ᠭᠤᠤ ᠶᠦᠨ ᠯᠦᠩ ᠶᠠᠷᠢᠶ᠎ᠠ ᠲᠠᠯᠪᠢᠵᠠᠢ
7 ᠰᠠᠷ᠎ᠠ᠎ᠶᠢᠨ 14 ᠤ᠋ ᠡᠳᠦᠷ᠂ ᠪᠦᠭᠦ ᠤᠯᠤᠰ᠎ᠤᠨ ᠨᠡᠷᠡᠳᠦ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠶᠡᠬᠡ ᠬᠤᠷᠠᠯ ᠭᠦᠭᠡᠬᠣᠲᠠ᠎ᠳᠤ ᠶᠠᠪᠤᠭᠳᠠᠪᠠ᠃ ᠪᠦᠭᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᠪᠦᠭᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠲᠡᠷᠢᠭᠦᠯᠡᠭᠴᠢ ᠭᠤᠤ ᠶᠦᠨ ᠯᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠣᠷᠣᠯᠴᠠᠵᠠᠢ᠃
ᠭᠣᠸ᠋ ᠶᠦᠨ ᠯᠦᠩ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠂ ᠪᠠᠰᠠ ᠴᠤ᠌ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠭᠢᠯᠡᠯᠲᠡ᠎ᠶᠢᠨ ᠵᠢᠯ ᠪᠤᠯᠤᠨ᠎ᠠ᠃ ᠪᠦᠭᠦ ᠤᠯᠤᠰ᠎ᠤᠨ ᠨᠡᠷᠡᠳᠦ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯ ᠥᠪᠥᠷ ᠮᠣᠩᠭᠣᠯ᠎ᠳᠤ ᠢᠷᠡᠵᠤ᠂ ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠬᠠᠮᠲᠤ ᠪᠠᠷ ᠵᠥᠪᠳᠡᠯᠴᠡᠵᠦ᠂ ᠬᠠᠮᠲᠤᠷᠠᠯᠴᠠᠵᠤ ᠬᠠᠮᠲᠤ ᠪᠠᠷ ᠠᠰᠢᠭ᠋ ᠭᠦᠷᠳᠡᠭᠦ᠎ᠶᠢ ᠬᠠᠮᠲᠤ ᠪᠠᠷ ᠠᠬᠢᠭᠤᠯᠬᠤ ᠪᠣᠯ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠬᠡᠪ᠎ᠢᠶᠡᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠤᠯᠬᠤ ᠪᠥᠭᠡᠳ ᠪᠠᠰᠠ ᠴᠤ᠌ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯ᠎ᠤᠨ ᠬᠦᠴᠦᠨ᠎ᠢ ᠨᠢᠭ᠍ᠲᠠᠷᠠᠭᠤᠯᠵᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ ᠥᠷᠭᠡᠨ ᠤᠯᠠᠨ ᠠᠷᠠᠳ᠎ᠤ᠋ᠨ ᠡᠵᠡᠩᠨᠡᠯᠳᠡ ᠵᠢᠨ ᠠᠵᠤ ᠠᠬᠤᠢᠯᠠᠯ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠤᠯᠭᠠᠬᠤ᠎ᠶᠢ ᠪᠠᠷᠢᠮᠲᠠᠯᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠡᠷᠡᠮᠡᠬᠡᠢᠯᠡᠨ ᠤᠷᠤᠭᠰᠢᠯᠠᠭ᠍ᠴᠢ ᠪᠤᠯᠬᠤ᠎ᠪᠠᠷ ᠴᠢᠷᠮᠠᠢᠬᠤ᠎ᠶᠢ ᠬᠦᠰᠡᠵᠦ ᠪᠠᠢᠨ᠎ᠠ; ᠰᠠᠢᠨ ᠣᠷᠴᠢᠯ᠎ᠢ ᠠᠬᠢᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ ᠪᠣᠳᠠᠲᠠᠢ ᠠᠵᠢᠯᠯᠠᠭ᠍ᠴᠢ ᠪᠤᠯᠬᠤ᠎ᠪᠠᠷ ᠴᠢᠷᠮᠠᠢᠬᠤ ᠵᠢ ᠬᠦᠰᠡᠵᠤ ᠪᠠᠢᠨ᠎ᠠ; ᠡᠵᠡᠩᠨᠡᠯᠲᠡ᠎ᠶᠢᠨ ᠰᠠᠭᠤᠷᠢ᠎ᠪᠠᠨ ᠪᠡᠬᠢᠵᠢᠭᠦᠯᠵᠦ᠂ ᠠᠵᠤ ᠠᠬᠤᠢᠯᠠᠯ᠎ᠤᠨ ᠵᠠᠰᠠᠯᠳᠠ ᠵᠢᠨ ᠣᠳᠣᠬᠢᠴᠢᠯᠠᠯᠲᠠ ᠵᠢᠨ ᠳᠠᠭᠠᠭᠤᠯᠤᠭ᠍ᠴᠢ ᠪᠤᠯᠬᠤ᠎ᠪᠠᠷ ᠴᠢᠷᠮᠠᠢᠬᠤ ᠵᠢ ᠬᠦᠰᠡᠵᠤ ᠪᠠᠢᠨ᠎ᠠ ᠭᠡᠵᠦ ᠵᠢᠭᠠᠵᠤ ᠭᠠᠷᠭᠠᠪᠠ᠃
ᠪᠤᠤ ᠭᠠᠩ᠂ ᠣᠳᠣᠬᠠᠨ᠎ᠳᠤ ᠪᠦᠬᠦ ᠣᠷᠣᠨᠳᠠᠶᠠᠭᠠᠷ ᠶᠠᠭ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ ᠤ᠋ᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠪᠣᠬᠢᠷᠳᠤᠯ ᠦᠭᠡᠢ ᠪᠣᠳᠣᠯᠳᠠ ᠵᠢᠨ ᠬᠦᠴᠦᠨ᠂ ᠨᠡᠢᠯᠡᠮᠡᠯ ᠠᠮᠢᠳᠤ ᠪᠣᠳᠠᠰ᠂ ᠬᠣᠪᠣᠷ ᠰᠢᠷᠣᠢ᠂ ᠰᠦ᠎ᠶᠢᠨ ᠦᠢᠯᠡᠰ᠂ ᠡᠪᠡᠰᠦᠨ᠎ᠦ ᠦᠢᠯᠡᠰ ᠵᠡᠷᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠭᠣᠣᠯᠳᠠᠯᠭ᠎ᠠ᠎ᠲᠠᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠴᠢᠷᠮᠠᠢᠨ ᠪᠠᠢᠭᠤᠯᠵᠤ ᠪᠠᠢᠨ᠎ᠠ᠃ ᠥᠷᠭᠡᠨ ᠣᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠥᠪᠥᠷ ᠮᠣᠩᠭᠣᠯ᠎ᠳᠤ ᠢᠷᠡᠵᠦ᠍ ᠪᠠᠯᠠ ᠣᠷᠣᠭᠤᠯᠤᠨ ᠠᠵᠢᠯ ᠦᠢᠯᠡᠰ᠎ᠢᠶᠡᠨ ᠮᠠᠨᠳᠤᠭᠤᠯᠬᠤ᠌ᠶᠢ ᠴᠢᠩ ᠰᠡᠳᠬᠢᠯ᠎ᠡᠴᠡ᠎ᠪᠡᠨ ᠤᠷᠢᠵᠤ ᠪᠠᠶ᠋ᠢᠨ᠎ᠠ᠃ ᠪᠢᠳᠡ ᠠᠵᠤ ᠠᠬᠤᠶ᠋ᠢᠯᠠᠯ᠎ᠳᠤ ᠤᠴᠢᠷ ᠶᠠᠪᠤᠳᠠᠯ ᠪᠦᠲᠦᠭᠡᠬᠦ᠌᠎ᠳᠦ ᠤᠷᠤᠭᠰᠢᠲᠠᠶ᠂ ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠯᠲᠡ ᠬᠢᠬᠦ᠎ᠳᠦ ᠲᠠᠭᠠᠯᠠᠮᠵᠢᠲᠠᠶ᠂ ᠬᠥᠭᠵᠢᠬᠦ᠎ᠳᠦ ᠲᠠᠢᠪᠤᠭᠤ ᠣᠷᠴᠢᠨ ᠨᠦᠬᠦᠴᠡᠯ᠎ᠢ ᠦᠷᠭᠦᠯᠵᠢᠯᠡᠨ ᠪᠣᠶ ᠪᠣᠯᠭᠠᠵᠤ ᠥᠭᠭᠦᠨ᠎ᠡ ᠭᠡᠵᠠᠢ᠃
ᠬᠤᠷᠠᠯ ᠳᠡᠭᠡᠷ᠎ᠡ ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠳᠡᠳ᠋ ᠲᠡᠷᠢᠭᠦᠯᠡᠭᠴᠢ᠂ ᠴᠢ ᠠᠨ ᠰᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠦᠯᠦᠭᠯᠡᠯ ᠬᠤᠪᠢᠴᠠᠭᠠᠲᠤ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠴᠢ ᠰᠢᠶᠠᠩ ᠳ᠋ᠦᠩ᠂ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭᠯᠡᠯ ᠬᠤᠪᠢᠴᠠᠭᠠᠲᠦ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ᠂ ᠶᠡᠷᠦᠩᠬᠡᠶ ᠵᠠᠬᠢᠷᠤᠯ ᠫᠠᠨ ᠭᠠᠩ᠂ ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠪᠠᠶ᠋ᠢᠩᠭᠤ᠎ᠶᠢᠨ ᠭᠡᠰᠢᠭᠦᠨ᠂ ᠴᠢ ᠯᠦ᠍ ᠡᠮ ᠦᠢᠯᠡᠳᠬᠦ᠌ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠶᠡᠷᠦᠩᠬᠡᠶ ᠵᠠᠬᠢᠷᠤᠯ ᠯᠢ ᠶᠠᠨ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠲᠣᠮᠣ ᠳ᠋ᠠᠶ᠋ᠢᠲ᠋ᠠ᠎ᠶᠢᠨ ᠰᠤᠳᠤᠯᠭᠠᠨ᠎ᠤ ᠬᠦᠷᠢᠶᠡᠯᠡᠩ᠎ᠦᠨ ᠨᠡᠷ᠎ᠡ ᠬᠦᠨᠳᠦᠲᠦ᠍ ᠬᠡᠷᠡᠭ ᠡᠷᠬᠢᠯᠡᠭᠴᠢᠳ᠎ᠦᠨ ᠳᠠᠷᠤᠭ᠎ᠠ᠂ ᠤᠯᠤᠰ᠎ᠤᠨ ᠮᠡᠳᠡᠭᠡ ᠵᠠᠩᠭᠢ᠎ᠶᠢᠨ ᠲᠥᠪ᠎ᠦᠨ ᠤᠤᠯ᠎ᠤᠨ ᠨᠠᠮ᠎ᠤᠨ ᠬᠣᠷᠢᠶ᠎ᠠ᠎ᠶᠢᠨ ᠱᠦᠵᠢ᠂ ᠪᠠᠶ᠋ᠢᠩᠭᠤ᠎ᠶᠢᠨ ᠳᠡᠳ᠋ ᠡᠷᠬᠢᠯᠡᠭᠴᠢ ᠳ᠋ᠦ᠋ ᠫᠢᠩ ᠭᠤᠤᠯ ᠵᠤᠷᠢᠯᠳᠠᠳᠦ ᠶᠠᠷᠢᠶ᠎ᠠ ᠢᠯᠡᠳᠬᠡᠯ ᠬᠢᠪᠠ᠃
ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠤᠳᠤᠷᠢᠳᠤᠯᠭ᠎ᠠ᠂ ᠬᠡᠰᠡᠭ ᠮᠤᠵᠢ ᠣᠷᠣᠨ ᠬᠣᠲᠠ᠎ᠶᠢᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠨᠥᠬᠥᠳ᠂ ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠠᠷᠪᠠᠨ ᠭᠤᠷᠪᠠᠳᠤᠭᠠᠷ ᠬᠤᠭᠤᠴᠠᠭᠠᠨ᠎ᠤ ᠳᠣᠯᠣᠳᠤᠭᠠᠷ ᠤᠳᠠᠭ᠎ᠠ᠎ᠶᠢᠨ ᠪᠠᠶ᠋ᠢᠩᠭᠤ᠎ᠶᠢᠨ ᠬᠣᠷᠢᠶ᠎ᠠ᠎ᠶᠢᠨ ᠪᠠᠶ᠋ᠢᠩᠭᠤ᠎ᠶᠢᠨ ᠭᠡᠰᠢᠭᠦᠨ᠎ᠤ ᠲᠤᠰᠢᠶᠠᠯ᠎ᠢ ᠡᠬᠦᠷᠭᠡᠯᠡᠵᠤ ᠪᠠᠢᠭ᠎ᠠ ᠪᠥᠬᠥ᠌ ᠤᠯᠤᠰ᠎ᠤᠨ ᠰᠢᠯᠢᠳᠡᠭ ᠬᠦᠴᠦᠷᠬᠡᠭ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ ᠪᠣᠯᠤᠨ ᠤᠷᠢᠯᠭ᠎ᠠ᠎ᠪᠠᠷ ᠬᠤᠷᠠᠯ᠎ᠳᠤ ᠣᠷᠣᠯᠴᠠᠬᠤ᠎ᠪᠠᠷ ᠢᠷᠡᠭᠰᠡᠨ ᠠᠵᠤ ᠠᠬᠤᠶ᠋ᠢᠯᠠᠯᠲᠠᠨ᠂ ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠪᠠᠶ᠋ᠢᠭᠤᠯᠭ᠎ᠠ᠎ᠶᠢᠨ ᠡᠯ᠎ᠡ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠂ ᠰᠢᠭᠤᠳ ᠬᠠᠷᠢᠶ᠎ᠠ ᠬᠤᠳᠠᠯᠳᠤᠭᠠᠴᠢᠳ᠎ᠤᠨ ᠡᠪᠯᠡᠯ ᠵᠢᠴᠢ ᠠᠵᠢᠯ ᠲᠥᠷᠥᠯ᠎ᠦᠨ ᠵᠥᠪᠯᠡᠯ᠎ᠦᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠠᠶ᠋ᠢᠮᠠᠭ ᠬᠣᠲᠠ᠎ᠶᠢᠨ ᠬᠤᠯᠪᠤᠭᠳᠠᠯ ᠪᠥᠬᠥᠶ ᠬᠠᠷᠢᠭᠤᠴᠠᠯᠭᠠᠲᠠᠨ ᠨᠥᠬᠥᠳ ᠵᠡᠷᠭᠡ 300 ᠭᠠᠷᠤᠶ ᠬᠥᠮᠦᠨ ᠶᠡᠬᠡ ᠬᠤᠷᠠᠯ᠎ᠳᠤ ᠣᠷᠣᠯᠴᠠᠵᠠᠶ᠃
ᠶᠡᠬᠡ ᠬᠤᠷᠠᠯ᠎ᠤᠨ ᠬᠤᠭᠤᠴᠠᠭᠠᠨ᠎ᠳᠤ ᠪᠠᠰᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠠᠵᠤ ᠦᠢᠯᠡᠰ᠎ᠦᠨ ᠲᠣᠭᠣᠷᠢᠨ᠎ᠳᠤ ᠲᠤᠰᠬᠠᠢ ᠰᠡᠳᠦᠪᠲᠦ᠍ ᠲᠠᠨᠢᠯᠴᠠᠭᠤᠯᠭ᠎ᠠ᠎ᠶᠢᠨ ᠠᠵᠢᠯᠯᠠᠭ᠎ᠠ ᠥᠷᠨᠢᠭᠦᠯᠦᠨ᠎ᠡ᠃