ ᠨᠠᠭᠠᠳᠤ ᠵᠠᠬ᠎ᠠ ᠵᠢᠨ ᠪᠠᠲᠤᠯᠠᠭᠠᠳᠤ ᠦᠨ᠎ᠡ ᠪᠡᠷ ᠨᠢᠭᠡᠳᠦᠯᠲᠡᠶ ᠬᠤᠳᠠᠯᠳᠤᠨ ᠠᠪᠴᠤ᠂ ᠬᠤᠷᠠᠭ᠎ᠠ ᠨᠢᠭᠡᠪᠦᠷᠢ᠎ᠶᠢᠨ ᠬᠠᠮᠤᠭ ᠳᠣᠣᠷ᠎ᠠ ᠦᠨ᠎ᠡ᠎ᠶᠢ 600 —800 ᠲᠥᠭᠥᠷᠢᠭ᠎ᠡᠴᠡ ᠳᠡᠭᠡᠭᠰᠢ ᠪᠠᠲᠤᠯᠠᠨ᠂ ᠡᠷᠦᠬᠡ ᠪᠦᠷᠢ᠎ᠶᠢᠨ ᠳᠤᠮᠳᠠᠴᠢ ᠣᠷᠣᠯᠭ᠎ᠠ᠎ᠶᠢ 8000 ᠡᠴᠡ 15000 ᠲᠥᠭᠥᠷᠢᠭ ᠨᠡᠮᠡᠭᠳᠡᠭᠦᠯᠦᠨ᠎ᠡ᠃

ᠶᠠᠳᠠᠭᠤ᠎ᠶᠢ ᠲᠡᠳᠬᠦᠬᠦ᠌ ᠵᠠᠭᠪᠤᠷ᠎ᠤᠨ ᠲᠠᠯ᠎ᠠ᠎ᠪᠠᠷ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠵᠢᠨ ᠬᠤᠭᠤᠴᠠᠭᠠᠨ᠎ᠳᠤ᠂ ᠶᠠᠳᠠᠭᠤ ᠬᠦᠴᠢᠷᠳᠡᠯ᠎ᠲᠡᠶ  ᠡᠷᠦᠬᠡ   ᠳ᠋ᠤ ᠴᠢᠭᠯᠡᠭᠦᠯᠦᠨ ᠰᠠᠶ ᠨᠦᠸᠸ ᠺᠣᠮᠫᠠᠨᠢ 《ᠡᠮ᠎ᠡ ᠬᠤᠨᠢᠨ᠎ᠤ ᠪᠠᠩᠬᠢ》 ᠵᠢᠨ ᠶᠠᠳᠠᠭᠤ᠎ᠶᠢ ᠲᠡᠳᠬᠦᠬᠦ᠌ ᠵᠠᠭᠪᠤᠷ᠂ 《ᠬᠣᠯᠪᠣᠭᠠᠲᠤ᠌ ᠴᠣᠭᠴᠠ ᠦᠨᠳᠦᠰᠦᠨ ᠵᠦᠢᠯ᠎ᠢ ᠪᠠᠲᠤᠯᠠᠵᠤ ᠬᠤᠳᠠᠯᠳᠤᠨ ᠠᠪᠬᠤ》 ᠶᠠᠳᠠᠭᠤ ᠵᠢ ᠳᠡᠳᠬᠦᠬᠦ ᠵᠠᠭᠪᠤᠷ᠂《ᠨᠠᠶ᠋ᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ᠌》 ᠶᠠᠳᠠᠭᠤ ᠎ᠶᠢ ᠲᠡᠳᠬᠦᠬᠦ᠌ ᠵᠠᠭᠪᠤᠷ ᠢ᠋ ᠭᠠᠷᠭᠠᠵᠤ᠂ ᠦᠶ ᠣᠯᠠᠨ ᠮᠠᠯᠴᠢᠨ ᠲᠠᠷᠢᠶᠠᠴᠢᠨ ᠡᠷᠦᠬᠡ᠎ᠶᠢᠨ ᠶᠠᠳᠠᠭᠤ᠎ᠠᠴᠠ ᠠᠩᠭᠢᠵᠢᠷᠠᠨ ᠪᠠᠶᠠᠵᠢᠬᠤ᠎ᠶᠢ ᠳᠠᠶ᠋ᠢᠴᠢᠯᠠᠨ ᠪᠡᠶᠡᠯᠡᠭᠦᠯᠪᠡ᠃

ᠣᠶ᠋ᠢᠯᠠᠭᠠᠭᠰᠠᠨ᠎ᠢᠶᠠᠷ᠂ ᠣᠳᠣᠬᠠᠨ᠎ᠳᠤ ᠥᠪᠥᠷ ᠮᠣᠩᠭᠣᠯ᠎ᠤᠨ ᠰᠠᠶ ᠨᠦᠸᠸ ᠦᠷ᠎ᠡ᠎ᠶᠢᠨ ᠬᠤᠨᠢᠨ ᠤ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ ᠳ᠋ᠤ 6000 ᠭᠠᠷᠤᠶ ᠰᠢᠯᠢᠳᠡᠭ ᠭᠤᠤᠯᠯᠠᠬᠤ ᠡᠭᠦᠯᠳᠡᠷ᠎ᠦᠨ ᠬᠣᠨᠢ ᠪᠠᠢᠵᠤ᠂ ᠵᠢᠯ᠎ᠳᠦ 5 ᠲᠦᠮᠡ᠎ᠡᠴᠡ 8 ᠲᠦᠮᠡᠨ ᠴᠡᠪᠡᠷ ᠡᠭᠦᠯᠳᠡᠷ ᠎ᠦᠨ ᠮᠢᠬᠠᠨ᠎ᠤ ᠬᠣᠨᠢ᠎ᠶᠢ ᠦᠷᠡᠵᠢᠭᠦᠯᠵᠤ᠂ ᠬᠦᠪᠦᠷᠡᠯ᠎ᠦᠨ ᠤᠢᠯᠡᠳᠪᠤᠷᠢ ᠨᠢ ᠵᠢᠯ ᠎ᠳᠦ 30 ᠲᠦᠮᠡᠨ ᠰᠢᠷᠬᠡᠭ ᠬᠦᠪᠦᠷᠡᠯ ᠭᠠᠷᠭᠠᠵᠤ ᠪᠠᠶ᠋ᠢᠨ᠎ᠠ᠃ ᠳᠥᠷᠪᠡᠳ ᠬᠣᠰᠢᠭᠤᠨ᠎ᠤ ᠳ᠋ᠦ᠋ ᠮᠧᠩ ᠮᠢᠬᠠᠨ᠎ᠤ ᠬᠣᠨᠢᠨ᠎ᠤ ᠵᠢᠯ᠎ᠦᠨ  ᠭᠠᠷᠭᠠᠯᠲᠠ᠎ᠶᠢᠨ ᠬᠡᠮᠵᠢᠶ᠎ᠡ 80 ᠲᠦᠮᠡ᠎ᠳᠦ ᠬᠦᠷᠴᠦ᠍᠂ ᠠᠮᠢᠳᠤ ᠮᠠᠯ᠎ᠤᠨ ᠵᠢᠯ᠎ᠦᠨ ᠠᠷᠠᠯᠵᠢᠶᠠᠨ᠎ᠤ ᠬᠡᠮᠵᠢᠶ᠎ᠡ 30 ᠳ᠋ᠦᠩᠰᠢᠭᠤᠷ ᠲᠥᠭᠥᠷᠢᠭ᠎ᠲᠦ ᠤᠢᠷᠠᠳᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号